ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠨᠡᠢᠲᠡ 17 ᠠᠯᠲᠠᠨ ᠮᠧᠳᠠᠯ ᠣᠯᠵᠠᠶ
10 ᠰᠠᠷ᠎ᠠ᠎ᠶ᠋ᠢᠨ29᠎ᠤ᠋ ᠣᠷᠣᠶ᠂ ᠪᠥᠬᠥ᠌ ᠤᠯᠤᠰ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠵᠡᠮᠳᠡᠭ᠌ᠴᠦᠳ ᠦᠨ ᠲᠠᠮᠢᠷ ᠤᠨ ᠴᠤᠭ᠍ᠯᠠᠭᠠᠨ ᠵᠢᠴᠢ ᠨᠠᠶ᠋ᠮᠠᠳᠤᠭᠠᠷ ᠬᠤᠭᠤᠴᠠᠭᠠᠨ ᠤ ᠣᠨᠴᠠᠭᠠᠶ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠡᠭᠦᠰᠭᠦ ᠶᠣᠰᠣᠯᠠᠯ ᠱᠠᠨᠰᠢᠶ᠋ᠢᠨᠰᠢᠠᠨᠤ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠲᠥᠪ ᠦᠨ ᠪᠡᠶ᠎ᠡ᠎ᠶ᠋ᠢᠨ ᠲᠠᠮᠢᠷ᠎ᠤᠨ ᠣᠷᠳᠣᠨ᠎ᠳᠤ ᠶᠠᠪᠤᠭ᠍ᠳᠠᠪᠠ᠃ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ 《ᠪᠡᠶ᠎ᠡ᠎ᠶ᠋ᠢᠨ ᠲᠠᠮᠢᠷ᠎ᠤᠨ ᠶᠣᠰᠣ ᠰᠤᠷᠲᠠᠬᠤᠨ᠎ᠤ ᠬᠡᠪ ᠰᠤᠷᠲᠠᠯ᠎ᠤᠨ ᠱᠠᠩᠨᠠᠯ》 ᠭᠥᠷᠳᠡᠪᠡ᠃
ᠲᠤᠰ ᠬᠤᠭᠤᠴᠠᠭᠠᠨ᠎ᠤ ᠵᠡᠮᠳᠡᠭ᠌ᠴᠦᠳ᠎ᠦᠨ ᠲᠠᠮᠢᠷ᠎ᠤᠨ ᠴᠤᠬᠯᠠᠭᠠᠨ ᠵᠢᠴᠢ ᠤᠨᠴᠠᠭᠠᠢ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ᠂ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠤᠷᠤᠯᠳᠤᠭᠠᠨ᠎ᠳᠤ ᠣᠷᠣᠯᠴᠠᠭ᠍ᠰᠠᠨ ᠲᠦᠷᠦᠯ ᠵᠦᠢᠯ᠂ ᠤᠷᠤᠯᠳᠤᠭᠠᠨ᠎ᠳᠤ ᠣᠷᠣᠯᠴᠠᠭ᠍ᠰᠠᠨ ᠬᠥᠮᠦᠨ᠎ᠦ ᠲᠣᠭ᠎ᠠ᠎ᠶ᠋ᠢᠨ ᠲᠠᠯ᠎ᠠ᠎ᠪᠠᠷ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠴᠦ᠍᠂ ᠤᠯᠤᠭᠰᠠᠨ ᠱᠠᠩᠨᠠᠯ᠎ᠤᠨ ᠮᠧᠳᠠᠯ᠎ᠤᠨ ᠲᠣᠭ᠎ᠠ ᠳᠡᠭᠡᠷ᠎ᠡ ᠬᠤᠭᠤᠴᠠᠭᠠᠨ᠎ᠤ ᠬᠢ᠎ᠡᠴᠡ ᠶᠡᠭᠡ ᠪᠡᠷ ᠨᠡᠮᠡᠭᠳᠡᠪᠡ᠃ ᠥᠪᠥᠷ ᠮᠣᠩᠭᠣᠯ ᠨᠡᠢᠲᠡ 184 ᠵᠡᠮᠳᠡᠭ ᠲᠠᠮᠢᠷᠴᠢᠨ᠎ᠢ ᠲᠣᠮᠢᠯᠠᠨ 23 ᠵᠡᠮᠳᠡᠭ᠌ᠴᠦᠳ᠎ᠦᠨ ᠣᠨᠴᠠᠭᠠᠶ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠣᠷᠣᠯᠴᠠᠭᠤᠯᠵᠤ᠂ ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ᠎ᠤ 19 ᠲᠥᠷᠥᠯ ᠵᠦᠶ᠋ᠯ᠎ᠳᠦ ᠨᠡᠢᠲᠡ 7 ᠠᠯᠲᠠᠨ ᠮᠧᠳᠠᠯ᠂ 10.5 ᠮᠥᠩᠭᠥᠨ ᠮᠧᠳᠠᠯ᠂ 16 ᠬᠦᠷᠡᠯ ᠮᠧᠳᠠᠯ ᠣᠯᠵᠤ᠂ ᠣᠨᠴᠠᠭᠠᠶ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ 4 ᠲᠥᠷᠥᠯ ᠵᠦᠶ᠋ᠯ᠎ᠳᠦ ᠨᠡᠢᠲᠡ 10 ᠠᠯᠲᠠᠨ ᠮᠧᠳᠠᠯ᠂ 11 ᠮᠥᠩᠭᠥᠨ ᠮᠧᠳᠠᠯ᠂ 15 ᠬᠦᠷᠡᠯ ᠮᠧᠳᠠᠯ ᠣᠯᠵᠠᠶ᠃
ᠲᠣᠣᠺᠢᠣ᠋᠎ᠶ᠋ᠢᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠠᠯᠲᠠᠨ ᠮᠧᠳᠠᠯ ᠬᠦᠷᠳᠡᠭᠴᠢ ᠰᠦᠨ ᠫᠧᠩ ᠱᠢᠶᠠᠩ᠂ ᠮᠥᠩᠭᠥᠨ ᠮᠧᠳᠠᠯᠬᠦᠷᠳᠡᠭᠴᠢ ᠱᠢᠤᠢ ᠯᠢ ᠯᠢ᠂ ᠭᠠᠤᠯᠢᠨ ᠮᠧᠳᠠᠯᠬᠦᠷᠳᠡᠭᠴᠢ ᠸᠠᠩ ᠶᠤᠸᠠᠢ ᠲᠣᠰ ᠬᠤᠭᠤᠴᠠᠭᠠᠨ᠎ᠤ ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ᠎ᠳᠤ ᠮᠠᠨᠭᠯᠠᠢ ᠳᠠᠮᠢᠷᠴᠢᠨᠦ ᠰᠦᠷ ᠵᠢᠪᠬᠤᠭ᠎ᠠ᠎ᠪᠡᠨ ᠳᠠᠬᠢᠨᠲᠠ ᠠᠯᠳᠠᠷᠰᠢᠭᠤᠯᠵᠦ᠂ ᠲᠣᠰ ᠲᠣᠰ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠳᠦ ᠨᠢᠭᠡ ᠠᠯᠲᠠᠨ ᠮᠧᠳᠠᠯ ᠨᠠᠮᠠᠷᠢᠯᠠᠪᠠ ; 《ᠠᠬᠠᠮᠠᠳ ᠲᠠᠮᠢᠷᠴᠢᠨ》 ᠭᠤᠤ ᠶᠦᠩ ᠴᠢᠶᠠᠩ ᠪᠦᠬᠦ᠌ ᠤᠯᠤᠰ᠎ᠤᠨ ᠲᠡᠮᠳᠡᠭ᠌ᠯᠡᠯ᠎ᠢ ᠰᠢᠨᠡᠳᠭᠡᠵᠤ ᠠᠯᠲᠠᠨ ᠮᠧᠳᠠᠯ ᠣᠯᠵᠤ᠂ ᠮᠥᠩᠬᠦᠨᠵᠢᠮᠢᠰ ᠵᠡᠭᠡᠷᠡᠩᠬᠡᠶ ᠪᠠ ᠲᠤᠭᠤᠯᠭᠠᠨ ᠪᠥᠮᠪᠥᠭᠡ᠎ᠶ᠋ᠢᠨ ᠲᠦᠷᠦᠯ᠎ᠤᠨ ᠬᠣᠶᠠᠷ ᠠᠯᠲᠠᠨ ᠮᠧᠳᠠᠯ᠎ᠢ ᠬᠦᠷᠳᠡᠵᠤ᠂ ᠳᠡᠭᠡᠷ᠎ᠡ ᠬᠤᠭᠤᠴᠠᠭᠠᠨ ᠤᠲᠠᠶ᠍ᠸᠺᠤᠨᠳᠤᠤᠶ᠋ᠢᠨ ᠤᠷᠤᠯᠳᠤᠭᠠᠨ᠎ᠤ ᠠᠯᠲᠠᠨ ᠮᠧᠳᠠᠯ᠎ᠤᠨ ᠡᠵᠡᠨ ᠵᠤᠤ ᠵᠧᠨ ᠬᠣᠩ ᠳᠠᠬᠢᠨᠲᠠ ᠮᠠᠩᠯᠠᠢᠯᠠᠪᠠ᠃ ᠫᠠᠩ ᠪᠥᠸᠧ᠂ ᠯᠢ ᠳ᠋ᠢᠶᠠᠨ ᠱᠢᠨ᠂ ᠵᠧᠸ᠋ ᠱᠧᠩ ᠫᠢᠩ ᠵᠡᠷᠭᠡ ᠵᠠᠯᠠᠭᠤ ᠲᠠᠮᠢᠷᠴᠢᠳ ᠥᠪᠡᠷ᠎ᠦᠨ ᠪᠣᠳᠠᠲᠤ ᠬᠦᠴᠦᠨ᠎ᠢᠶᠡᠷ᠎ᠢᠶᠡᠨ ᠱᠠᠩᠨᠠᠯ᠎ᠤᠨ ᠮᠧᠳᠠᠯ ᠬᠦᠷᠳᠡᠭᠰᠡᠨ ᠪᠠᠢᠨ᠎ᠠ᠃
ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠬᠦᠨᠳᠦ ᠡᠷᠭᠦᠯᠲᠡ᠂ ᠬᠦᠨᠳᠦ ᠬᠥᠩᠭᠡᠨ ᠲᠠᠮᠢᠷ᠎ᠤᠨ ᠤᠷᠤᠯᠳᠤᠭᠠᠨ᠂ ᠰᠣᠬᠣᠷ ᠬᠥᠮᠦᠨ᠎ᠦ ᠵᠢᠦᠳᠣᠣ ᠪᠦᠭᠡ ᠵᠡᠷᠭᠡ ᠤᠯᠠᠮᠵᠢᠯᠠᠯᠲᠤ ᠲᠥᠷᠥᠯ ᠵᠦᠶ᠋ᠯ ᠳ᠋ᠤ ᠲᠠᠬᠢᠨᠳᠠ ᠱᠢᠯᠢᠳᠡᠭ ᠬᠢᠷᠢ ᠪᠦᠲᠦᠮᠵᠢ᠎ᠪᠡᠨ ᠤᠯᠵᠤ᠂ ᠳᠦᠯᠡᠶ ᠬᠥᠮᠦᠨ᠎ᠦ ᠰᠠᠭ᠍ᠰᠤᠨ ᠪᠥᠮᠪᠥᠭᠡ ᠵᠡᠷᠭᠡ ᠱᠢᠨ᠎ᠡ᠎ᠪᠡᠷ ᠵᠣᠬᠢᠶᠠᠨ ᠪᠠᠢᠭᠤᠯᠤᠭ᠍ᠰᠠᠨ ᠲᠥᠷᠥᠯ ᠵᠦᠶ᠋ᠯ ᠳ᠋ᠤ ᠦᠳᠲᠡᠷ ᠲᠦᠷᠭᠡᠨ ᠬᠥᠭ᠌ᠵᠢᠯᠳᠠ ᠲᠠᠢ ᠪᠠᠢᠵᠤ᠂ ᠵᠡᠮᠳᠡᠭ ᠲᠠᠮᠢᠷᠴᠢᠳ ᠤᠷᠤᠯᠳᠤᠭᠠᠨ᠎ᠤ ᠲᠠᠯᠠᠪᠤᠷ᠎ᠲᠤ ᠡᠷᠡᠮᠡᠭᠡᠢᠯᠡᠨ ᠤᠷᠤᠭ᠍ᠰᠢᠯᠠᠵᠤ᠂ ᠵᠣᠷᠢᠭ᠍ᠲᠠᠶᠪᠠᠢᠯᠳᠤᠵᠤᠵᠣᠷᠢᠭ᠍ᠲᠠᠶ ᠲᠡᠮᠡᠴᠡᠵᠦ᠍᠂ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠬᠤ᠂ ᠲᠡᠷᠢᠭᠦᠨ᠎ᠳᠦ ᠣᠷᠣᠬᠤ᠎ᠪᠠᠷ ᠡᠷᠡᠮᠡᠭᠡᠢᠯᠡᠨ ᠲᠡᠮᠡᠴᠡᠬᠦ᠌ ᠵᠣᠷᠢᠭ ᠰᠠᠨᠠᠭ᠎ᠠ᠎ᠶ᠋ᠢ ᠭᠦᠶ᠋ᠴᠡᠳ ᠢᠯᠡᠷᠡᠭᠦᠯᠦᠭᠰᠡᠨ ᠪᠠᠢᠨ᠎ᠠ᠃