ᠬᠦᠪᠡᠬᠡᠳᠣ ᠱᠢᠷ᠎ᠠ ᠬᠤᠱᠢᠭᠤ ᠢᠷᠬᠡᠨ᠎ᠤ ᠬᠠᠣᠯᠢ᠎ᠶ᠋ᠢᠨ ᠪᠢᠴᠢᠭ᠎ᠢ ᠦᠨᠳᠣᠰᠣᠨ ᠱᠠᠳᠣᠨ᠎ᠳᠤ ᠲᠦᠬᠡᠮᠡᠯᠵᠢᠬᠦᠯᠬᠦ᠌ ᠠᠵᠢᠯᠯᠠᠭ᠎ᠠ ᠦᠷᠨᠢᠬᠦᠯᠪᠠ
2021-10-04 12:32:06
ᠵᠣᠬᠢᠶᠠᠭ᠍ᠴᠢ᠄
ᠲᠣᠷᠠᠨ᠎ᠠ ᠱᠢᠨᠵᠢᠯᠳᠣ
ᠣᠩᠱᠢᠭ᠍ᠰᠠᠨ ᠣᠳᠠᠭ᠎ᠠ᠄
★★★☆☆

ᠦᠢᠷ᠎ᠡ᠎ᠳᠤ᠂ ᠬᠦᠪᠡᠬᠡᠳᠣ ᠱᠢᠷ᠎ᠡ ᠬᠤᠱᠢᠭᠤᠨ᠎ᠤ ᠠᠷᠠᠳ᠎ᠤᠨ ᠪᠠᠢᠴᠠᠭᠠᠬᠤ ᠬᠤᠷᠢᠶ᠎ᠠ᠎ᠶ᠋ᠢᠨ᠎ᠬᠢᠨ ᠪᠣᠬ᠍ᠳᠠ᠎ᠶ᠋ᠢᠨ ᠭᠤᠣᠯ ᠰᠣᠮᠣᠨ᠎ᠤ ᠪᠠᠶᠠᠨᠴᠠᠭᠠᠨ ᠭᠠᠴᠠᠭᠠᠨ᠎ᠤ ᠨᠠᠮ᠎ᠤᠨ ᠬᠡᠱᠢᠬᠦᠨ ᠪᠠ ᠣᠯᠠᠨ ᠲᠦᠮᠡᠨ᠎ᠳᠤ ᠦᠢᠯᠡᠴᠢᠯᠡᠭᠡᠨ᠎ᠤ ᠲᠦᠪ᠎ᠲᠤ ᠬᠦᠷᠴᠣ 《ᠬᠠᠣᠯᠢ᠎ᠶ᠋ᠢᠨ ᠬᠤᠷ᠎ᠠ ᠬᠦᠳᠡᠭᠡ ᠨᠣᠳᠤᠭ᠎ᠢ ᠣᠮᠳᠠᠯᠠᠨᠠᠮ》 ᠢᠷᠬᠡᠨ᠎ᠤ ᠬᠠᠣᠯᠢ᠎ᠶ᠋ᠢᠨ ᠪᠢᠴᠢᠭ᠎ᠢ ᠦᠨᠳᠣᠰᠣᠨ ᠱᠠᠳᠣᠨ᠎ᠳᠤ ᠲᠦᠬᠡᠮᠡᠯᠵᠢᠬᠦᠯᠬᠦ᠌ ᠠᠵᠢᠯᠯᠠᠭ᠎ᠠ ᠦᠷᠨᠢᠬᠦᠯᠪᠠ᠃

ᠠᠵᠢᠯᠯᠠᠭᠠᠨ᠎ᠳᠤ᠂ ᠬᠤᠱᠢᠭᠤᠨ᠎ᠤ ᠠᠷᠠᠳ᠎ᠤᠨ ᠪᠠᠢᠴᠠᠭᠠᠬᠤ ᠬᠤᠷᠢᠶᠠᠨ᠎ᠤ ᠬᠠᠷᠢᠭᠤᠴᠠᠯᠭᠠᠳᠠᠨ᠎ᠠᠴᠠ ᠮᠠᠯᠴᠢᠨ ᠲᠦᠯᠣᠬᠡᠯᠡᠭ᠌ᠴᠢ᠎ᠳᠤ 《ᠪᠦᠬᠦᠳᠠ ᠨᠡᠢᠷᠠᠮᠳᠡᠬᠤ ᠲᠣᠮᠳᠠᠳᠣ ᠠᠷᠠᠳ ᠣᠯᠣᠰ᠎ᠤᠨ ᠢᠷᠬᠡᠨ᠎ᠤ ᠬᠠᠣᠯᠢ᠎ᠶ᠋ᠢᠨ ᠪᠢᠴᠢᠭ》 ᠎ᠤᠨ ᠠᠭᠤᠯᠭ᠎ᠠ᠂ ᠴᠢᠬᠤᠯᠠ ᠴᠢᠨᠠᠷ᠎ᠤᠨ ᠲᠤᠬᠠᠢ ᠲᠠᠢᠯᠪᠤᠷᠢᠯᠠᠨ ᠶᠠᠷᠢᠬᠤ᠎ᠶ᠋ᠢᠨ ᠲᠠᠭᠠᠤ᠂ ᠠᠬᠤᠢ ᠲᠠᠯᠠᠪᠠᠢ᠎ᠶ᠋ᠢᠨ ᠮᠠᠯᠴᠢᠨ ᠪᠠ ᠮᠠᠯᠵᠢᠬᠤ ᠡᠷᠦᠭᠡ᠎ᠳᠤ ᠬᠦᠷᠴᠦ᠍ ᠢᠷᠬᠡᠨ᠎ᠤ ᠬᠠᠣᠯᠢ᠎ᠶ᠋ᠢᠨ ᠪᠢᠴᠢᠭ᠎ᠢ ᠲᠠᠷᠬᠠᠭᠠᠪᠡ᠃ ᠢᠷᠬᠡᠨ᠎ᠤ ᠬᠠᠣᠯᠢ᠎ᠶ᠋ᠢᠨ ᠪᠢᠴᠢᠭ᠎ᠤᠨ ᠮᠣᠩᠭᠤᠯ ᠬᠢᠳᠠᠳ ᠬᠡᠪᠯᠡᠯ ᠪᠣᠯ ᠦᠪᠡᠷᠲᠡᠭᠡᠨ ᠵᠠᠰᠠᠬᠤ ᠣᠷᠣᠨ᠎ᠤ ᠪᠠᠢᠴᠠᠭᠠᠬᠤ ᠬᠤᠷᠢᠶ᠎ᠠ᠎ᠠᠴᠠ ᠶᠡᠭᠡ ᠬᠡᠪᠴᠢᠶᠠᠨ᠎ᠤ ᠬᠦᠮᠣᠨ᠎ᠤ ᠬᠦᠴᠣ᠂ ᠪᠣᠳᠠᠰ᠎ᠤᠨ ᠬᠦᠴᠣ ᠵᠠᠷᠣᠴᠠᠭᠤᠯᠵᠣ ᠬᠡᠪᠯᠡᠭ᠌ᠰᠠᠨ ᠨᠤᠮ ᠪᠤᠯᠬᠤ ᠶᠤᠮ᠂ ᠲᠤᠰ ᠪᠢᠴᠢᠭ᠎ᠨᠢ ᠦᠨᠳᠣᠰᠣᠨ ᠱᠠᠳᠣᠨ᠎ᠤ ᠮᠠᠯᠴᠢᠨ ᠲᠠᠷᠢᠶᠠᠴᠢᠨ᠎ᠤ ᠠᠮᠢᠳᠣᠷᠠᠯ᠎ᠳᠤ ᠱᠢᠭᠤᠳ ᠬᠤᠯᠪᠣᠬ᠍ᠳᠠᠬᠤ ᠣᠴᠢᠷ᠎ᠠᠴᠠ ᠪᠠᠢᠴᠠᠭᠠᠬᠤ ᠬᠤᠷᠢᠶ᠎ᠠ᠎ᠨᠢ ᠵᠠᠭᠤ ᠭᠠᠷᠣᠢ ᠲᠡᠪᠳᠡᠷ ᠢᠷᠬᠡᠨ᠎ᠤ ᠬᠠᠣᠯᠢ᠎ᠶ᠋ᠢᠨ ᠪᠢᠴᠢᠭ᠎ᠢ ᠲᠡᠷᠬᠠᠭᠠᠵᠣ᠂ ᠮᠠᠯᠴᠢᠳ᠎ᠤᠨ ᠦᠢᠯᠡᠳᠪᠤᠷᠢᠯᠡᠯ ᠠᠮᠢᠳᠤᠷᠠᠯ᠎ᠤᠨ ᠲᠤᠮᠳᠠ᠎ᠪᠠᠨ ᠬᠠᠣᠯᠢ᠎ᠶ᠋ᠢ ᠣᠢᠯᠠᠭᠠᠵᠣ᠂ ᠬᠠᠤᠯᠢ᠎ᠶ᠋ᠢ ᠭᠡᠷᠡᠭ᠌ᠯᠡᠬᠦ᠌᠎ᠳᠤ ᠲᠦᠬᠦᠮ ᠦᠵᠡᠬᠦᠯᠦᠨ᠂ ᠦᠷᠬᠡᠨ ᠣᠯᠠᠨ ᠮᠠᠯᠴᠢᠨ ᠲᠦᠮᠡᠨ᠎ᠤ ᠬᠠᠣᠯᠢ ᠴᠠᠭᠠᠵᠠ᠎ᠶ᠋ᠢᠨ ᠣᠬᠠᠮᠰᠡᠷ᠎ᠢ ᠲᠡᠭᠡᠭ᠌ᠰᠢᠯᠡᠬᠦᠯᠬᠦ᠌᠎ᠳᠤ ᠪᠠᠳᠤᠯᠠᠭ᠎ᠠ ᠬᠠᠨᠭ᠌ᠭᠠᠵᠠᠢ᠃

ᠪᠠᠶᠠᠨᠴᠠᠭᠠᠨ ᠭᠠᠴᠠᠭᠠᠨ᠎ᠤ ᠲᠡᠳ᠋ ᠱᠦᠵᠢ ᠬᠦᠭᠢᠯᠳᠣ᠄ 《ᠦᠨᠣᠳᠣᠷ ᠮᠠᠨ᠎ᠤ ᠪᠠᠶᠠᠨᠴᠠᠭᠠᠨ ᠭᠠᠴᠠᠭᠠᠨ᠎ᠳᠤ 〈ᠲᠣᠮᠳᠠᠳᠣ ᠣᠯᠣᠰ᠎ᠤᠨ ᠢᠷᠬᠡᠨ᠎ᠤ ᠬᠠᠣᠯᠢ᠎ᠶ᠋ᠢᠨ ᠪᠢᠴᠢᠭ〉 ᠎ᠤᠨ ᠮᠣᠩᠭᠤᠯ ᠬᠡᠪᠯᠡᠯ᠎ᠢ ᠦᠨᠳᠣᠰᠣᠨ ᠱᠠᠳᠣᠨ᠎ᠤ ᠠᠷᠠᠳ ᠲᠦᠮᠡᠨ᠎ᠳᠤ ᠲᠦᠬᠡᠬᠡᠵᠣ ᠦᠭ᠌ᠬᠦᠭ᠌ᠰᠠᠨ ᠪᠠᠢᠨ᠎ᠠ᠂ ᠡᠨᠡ ᠬᠠᠣᠯᠢ᠎ᠶ᠋ᠢᠨ ᠪᠢᠴᠢᠭ᠎ᠨᠢ ᠮᠠᠨ᠎ᠤ ᠦᠨᠳᠣᠰᠣᠨ ᠱᠠᠳᠣᠨ᠎ᠤ ᠠᠷᠠᠳ ᠲᠦᠮᠡᠨ᠎ᠤ ᠠᠮᠢᠳᠣᠷᠠᠯ᠎ᠳᠤ ᠬᠤᠯᠪᠣᠬ᠍ᠳᠠᠬᠤ ᠶᠡᠭᠡ ᠣᠴᠢᠷ᠂ ᠢᠷᠬᠡᠨ᠎ᠤ ᠬᠠᠣᠯᠢ᠎ᠶ᠋ᠢᠨ ᠪᠢᠴᠢᠭ᠎ᠢ ᠲᠦᠬᠡᠬᠡᠵᠣ ᠦᠭ᠌ᠬᠦᠭ᠌ᠰᠡᠨ᠎ᠳᠤ ᠪᠡᠶᠡᠷᠯᠡᠵᠣ ᠪᠠᠢᠨ᠎ᠠ᠂ ᠮᠠᠨ᠎ᠤ ᠦᠨᠳᠣᠰᠣᠨ ᠱᠠᠳᠣᠨ᠎ᠳᠤ ᠡᠢᠮᠣᠷᠬᠦᠤ ᠬᠦᠳᠡᠯᠬᠡᠬᠡᠨ᠎ᠢ ᠢᠯᠡᠬᠦᠬᠡᠨ ᠦᠷᠨᠢᠬᠦᠯᠬᠦ᠌᠎ᠶ᠋ᠢ ᠬᠦᠰᠡᠵᠣ ᠪᠠᠢᠨ᠎ᠠ》 ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号