100 ᠲᠦᠮᠡᠨ ᠲᠦᠭᠦᠷᠢᠭ᠎ᠠᠴᠠ 1500 ᠲᠦᠮᠡᠨ ᠲᠦᠭᠦᠷᠢᠭ ᠬᠦᠷᠳᠡᠯ᠎ᠠ ᠁
2021-10-04 10:38:48
ᠵᠣᠬᠢᠶᠠᠭ᠍ᠴᠢ᠄
ᠭᠤᠸ᠎ᠠ ᠡᠷᠳᠡᠨᠢᠬᠤᠧᠠᠷ ᠴᠤᠪᠤᠭᠤ
ᠣᠩᠱᠢᠭ᠍ᠰᠠᠨ ᠣᠳᠠᠭ᠎ᠠ᠄
★★★☆☆

ᠡᠯᠡᠰᠤᠨ ᠴᠦᠯ᠎ᠢ ᠦᠵᠡᠭᠡ ᠦᠭᠡᠢ ᠡᠮᠤᠨᠡᠳᠤ ᠤᠷᠤᠨ᠎ᠤ ᠵᠢᠭᠤᠯᠴᠢᠯᠠᠭ᠍ᠰᠡᠳ ᠠᠳᠡ ᠢᠷᠡᠬᠡᠳ ᠤᠷᠭᠤᠬᠤ ᠨᠠᠷᠠ᠎ᠶ᠋ᠢ ᠰᠤᠨᠢᠷᠬᠠᠨ᠂ ᠱᠢᠷᠠᠭ᠍ᠰᠠᠨ ᠮᠢᠬ᠎ᠠ ᠦᠵᠤᠮ᠎ᠤᠨ ᠠᠷᠢᠬᠢ᠎ᠲᠠᠢ ᠦᠳᠡᠰᠢ᠎ᠶ᠋ᠢᠨ ᠷᠤᠮᠠᠨᠲ᠋ᠢᠭ ᠬᠤᠭᠤᠯᠠ᠎ᠶ᠋ᠢ ᠠᠮᠳᠠᠯᠠᠵᠤ᠂ ᠡᠯᠡᠰᠤᠨ ᠨᠤᠳᠤᠭ᠎ᠤᠨ ᠠᠯᠳᠠᠨ ᠱᠢᠷᠭᠠᠯ ᠦᠩᠭᠡᠨ᠎ᠳᠤ ᠰᠤᠭ᠍ᠳᠤᠭᠤᠷᠠᠨ᠂ ᠳᠦᠳᠡᠭ ᠭᠠᠯ᠎ᠢ ᠳᠤᠭᠤᠷᠢᠨ ᠳᠠᠭᠤᠯᠠᠨ ᠪᠦᠵᠢᠭ᠌ᠯᠡᠵᠤ᠂ 《ᠨᠠᠢᠵᠠ᠎ᠪᠠᠨ ᠳᠠᠭᠠᠭᠤᠯᠤᠭᠠᠳ ᠠᠬᠢᠭᠠᠳ ᠢᠷᠡᠶ᠎ᠡ》 ᠭᠡᠵᠤ ᠰᠠᠯᠵᠤ ᠶᠠᠳᠠᠮᠠᠷ ᠶᠠᠪᠤᠵᠤ ᠪᠠᠢᠭ᠍ᠰᠠᠨ ᠤᠯᠠᠨ ᠰᠠᠢᠬᠠᠨ ᠦᠯᠢᠭᠡᠷ ᠤᠴᠠᠷᠠᠯ᠎ᠢ ᠯᠦᠸᠧ ᠰᠧᠩ ᠾᠧᠩ ᠪᠢᠳᠠᠨ᠎ᠲᠠᠢ ᠬᠤᠪᠢᠶᠠᠯᠴᠠᠯ᠎ᠠ᠃

ᠯᠦᠸᠧ ᠰᠧᠩ ᠾᠧᠩ ᠪᠤᠯ ᠳᠡᠭ᠌ᠷᠢ ᠡᠯᠡᠰᠤ᠎ᠶ᠋ᠢᠨ ᠬᠦᠨ᠎ᠳᠤ ᠮᠠᠯᠴᠢᠨ ᠠᠢᠯ᠎ᠤᠨ ᠵᠢᠭᠤᠯᠴᠢᠯᠡᠯ ᠡᠷᠬᠢᠯᠡᠵᠤ ᠪᠠᠢᠭ᠎ᠠ ᠠᠯᠠᠱᠠ ᠵᠡᠭᠦᠨ ᠬᠤᠱᠢᠭᠤᠨ᠎ᠤ ᠳᠡᠭ᠌ᠷᠢ ᠡᠯᠡᠰᠤ ᠪᠠᠯᠭᠠᠰᠤ᠎ᠶ᠋ᠢᠨ ᠤᠯᠠᠭᠠᠨᠬᠠᠳᠠ ᠭᠠᠴᠠᠭᠠᠨ᠎ᠤ ᠮᠠᠯᠴᠢᠨ ᠶᠤᠮᠰᠠᠨ᠃ ᠤᠯᠠᠭᠠᠨᠬᠠᠳᠠ ᠭᠠᠴᠠᠭᠠᠨ᠎ᠤ ᠵᠢᠭᠤᠯᠴᠢᠯᠠᠯ᠎ᠤᠨ ᠦᠢᠯᠡᠰ᠎ᠨᠢ ᠤᠯᠠᠷᠢᠯ᠎ᠤᠨ ᠨᠦᠯᠦᠭᠡ᠎ᠶ᠋ᠢ ᠲᠡᠮᠡᠢ ᠬᠦᠷᠳᠡᠳᠡᠭ ᠦᠭᠡᠢ᠎ᠶ᠋ᠢᠨ ᠤᠴᠢᠷ ᠬᠠᠪᠤᠷ᠎ᠤᠨ ᠡᠬᠢᠨ᠎ᠤ 3 ᠰᠠᠷ᠎ᠠ᠎ᠠᠴᠠ ᠡᠬᠢᠯᠡᠨ ᠬᠦᠬᠡᠭᠡ ᠡᠪᠤᠯ᠎ᠤᠨ 11 ᠰᠠᠷ᠎ᠠ᠎ᠶ᠋ᠢᠨ ᠳᠤᠮᠳᠠᠴᠢ ᠪᠤᠯᠳᠠᠯ᠎ᠠ ᠵᠢᠭᠤᠯᠴᠢᠯᠠᠭ᠍ᠴᠢ ᠳᠠᠰᠤᠷᠠᠳᠠᠭ ᠦᠭᠡᠢ ᠠᠵᠢ᠃ ᠠᠳᠡᠬᠢ᠎ᠶ᠋ᠢᠨ ᠱᠢᠯ᠎ᠤᠨ ᠬᠠᠨ᠎ᠠ᠎ᠲᠠᠢ ᠦᠷᠦᠭᠡ᠎ᠶ᠋ᠢᠨ ᠬᠤᠧᠠᠷᠠᠨ᠂ ᠢᠨᠳᠢᠶᠠᠨ ᠮᠠᠢᠬᠠᠨ᠎ᠤ ᠬᠤᠧᠠᠷᠠᠨ᠂ ᠭᠡᠷᠳᠤ ᠳᠡᠷᠭᠡ᠎ᠶ᠋ᠢᠨ ᠬᠤᠧᠠᠷᠠᠨ᠂ ᠮᠤᠩᠭᠤᠯ ᠬᠡᠷ᠂ ᠳᠠᠲ᠋ᠠᠮᠢ ᠦᠷᠦᠭᠡ ᠁ ᠳᠡᠭ᠌ᠷᠢ ᠡᠯᠡᠰᠤ᠎ᠶ᠋ᠢᠨ ᠬᠦᠨ᠎ᠳᠠᠬᠢ ᠳᠡᠭ᠌ᠷᠢ ᠡᠯᠡᠰᠤᠨ᠎ᠤ ᠰᠤᠳᠤᠯᠵᠤ ᠰᠤᠷᠤᠯᠴᠠᠬᠤ ᠶᠡᠭᠡ ᠬᠤᠧᠠᠷᠠᠨ᠎ᠤ ᠡᠯᠡᠰᠤᠨ ᠨᠤᠳᠤᠭ᠎ᠤᠨ ᠦᠵᠡᠮᠵᠢ᠂ ᠵᠤᠭ᠎ᠠ ᠴᠡᠩᠬᠡᠯ᠎ᠤᠨ ᠵᠦᠢᠯᠡᠰ᠂ ᠤᠨᠴᠠᠯᠢᠭ᠍ᠳᠤ ᠬᠤᠨᠤᠭ᠎ᠤᠨ ᠦᠷᠦᠭᠡ ᠵᠡᠷᠭᠡ᠎ᠶ᠋ᠢᠨ ᠠᠯᠢ ᠨᠢᠭᠡ᠎ᠨᠢ ᠴᠦ᠍ ᠰᠦᠯᠵᠢᠶᠡᠨ ᠠᠨᠳᠠ ᠨᠠᠷ᠎ᠤᠨ ᠪᠠᠭ᠍ᠠᠷᠬᠠᠯ ᠰᠤᠨᠢᠷᠬᠠᠯ᠎ᠢ ᠠᠷᠭ᠎ᠠ ᠦᠭᠡᠢ ᠳᠠᠳᠠᠳᠠᠭ᠎ᠢ ᠶᠠᠭᠤᠨ ᠬᠡᠯᠡᠭᠦ᠌ ᠪᠢᠯᠡ᠃ ᠪᠢᠳᠡ 9 ᠰᠠᠷ᠎ᠠ᠎ᠶ᠋ᠢᠨ ᠡᠬᠢ᠎ᠪᠠᠷ ᠤᠯᠠᠭᠠᠨᠬᠠᠳᠠ ᠭᠠᠴᠠᠭ᠎ᠠ ᠬᠦᠷᠬᠦ᠌᠎ᠳᠤ᠂ 《〈10.1〉 ᠎ᠤ ᠠᠮᠠᠷᠠᠯᠳᠠ ᠪᠤᠯᠳᠠᠯ᠎ᠠ ᠪᠠᠰᠠ ᠨᠡᠯᠢᠶᠡᠳ ᠡᠳᠤᠷ ᠪᠠᠢᠭ᠎ᠠ ᠪᠤᠯᠪᠠᠴᠦ᠍ ᠪᠢᠳᠡ 300 ᠭᠠᠷᠤᠢ ᠬᠤᠨᠤᠭ᠎ᠤᠨ ᠦᠷᠦᠭᠡ᠎ᠪᠠᠨ ᠪᠦᠬᠦᠨ᠎ᠢ ᠰᠦᠯᠵᠢᠶ᠎ᠡ᠎ᠪᠠᠷ ᠵᠠᠬᠢᠶᠠᠯᠠᠨ ᠭᠠᠷᠭᠠᠵᠤ᠂ ᠨᠢᠭᠡ ᠡᠳᠤᠷ᠎ᠤᠨ ᠬᠤᠨᠤᠭ᠎ᠤᠨ ᠰᠦᠢᠳᠭᠡᠯ 3600 ᠲᠦᠭᠦᠷᠢᠭ᠎ᠲᠤ ᠬᠦᠷᠴᠦ᠍ ᠪᠠᠢᠭ᠎ᠠ ᠱᠢᠯ᠎ᠤᠨ ᠬᠠᠨ᠎ᠠ᠎ᠲᠠᠢ ᠬᠤᠨᠤᠭ᠎ᠤᠨ ᠦᠷᠦᠭᠡ᠎ᠳᠤ ᠴᠦ᠍ ᠵᠤᠴᠢᠨ᠎ᠲᠠᠢ ᠪᠤᠯᠵᠤ᠂ ᠤᠳᠤᠬᠠᠨ᠎ᠳᠤ ᠰᠦᠯᠵᠢᠶᠡᠨ ᠵᠠᠬᠢᠶᠠᠯᠠᠭ᠎ᠠ᠎ᠶ᠋ᠢᠨ ᠵᠠᠮ ᠪᠤᠯᠭᠠᠨ᠎ᠢ ᠴᠦᠮ ᠬᠠᠭᠠᠴᠢᠬᠠᠭ᠍ᠰᠠᠨ ᠱᠢᠦ》 ᠭᠡᠵᠤ ᠯᠦᠸᠧ ᠰᠧᠩ ᠾᠧᠩ ᠶᠠᠷᠢᠨ᠎ᠠ᠃ ᠯᠦᠸᠧ ᠰᠧᠩ ᠾᠧᠩ ᠭᠠᠴᠠᠭᠠᠨ᠎ᠤ ᠮᠠᠯᠴᠢᠳ᠎ᠲᠠᠢ᠎ᠪᠠᠨ ᠬᠤᠷᠱᠢᠨ ᠮᠠᠯᠴᠢᠨ ᠠᠢᠯ᠎ᠤᠨ ᠵᠢᠭᠤᠯᠴᠢᠯᠡᠯ — ᠳᠡᠭ᠌ᠷᠢ ᠡᠯᠡᠰᠤᠨ᠎ᠤ ᠰᠤᠳᠤᠯᠵᠤ ᠰᠤᠷᠤᠯᠴᠠᠬᠤ ᠶᠡᠭᠡ ᠬᠤᠧᠠᠷᠠᠨ ᠡᠷᠬᠢᠯᠡᠵᠤ ᠪᠠᠢᠭ᠎ᠠ ᠮᠦᠷᠳᠡᠭᠡᠨ ᠤᠯᠠᠭᠠᠨᠬᠠᠳᠠ ᠭᠠᠴᠠᠭ᠎ᠠ᠎ᠶ᠋ᠢᠨ ᠬᠠᠷᠢᠶ᠎ᠠ᠎ᠳᠤ ᠪᠠᠢᠭ᠎ᠠ 4A ᠲᠠᠰ᠎ᠤᠨ ᠵᠢᠭᠤᠯᠴᠢᠯᠠᠯ᠎ᠤᠨ ᠣᠷᠣᠨ ᠪᠤᠯᠬᠤ ᠳᠤᠩᠬᠤ ᠨᠠᠭᠤᠷ᠎ᠤᠨ ᠲᠠᠯ᠎ᠠ ᠨᠤᠲᠤᠭ᠎ᠤᠨ ᠵᠢᠭᠤᠯᠴᠢᠯᠡᠯ᠎ᠤᠨ ᠤᠷᠤᠨ᠎ᠳᠤ 2 ᠲᠦᠮᠡᠨ ᠲᠦᠭᠦᠷᠢᠭ᠎ᠤᠨ ᠬᠤᠪᠢ ᠤᠷᠤᠭ᠍ᠰᠠᠨ ᠪᠦᠭᠡᠳ ᠪᠠᠰᠠ ᠳᠤᠩᠬᠤ ᠨᠠᠭᠤᠷ᠎ᠤᠨ ᠳᠠᠯ᠎ᠠ ᠨᠤᠳᠤᠭ ᠵᠢᠭᠤᠯᠴᠢᠯᠡᠯ᠎ᠤᠨ ᠤᠷᠤᠨ᠎ᠳᠤ ᠳᠡᠮᠡᠭᠡ ᠤᠨᠤᠬᠤ᠂ ᠡᠯᠡᠰᠤ᠎ᠪᠠᠷ ᠠᠶᠠᠯᠠᠬᠤ ᠮᠠᠱᠢᠨ ᠳᠡᠷᠭᠡ ᠵᠡᠷᠭᠡ ᠲᠦᠷᠦᠯ ᠵᠦᠢᠯ᠎ᠢ ᠡᠷᠬᠢᠯᠡᠵᠤ ᠪᠠᠢᠭ᠎ᠠ ᠶᠤᠮ᠃


QQ截图20211004101706.png


           ᠯᠦᠸᠧ ᠰᠧᠩ ᠾᠧᠩ ᠵᠢᠭᠤᠯᠴᠢᠯᠠᠭ᠍ᠰᠠᠳ᠎ᠢ ᠳᠠᠭᠠᠭᠤᠯᠤᠨ

           ᠡᠯᠡᠰᠤᠨ   ᠴᠦᠯ  ᠎ᠢᠶᠠᠷ   ᠰᠡᠯᠡᠬᠦᠴᠡᠨ   ᠲᠤᠭᠤᠷᠢᠨ᠎ᠠ


ᠤᠯᠠᠭᠠᠨᠬᠠᠳᠠ ᠭᠠᠴᠠᠭ᠎ᠠ ᠬᠡᠳᠦ᠋ᠢᠪᠡᠷ 628 ᠲᠡᠭ᠌ᠰᠢ ᠳᠥᠷᠪᠡᠯᠵᠢᠨ ᠺᠢᠯᠣᠮᠧᠲᠷ ᠨᠤᠳᠤᠭ ᠳᠡᠪᠢᠰᠭᠡᠷ᠎ᠲᠠᠢ ᠪᠤᠯᠪᠠᠴᠦ᠍ ᠵᠦᠪᠬᠡᠨ 207 ᠲᠡᠭ᠌ᠰᠢ ᠳᠥᠷᠪᠡᠯᠵᠢᠨ ᠺᠢᠯᠣᠮᠧᠲᠷ᠎ᠤᠨ ᠠᠱᠢᠬ᠍ᠯᠠᠵᠤ ᠪᠤᠯᠬᠤ ᠨᠤᠳᠤᠭ ᠪᠡᠯᠴᠢᠭᠡᠷ᠎ᠲᠠᠢ ᠴᠣᠯ ᠮᠠᠯᠵᠢᠬᠤ ᠭᠠᠴᠠᠭ᠎ᠠ ᠪᠤᠯᠤᠨ᠎ᠠ᠃ ᠦᠩᠬᠡᠷᠡᠭ᠌ᠰᠡᠨ᠎ᠳᠤ ᠳᠤᠰ ᠭᠠᠴᠠᠭ᠎ᠠ ᠬᠠᠮᠲᠤ᠎ᠶ᠋ᠢᠨ ᠠᠵᠤ ᠠᠬᠤᠢ ᠬᠡᠮᠡᠨ ᠥᠬᠡᠶ ᠶᠠᠳᠠᠭᠤ ᠬᠦᠴᠢᠷᠳᠡᠯᠲᠡᠶ ᠭᠠᠴᠠᠭ᠎ᠠ ᠪᠠᠢᠭ᠍ᠰᠠᠨ ᠪᠦᠭᠡᠳ ᠭᠠᠴᠠᠭᠠᠨ᠎ᠤ ᠠᠵᠤ  ᠦᠢᠯᠡᠰ᠎ᠤᠨ ᠪᠦᠲᠦᠴᠡ᠎ᠨᠢ ᠲᠠᠩ ᠴᠤᠯᠭᠤᠶ᠂ ᠮᠠᠯᠴᠢᠳ ᠲᠤᠭ᠎ᠠ᠎ᠲᠠᠢ ᠬᠡᠳᠤᠨ ᠮᠠᠯ᠎ᠢᠶᠠᠨ ᠮᠠᠯᠵᠢᠨ ᠠᠵᠤ ᠠᠮᠢᠳᠤᠷᠠᠯ᠎ᠢᠶᠠᠨ ᠠᠷᠭᠠᠴᠠᠭᠠᠵᠤ ᠪᠠᠢᠵᠠᠢ᠃ ᠲᠡᠷᠡ ᠮᠦᠷᠳᠡᠭᠡᠨ ᠡᠯᠡᠰᠦᠷᠬᠡᠭ᠌ᠵᠢᠯ ᠨᠣᠴᠢᠲᠠᠶ᠂ ᠰᠠᠭᠤᠷᠢ ᠲᠦᠭᠦᠭᠡᠷᠦᠮᠵᠢ ᠪᠠᠭᠤᠷᠠᠶ ᠪᠤᠯᠬᠤᠷ ᠭᠠᠴᠠᠭᠠᠨ᠎ᠤ ᠮᠠᠯᠴᠢᠳ᠎ᠤᠨ ᠠᠮᠢᠳᠤᠷᠠᠯ᠎ᠤᠨ ᠨᠥᠬᠦᠴᠡᠯ ᠴᠦ᠍ ᠲᠦᠢᠯ᠎ᠤᠨ ᠬᠦᠴᠢᠷᠲᠡᠶ ᠪᠠᠢᠵᠤ᠂ 42 ᠡᠷᠦᠬᠡ᠎ᠶ᠋ᠢᠨ 133 ᠬᠦᠮᠦᠨ ᠠᠮᠠ ᠶᠠᠳᠠᠭᠤ ᠬᠦᠴᠢᠷᠳᠠᠯᠳᠠᠢ ᠪᠠᠢᠵᠠᠢ᠃ ᠡᠨᠡ ᠪᠠᠢᠳᠠᠯ᠎ᠢᠶᠠᠨ ᠪᠦᠷᠢᠮᠦᠰᠤᠨ ᠬᠤᠪᠢᠷᠠᠭᠤᠯᠬᠤ᠎ᠶ᠋ᠢᠨ ᠲᠦᠯᠦᠭᠡ ᠲᠡᠬᠡᠳᠤ ᠱᠠᠳᠤᠨ᠎ᠤ ᠬᠠᠯᠠᠮᠵᠢᠯᠠᠯ ᠳᠡᠮᠵᠢᠯᠭᠡ ᠳᠤᠤᠷ᠎ᠠ᠂ 2012 ᠣᠨ᠎ᠤ ᠡᠬᠢᠨ᠎ᠳᠤ ᠲᠤᠰ ᠭᠠᠴᠠᠭᠠᠨ᠎ᠤ ᠮᠠᠯᠴᠢᠳ ᠵᠢᠭᠤᠯᠴᠢᠯᠠᠯ᠎ᠤᠨ ᠲᠤᠰᠭᠠᠶ ᠬᠤᠷᠱᠢᠶ᠎ᠠ ᠪᠠᠢᠭᠤᠯᠵᠤ᠂ ᠡᠮᠦᠨᠡᠰᠢ᠎ᠪᠠᠨ ᠨᠢᠩᠱᠢᠶᠠ᠎ᠶ᠋ᠢᠨ ᠳᠡᠷᠡᠰᠤᠨ ᠬᠤᠲᠠ᠎ᠲᠠᠢ ᠬᠥᠷᠱᠢᠯᠡᠵᠤ ᠪᠠᠢᠭ᠎ᠠ ᠤᠷᠤᠨ ᠪᠠᠢᠷᠢᠱᠢᠯ᠎ᠤᠨ ᠳᠠᠪᠠᠭᠤᠯᠢᠭ ᠵᠢᠴᠢ ᠳᠡᠭ᠌ᠷᠢ ᠡᠯᠡᠰᠤ᠎ᠶ᠋ᠢᠨ ᠡᠬᠢ ᠪᠠᠶᠠᠯᠢᠭ᠎ᠢᠶᠠᠨ ᠠᠱᠢᠬ᠍ᠯᠠᠨ ᠵᠢᠭᠤᠯᠴᠢᠯᠡᠯ᠎ᠤᠨ ᠦᠢᠯᠡᠰ᠎ᠢ ᠶᠡᠭᠡ᠎ᠪᠠᠷ ᠬᠦᠭ᠌ᠵᠢᠭᠦᠯᠦᠭ᠌ᠰᠡᠨ ᠪᠠᠢᠨ᠎ᠠ᠃

ᠵᠢᠭᠤᠯᠴᠢᠯᠠᠯ᠎ᠤᠨ ᠲᠤᠰᠭᠠᠶ ᠬᠤᠷᠱᠢᠶ᠎ᠠ ᠠᠩᠬ᠎ᠠ ᠪᠠᠢᠭᠤᠯᠤᠭ᠍ᠳᠠᠬᠤ ᠦᠶ᠎ᠡ᠎ᠳᠤ ᠮᠠᠯᠴᠢᠳ ᠰᠠᠢᠨ ᠳᠤᠷ᠎ᠠ᠎ᠠᠴᠠ᠎ᠪᠠᠨ ᠤᠷᠤᠯᠴᠠᠬᠤ ᠵᠠᠷᠴᠢᠮ᠎ᠢᠶᠠᠷ ᠡᠷᠦᠬᠡ᠎ᠪᠠᠷ ᠨᠢᠭᠡᠴᠢ ᠪᠣᠯᠭᠠᠨ ᠳᠤᠩᠬᠤ ᠨᠠᠭᠤᠷ᠎ᠤᠨ ᠲᠠᠯ᠎ᠠ ᠨᠤᠲᠤᠭ᠎ᠤᠨ ᠵᠢᠭᠤᠯᠴᠢᠯᠡᠯ᠎ᠤᠨ ᠤᠷᠤᠨ᠎ᠳᠤ ᠬᠤᠪᠢ ᠣᠷᠤᠵᠤ᠂ ᠪᠦᠬᠦ᠌ ᠭᠠᠴᠠᠭᠠᠨ᠎ᠤ 212 ᠡᠷᠦᠭᠡ᠎ᠠᠴᠠ ᠯᠦᠸᠧ ᠰᠧᠩ ᠾᠧᠩ᠎ᠤᠨ᠎ᠬᠢᠨ᠎ᠢ ᠪᠠᠭ᠍ᠳᠠᠭᠠᠭ᠍ᠰᠠᠨ 99 ᠮᠠᠯᠵᠢᠬᠤ ᠡᠷᠦᠭᠡ ᠬᠤᠪᠢ ᠤᠷᠤᠭ᠍ᠰᠠᠨ ᠪᠠᠢᠪᠠ᠃ ᠵᠢᠭᠤᠯᠴᠢᠯᠡᠯ᠎ᠤᠨ ᠦᠢᠯᠡᠰ᠎ᠤᠨ ᠦᠷᠨᠢᠯ ᠬᠦᠭ᠌ᠵᠢᠯ᠎ᠢ ᠳᠠᠭᠠᠯᠳᠤᠨ 2017 ᠤᠨ ᠪᠤᠯᠬᠤ᠎ᠳᠤ ᠳᠤᠩᠬᠤ ᠨᠠᠭᠤᠷ᠎ᠤᠨ ᠲᠠᠯ᠎ᠠ ᠨᠤᠲᠤᠭ᠎ᠤᠨ ᠵᠢᠭᠤᠯᠴᠢᠯᠡᠯ᠎ᠤᠨ ᠤᠷᠤᠨ᠎ᠳᠤ ᠬᠤᠪᠢ ᠤᠷᠤᠭ᠍ᠰᠠᠨ ᠮᠠᠯᠴᠢᠳ 1᠄ 1.7 ᠎ᠶ᠋ᠢᠨ ᠬᠤᠪᠢ᠎ᠶ᠋ᠢᠨ ᠬᠠᠷᠢᠴᠠᠯ᠎ᠢᠶᠠᠷ ᠠᠱᠢᠭ ᠤᠯᠵᠠᠪᠤᠷᠢ ᠬᠤᠪᠢᠶᠠᠷᠢᠯᠠᠬᠤ ᠪᠤᠯᠵᠤ᠂ ᠤᠯᠠᠭᠠᠨᠬᠠᠳᠠ ᠭᠠᠴᠠᠭᠠᠨ᠎ᠤ ᠬᠤᠪᠢ ᠤᠷᠤᠭ᠍ᠰᠠᠨ ᠦᠭᠡᠢ ᠮᠠᠯᠴᠢᠳ ᠴᠤ᠌ ᠬᠤᠪᠢ ᠤᠷᠤᠬᠤ ᠬᠦᠰᠡᠯ᠎ᠲᠠᠢ ᠪᠤᠯᠵᠠᠢ᠃ ᠯᠦᠸᠧ ᠰᠧᠩ ᠾᠧᠩ ᠬᠤᠪᠢ ᠤᠷᠤᠭᠤᠯᠤᠭ᠍ᠰᠠᠨ 2 ᠲᠦᠮᠡᠨ ᠲᠦᠭᠦᠷᠢᠭ᠎ᠠᠴᠠ᠎ᠪᠠᠨ ᠡᠳᠦᠭᠡ ᠨᠢᠭᠡᠨᠳᠡ 10 ᠭᠠᠷᠤᠢ ᠲᠦᠮᠡᠨ ᠲᠦᠭᠦᠷᠢᠭ᠎ᠤᠨ ᠠᠱᠢᠭ ᠤᠯᠵᠠᠪᠤᠷᠢ ᠬᠤᠪᠢᠶᠠᠷᠢᠯᠠᠭ᠍ᠰᠠᠨ ᠪᠠᠢᠨ᠎ᠠ᠃ 《ᠵᠢᠭᠤᠯᠴᠢᠯᠡᠯ᠎ᠤᠨ ᠦᠢᠯᠡᠰ᠎ᠤᠨ ᠦᠷᠨᠢᠩᠭᠦᠢ ᠬᠦᠭ᠌ᠵᠢᠯᠳᠡ᠎ᠶ᠋ᠢ ᠳᠠᠭᠠᠯᠳᠤᠨ ᠮᠠᠯᠴᠢᠳ᠎ᠤᠨ ᠦᠵᠡᠯᠳᠡ ᠲᠠᠨᠢᠯᠳᠠ᠎ᠳᠤ ᠯᠤᠳᠤ ᠶᠡᠭᠡ ᠬᠤᠪᠢᠷᠠᠯᠳᠠ ᠭᠠᠷᠴᠦ᠍᠂ ᠳᠤᠩᠬᠤ ᠨᠠᠭᠤᠷ᠎ᠤᠨ ᠲᠠᠯ᠎ᠠ ᠨᠤᠲᠤᠭ᠎ᠤᠨ ᠵᠢᠭᠤᠯᠴᠢᠯᠡᠯ᠎ᠤᠨ ᠤᠷᠤᠨ᠎ᠳᠤ ᠬᠤᠪᠢ ᠤᠷᠤᠬᠤ ᠱᠠᠭᠠᠷᠳᠠᠯᠭ᠎ᠠ ᠳᠤᠷᠠᠳᠴᠠᠢ᠃ ᠳᠡᠭᠡᠭᠡᠳ 2018 ᠤᠨ᠎ᠳᠤ ᠭᠠᠴᠠᠭᠠᠨ᠎ᠤ ᠮᠠᠯᠴᠢᠳ᠎ᠤᠨ ᠵᠢᠭᠤᠯᠴᠢᠯᠡᠯ᠎ᠤᠨ ᠳᠤᠰᠭᠠᠢ ᠬᠤᠷᠱᠢᠶ᠎ᠠ᠎ᠳᠤ ᠪᠦᠳᠦᠴᠡ᠎ᠶ᠋ᠢᠨ ᠦᠭᠡᠷᠡᠴᠢᠯᠡᠯᠳᠡ ᠬᠢᠬᠦ᠌ ᠳᠠᠱᠢᠷᠠᠮ᠎ᠢᠶᠠᠷ ᠭᠠᠴᠠᠭᠠᠨ᠎ᠤ ᠪᠦᠬᠦ᠌ ᠮᠠᠯᠴᠢᠳ᠎ᠤᠨ᠎ᠢᠶᠠᠨ ᠵᠢᠭᠤᠯᠴᠢᠯᠠᠯ᠎ᠤᠨ ᠦᠢᠯᠡᠰ᠎ᠲᠤ ᠬᠤᠪᠢ ᠤᠷᠤᠬᠤ ᠬᠦᠰᠡᠯ ᠱᠠᠭᠠᠷᠳᠠᠯᠭ᠎ᠠ᠎ᠶ᠋ᠢ᠎ᠨᠢ ᠪᠠᠶᠡᠯᠡᠬᠦᠯᠵᠤ᠂ ᠬᠤᠪᠢ ᠤᠷᠤᠭ᠍ᠰᠠᠨ ᠮᠠᠯᠴᠢᠳ᠎ᠤᠨ ᠠᠱᠢᠭ ᠤᠯᠵᠠᠪᠤᠷᠢ ᠬᠤᠪᠢᠶᠠᠷᠢᠯᠠᠭ᠍ᠰᠠᠨ ᠣᠷᠣᠯᠭ᠎ᠠ 66 ᠲᠦᠮᠡᠨ ᠲᠥᠭᠦᠷᠢᠭ ᠪᠠᠢᠭ᠍ᠰᠠᠨ᠎ᠠᠴᠠ᠎ᠪᠠᠨ ᠤᠳᠤᠬᠠᠨ ᠪᠤᠯᠳᠠᠯ᠎ᠠ ᠬᠠᠮᠤᠭ᠎ᠤᠨ ᠤᠯᠠᠨ᠎ᠳᠠᠭᠠᠨ 327 ᠲᠦᠮᠡᠨ ᠲᠥᠭᠦᠷᠢᠭ ᠪᠣᠯᠤᠨ ᠨᠡᠮᠡᠭ᠌ᠳᠡᠭ᠌ᠰᠡᠨ ᠪᠠᠢᠨ᠎ᠠ ᠁》 ᠭᠡᠵᠤ ᠭᠤᠴᠢ ᠭᠠᠷᠤᠢ ᠵᠢᠯ ᠭᠠᠴᠠᠭᠠᠨ᠎ᠤ ᠨᠡᠮ᠎ᠤᠨ ᠡᠭᠦᠷ᠎ᠤᠨ ᠱᠦᠵᠢ᠎ᠶ᠋ᠢᠨ ᠠᠵᠢᠯ᠎ᠢ ᠬᠠᠷᠢᠭᠤᠴᠠᠭ᠍ᠰᠠᠨ ᠯᠢ ᠱᠢᠶᠦ᠋ᠩ ᠶᠢᠩ ᠭᠠᠴᠠᠭᠠᠨ᠎ᠤ ᠮᠠᠯᠴᠢᠳ᠎ᠤᠨ᠎ᠢᠶᠠᠨ ᠵᠢᠭᠤᠯᠴᠢᠯᠠᠯ᠎ᠤᠨ ᠦᠢᠯᠡᠰ᠎ᠲᠤ ᠬᠤᠪᠢ ᠤᠷᠤᠭ᠍ᠰᠠᠨ ᠦᠯᠢᠭᠡᠷ ᠤᠴᠠᠷᠠᠯ᠎ᠢ ᠶᠠᠷᠢᠯ᠎ᠠ᠃

ᠤᠯᠠᠭᠠᠨᠬᠠᠳᠠ ᠭᠠᠴᠠᠭᠠᠨ᠎ᠳᠤ ᠳᠤᠩᠬᠤ ᠨᠠᠭᠤᠷ᠎ᠤᠨ ᠳᠠᠯ᠎ᠠ ᠨᠤᠳᠤᠭ᠎ᠤᠨ ᠵᠢᠭᠤᠯᠴᠢᠯᠡᠯ᠎ᠤᠨ ᠤᠷᠤᠨ᠎ᠠᠴᠠ ᠭᠠᠳᠠᠨ᠎ᠠ ᠯᠦᠸᠧ ᠰᠧᠩ ᠾᠧᠩ ᠮᠡᠳᠤ᠎ᠶ᠋ᠢᠨ ᠡᠯᠡᠰᠤᠨ ᠴᠦᠯ᠎ᠢ ᠲᠦᠷᠢᠶᠡᠰᠤᠯᠠᠨ ᠡᠷᠬᠢᠯᠡᠭ᠌ᠰᠡᠨ ᠮᠠᠯᠴᠢᠨ ᠠᠢᠯ᠎ᠤᠨ ᠵᠢᠭᠤᠯᠴᠢᠯᠡᠯ᠎ᠤᠨ ᠴᠡᠭ 23 ᠪᠠᠢᠵᠤ᠂ ᠡᠯ᠎ᠡ ᠵᠢᠭᠤᠯᠴᠢᠯᠠᠯ᠎ᠤᠨ ᠴᠡᠭ᠎ᠤᠨ ᠡᠵᠡᠩᠨᠡᠯᠲᠡ᠎ᠶ᠋ᠢᠨ ᠲᠦᠷᠦᠯ ᠵᠦᠢᠯ᠎ᠳᠤ ᠣᠷᠣᠯᠴᠠᠭ᠍ᠰᠠᠨ ᠭᠠᠴᠠᠭᠠᠨ᠎ᠤ ᠮᠠᠯᠵᠢᠬᠤ ᠡᠷᠦᠬᠡ 30 ᠭᠠᠷᠤᠢ ᠪᠠᠢᠭ᠍ᠰᠠᠨ᠎ᠠᠴᠠ᠎ᠪᠠᠨ ᠤᠳᠤ 135 ᠡᠷᠦᠬᠡ ᠪᠣᠯᠤᠨ ᠨᠡᠮᠡᠭ᠌ᠳᠡᠵᠦ᠍᠂ ᠵᠢᠯ᠎ᠤᠨ ᠣᠷᠣᠯᠭ᠎ᠠ᠎ᠨᠢ 100 ᠭᠠᠷᠤᠢ ᠲᠦᠮᠡᠨ ᠲᠥᠭᠦᠷᠢᠭ ᠪᠠᠢᠭ᠍ᠰᠠᠨ᠎ᠠᠴᠠ᠎ᠪᠠᠨ 1500 ᠭᠠᠷᠤᠢ ᠲᠦᠮᠡᠨ ᠲᠥᠭᠦᠷᠢᠭ ᠪᠣᠯᠵᠤ ᠨᠡᠮᠡᠭ᠌ᠳᠡᠪᠡ᠃ 2019 ᠣᠨ᠎ᠳᠤ ᠤᠯᠠᠭᠠᠨᠬᠠᠳᠠ ᠭᠠᠴᠠᠭᠠᠨ᠎ᠤ ᠮᠠᠯᠴᠢᠳ᠎ᠤᠨ ᠬᠥᠮᠦᠨ ᠳᠤᠮᠳᠠᠴᠢ᠎ᠶ᠋ᠢᠨ ᠴᠡᠪᠡᠷ ᠣᠷᠣᠯᠭ᠎ᠠ 2.4 ᠲᠦᠮᠡᠨ ᠲᠥᠭᠦᠷᠢᠭ᠎ᠲᠤ ᠬᠦᠷᠴᠦ᠍᠂ ᠶᠠᠳᠠᠭᠤ ᠬᠦᠴᠢᠷᠳᠡᠯᠳᠠᠢ ᠭᠠᠴᠠᠭ᠎ᠠ᠎ᠠᠴᠠ᠎ᠪᠠᠨ ᠪᠠᠶᠠᠨ ᠴᠢᠨᠡᠬᠡᠯᠢᠭ ᠭᠠᠴᠠᠭ᠎ᠠ ᠪᠤᠯᠵᠤ ᠬᠤᠪᠢᠷᠠᠭ᠍ᠰᠠᠨ᠎ᠢᠶᠠᠷ ᠪᠠᠷᠠᠬᠤ ᠦᠬᠡᠢ 《ᠳᠤᠮᠳᠠᠳᠤ ᠤᠯᠤᠰ᠎ᠤᠨ ᠦᠵᠡᠰᠭᠦᠯᠡᠩᠲᠦ ᠰᠠᠢᠬᠠᠨ ᠵᠤᠭ᠎ᠠ ᠰᠡᠯᠡᠭᠦᠴᠡᠯ᠎ᠤᠨ ᠲᠣᠰᠭᠤᠨ》 ᠎ᠢᠶᠠᠷ ᠦᠨᠡᠯᠡᠭ᠌ᠳᠡᠭ᠌ᠰᠡᠨ ᠪᠠᠢᠨ᠎ᠠ᠃

《ᠠᠩᠬ᠎ᠠ ᠡᠬᠢᠨ᠎ᠳᠡᠭᠡᠨ ᠨᠢᠭᠡ ᠮᠠᠯᠵᠢᠬᠤ ᠡᠷᠦᠭᠡ ᠬᠡᠳᠤᠨ ᠮᠤᠩᠭᠤᠯ ᠬᠡᠷ ᠪᠤᠰᠭᠠᠨ ᠵᠢᠭᠤᠯᠴᠢᠯᠠᠯ᠎ᠤᠨ ᠦᠢᠯᠡᠰ ᠡᠷᠬᠢᠯᠡᠵᠤ ᠪᠠᠢᠭ᠍ᠰᠠᠨ᠎ᠠᠴᠠ᠎ᠪᠠᠨ ᠤᠳᠤ ᠳᠡᠭ᠌ᠷᠢ ᠡᠯᠡᠰᠤᠨ᠎ᠤ ᠰᠤᠳᠤᠯᠵᠤ ᠰᠤᠷᠤᠯᠴᠬᠤ ᠶᠡᠭᠡ ᠬᠤᠧᠠᠷᠠᠨ᠂ ᠡᠯᠡᠰᠤᠨ ᠴᠦᠯ᠎ᠤᠨ ᠬᠤᠧᠠᠷᠠᠨ᠂ ᠡᠯᠡᠰᠤᠨ ᠴᠦᠯ᠎ᠳᠠᠬᠢ ᠮᠠᠯᠴᠢᠨ ᠠᠢᠯ ᠵᠡᠷᠭᠡ ᠭᠤᠷᠪᠠᠨ ᠮᠠᠯᠴᠢᠨ ᠠᠢᠯ᠎ᠤᠨ ᠵᠢᠭᠤᠯᠴᠢᠯᠠᠯ᠎ᠤᠨ ᠵᠢᠯ᠎ᠤᠨ ᠤᠷᠤᠯᠭ᠎ᠠ ᠴᠦᠮ ᠮᠢᠩᠭᠠᠨ ᠲᠦᠮᠡᠨ ᠲᠦᠭᠦᠷᠢᠭ᠎ᠢ ᠳᠠᠪᠠᠵᠤ᠂ ᠪᠤᠰᠤᠳ ᠵᠢᠭᠤᠯᠴᠢᠯᠠᠯ᠎ᠤᠨ ᠴᠡᠭ᠎ᠤᠨ ᠤᠷᠤᠯᠭ᠎ᠠ ᠴᠦ᠍ ᠭᠡᠳᠤᠨ ᠵᠠᠭᠤᠨ ᠲᠦᠮᠡᠨ ᠲᠦᠭᠦᠷᠢᠭ᠂ ᠬᠡᠳᠤᠨ ᠠᠷᠪᠠᠨ ᠲᠦᠮᠡᠨ ᠲᠦᠭᠦᠷᠢᠭ᠎ᠲᠤ ᠬᠦᠷᠴᠤ᠌ ᠪᠤᠢ》 ᠭᠡᠵᠤ ᠯᠦᠸᠧ ᠰᠧᠩ ᠾᠧᠩ ᠳᠠᠨᠢᠯᠴᠠᠭᠤᠯᠤᠨ᠎ᠠ᠃ ᠤᠯᠠᠭᠠᠨᠬ᠍ᠳᠠ ᠭᠠᠴᠠᠭ᠎ᠠ ᠨᠠᠮ᠎ᠤᠨ ᠡᠭᠦᠷ᠎ᠢᠶᠠᠷ ᠭᠤᠣᠯ ᠪᠣᠯᠭᠠᠨ᠂ ᠳᠤᠰᠭᠠᠢ ᠬᠤᠷᠱᠢᠶ᠎ᠠ᠎ᠪᠠᠷ ᠬᠤᠯᠪᠣᠭᠠᠰᠤ ᠪᠣᠯᠭᠠᠵᠤ᠂ ᠳᠤᠩᠬᠤ ᠨᠠᠭᠤᠷ᠎ᠤᠨ ᠳᠠᠯ᠎ᠠ ᠨᠤᠳᠤᠭ᠎ᠤᠨ ᠵᠢᠭᠤᠯᠴᠢᠯᠠᠯ᠎ᠤᠨ ᠣᠷᠣᠨ᠎ᠢᠶᠠᠷ ᠲᠦᠱᠢᠭ ᠪᠣᠯᠭᠠᠨ᠂ ᠲᠣᠷᠭᠠᠨ ᠵᠠᠮ᠎ᠤᠨ ᠰᠣᠶᠣᠯ᠂ ᠺᠢᠨᠣ᠋ ᠲᠧᠯᠸᠢᠰ᠎ᠤᠨ ᠰᠣᠶᠣᠯ᠂ ᠣᠯᠠᠨ ᠲᠦᠮᠡᠨ᠎ᠤ ᠰᠣᠶᠣᠯ ᠵᠡᠷᠭᠡ ᠤᠨᠴᠠᠯᠢᠬ᠍ᠳᠤ ᠰᠣᠶᠣᠯ᠎ᠤᠨ ᠡᠬᠢ ᠪᠠᠶᠠᠯᠢᠭ᠎ᠢ ᠵᠢᠭᠤᠯᠴᠢᠯᠠᠯ᠎ᠤᠨ ᠦᠢᠯᠡᠰ᠎ᠲᠡᠭᠡᠨ ᠤᠶᠠᠯᠳᠤᠭᠤᠯᠬᠤ᠎ᠶ᠋ᠢ ᠴᠢᠩᠭᠠᠳᠭᠠᠵᠤ᠂ ᠵᠢᠭᠤᠯᠴᠢᠯᠠᠯ᠎ᠤᠨ ᠠᠵᠤ  ᠦᠢᠯᠡᠰ᠎ᠢᠶᠠᠨ ᠬᠥᠭ᠌ᠵᠢᠭᠦᠯᠦᠨ ᠪᠤᠵᠠᠭᠠᠢᠷᠠᠭᠤᠯᠤᠭ᠍ᠰᠠᠭᠠᠷ ᠁

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号