ᠠᠮᠠᠷᠠᠯᠲᠠ᠎ᠶ᠋ᠢᠨ ᠬᠤᠭᠤᠴᠠᠭᠠᠨ᠎ᠳᠤ ᠬᠡᠷᠡᠭ᠌ᠯᠡᠭᠡᠨ᠎ᠤ ᠵᠠᠬ᠎ᠠ ᠳᠡᠯᠭᠡᠭᠦᠷ ᠬᠦᠭ᠌ᠵᠢᠶᠡᠨᠳᠠᠢ
2021-10-04 10:37:11
ᠵᠣᠬᠢᠶᠠᠭ᠍ᠴᠢ᠄
ᠼᠠᠢ ᠬᠤᠨᠭ᠌
ᠣᠩᠱᠢᠭ᠍ᠰᠠᠨ ᠣᠳᠠᠭ᠎ᠠ᠄
★★★☆☆

10 ᠰᠠᠷ᠎ᠠ᠎ᠶ᠋ᠢᠨ 1 ᠎ᠤ ᠡᠳᠦᠷ᠂ ᠰᠤᠷᠪᠤᠯᠵᠢᠯᠠᠭ᠍ᠴᠢ ᠬᠥᠬᠡᠬᠤᠲᠠ᠎ᠶ᠋ᠢᠨ ᠪᠤᠤ ᠴᠢᠤᠸᠠᠨ ᠵᠤᠸᠠᠩ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠲᠤ ᠬᠦᠷᠬᠦ᠌᠎ᠳᠤ᠂ ᠢᠳᠡᠱᠢᠨ ᠨᠣᠭᠤᠭ᠎ᠠ᠂ ᠰᠤᠷᠭᠤᠭ ᠵᠢᠮᠢᠰ ᠵᠡᠷᠭᠡ ᠢᠳᠡᠭᠡᠨ ᠤᠮᠳᠠᠭᠠᠨ᠎ᠤ ᠲᠦᠷᠦᠯ ᠵᠦᠢᠯ ᠦᠡᠭ᠌ᠭᠡ ᠢᠯᠭᠠᠷᠠᠨ ᠵᠡᠷᠭᠡᠯᠡᠭ᠌ᠳᠡᠵᠦ᠍᠂ ᠬᠤᠲᠠ᠎ᠶ᠋ᠢᠨ ᠠᠷᠠᠳ ᠰᠦᠯᠵᠢᠯᠳᠦᠨ᠂ ᠠᠮᠠᠷᠠᠯᠲᠠ᠎ᠶ᠋ᠢᠨ ᠬᠤᠭᠤᠴᠠᠭᠠᠨ᠎ᠳᠤ ᠬᠡᠷᠡᠭ᠌ᠰᠡᠬᠦ᠌ ᠵᠦᠢᠯᠡᠰ᠎ᠢᠶᠠᠨ ᠰᠤᠩᠭᠤᠵᠤ᠂ ᠬᠤᠲᠠ᠎ᠶ᠋ᠢᠨ ᠠᠷᠠᠳ ᠪᠠ ᠬᠤᠳᠠᠯᠳᠤᠭᠠᠴᠢᠨ᠎ᠤ ᠦᠨ᠎ᠡ ᠬᠠᠶᠠᠯᠴᠠᠬᠤ ᠳᠠᠭᠤᠨ ᠵᠢᠴᠢ ᠡᠯᠧᠺᠲᠷᠣᠨ ᠲᠣᠭᠠᠴᠠᠭ᠎ᠠ ᠬᠢᠵᠦ᠍ ᠵᠣᠭᠤᠰ ᠬᠤᠷᠢᠶᠠᠬᠤ ᠲᠠᠭᠤᠨ ᠲᠠᠰᠤᠷᠠᠯᠲᠠ ᠥᠬᠡᠶ ᠲᠤᠭᠤᠯᠳᠠᠨ ᠤᠨᠴᠠ ᠬᠦᠭ᠌ᠵᠢᠶᠡᠨᠲᠡᠢ᠃ 《ᠤᠳᠤᠬᠠᠨ᠎ᠳᠤ᠂ ᠢᠳᠡᠱᠢᠨ ᠨᠣᠭᠤᠭ᠎ᠠ᠎ᠶ᠋ᠢᠨ ᠵᠠᠬ᠎ᠠ ᠳᠡᠯᠭᠡᠭᠦᠷ᠎ᠲᠤ ᠪᠠᠷᠠᠭ᠎ᠠ ᠭᠦᠢᠴᠡᠳ᠂ ᠨᠣᠭᠤᠭ᠎ᠠ ᠴᠤ᠌ ᠱᠢᠨ᠎ᠡ ᠰᠣᠷᠭᠤᠭ ᠪᠠᠢᠨ᠎ᠠ᠂ ᠤᠯᠤᠰ᠎ᠤᠨ ᠪᠠᠶᠠᠷ᠎ᠤᠨ ᠠᠮᠠᠷᠠᠯᠲᠠ᠎ᠶ᠋ᠢᠨ ᠬᠤᠭᠤᠴᠠᠭᠠᠨ᠎ᠳᠤ ᠴᠦ᠍ ᠭᠡᠰᠡᠨ ᠪᠦᠷᠢᠨ ᠬᠠᠩᠭᠠᠯᠳᠠᠳᠠᠢ᠂ ᠠᠷᠪᠢᠨ᠎ᠢ ᠠᠪᠴᠤ᠌ ᠨᠦᠬᠡᠴᠡᠯᠡᠭ᠌ᠰᠡᠨ᠎ᠤ ᠬᠡᠷᠡᠭ ᠦᠭᠡᠢ》 ᠭᠡᠵᠦ᠍ ᠨᠣᠭᠤᠭ᠎ᠠ ᠬᠤᠳᠠᠯᠳᠤᠨ ᠠᠪᠬᠤ᠎ᠪᠠᠷ ᠢᠷᠡᠭ᠌ᠰᠡᠨ ᠬᠤᠲᠠ᠎ᠶ᠋ᠢᠨ ᠠᠷᠠᠳ ᠸᠠᠩ ᠠᠪᠠᠭ᠍ᠠᠶ ᠰᠤᠷᠪᠤᠯᠵᠢᠯᠠᠭ᠍ᠴᠢ᠎ᠳᠤ ᠶᠠᠷᠢᠨ᠎ᠠ᠃

ᠦᠪᠡᠷᠳᠡᠭᠡᠨ ᠵᠠᠰᠠᠬᠤ ᠤᠷᠤᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠢᠯᠡᠷᠬᠡᠢᠯᠡᠬᠦ᠌᠎ᠳᠡᠭᠡᠨ᠂ ᠡᠨᠡ ᠵᠢᠯ᠎ᠤᠨ ᠤᠯᠤᠰ᠎ᠤᠨ ᠪᠠᠶᠠᠷ᠎ᠤᠨ ᠬᠤᠭᠤᠴᠠᠭᠠᠨ᠎ᠳᠤ ᠬᠡᠷᠡᠭ᠌ᠯᠡᠭᠡᠨ᠎ᠤ ᠵᠠᠬ᠎ᠠ ᠳᠡᠯᠭᠡᠭᠦᠷ᠎ᠲᠤ ᠲᠣᠭ᠍ᠲᠠᠭᠤᠨ ᠬᠥᠭ᠌ᠵᠢᠯᠲᠡ᠎ᠶ᠋ᠢᠨ ᠪᠠᠢᠳᠠᠯ ᠢᠯᠡᠷᠡᠵᠦ᠍᠂ ᠠᠮᠢᠳᠤᠷᠠᠯ᠎ᠤᠨ ᠴᠢᠬᠤᠯᠠ ᠬᠡᠷᠡᠭ᠌ᠴᠡᠭᠡᠨ᠎ᠤ  ᠵᠦᠢᠯ᠎ᠤᠨ ᠵᠠᠬ᠎ᠠ ᠳᠡᠯᠭᠡᠭᠦᠷ᠎ᠤᠨ ᠬᠠᠩᠭᠠᠯᠭ᠎ᠠ  ᠭᠦᠢᠴᠡᠳ᠂ ᠲᠥᠷᠥᠯ ᠵᠦᠢᠯ ᠡᠯᠪᠡᠭ᠂ ᠦᠨ᠎ᠡ ᠬᠠᠩᠰᠢ ᠲᠣᠭ᠍ᠲᠠᠭᠤᠨ ᠪᠣᠯᠤᠨ᠎ᠠ ᠭᠡᠵᠡᠶ᠃

ᠣᠳᠣᠬᠠᠨ᠎ᠳᠤ ᠮᠠᠨ᠎ᠤ ᠣᠷᠣᠨ᠎ᠤ ᠡᠯ᠎ᠡ ᠭᠠᠵᠠᠷ᠎ᠤᠨ ᠪᠥᠭᠡᠮ᠎ᠢᠶᠠᠷ ᠬᠤᠳᠠᠯᠳᠤᠬᠤ ᠵᠠᠬ᠎ᠠ ᠳᠡᠯᠭᠡᠭᠦᠷ᠂ ᠬᠡᠯᠬᠢᠶ᠎ᠡ ᠬᠡᠲᠦ ᠳᠡᠯᠭᠡᠭᠦᠷ᠂ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ ᠨᠡᠢᠳᠡᠮ᠎ᠳᠡᠭᠡᠨ ᠪᠠᠶᠠᠷ᠎ᠤᠨ ᠡᠳᠦᠷ᠎ᠤᠨ ᠵᠠᠬ᠎ᠠ ᠳᠡᠯᠭᠡᠭᠦᠷ᠎ᠤᠨ ᠣᠨᠴᠠᠯᠢᠭ᠎ᠢ ᠦᠨᠳᠦᠰᠦᠯᠡᠨ᠂ ᠠᠮᠤ ᠪᠤᠳᠠᠭ᠎ᠠ᠂ ᠢᠳᠡᠱᠢᠨ ᠲᠣᠰᠣ᠂ ᠮᠢᠬᠠᠨ᠎ᠤ ᠲᠥᠷᠥᠯ᠂ ᠢᠳᠡᠱᠢᠨ ᠨᠣᠭᠤᠭ᠎ᠠ᠂ ᠵᠢᠮᠢᠰ᠂ ᠤᠰᠤᠨ ᠭᠠᠷᠤᠯᠲᠠ ᠵᠡᠷᠭᠡ ᠠᠮᠢᠳᠤᠷᠠᠯ᠎ᠤᠨ ᠴᠢᠬᠤᠯᠠ ᠬᠡᠷᠡᠭ᠌ᠴᠡᠭᠡᠨ᠎ᠤ ᠵᠦᠢᠯ᠎ᠤᠨ ᠪᠡᠯᠡᠳᠭᠡᠯ ᠪᠠᠷᠠᠭᠠᠨ᠎ᠤ ᠬᠡᠮᠵᠢᠶ᠎ᠡ᠎ᠶ᠋ᠢ ᠵᠤᠬᠢᠬᠤ ᠬᠡᠮᠵᠢᠶ᠎ᠡ᠎ᠪᠠᠷ ᠨᠡᠮᠡᠭ᠌ᠳᠡᠭᠦᠯᠵᠦ᠍᠂ ᠵᠠᠬ᠎ᠠ ᠳᠡᠯᠭᠡᠭᠦᠷ᠎ᠤᠨ ᠬᠠᠩᠭᠠᠯᠭ᠎ᠠ᠎ᠶ᠋ᠢ ᠪᠠᠲᠤᠯᠠᠵᠤ ᠪᠠᠢᠨ᠎ᠠ᠃ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠬᠢᠨᠠᠨ ᠬᠡᠮᠵᠢᠯᠲᠡ᠎ᠶ᠋ᠢ ᠦᠨᠳᠦᠰᠦᠯᠡᠪᠡᠯ᠂ ᠣᠢᠷ᠎ᠠ᠎ᠶ᠋ᠢᠨ ᠬᠤᠭᠤᠴᠠᠭᠠᠨ᠎ᠳᠤ ᠪᠦᠬᠦ᠌ ᠤᠷᠤᠨ᠎ᠤ ᠠᠮᠤ ᠲᠣᠰᠣᠨ᠎ᠤ ᠦᠨ᠎ᠡ ᠲᠣᠭ᠍ᠲᠠᠭᠤᠨ ᠪᠠᠢᠵᠤ᠂ ᠢᠳᠡᠱᠢᠨ ᠨᠣᠭᠤᠭ᠎ᠠ᠂ ᠵᠢᠮᠢᠰ᠂ ᠮᠢᠬᠠᠨ᠎ᠤ ᠵᠦᠢᠯ᠂ ᠤᠰᠤᠨ ᠭᠠᠷᠤᠯᠲᠠ᠎ᠶ᠋ᠢᠨ ᠦᠨ᠎ᠡ ᠬᠠᠩᠰᠢ ᠶᠡᠷᠦᠩᠬᠡᠶ᠎ᠳᠡᠭᠡᠨ ᠪᠠᠭᠤᠷᠠᠵᠤ᠂ ᠵᠢᠭᠦᠷᠲᠡᠨ᠎ᠤ ᠪᠦᠲᠦᠭᠡᠭ᠌ᠳᠡᠬᠦᠨ᠎ᠤ ᠦᠨ᠎ᠡ ᠬᠠᠩᠰᠢ ᠪᠠᠭ᠎ᠠ ᠬᠡᠮᠵᠢᠶ᠎ᠡ᠎ᠪᠠᠷ ᠥᠰᠴᠡᠶ᠃ 《ᠡᠨᠡ ᠵᠢᠯ᠎ᠤᠨ ᠤᠯᠤᠰ᠎ᠤᠨ ᠪᠠᠶᠠᠷ᠎ᠤᠨ ᠬᠡᠷᠡᠭ᠌ᠯᠡᠭᠡ᠎ᠳᠤ ᠲᠣᠰ ᠭᠠᠵᠠᠷ᠎ᠤᠨ ᠬᠡᠷᠡᠭ᠌ᠯᠡᠭᠡ᠂ ᠡᠷᠬᠢᠨ ᠲᠣᠭᠤᠷᠢᠨ᠎ᠤ ᠬᠡᠷᠡᠭ᠌ᠯᠡᠭᠡ᠂ ᠬᠡᠷ ᠪᠦᠯᠢ᠎ᠶ᠋ᠢᠨ ᠬᠡᠷᠡᠭ᠌ᠯᠡᠭᠡ ᠵᠡᠷᠭᠡ᠎ᠨᠢ ᠱᠢᠨ᠎ᠡ ᠬᠠᠯᠠᠮᠱᠢᠯ ᠴᠡᠭ ᠪᠣᠯᠬᠤ ᠪᠣᠯᠤᠨ᠎ᠠ᠃ ᠪᠣᠬᠢᠷᠲᠤᠯ ᠦᠭᠡᠢ ᠬᠡᠷᠡᠭ᠌ᠯᠡᠭᠡ᠂ ᠣᠶᠤᠨᠴᠢ ᠬᠡᠷᠡᠭ᠌ᠯᠡᠭᠡ᠂ ᠡᠷᠡᠭᠦᠯ ᠮᠡᠨᠳᠦ᠎ᠶ᠋ᠢᠨ ᠬᠡᠷᠡᠭ᠌ᠯᠡᠭᠡ ᠨᠡᠩ ᠢᠯᠡᠭᠦᠦ ᠲᠠᠭᠠᠱᠢᠶᠠᠭ᠍ᠳᠠᠨ᠎ᠠ᠃ ᠥᠪᠡᠷᠮᠢᠴᠡ᠂ ᠴᠢᠨᠠᠷᠵᠢᠭᠤᠨ ᠬᠡᠷᠡᠭ᠌ᠯᠡᠭᠡ ᠨᠡᠮᠡᠭ᠌ᠳᠡᠵᠦ᠍᠂ ᠳᠤᠮᠳᠠ ᠳᠡᠭᠡᠳᠦ ᠲᠡᠰ᠎ᠤᠨ ᠬᠡᠷᠡᠭ᠌ᠯᠡᠭᠡᠨ᠎ᠤ ᠬᠠᠯᠠᠭᠤᠷᠠᠯ ᠪᠠᠭᠤᠷᠠᠬᠤ ᠬᠠᠨᠳᠤᠰᠢ ᠦᠭᠡᠢ》 ᠭᠡᠵᠦ᠍ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ ᠯᠢ ᠵᠢᠶᠦ᠋ᠨ ᠲᠠᠨᠢᠯᠴᠠᠭᠤᠯᠤᠨ᠎ᠠ᠃

ᠮᠠᠨ᠎ᠤ ᠤᠷᠤᠨ᠎ᠤ ᠡᠯ᠎ᠡ ᠭᠠᠵᠠᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠦᠴᠢᠷ᠎ᠤᠨ᠎ᠬᠢᠨ ᠪᠠᠰᠠ ᠤᠯᠤᠰ᠎ᠤᠨ ᠪᠠᠶᠠᠷ᠎ᠤᠨ ᠬᠤᠭᠤᠴᠠᠭᠠᠨ᠎ᠤ ᠠᠮᠤ ᠲᠣᠰᠣ᠂ ᠮᠢᠬ᠎ᠠ ᠵᠢᠭᠦᠷᠲᠡᠨ᠂ ᠥᠨᠳᠡᠭᠡ ᠨᠣᠭᠤᠭ᠎ᠠ᠂ ᠰᠦ ᠳᠠᠪᠤᠰᠤ ᠵᠡᠷᠭᠡ ᠠᠮᠢᠳᠤᠷᠠᠯ᠎ᠤᠨ ᠴᠢᠬᠤᠯᠠ ᠬᠡᠷᠡᠭ᠌ᠴᠡᠭᠡᠨ᠎ᠤ ᠵᠦᠢᠯ᠎ᠤᠨ ᠵᠠᠬ᠎ᠠ ᠳᠡᠯᠭᠡᠭᠦᠷ᠎ᠤᠨ ᠪᠠᠢᠳᠠᠯ᠎ᠢ ᠨᠢᠭ᠍ᠲᠠ ᠠᠩᠬᠠᠷᠴᠤ᠌᠂ ᠬᠤᠷᠠᠮᠳᠤᠭᠤᠯᠤᠨ ᠳᠠᠷᠤᠵᠤ ᠬᠤᠨᠵᠢᠨ ᠵᠠᠪᠱᠢᠬᠤ᠂ ᠦᠨ᠎ᠡ ᠬᠠᠩᠰᠢ᠎ᠶ᠋ᠢ ᠥᠰᠭᠡᠬᠦ᠌ ᠵᠡᠷᠭᠡ ᠬᠠᠤᠯᠢ᠎ᠠᠴᠠ ᠵᠥᠷᠢᠴᠡᠭ᠌ᠰᠡᠨ  ᠦᠢᠯᠡ ᠠᠵᠢᠯᠯᠠᠭ᠎ᠠ᠎ᠶ᠋ᠢ ᠬᠠᠤᠯᠢ ᠶᠣᠰᠣᠭᠠᠷ ᠪᠠᠢᠴᠠᠭᠠᠨ ᠱᠢᠢᠳᠪᠦᠷᠢᠯᠡᠵᠦ᠍᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠂ ᠬᠠᠩᠭᠠᠯᠭ᠎ᠠ  ᠭᠦᠢᠴᠡᠳ᠂ ᠦᠨ᠎ᠡ ᠬᠠᠩᠰᠢ ᠲᠣᠭ᠍ᠲᠠᠭᠤᠨ ᠪᠠᠢᠬᠤ᠎ᠶ᠋ᠢ ᠦᠨᠡᠨ ᠬᠦ᠌ ᠪᠠᠲᠤᠯᠠᠵᠤ ᠪᠠᠢᠨ᠎ᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号