ᠵᠠᠯᠠᠢᠳ ᠬᠤᠱᠢᠭᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ ᠡᠭᠦᠳᠦᠯᠲᠡ᠎ᠪᠠᠷ ᠲᠠᠷᠢᠶᠠᠯᠠᠩ᠎ᠤᠨ ᠦᠷ᠎ᠡ ᠠᠱᠢᠭ᠎ᠢ ᠨᠡᠮᠡᠭ᠌ᠳᠡᠬᠦᠯᠵᠤ ᠪᠤᠢ
2021-10-05 10:53:15
ᠵᠣᠬᠢᠶᠠᠭ᠍ᠴᠢ᠄
​ ᠬᠡᠱᠢᠭ᠌ᠪᠦᠶᠠᠨ
ᠣᠩᠱᠢᠭ᠍ᠰᠠᠨ ᠣᠳᠠᠭ᠎ᠠ᠄
★★★☆☆

ᠣᠢᠷ᠎ᠠ᠎ᠶ᠋ᠢᠨ ᠵᠢᠯ᠎ᠠᠴᠠ ᠨᠠᠭᠠᠰᠢ᠂ ᠵᠠᠯᠠᠢᠳ ᠬᠤᠱᠢᠭᠤ 《ᠬᠢᠩᠭᠠᠨ ᠠᠢᠮᠠᠭ᠎ᠤᠨ ᠲᠤᠲᠤᠷᠭ᠎ᠠ᠂ ᠵᠠᠯᠠᠢᠳ᠎ᠤᠨ ᠠᠮᠲᠠᠲᠤ ᠲᠤᠲᠤᠷᠭ᠎ᠠ》 ᠎ᠶ᠋ᠢᠨ ᠲᠥᠷᠥᠯ ᠲᠡᠮᠳᠡᠭ᠎ᠢᠶᠠᠷ ᠵᠢᠯᠣᠭᠤᠳᠤᠮᠵᠢ ᠪᠣᠯᠭᠠᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠶ᠋ᠯᠡᠰ᠎ᠤᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠲᠠᠷᠢᠶᠠᠯᠠᠩ᠎ᠤᠨ ᠠᠵᠤ ᠦᠶ᠋ᠯᠡᠰᠵᠢᠯᠲᠡ᠂ ᠲᠥᠷᠥᠯ ᠲᠡᠮᠳᠡᠭ᠌ᠵᠢᠯᠲᠡ᠎ᠶ᠋ᠢ ᠠᠬᠢᠭᠤᠯᠤᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ ᠡᠭᠦᠳᠦᠯᠲᠡ᠎ᠪᠠᠷ ᠲᠠᠷᠢᠶᠠᠯᠠᠩ᠎ᠤᠨ ᠦᠷ᠎ᠡ ᠠᠱᠢᠭ᠎ᠢ ᠨᠡᠮᠡᠭ᠌ᠳᠡᠬᠦᠯᠵᠤ ᠪᠤᠢ᠃

ᠵᠠᠯᠠᠢᠳ ᠬᠤᠱᠢᠭᠤ ᠱᠢᠵᠢᠷ ᠠᠯᠲᠠᠨ ᠡᠷᠳᠡᠨᠢ ᠱᠢᠰᠢ᠎ᠶ᠋ᠢᠨ ᠪᠦᠰᠡ᠂ ᠱᠢᠵᠢᠷ ᠠᠯᠲᠠᠨ ᠤᠰᠤᠨ ᠲᠤᠲᠤᠷᠭ᠎ᠠ᠎ᠶ᠋ᠢᠨ ᠪᠦᠰᠡ᠎ᠳᠤ ᠪᠠ ᠵᠢᠷᠢᠯᠠᠭ᠎ᠠ ᠳᠠᠪᠠᠭᠤᠯᠢᠭ᠎ᠢᠶᠠᠨ ᠭᠦᠶ᠋ᠴᠡᠳ ᠠᠱᠢᠬ᠍ᠯᠠᠵᠤ᠂ ᠥᠷᠭᠡᠨ ᠣᠯᠠᠨ ᠲᠠᠷᠢᠶᠠᠴᠢᠳ᠎ᠤᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠲᠠᠷᠢᠮᠠᠯ᠎ᠤᠨ ᠪᠦᠲᠦᠴᠡ᠎ᠪᠠᠨ ᠲᠣᠬᠢᠷᠠᠭᠤᠯᠬᠤ᠎ᠶ᠋ᠢ ᠵᠣᠷᠢᠭ᠍ᠵᠢᠭᠤᠯᠬᠤ ᠪᠠ ᠬᠥᠲᠥᠯᠥᠨ ᠵᠢᠯᠣᠭᠤᠤᠡᠴᠤ᠌᠂ ᠠᠮᠤ ᠪᠤᠳᠠᠭᠠᠨ᠎ᠤ ᠲᠠᠷᠢᠮᠠᠯ᠎ᠤᠨ ᠲᠠᠯᠠᠪᠠᠢ᠎ᠶ᠋ᠢ ᠲᠣᠭ᠍ᠲᠠᠪᠤᠷᠢᠵᠢᠭᠤᠯᠪᠠ᠃ ᠡᠨᠡ ᠵᠢᠯ᠂ ᠵᠠᠯᠠᠢᠳ ᠬᠤᠱᠢᠭᠤᠨ᠎ᠤ ᠲᠠᠷᠢᠮᠠᠯ᠎ᠤᠨ ᠲᠠᠯᠠᠪᠠᠶ 575 ᠲᠦᠮᠡᠨ ᠮᠥ᠎ᠳᠤ ᠬᠦᠷᠴᠦ᠍᠂ 《ᠳᠤᠳᠤᠷᠭ᠎ᠠ᠂ ᠨᠣᠭᠤᠭ᠎ᠠ᠂ ᠲᠣᠰᠣ᠂ ᠱᠢᠬᠢᠷ》 ᠵᠡᠷᠭᠡ ᠳᠥᠷᠪᠡᠨ ᠶᠡᠭᠡ ᠠᠵᠤ ᠦᠶ᠋ᠯᠡᠰ᠎ᠤᠨ ᠰᠠᠭᠤᠷᠢᠨ᠎ᠤ ᠲᠠᠯᠠᠪᠠᠢ 500 ᠲᠦᠮᠡᠨ ᠮᠥ᠎ᠶ᠋ᠢ ᠲᠠᠪᠠᠵᠠᠢ᠃

ᠲᠤᠰ ᠬᠤᠱᠢᠭᠤ ᠱᠢᠨ᠎ᠡ ᠵᠠᠭᠤᠴᠢᠯᠠᠭᠤᠷ᠂ ᠲᠠᠨᠢᠯᠴᠠᠭᠤᠯᠬᠤ ᠬᠤᠷᠠᠯ᠂ ᠦᠵᠡᠰᠭᠦᠯᠡᠩ ᠵᠡᠷᠭᠡ ᠲᠠᠪᠴᠠᠩ᠎ᠢ ᠠᠱᠢᠬ᠍ᠯᠠᠨ᠂ ᠵᠠᠰᠠᠭ᠎ᠤᠨ ᠣᠷᠳᠣᠨ᠎ᠤ ᠲᠠᠨᠢᠯᠴᠠᠭᠤᠯᠭ᠎ᠠ᠂ ᠠᠵᠤ ᠠᠬᠤᠢᠯᠠᠯ᠎ᠤᠨ ᠲᠠᠨᠢᠯᠴᠠᠭᠤᠯᠭ᠎ᠠ᠂ ᠦᠵᠡᠰᠭᠦᠯᠡᠩ ᠪᠣᠷᠣᠯᠠᠭᠤᠯᠭ᠎ᠠ ᠵᠡᠷᠭᠡ ᠬᠡᠯᠪᠡᠷᠢ᠎ᠪᠠᠷ᠂ ᠲᠤᠬᠠᠶ᠎ᠶ᠋ᠢᠨ ᠭᠠᠵᠠᠷ᠎ᠤᠨ ᠴᠢᠨᠠᠷ ᠰᠠᠢᠲᠠᠶ ᠣᠨᠴᠠᠯᠢᠭ᠍ᠲᠤ ᠲᠠᠷᠢᠶᠠᠯᠠᠩ᠎ᠤᠨ ᠪᠦᠲᠦᠭᠡᠭ᠌ᠳᠡᠬᠦᠨ᠎ᠤ ᠨᠠᠷᠠᠲᠤ ᠲᠥᠷᠥᠯ ᠲᠡᠮᠳᠡᠭ᠌ᠲᠦ᠎ᠶ᠋ᠢ ᠪᠥᠬᠦ᠌ ᠲᠠᠯ᠎ᠠ᠎ᠪᠠᠷ᠂ ᠣᠯᠠᠨ ᠲᠠᠯ᠎ᠠ᠎ᠠᠴᠠ ᠤᠬᠠᠭᠤᠯᠵᠤ ᠳᠡᠯᠭᠡᠨ ᠦᠵᠡᠭᠦᠯᠵᠦ᠍᠂ ᠨᠠᠷᠠᠲᠤ ᠲᠥᠷᠥᠯ ᠲᠡᠮᠳᠡᠭ᠌ᠲᠦ᠎ᠶ᠋ᠢᠨ ᠨᠥᠯᠥᠭᠡᠯᠡᠬᠦ᠌ ᠬᠦᠴᠦᠨ ᠪᠠ ᠥᠷᠢᠰᠦᠯᠳᠦᠬᠦ᠌ ᠬᠦᠴᠦᠨ᠎ᠢ ᠢᠯᠡᠳᠲᠡ ᠴᠢᠩᠭᠠᠷᠠᠭᠤᠯᠵᠦ᠍ ᠪᠤᠢ᠃

ᠵᠠᠯᠠ ᠵᠢᠳ ᠬᠤᠱᠢᠭᠤᠨ᠎ᠤ ᠣᠶᠤᠨᠳᠤ ᠲᠠᠷᠢᠶᠠᠯᠠᠩ᠎ᠤᠨ ᠵᠢᠱ᠌ᠢᠶ᠎ᠡ ᠦᠵᠡᠭᠦᠯᠬᠦ᠌ ᠲᠤᠭᠤᠷᠢᠭ᠎ᠲᠤ᠌᠂ ᠸᠧᠢ ᠵᠢᠶᠠ ᠠᠮᠤ ᠪᠤᠳᠠᠭᠠᠨ᠎ᠤ ᠦᠢᠯᠡᠰ᠎ᠤᠨ ᠺᠣᠮᠫᠠᠨᠢ᠎ᠶ᠋ᠢᠨ ᠭᠡᠳᠦᠨ ᠠᠵᠢᠯᠴᠢᠨ ᠵᠢᠯᠤᠭᠤᠴᠢ ᠦᠭᠡᠢ ᠨᠢᠰᠭᠡᠯ᠎ᠢᠶᠠᠷ ᠲᠠᠷᠢᠶᠠᠨ᠎ᠳᠠᠭᠠᠨ ᠤᠷᠭᠠᠨᠢᠬ ᠪᠤᠷᠳᠤᠭᠤᠷ ᠤᠷᠤᠭᠤᠯᠵᠦ᠍ ᠶᠠᠭᠠᠷᠠᠯᠳᠤᠨ᠎ᠠ᠃ ᠭᠠᠷ ᠤᠳᠠᠰᠤ᠎ᠪᠠᠷ᠎ᠢᠶᠠᠨ ᠪᠤᠷᠳᠤᠭᠤᠷ ᠤᠷᠤᠭᠤᠯᠵᠦ᠍ ᠪᠠ ᠵᠢᠭ᠎ᠠ ᠪᠠ ᠵᠢᠳᠠᠯ᠎ᠢ ᠦᠵᠡᠵᠦ᠍ ᠰᠠᠭᠤᠭ᠍ᠰᠠᠨ ᠸᠧᠢ ᠵᠢᠶᠠ ᠠᠮᠤ ᠪᠤᠳᠠᠭᠠᠨ᠎ᠤ ᠦᠢᠯᠡᠰ᠎ᠤᠨ ᠺᠣᠮᠫᠠᠨᠢ᠎ᠶ᠋ᠢᠨ ᠶᠡᠷᠦᠩᠬᠡᠢ ᠳᠠᠭᠠᠭᠠᠮᠠᠯ ᠸᠧᠶ ᠵᠢᠶᠠᠨ ᠮᠢᠩ᠄ 《ᠤᠤᠯ᠎ᠨᠢ ᠬᠥᠮᠦᠨ᠎ᠤ ᠬᠦᠴᠦ᠎ᠪᠠᠷ ᠡᠳᠦᠷ᠎ᠲᠤ ᠵᠥᠪᠬᠡᠨ 30 ᠮᠥ᠍ ᠭᠠᠵᠠᠷ᠎ᠲᠤ ᠪᠣᠷᠲᠣᠭᠤᠷ ᠣᠷᠣᠭᠤᠯᠳᠠᠭ ᠪᠠᠢᠵᠠᠶ᠂ ᠣᠲᠣ ᠨᠢᠭᠡ ᠵᠢᠯᠣᠭᠤᠴᠢ ᠥᠬᠡᠶ ᠨᠢᠰᠭᠡᠯ᠎ᠢᠶᠠᠷ ᠡᠳᠦᠷ᠎ᠲᠤ ᠭᠤᠷᠪᠠ ᠳᠥᠷᠪᠡᠨ ᠵᠠᠭᠤᠨ ᠮᠥ᠍ ᠭᠠᠵᠠᠷ᠎ᠲᠤ ᠪᠣᠷᠲᠣᠭᠤᠷ ᠣᠷᠣᠭᠤᠯᠵᠤ᠂ ᠨᠢᠭᠡ ᠮᠥ᠍ ᠭᠠᠵᠠᠷ᠎ᠲᠤ ᠨᠠᠭᠠᠳᠤ ᠵᠠᠬ᠎ᠠ᠎ᠳᠠᠭᠠᠨ 30 ᠲᠥᠭᠦᠷᠢᠭ᠎ᠠᠴᠠ 50 ᠲᠥᠭᠦᠷᠢᠭ᠎ᠤᠨ ᠥᠪᠡᠷ᠎ᠤᠨ ᠥᠷᠲᠡᠭ᠎ᠢ ᠠᠷᠪᠢᠯᠠᠵᠦ᠍ ᠴᠢᠳᠠᠵᠠᠢ》 ᠭᠡᠨ᠎ᠠ᠃

ᠵᠠᠯᠠᠢᠳ ᠬᠤᠱᠢᠭᠤᠨ᠎ᠤ ᠤᠯᠤᠰ᠎ᠤᠨ ᠣᠲᠣ ᠦᠶ᠎ᠡ᠎ᠶ᠋ᠢᠨ ᠲᠠᠷᠢᠶᠠᠯᠠᠩ᠎ᠤᠨ ᠠᠵᠤ ᠦᠶ᠋ᠯᠡᠰ᠎ᠤᠨ ᠬᠦᠷᠢᠶᠡᠯᠡᠩ᠎ᠤᠨ 《ᠪᠠᠷᠠᠭ᠎ᠠ᠎ᠶ᠋ᠢᠨ ᠰᠦᠯᠵᠢᠶ᠎ᠠ + ᠣᠶᠤᠨᠳᠤ ᠲᠠᠷᠢᠶᠠᠯᠠᠩ》 ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠶ᠋ᠯᠡᠴᠢᠯᠡᠭᠡᠨ᠎ᠤ ᠲᠥᠪ᠎ᠨᠢ ᠣᠶᠤᠨᠳᠤ ᠲᠠᠷᠢᠶᠠᠯᠠᠩ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠬᠤᠶᠠᠷ ᠶᠡᠭᠡ ᠲᠠᠪᠴᠠᠩ᠎ᠢ ᠠᠴᠢᠶᠠᠯᠠᠵᠤ ᠪᠤᠢ᠃ ᠲᠣᠰ ᠠᠵᠤ ᠦᠶ᠋ᠯᠡᠰ᠎ᠤᠨ ᠬᠦᠷᠢᠶᠡᠯᠡᠩ᠎ᠳᠤ ᠲᠦᠱᠢᠭ᠌ᠯᠡᠨ᠂ ᠸᠧᠶ ᠵᠢᠶᠠ ᠠᠮᠤ ᠪᠤᠳᠠᠭᠠᠨ᠎ᠤ ᠦᠶ᠋ᠯᠡᠰ᠎ᠨᠢ ᠬᠤᠪᠢ ᠬᠥᠮᠦᠨ᠎ᠤ ᠵᠠᠬᠢᠶᠠᠯᠠᠭ᠎ᠠ ᠪᠠ ᠲᠠᠨᠢᠵᠤ ᠠᠪᠬᠤ ᠵᠠᠭ᠍ᠪᠤᠷ᠎ᠢ ᠭᠠᠷᠭᠠᠵᠤ᠂ 24 ᠴᠠᠭ ᠸᠢᠳᠢᠣ᠋᠎ᠪᠠᠷ ᠱᠢᠭᠤᠳ ᠨᠡᠪᠲᠡᠷᠡᠭᠦᠯᠬᠦ᠂ ᠸᠢᠳᠢᠣ᠋᠎ᠪᠠᠷ ᠮᠥᠷᠳᠡᠬᠦ᠌ ᠱᠢᠰᠲ᠋ᠧᠮ ᠵᠢᠴᠢ ᠦᠶ᠋ᠯᠡᠳᠬᠦᠨ᠎ᠤ ᠣᠭ ᠭᠠᠷᠤᠯᠲᠠ᠎ᠶ᠋ᠢᠨ ᠣᠷᠣᠨ᠎ᠤ ᠮᠥᠷᠳᠡᠬᠦ᠌ ᠱᠢᠰᠲ᠋ᠧᠮ᠎ᠢ ᠪᠠᠢᠭᠤᠯᠵᠤ᠂ ᠦᠶ᠋ᠯᠡᠳᠬᠦᠨ᠎ᠤ ᠶᠠᠰᠤ ᠴᠢᠨᠠᠷ᠎ᠤᠨ ᠪᠣᠭᠤᠮᠲᠠ᠎ᠶ᠋ᠢ ᠡᠬᠢ ᠡᠭᠦᠰᠦᠯ᠎ᠠᠴᠠ᠎ᠨᠢ ᠴᠢᠩᠭ᠎ᠠ ᠠᠤᠡᠬᠤᠵᠤ᠂ 《ᠸᠧᠶ ᠵᠢᠶᠠ ᠨᠠᠢᠮᠠᠯᠵᠢ᠎ᠶ᠋ᠢᠨ ᠲᠠᠷᠢᠶ᠎ᠠ》 ᠎ᠶ᠋ᠢᠨ ᠣᠷᠭᠠᠨᠢᠭ ᠲᠤᠲᠤᠷᠭ᠎ᠠ᠎ᠶ᠋ᠢᠨ ᠨᠠᠷᠠᠲᠤ ᠲᠥᠷᠥᠯ ᠲᠡᠮᠳᠡᠭ᠎ᠢ ᠴᠤᠬ᠍ᠴᠠᠯᠠᠭ᠍ᠰᠠᠨ ᠠᠵᠢ᠃

ᠣᠢᠷ᠎ᠠ᠎ᠶ᠋ᠢᠨ ᠵᠢᠯ᠎ᠠᠴᠠ ᠨᠠᠭᠠᠰᠢ᠂ ᠵᠠᠯᠠᠢᠳ ᠬᠤᠱᠢᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠵᠡᠷᠭᠡ ᠣᠲᠣ ᠦᠶ᠎ᠡ᠎ᠶ᠋ᠢᠨ ᠲᠠᠷᠢᠶᠠᠯᠠᠩ᠎ᠤᠨ ᠲᠥᠬᠦᠭᠡᠷᠦᠮᠵᠢ᠎ᠶ᠋ᠢᠨ ᠪᠠᠢᠭᠤᠯᠤᠯᠲᠠ᠎ᠶ᠋ᠢ ᠠᠬᠢᠭᠤᠯᠵᠤ᠂ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠶ᠋ᠢ ᠦᠷᠭᠦᠯᠵᠢᠯᠡᠨ ᠰᠠᠢᠲᠤᠷ ᠠᠳᠭᠤᠪᠠ᠃ 2021 ᠣᠨ᠎ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠢ 14.3 ᠲᠦᠮᠡᠨ ᠮᠥ᠍ ᠬᠡᠷᠡᠭ᠌ᠵᠢᠭᠦᠯᠬᠦ᠌᠎ᠪᠠᠷ ᠲᠥᠯᠥᠪᠯᠡᠵᠦ᠍᠂ ᠵᠡᠭᠦᠨ ᠬᠤᠢᠲᠤ᠎ᠶ᠋ᠢᠨ ᠬᠠᠷ᠎ᠠ ᠬᠥᠷᠥᠰᠥ᠎ᠶ᠋ᠢ ᠬᠠᠮᠠᠭᠠᠯᠠᠨ ᠠᠱᠢᠬ᠍ᠯᠠᠬᠤ ᠪᠦᠷᠢᠨ ᠪᠠᠢᠭᠤᠯᠤᠮᠵᠢ᠎ᠶ᠋ᠢᠨ ᠳᠦᠷᠢᠮᠲᠦ ᠵᠢᠱ᠌ᠢᠶ᠎ᠡ ᠦᠵᠡᠭᠦᠯᠬᠦ᠌ ᠱᠢᠶᠠᠨ᠎ᠤ ᠲᠥᠷᠥᠯ ᠵᠦᠶ᠋ᠯ᠎ᠢ 50 ᠲᠦᠮᠡᠨ ᠮᠥ᠍ ᠬᠡᠷᠡᠭ᠌ᠵᠢᠭᠦᠯᠵᠦ᠍᠂ ᠵᠡᠭᠦᠨ ᠬᠤᠢᠲᠤ᠎ᠶ᠋ᠢᠨ ᠬᠠᠷ᠎ᠠ ᠬᠥᠷᠥᠰᠥᠨ᠎ᠤ ᠬᠠᠮᠠᠭᠠᠯᠠᠯᠲᠠ᠎ᠶ᠋ᠢᠨ ᠴᠢᠨᠠᠷᠳᠠᠢ ᠦᠨᠳᠦᠷ ᠪᠠᠷᠢᠮᠵᠢᠶᠠᠳᠤ ᠲᠠᠷᠢᠶᠠᠯᠠᠬᠤ ᠲᠥᠷᠥᠯ ᠵᠦᠶ᠋ᠯ᠎ᠢ 146 ᠲᠦᠮᠡᠨ ᠮᠥ᠍ ᠪᠡᠶᠡᠯᠡᠭᠦᠯᠪᠠ᠃ ᠡᠭᠦᠨ᠎ᠤ ᠬᠠᠮᠲᠤ᠌᠂ ᠲᠠᠷᠢᠶᠠᠨ ᠭᠠᠵᠠᠷ᠎ᠤᠨ ᠡᠭᠡᠯᠵᠢᠯᠡᠨ ᠳᠠᠷᠢᠬᠤ ᠪᠠ ᠲᠠᠷᠢᠶᠠᠯᠠᠩ᠎ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠢᠨᠳᠡᠷ ᠪᠠᠯᠭᠠᠰᠤ᠂ ᠬᠤᠯᠪᠣᠭ᠎ᠠ ᠪᠠᠯᠭᠠᠰᠤᠨ᠎ᠳᠤ ᠬᠠᠭᠤᠷᠠᠶ ᠲᠤᠲᠤᠷᠭ᠎ᠠ᠂ ᠡᠷᠳᠡᠨᠢ ᠱᠢᠰᠢ᠂ ᠱᠢᠷ᠎ᠠ ᠪᠤᠷᠴᠠᠭ᠂ ᠱᠢᠬᠢᠷ ᠯᠤᠤᠪᠠᠩ᠂ ᠱᠢᠬᠢᠷᠯᠢᠭ ᠤᠳᠪᠠᠯᠠ᠎ᠪᠠᠷ ᠵᠢᠱ᠌ᠢᠶ᠎ᠡ ᠦᠵᠡᠭᠦᠯᠬᠦ᠌ ᠲᠠᠷᠢᠮᠠᠯ ᠪᠣᠯᠭᠠᠵᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠵᠢᠱ᠌ᠢᠶ᠎ᠡ ᠦᠵᠡᠭᠦᠯᠬᠦ᠌ ᠭᠤᠤᠯ ᠣᠷᠣᠨ᠎ᠢ 5000 ᠮᠥ᠍ ᠪᠠᠢᠭᠤᠯᠵᠠᠢ᠃

ᠵᠠᠯᠠᠢᠳ ᠬᠤᠱᠢᠭᠤ ᠤᠰᠤ ᠪᠣᠷᠳᠣᠭᠤᠷ᠎ᠢ ᠨᠢᠭᠡ ᠴᠣᠭ᠍ᠴᠠᠵᠢᠭᠤᠯᠤᠨ ᠳᠤᠰᠤᠯᠭᠠᠨ ᠤᠰᠤᠯᠠᠬᠤ᠂ ᠡᠷᠳᠡᠨᠢ ᠱᠢᠰᠢ᠎ᠶ᠋ᠢ ᠦᠯᠦ᠍ ᠬᠠᠭᠠᠯᠪᠤᠷᠢᠯᠠᠨ ᠲᠠᠷᠢᠬᠤ ᠪᠠ ᠡᠰᠢ ᠰᠦᠷᠡᠯ᠎ᠢ ᠪᠦᠬᠦᠨ᠎ᠢ ᠲᠠᠷᠢᠶᠠᠨ᠎ᠳᠤ ᠪᠤᠴᠠᠭᠠᠬᠤ ᠵᠡᠷᠭᠡ ᠱᠢᠨ᠎ᠡ ᠮᠡᠷᠭᠡᠵᠢᠯ᠎ᠢ ᠳᠡᠯᠭᠡᠷᠡᠭᠦᠯᠵᠦ᠍᠂ ᠬᠢᠮᠢ᠎ᠶ᠋ᠢᠨ ᠪᠣᠷᠳᠣᠭᠤᠷ ᠬᠡᠷᠡᠭ᠌ᠯᠡᠬᠦ᠌ ᠬᠡᠮᠵᠢᠶ᠎ᠡ᠎ᠶ᠋ᠢ ᠪᠠᠭᠠᠰᠭᠠᠬᠤ᠂ ᠤᠨᠠᠯᠲᠠ᠎ᠶ᠋ᠢ ᠳᠡᠭᠡᠭ᠌ᠰᠢᠯᠡᠭᠦᠯᠬᠦ᠌᠎ᠳᠤ ᠰᠠᠭᠤᠷᠢ ᠲᠠᠯᠪᠢᠨ᠂ ᠠᠮᠤ ᠪᠤᠳᠠᠭᠠᠨ᠎ᠤ ᠤᠨᠠᠯᠲᠠ ᠪᠡ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠪᠠ᠃

2016 ᠣᠨ᠎ᠠᠴᠠ ᠡᠬᠢᠯᠡᠨ᠂ ᠵᠠᠯᠠᠢᠳ ᠬᠤᠱᠢᠭᠤ ᠱᠢᠨ᠎ᠡ᠎ᠶ᠋ᠢ ᠡᠭᠦᠳᠴᠦ᠍᠂ ᠰᠦᠯᠢᠶᠤᠤ ᠪᠦᠷᠬᠦᠪᠴᠢ ᠲᠤᠤᠷ᠎ᠠ ᠲᠤᠰᠤᠯᠭᠠᠨ ᠤᠰᠤᠯᠠᠬᠤ ᠤᠰᠤ ᠪᠤᠷᠳᠤᠭᠤᠷ᠎ᠢ ᠨᠢᠭᠡ ᠴᠤᠬ᠍ᠴᠠᠵᠢᠭᠤᠯᠤᠨ ᠤᠰᠤ ᠠᠷᠪᠢᠯᠠᠬᠤ ᠥᠨᠳᠥᠷ ᠤᠨᠠᠯᠲᠠ᠎ᠲᠠᠢ ᠥᠨᠳᠥᠷ ᠦᠷ᠎ᠡ ᠠᠱᠢᠭ᠍ᠲᠠᠶ ᠬᠠᠭᠤᠷᠠᠢ ᠲᠤᠲᠤᠷᠭ᠎ᠠ ᠲᠠᠷᠢᠬᠤ ᠮᠡᠷᠭᠡᠵᠢᠯ᠎ᠢ ᠣᠷᠣᠭᠤᠯᠤᠨ ᠠᠪᠴᠢᠷᠠᠵᠤ᠂ ᠲᠤᠰ ᠵᠢᠯ᠎ᠳᠤ 200 ᠮᠦ᠍ ᠤᠰᠤᠨ ᠲᠤᠲᠤᠷᠭ᠎ᠠ᠎ᠶ᠋ᠢ ᠲᠤᠷᠱᠢᠨ ᠲᠠᠷᠢᠭᠠᠳ ᠮᠦ᠍ ᠪᠦᠷᠢ᠎ᠶ᠋ᠢᠨ ᠤᠨᠠᠯᠲᠠ᠎ᠨᠢ 500 ᠺᠢᠯᠣᠭ᠌ᠷᠠᠮ᠂ ᠮᠦ᠍ ᠪᠦᠷᠢ᠎ᠶ᠋ᠢᠨ ᠴᠡᠪᠡᠷ ᠣᠷᠣᠯᠭ᠎ᠠ᠎ᠨᠢ 800 ᠲᠥᠭᠦᠷᠢᠭ᠎ᠠᠴᠠ 1000 ᠲᠥᠭᠦᠷᠢᠭ᠎ᠤᠨ ᠦᠷ᠎ᠡ ᠠᠱᠢᠭ ᠤᠯᠵᠠᠢ᠃

ᠵᠠᠯᠠᠢᠳ ᠬᠤᠱᠢᠭᠤ ᠱᠢᠨ᠎ᠡ ᠬᠡᠯᠪᠡᠷᠢ᠎ᠶ᠋ᠢᠨ ᠲᠠᠷᠢᠶᠠᠯᠠᠩ᠎ᠤᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢ ᠲᠦᠷᠭᠡᠳᠭᠡᠨ ᠪᠤᠢᠵᠢᠭᠤᠯᠵᠤ᠂ ᠬᠡᠷ ᠪᠦᠯᠢ᠎ᠶ᠋ᠢᠨ ᠲᠠᠷᠢᠶᠠᠯᠠᠩ᠎ᠤᠨ ᠲᠠᠯᠠᠪᠠᠶ᠎ᠶ᠋ᠢ ᠵᠣᠬᠢᠬᠤ ᠬᠡᠪᠴᠢᠶᠡᠵᠢᠭ᠌ᠰᠡᠨ ᠡᠵᠡᠩᠨᠡᠯᠲᠡ᠎ᠶ᠋ᠢ ᠬᠥᠲᠥᠯᠥᠨ ᠳᠠᠭᠠᠭᠤᠯᠬᠤ ᠭᠤᠤᠯ ᠴᠣᠭ᠍ᠴᠠ᠎ᠶ᠋ᠢᠨ ᠬᠦᠴᠦᠨ ᠪᠣᠯᠭᠠᠵᠤ᠂ ᠳᠠᠷᠢᠵᠤ ᠲᠡᠵᠢᠭᠡᠬᠦ᠌ ᠲᠣᠮᠣ ᠡᠷᠦᠬᠡ᠎ᠶ᠋ᠢ ᠬᠥᠲᠥᠯᠥᠨ ᠵᠢᠯᠣᠭᠤᠳᠴᠤ᠌ ᠪᠠᠢᠭᠠᠳ ᠲᠤᠰᠭᠠᠢᠵᠢᠭ᠍ᠰᠠᠨ᠂ ᠡᠷᠴᠢᠮᠵᠢᠭ᠌ᠰᠡᠨ ᠦᠶ᠋ᠯᠡᠳᠪᠦᠷᠢᠯᠡᠯ ᠡᠷᠭᠢᠯᠡᠵᠦ᠍ ᠪᠠᠢᠭ᠎ᠠ ᠬᠡᠷ ᠪᠦᠯᠢ᠎ᠶ᠋ᠢᠨ ᠲᠠᠷᠢᠶᠠᠯᠠᠩ᠎ᠤᠨ ᠲᠠᠯᠠᠪᠠᠶ ᠳᠠ ᠵᠢᠰᠢ ᠬᠤᠪᠢᠷᠠᠭᠤᠯᠬᠤ᠎ᠶ᠋ᠢ ᠲᠦᠷᠭᠡᠳᠭᠡᠪᠠ᠃ ᠣᠳᠣᠬᠠᠨ ᠪᠣᠯᠲᠠᠯ᠎ᠠ᠂ 339 ᠬᠤᠷᠱᠢᠶ᠎ᠠ᠎ᠶ᠋ᠢ ᠵᠢᠷᠤᠮᠵᠢᠭᠤᠯᠤᠨ ᠡᠵᠡᠩᠨᠡᠵᠦ᠍᠂ 404 ᠭᠡᠷ ᠪᠦᠯᠢ᠎ᠶ᠋ᠢᠨ ᠲᠠᠷᠢᠶᠠᠯᠠᠩ᠎ᠤᠨ ᠲᠠᠯᠠᠪᠠᠢ᠂ 640 ᠬᠥᠳᠡᠭᠡ ᠲᠣᠰᠭᠤᠨ᠎ᠤ ᠤᠷ᠎ᠠ ᠮᠡᠷᠭᠡᠵᠢᠯ᠎ᠤᠨ ᠴᠢᠳᠠᠪᠤᠷᠢᠲᠠᠨ᠂ 2020 ᠱᠢᠨ᠎ᠡ ᠮᠠᠶᠢᠭ᠎ᠤᠨ ᠠᠵᠢᠯ ᠮᠡᠷᠭᠡᠵᠢᠯ᠎ᠤᠨ ᠲᠠᠷᠢᠶᠠᠴᠢᠨ᠎ᠢ ᠬᠥᠮᠦᠵᠢᠭᠦᠯᠪᠡ᠃ ᠲᠤᠰ ᠬᠤᠱᠢᠭᠤ ᠪᠠᠰᠠ ᠬᠥᠳᠡᠭᠡ ᠲᠣᠰᠭᠤᠨ᠎ᠤ ᠭᠠᠵᠠᠷ ᠱᠢᠷᠣᠢ᠎ᠶ᠋ᠢᠨ ᠡᠷᠭᠡ᠎ᠶ᠋ᠢ ᠵᠢᠷᠤᠮᠵᠢᠭᠤᠯᠤᠨ ᠱᠢᠯᠵᠢᠭᠦᠯᠬᠦ᠂ ᠵᠣᠬᠢᠰᠲᠠᠢ ᠬᠡᠪᠴᠢᠶᠡᠵᠢᠭᠦᠯᠦᠨ ᠡᠵᠡᠩᠨᠡᠬᠦ᠌᠎ᠶ᠋ᠢ ᠬᠦᠲᠦᠯᠦᠨ ᠵᠢᠯᠣᠭᠤᠳᠴᠤ᠌᠂ ᠤᠯᠠᠮᠵᠢᠯᠠᠯᠲᠤ ᠬᠥᠳᠡᠭᠡ ᠠᠵᠤ ᠠᠬᠤᠢ᠎ᠶ᠋ᠢ ᠤᠳᠤ ᠦᠶ᠎ᠡ᠎ᠶ᠋ᠢᠨ ᠬᠥᠳᠡᠭᠡ ᠠᠵᠤ ᠠᠬᠤᠢ ᠲᠡ ᠵᠢᠰᠢ ᠲᠡᠰ ᠳᠡᠪᠱᠢᠭᠦᠯᠬᠦ᠌᠎ᠶ᠋ᠢ ᠠᠬᠢᠭᠤᠯᠵᠦ᠍ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号