ᠰᠤᠷᠭᠠᠭᠤᠯᠢ᠎ᠶ᠋ᠢᠨ ᠬᠦᠷᠢᠶᠡᠨ᠎ᠤ ᠳᠣᠷᠣᠮᠵᠢᠯᠠᠯ᠎ᠤᠨ ᠬᠡᠷᠡᠭ ᠡᠬᠦᠰᠭᠦ᠎ᠶ᠋ᠢ ᠪᠦᠲᠦᠮᠵᠢᠲᠡᠶ ᠰᠡᠷᠭᠡᠢᠯᠡᠵᠦ᠍᠂ ᠵᠠᠯᠠᠭᠤᠴᠤᠳ ᠪᠠᠭᠠᠴᠤᠳ᠎ᠤᠨ ᠰᠤᠷᠤᠯᠴᠠᠵᠤ ᠦᠰᠦᠨ ᠪᠤᠢᠵᠢᠬᠤ ᠣᠷᠴᠢᠨ ᠲᠣᠭᠤᠷᠢᠨ᠎ᠢ ᠴᠡᠪᠡᠷᠱᠢᠭᠦᠯᠬᠦ᠌᠎ᠶ᠋ᠢᠨ ᠲᠥᠯᠥᠭᠡ᠂ ᠡᠮᠤᠨᠡᠬᠡᠨ᠂ ᠬᠦᠬᠡᠬᠤᠳᠠ᠎ᠶ᠋ᠢᠨ ᠲᠤᠳᠤᠭᠠᠳᠤ᠎ᠶ᠋ᠢ ᠬᠠᠮᠠᠭᠠᠯᠠᠬᠤ ᠲᠤᠪᠴᠢᠶ᠎ᠠ᠎ᠶ᠋ᠢᠨ ᠰᠠᠢᠬᠠᠨ ᠲᠣᠭᠤᠷᠢᠭ᠎ᠤᠨ ᠬᠤᠪᠢᠶᠠᠷᠢ ᠲᠣᠪᠴᠢᠶ᠎ᠠ ᠬᠠᠷᠢᠶ᠎ᠠ ᠲᠣᠭᠤᠷᠢᠭ᠎ᠤᠨ ᠳ᠋ᠦᠩ ᠹᠧᠩ ᠵᠠᠮ᠎ᠤᠨ ᠪᠠᠭ᠎ᠠ ᠰᠤᠷᠭᠠᠭᠤᠯᠢ᠎ᠳᠤ ᠬᠦᠷᠴᠦ᠍᠂ 《ᠰᠤᠷᠭᠠᠭᠤᠯᠢ᠎ᠶ᠋ᠢᠨ ᠬᠦᠷᠢᠶᠡᠨ᠎ᠤ ᠳᠣᠷᠣᠮᠵᠢᠯᠠᠯ᠎ᠢ ᠰᠡᠷᠭᠡᠢᠯᠡᠬᠦ᠌》 ᠭᠤᠤᠯ ᠰᠡᠳᠦᠪᠲᠦ ᠬᠠᠤᠯᠢ ᠲᠦᠷᠢᠮ᠎ᠤᠨ ᠲᠠᠢᠯᠤᠮᠵᠢ ᠥᠷᠨᠢᠭᠦᠯᠵᠦ᠍᠂ ᠪᠠᠭ᠍ᠰᠢ ᠰᠤᠷᠤᠭ᠍ᠴᠢᠳ᠎ᠤᠨ ᠰᠤᠷᠭᠠᠭᠤᠯᠢ᠎ᠶ᠋ᠢᠨ ᠬᠦᠷᠢᠶᠡᠨ᠎ᠤ ᠳᠣᠷᠣᠮᠵᠢᠯᠠᠯ᠎ᠤᠨ ᠲᠤᠬᠠᠶ ᠲᠠᠨᠢᠯᠲᠠ᠎ᠶ᠋ᠢ ᠴᠢᠩᠭᠠᠳᠭᠠᠵᠤ᠂ ᠠᠮᠤᠷ ᠠᠮᠤᠭᠤᠯᠠᠩ ᠡᠶ᠎ᠡ ᠵᠤᠬᠢᠴᠠᠩᠭᠤᠢ ᠰᠤᠷᠭᠠᠭᠤᠯᠢ᠎ᠶ᠋ᠢᠨ ᠬᠦᠷᠢᠶ᠎ᠡ᠎ᠶ᠋ᠢ ᠪᠠ ᠵᠢᠭᠤᠯᠬᠤᠳᠤ ᠬᠦᠴᠦᠨ ᠨᠡᠮᠡᠷᠢᠯᠡᠪᠡ᠃
ᠠᠵᠢᠯᠯᠠᠭ᠎ᠠ᠎ᠶ᠋ᠢᠨ ᠳᠤᠮᠳᠠ᠂ ᠴᠠᠭ᠍ᠳᠠᠭ᠎ᠠ ᠨᠠᠷ ᠲᠠᠢᠯᠤᠮᠵᠢ᠎ᠳᠤ ᠣᠷᠣᠯᠴᠠᠭ᠍ᠰᠠᠨ ᠪᠠᠭ᠍ᠰᠢ ᠰᠤᠷᠤᠭ᠍ᠴᠢᠳ᠎ᠲᠤ ᠰᠤᠷᠭᠠᠭᠤᠯᠢ᠎ᠶ᠋ᠢᠨ ᠬᠦᠷᠢᠶᠡᠨ᠎ᠤ ᠳᠣᠷᠣᠮᠵᠢᠯᠠᠯ᠎ᠤᠨ ᠤᠬᠠᠭ᠍ᠳᠠᠬᠤᠨ᠂ ᠰᠤᠷᠭᠠᠭᠤᠯᠢ᠎ᠶ᠋ᠢᠨ ᠬᠦᠷᠢᠶᠡᠨ᠎ᠤ ᠳᠣᠷᠣᠮᠵᠢᠯᠠᠯ ᠡᠭᠦᠰᠦᠭ᠌ᠰᠡᠨ ᠱᠢᠯᠲᠠᠭᠠᠨ᠂ ᠰᠤᠷᠭᠠᠭᠤᠯᠢ᠎ᠶ᠋ᠢᠨ ᠬᠦᠷᠢᠶᠡᠨ᠎ᠤ ᠳᠣᠷᠣᠮᠵᠢᠯᠠᠯ᠎ᠠᠴᠠ ᠪᠣᠯᠤᠭ᠍ᠰᠠᠨ ᠬᠤᠤᠷ ᠬᠥᠨᠥᠭᠡᠯ᠂ ᠰᠤᠷᠭᠠᠭᠤᠯᠢ᠎ᠶ᠋ᠢᠨ ᠬᠦᠷᠢᠶᠡᠨ᠎ᠤ ᠳᠣᠷᠣᠮᠵᠢᠯᠠᠯ ᠡᠭᠦᠰᠦᠭ᠌ᠰᠡᠨ ᠦᠶ᠎ᠡ᠎ᠶ᠋ᠢᠨ ᠰᠤᠷᠤᠭ᠍ᠴᠢᠳ᠎ᠤᠨ ᠠᠷᠭᠠᠴᠠᠭᠠᠬᠤ ᠠᠷᠭ᠎ᠠ ᠬᠡᠮᠵᠢᠶ᠎ᠡ᠎ᠶ᠋ᠢ ᠲᠠᠢᠯᠪᠤᠷᠢᠯᠠᠬ᠍ᠰᠠᠨ ᠪᠠ ᠵᠢᠨ᠎ᠠ᠃ ᠴᠠᠭ᠍ᠳᠠᠭ᠎ᠠ ᠨᠠᠷ ᠪᠠᠰᠠ ᠱᠢᠨ᠎ᠡ᠎ᠪᠠᠷ ᠬᠡᠷᠡᠭ᠌ᠵᠢᠭᠦᠯᠦᠭ᠌ᠰᠡᠨ 《ᠨᠠᠰᠤᠨ᠎ᠳᠤ ᠥᠯᠥ᠍ ᠭᠦᠷᠦᠭ᠌ᠰᠡᠳ᠎ᠢ ᠬᠠᠮᠠᠭᠠᠯᠠᠬᠤ ᠬᠠᠤᠯᠢ》 ᠪᠣᠯᠤᠨ 《ᠨᠠᠰᠤᠨ᠎ᠳᠤ ᠥᠯᠥ᠍ ᠭᠦᠷᠦᠭ᠌ᠰᠡᠳ᠎ᠤᠨ ᠶᠠᠯ᠎ᠠ ᠬᠢᠬᠦ᠌᠎ᠶ᠋ᠢ ᠰᠡᠷᠭᠡᠢᠯᠡᠬᠦ᠌ ᠬᠠᠤᠯᠢ》 ᠭᠡᠬᠦ᠌ ᠬᠤᠶᠠᠷ ᠬᠠᠤᠯᠢ᠎ᠲᠠᠢ ᠤᠶᠠᠯᠳᠤᠭᠤᠯᠤᠨ᠂ ᠣᠢᠷ᠎ᠠ᠎ᠶ᠋ᠢᠨ ᠵᠢᠯ᠎ᠳᠤ ᠡᠭᠦᠰᠦᠭ᠌ᠰᠡᠨ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠨᠢᠭᠡᠳ ᠨᠢᠭᠡ᠎ᠪᠠᠷ ᠬᠤᠪᠢᠶᠠᠯᠴᠠᠵᠤ᠂ ᠰᠤᠷᠤᠭ᠍ᠴᠢᠳ᠎ᠲᠤ ᠰᠡᠷᠡᠮᠵᠢ᠎ᠶ᠋ᠢᠨ ᠳᠣᠬᠢᠶ᠎ᠠ ᠥᠭ᠌ᠭᠦᠭ᠌ᠰᠡᠨ ᠪᠥᠭᠡᠳ ᠭᠦᠨ ᠰᠠᠭᠤᠬ᠍ᠳᠠᠯ ᠤᠯᠭᠤᠬ᠍ᠰᠠᠨ ᠪᠠᠢᠨ᠎ᠠ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号