ᠱᠢᠯᠢ᠎ᠶ᠋ᠢᠨ ᠭᠤᠤᠯ ᠠ ᠵᠢᠮᠠᠭ᠎ᠤᠨ 880 ᠭᠠᠴᠠᠭ᠎ᠠ ᠲᠤᠰᠭᠤᠨ᠎ᠳᠤ ᠴᠦᠮ ᠲᠦᠷᠭᠡᠨ ᠬᠦᠷᠭᠡᠯᠳᠠ᠎ᠶ᠋ᠢᠨ ᠦᠢᠯᠡᠴᠢᠯᠡᠭᠡ᠎ᠲᠠᠢ ᠪᠤᠯᠤᠯ᠎ᠠ
2021-10-05 10:55:37
ᠵᠣᠬᠢᠶᠠᠭ᠍ᠴᠢ᠄
ᠪᠢᠯᠢᠭ᠌ᠪᠡᠭᠠᠳᠤᠷ
ᠣᠩᠱᠢᠭ᠍ᠰᠠᠨ ᠣᠳᠠᠭ᠎ᠠ᠄
★★★☆☆

ᠥᠩᠭᠡᠷᠡᠭ᠌ᠰᠡᠨ᠎ᠳᠤ 《ᠲᠦᠷᠭᠡᠨ ᠬᠦᠷᠭᠡᠯᠳᠠ᠎ᠶ᠋ᠢ ᠲᠣᠰᠭᠤᠨ᠎ᠳᠤ ᠣᠷᠣᠭᠤᠯᠬᠤ᠎ᠳᠤ ᠬᠦᠴᠢᠷ》 ᠪᠠ ᠵᠢᠭ᠍ᠰᠠᠨ᠎ᠨᠢ ᠮᠠᠯᠵᠢᠬᠤ ᠲᠠᠷᠢᠶᠠᠯᠠᠬᠤ ᠣᠷᠣᠨ᠎ᠤ ᠬᠡᠷᠡᠭ᠌ᠯᠡᠭᠡᠨ᠎ᠤ ᠳᠠᠯᠳᠠ ᠬᠦᠴᠦᠨ᠎ᠢ ᠪᠠᠳᠠᠷᠠᠭᠤᠯᠬᠤ᠎ᠶ᠋ᠢ ᠬᠢᠵᠠᠭᠠᠷᠯᠠᠵᠤ ᠪᠠ ᠵᠢᠭ᠍ᠰᠠᠨ᠎ᠢᠶᠠᠷ ᠪᠠᠷᠠᠬᠤ ᠦᠭᠡᠢ ᠬᠦᠳᠡᠭᠡ ᠲᠤᠰᠭᠤᠨ᠎ᠤ ᠤᠯᠠᠨ ᠲᠦᠮᠡᠨ᠎ᠤ ᠠᠳᠠᠯᠢ ᠲᠡᠭ᠌ᠰᠢ᠎ᠪᠠᠷ ᠲᠦᠭᠦᠮ ᠲᠦᠳᠡ ᠦᠢᠯᠡᠴᠢᠯᠡᠭᠡ ᠬᠦᠷᠳᠡᠬᠦ᠌᠎ᠶ᠋ᠢ ᠴᠤ᠌ ᠨᠦᠯᠦᠭᠡᠯᠡᠵᠦ᠍ ᠪᠠ ᠵᠢᠪᠠ᠃ ᠡᠨᠡ ᠵᠢᠯ ᠱᠢᠯᠢ᠎ᠶ᠋ᠢᠨ ᠭᠤᠣᠯ ᠠᠢᠮᠠᠭ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠦᠷᠨᠢᠭᠦᠯᠬᠦ᠌ ᠶᠠᠪᠤᠴᠠ᠎ᠳᠤ 《ᠱᠢᠤᠳᠠᠨ ᠪᠤᠯᠤᠭᠠᠳ ᠲᠦᠷᠭᠡᠨ ᠬᠦᠷᠭᠡᠯᠳᠠ᠎ᠶ᠋ᠢᠨ ᠬᠠᠮᠲᠤᠷᠠᠯᠴᠠᠭ᠎ᠠ᠂ ᠲᠦᠷᠭᠡᠨ ᠬᠦᠷᠭᠡᠯᠳᠠ᠎ᠶ᠋ᠢ ᠲᠣᠰᠭᠤᠨ᠎ᠳᠤ ᠣᠷᠣᠭᠤᠯᠬᠤ ᠢᠨᠵᠧᠨᠧᠷᠢᠩ᠎ᠢ ᠬᠡᠷᠡᠭ᠌ᠵᠢᠭᠦᠯᠬᠦ᠌》 ᠎ᠶ᠋ᠢ 《ᠣᠯᠠᠨ ᠲᠦᠮᠡᠨ᠎ᠳᠤ ᠪᠤᠲᠠᠳᠤ ᠠᠵᠢᠯ ᠬᠢᠵᠦ᠍ ᠦᠭ᠌ᠭᠦ》 ᠠᠵᠢᠯ᠎ᠤᠨ ᠴᠢᠬᠤᠯᠠ ᠠᠭᠤᠯᠭ᠎ᠠ ᠪᠤᠯᠭᠠᠨ ᠠᠤᠨᠬᠤᠵᠤ᠂ ᠬᠤᠱᠢᠭᠤ ᠱᠢᠶᠠᠨ᠎ᠤ ᠱᠠᠲᠤᠨ᠎ᠤ ᠪᠠᠷᠠᠭᠠᠨ᠎ᠤ ᠭᠦᠶ᠋ᠯᠭᠡᠭᠡ᠎ᠶ᠋ᠢ ᠳᠣᠭᠢᠷᠠᠭᠤᠯᠤᠨ ᠬᠦᠷᠭᠡᠬᠦ᠌ ᠲᠥᠪ᠂ ᠰᠤᠮᠤ ᠪᠠᠯᠭᠠᠰᠤ᠎ᠶ᠋ᠢᠨ ᠳᠣᠭᠢᠷᠠᠭᠤᠯᠤᠨ ᠬᠦᠷᠭᠡᠬᠦ᠌ ᠴᠡᠭ᠂ ᠭᠠᠴᠠᠭ᠎ᠠ ᠲᠣᠰᠭᠤᠨ᠎ᠤ ᠱᠠᠲᠤᠨ᠎ᠤ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠤ ᠴᠡᠭ᠎ᠢᠶᠠᠷ ᠲᠤᠯᠭᠠᠭᠤᠷᠢᠯᠠᠭ᠍ᠰᠠᠨ ᠮᠠᠯᠵᠢᠬᠤ ᠲᠠᠷᠢᠶᠠᠯᠠᠬᠤ ᠣᠷᠣᠨ᠎ᠤ ᠳᠣᠭᠢᠷᠠᠭᠤᠯᠤᠨ ᠬᠦᠷᠭᠡᠬᠦ᠌ ᠰᠦᠯᠵᠢᠶ᠎ᠡ᠎ᠶ᠋ᠢᠨ ᠱᠢᠰᠲ᠋ᠧᠮ᠎ᠢ ᠪᠦᠷᠢᠨᠱᠢᠬᠦᠯᠵᠦ᠍᠂ ᠱᠢᠯᠢ᠎ᠶ᠋ᠢᠨ ᠭᠤᠤᠯ ᠠᠢᠮᠠᠭ᠎ᠤᠨ 880 ᠭᠠᠴᠠᠭ᠎ᠠ ᠲᠣᠰᠭᠤᠨ᠎ᠤ ᠲᠦᠷᠭᠡᠨ ᠬᠦᠷᠭᠡᠯᠳᠠ᠎ᠶ᠋ᠢᠨ ᠨᠡᠪᠲᠡᠷᠡᠬᠦ᠌ ᠨᠣᠷᠮ᠎ᠠ᠎ᠶ᠋ᠢ 100% ᠎ᠳᠤ ᠬᠦᠷᠭᠡᠬᠦ᠌ ᠬᠠᠷᠠᠯᠲᠠ᠎ᠶ᠋ᠢ ᠪᠡᠶᠡᠯᠡᠭᠦᠯᠪᠡ᠃

ᠱᠢᠯᠢ᠎ᠶ᠋ᠢᠨ ᠭᠤᠤᠯ ᠠᠢᠮᠠᠭ᠎ᠤᠨ ᠲᠦᠷᠭᠡᠨ ᠬᠦᠷᠭᠡᠯᠳᠠ᠎ᠶ᠋ᠢ ᠬᠥᠳᠡᠭᠡ ᠪᠠᠭᠤᠯᠭᠠᠬᠤ ᠭᠤᠷᠪᠠᠨ ᠱᠠᠲᠤᠨ᠎ᠤ ᠳᠣᠭᠢᠷᠠᠭᠤᠯᠤᠨ ᠬᠦᠷᠭᠡᠬᠦ᠌ ᠰᠦᠯᠵᠢᠶ᠎ᠡ᠎ᠶ᠋ᠢᠨ ᠱᠢᠰᠲ᠋ᠧᠮ᠎ᠢ ᠪᠠᠢᠭᠤᠯᠤᠭ᠍ᠰᠠᠨ᠎ᠨᠢ ᠪᠠᠷᠠᠭ᠎ᠠ ᠪᠦᠲᠦᠭᠡᠭ᠌ᠳᠡᠬᠦᠨ᠎ᠤ ᠬᠥᠳᠡᠭᠡ ᠲᠤᠰᠭᠤᠨ᠎ᠳᠤ ᠨᠡᠪᠲᠡᠷᠡᠬᠦ᠌ 《ᠡᠴᠦᠰ᠎ᠤᠨ ᠨᠢᠭᠡ ᠺᠢᠯᠣᠮᠧᠲᠷ》 ᠎ᠢ ᠨᠡᠪᠲᠡᠷᠡᠭᠦᠯᠦᠭ᠌ᠰᠡᠨ᠎ᠢᠶᠠᠷ ᠪᠠᠷᠠᠬᠤ ᠥᠬᠡᠶ ᠪᠠᠰᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠬᠤᠲᠠ᠎ᠳᠤ ᠣᠷᠣᠭᠤᠯᠬᠤ ᠵᠠᠮ ᠱᠤᠭᠤᠮ᠎ᠢ ᠥᠷᠭᠡᠤᠡᠬᠡᠭ᠌ᠰᠡᠨ ᠪᠠᠢᠨ᠎ᠠ᠃ ᠡᠭᠦᠨ᠎ᠤ ᠬᠠᠮᠳᠤ᠂ ᠲᠣᠰ ᠠᠢᠮᠠᠭ ᠡᠯᠧᠺᠲᠷᠤᠨ ᠬᠤᠳᠠᠯᠳᠤᠭ᠎ᠠ ᠬᠢᠭᠡᠳ ᠲᠦᠷᠭᠡᠨ ᠬᠦᠷᠭᠡᠯᠳᠠ᠎ᠶ᠋ᠢᠨ ᠪᠠᠷᠠᠭᠠᠨ᠎ᠤ ᠭᠦᠶ᠋ᠯᠭᠡᠭᠡᠨ᠎ᠤ ᠱᠢᠰᠲ᠋ᠧᠮ᠎ᠤᠨ ᠪᠠᠢᠭᠤᠯᠤᠯᠲᠠ᠎ᠶ᠋ᠢ ᠠᠬᠢᠭᠤᠯᠵᠤ᠂ 《ᠢᠡᠲ᠋ᠧᠷ ᠰᠦᠯᠵᠢᠶ᠎ᠡ + ᠲᠦᠷᠭᠡᠨ ᠬᠦᠷᠭᠡᠯᠳᠠ + ᠤᠨᠴᠠᠯᠢᠬ᠍ᠳᠤ ᠮᠠᠯ᠎ᠤᠨ ᠠᠱᠢᠬ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ》 ᠎ᠤ ᠲᠠᠪᠴᠠᠩ᠎ᠢ ᠪᠠᠢᠭᠤᠯᠵᠤ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠬᠦ᠌ ᠠᠵᠤ ᠠᠬᠤᠢᠯᠠᠯ᠎ᠲᠠᠢ ᠭᠦᠨᠵᠡᠭᠡᠶ ᠬᠠᠮᠲᠤᠷᠠᠯᠴᠠᠵᠤ᠂ ᠬᠤᠤᠰ ᠴᠢᠭ᠌ᠯᠡᠯ᠎ᠢᠶᠠᠷ ᠭᠦᠶ᠋ᠯᠭᠡᠭᠡᠨ᠎ᠳᠤ ᠣᠷᠣᠭᠤᠯᠬᠤ᠎ᠶ᠋ᠢ ᠠᠬᠢᠭᠤᠯᠪᠠ᠃

ᠣᠢᠯᠠᠭᠠᠭ᠍ᠰᠠᠨ᠎ᠢᠶᠠᠷ᠂ ᠡᠨᠡ ᠵᠢᠯ᠎ᠤᠨ 8 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠱᠢᠤᠳᠠᠨ ᠪᠤᠯᠤᠨ ᠲᠦᠷᠭᠡᠨ ᠬᠦᠷᠭᠡᠯᠳᠠ᠎ᠶ᠋ᠢᠨ ᠬᠠᠮᠲᠤᠷᠠᠯᠴᠠᠭ᠎ᠠ᠎ᠪᠠᠷ ᠳᠡᠮᠵᠢᠨ᠂ ᠱᠢᠤᠳᠠᠨ᠎ᠤ ᠦᠢᠯᠡᠴᠢᠯᠡᠭᠡ᠎ᠶ᠋ᠢᠨ ᠠᠵᠤ ᠠᠬᠤᠢᠯᠠᠯ᠎ᠤᠳ ᠱᠢᠯᠢ᠎ᠶ᠋ᠢᠨ ᠭᠤᠤᠯ ᠠᠢᠮᠠᠭ᠎ᠤᠨ 880 ᠭᠠᠴᠠᠭ᠎ᠠ ᠲᠣᠰᠭᠤᠨ᠎ᠤ ᠮᠠᠯᠴᠢᠨ ᠲᠠᠷᠢᠶᠠᠴᠢᠳ᠎ᠲᠤ ᠨᠡᠢᠲᠡ 62.46 ᠲᠦᠮᠡᠨ ᠬᠤᠪᠢ ᠲᠦᠷᠭᠡᠨ ᠬᠦᠷᠭᠡᠯᠳᠠ᠎ᠶ᠋ᠢᠨ ᠪᠤᠭᠤᠳᠠᠯ ᠪᠠᠭ᠍ᠯᠠᠭ᠎ᠠ᠎ᠶ᠋ᠢ ᠬᠦᠷᠭᠡᠨ ᠲᠠᠮᠵᠢᠭᠤᠯᠵᠤ᠂ ᠬᠦᠭ᠌ᠵᠢᠯᠳᠡ᠎ᠶ᠋ᠢᠨ ᠦᠷ᠎ᠡ ᠪᠦᠲᠦᠮᠵᠢ᠎ᠶ᠋ᠢ ᠦᠷᠭᠡᠨ ᠤᠯᠠᠨ ᠦᠨᠳᠦᠰᠦᠨ ᠱᠠᠲᠤᠨ᠎ᠤ ᠮᠠᠯᠴᠢᠨ ᠲᠠᠷᠢᠶᠠᠴᠢᠤᠨ᠎ᠳᠤ ᠦᠨᠡᠨ ᠬᠦ᠌ ᠡᠳ᠋ᠯᠡᠭᠦᠯᠦᠭ᠌ᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号