《ᠡᠨᠡ ᠤᠳᠠᠭᠠᠨ᠎ᠤ ᠪᠣᠯᠪᠠᠰᠤᠷᠠᠯ ᠥᠨᠡᠬᠡᠷ ᠰᠠ᠊ ᠶ᠋ᠢᠨ᠂ ᠮᠡᠳᠡᠬᠦ᠌ ᠦᠭᠡᠢ ᠴᠢᠳᠠᠬᠤ ᠥᠭᠡᠢ᠎ᠪᠠᠨ ᠪᠠᠭ᠍ᠰᠢ᠎ᠠᠴᠠ ᠱᠢᠭᠤᠳ ᠠᠰᠠᠭᠤᠴᠢᠬᠠᠨᠠ᠂ ᠪᠢ ᠲᠤᠰ ᠪᠤᠯᠪᠠᠰᠤᠷᠠᠯ᠎ᠳᠤ ᠤᠷᠤᠯᠴᠠᠭᠠᠳ ᠣᠯᠠᠨ ᠶᠠᠭᠤᠮ᠎ᠠ ᠰᠤᠷᠴᠥ᠍ ᠥᠢᠯᠠᠭᠠᠯᠠ》 ᠭᠡᠵᠦ᠍ ᠬᠤᠷᠴᠢᠨ ᠵᠡᠭᠦᠨ ᠭᠠᠷᠤᠨ ᠳᠤᠮᠳᠠᠳᠤ ᠬᠤᠱᠢᠭᠤᠨ᠎ᠤ ᠬᠤᠸᠠᠲᠤᠭᠤᠯ ᠪᠠᠯᠭᠠᠰᠤᠨ᠎ᠤ ᠡᠮᠦᠨ᠎ᠡ ᠵᠢᠷᠦᠬᠡᠨ ᠭᠠᠴᠠᠭᠠᠨ᠎ᠤ ᠨᠠᠮ᠎ᠤᠨ ᠭᠡᠱᠢᠭᠦᠨ ᠭᠤᠤ ᠸᠧᠶ ᠵᠥᠩ ᠬᠡᠯᠡᠨ᠎ᠡ᠃
ᠡᠨᠡ᠎ᠨᠢ ᠬᠤᠸᠠᠲᠤᠭᠤᠯ ᠪᠠᠯᠭᠠᠰᠤ᠎ᠶ᠋ᠢᠨ 《ᠪᠢ ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠥᠭ᠌ᠭᠦ》 ᠦᠢᠯᠡᠳᠦᠯᠭᠡ᠎ᠶ᠋ᠢᠨ ᠠᠵᠢᠯᠯᠠᠭ᠎ᠠ᠎ᠲᠠᠢ ᠤᠶᠠᠯᠳᠤᠭᠤᠯᠵᠤ᠂ 《ᠨᠠᠮ᠎ᠤᠨ ᠭᠡᠱᠢᠭᠦᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠵᠢᠵᠢᠭ ᠬᠦᠷᠢᠶᠡᠯᠡᠩ》 ᠳᠤ ᠲᠦᠱᠢᠭ᠌ᠯᠡᠨ᠂ ᠡᠮᠥᠨᠡᠭᠡᠨ ᠵᠤᠬᠢᠶᠠᠨ ᠪᠠ ᠵᠢᠭᠤᠯᠵᠤ ᠥᠷᠨᠢᠭᠦᠯᠦᠭ᠌ᠰᠡᠨ ᠭᠤᠷᠪᠠᠳᠤᠭᠠᠷ ᠬᠤᠭᠤᠴᠠᠭᠠᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠣᠯᠪᠠᠰᠤᠷᠠᠯ᠎ᠤᠨ ᠠᠩᠬᠢ᠎ᠳᠤ ᠤᠷᠤᠯᠴᠠᠬ᠍ᠰᠠᠨ ᠳᠡᠭᠦᠨ᠎ᠤ ᠤᠯᠤᠯᠳᠠ ᠲᠥᠷᠥᠭ᠌ᠳᠡᠯ ᠪᠣᠯᠤᠨ᠎ᠠ᠃ ᠲᠤᠰ ᠤᠳᠠᠭ᠎ᠠ᠎ᠶ᠋ᠢᠨ ᠠᠬᠤᠢ ᠲᠠᠯᠠᠪᠠᠢ᠎ᠶ᠋ᠢᠨ ᠪᠤᠯᠪᠠᠰᠤᠷᠠᠯ᠎ᠤᠨ ᠠᠩᠬᠢ᠎ᠳᠤ ᠭᠤᠷᠪᠡᠨᠬᠡᠷ ᠲᠤᠰᠭᠤᠨ᠂ ᠬᠠᠨ ᠵᠢᠶᠠ᠎ᠶ᠋ᠢᠨ ᠳᠤᠪᠤ ᠭᠠᠴᠠᠭ᠎ᠠ᠂ ᠵᠡᠭᠦᠨ ᠮᠤᠩᠭᠤᠯ ᠠ ᠵᠢᠯ ᠭᠠᠴᠠᠭ᠎ᠠ ᠵᠡᠷᠭᠡ 7 ᠭᠠᠴᠠᠭ᠎ᠠ ᠲᠣᠰᠭᠤᠨ᠎ᠤ ᠲᠠᠷᠢᠮᠠᠯ ᠲᠡᠵᠢᠭᠡᠪᠦᠷᠢ᠎ᠶ᠋ᠢᠨ ᠵᠢᠱ᠌ᠢ᠊ ᠡᠶ᠎ᠡ ᠦᠵᠡᠭᠦᠯᠬᠦ᠌ ᠡᠷᠦᠬᠡ᠎ᠶ᠋ᠢᠨ 70 ᠭᠠᠷᠤᠢ ᠬᠥᠮᠦᠨ ᠣᠷᠣᠯᠴᠠᠵᠠᠢ᠃
ᠭᠤᠷᠪᠡᠨᠭᠡᠷ ᠲᠣᠰᠭᠤᠨ᠎ᠤ ᠬᠤᠵᠢᠷᠯᠢᠭ ᠭᠠᠵᠠᠷ᠎ᠢ ᠥᠭᠡᠷᠡᠴᠢᠯᠡᠨ ᠰᠠᠢᠵᠢᠷᠠᠭᠤᠯᠬᠤ ᠲᠦᠷᠦᠯ ᠵᠦᠢᠯ᠎ᠤᠨ ᠵᠢᠱ᠌ᠢᠶ᠎ᠡ ᠦᠵᠡᠭᠦᠯᠬᠦ᠌ ᠭᠤᠣᠯ ᠲᠣᠭᠤᠷᠢᠭ᠎ᠲᠤ ᠣᠷᠣᠬᠤ᠎ᠳᠤ᠂ ᠡᠯ᠎ᠡ ᠵᠥᠢᠯ᠎ᠤᠨ ᠲᠠᠷᠢᠮᠠᠯ ᠨᠤᠭᠤᠭᠠᠷᠠᠨ ᠬᠠᠶᠠᠯᠠᠵᠤ᠂ ᠥᠩᠭᠡᠷᠡᠭ᠌ᠰᠡᠨ᠎ᠤ ᠬᠠᠮᠠᠷ ᠬᠠᠳᠭᠤᠬᠤ ᠡᠪᠡᠰᠥ᠍ ᠤᠷᠭᠤᠳᠠᠬ ᠥᠭᠡᠢ ᠭᠠᠵᠠᠷ ᠥᠨᠥ᠍ ᠠᠮᠢᠵᠢᠷᠠᠯ᠎ᠤᠨ ᠬᠦᠴᠦᠨ ᠪᠢᠯᠬᠠᠨ᠎ᠠ᠃ ᠲᠣᠰ ᠤᠳᠠᠭᠠᠨ᠎ᠤ ᠪᠣᠯᠪᠠᠰᠤᠷᠠᠯ᠎ᠳᠤ 《ᠲᠤᠬᠠᠶ᠎ᠶ᠋ᠢᠨ ᠭᠠᠵᠠᠷ᠎ᠲᠤᠨᠢ ᠳᠤᠭᠤᠷᠢᠨ ᠥᠵᠡᠬᠦ᠂ ᠠᠬᠤᠢ ᠲᠠᠯᠠᠪᠠᠶ᠎ᠳᠤ ᠪᠣᠯᠪᠠᠰᠤᠷᠠᠯ ᠬᠥᠷᠳᠡᠭᠡᠵᠥ᠍ ᠮᠠᠲᠠᠭ᠎ᠲᠠᠢ ᠠᠰᠠᠭᠤᠳᠠᠯ᠎ᠢ ᠲᠥᠪᠯᠡᠷᠡᠭᠦᠯᠦᠨ ᠬᠠᠷᠢᠭᠤᠯᠬᠤ》 ᠠᠷᠭ᠎ᠠ ᠮᠠᠶᠢᠭ᠎ᠢ ᠠᠪᠴᠠᠢ᠃ ᠲᠣᠭᠤᠷᠢᠨ ᠦᠵᠡᠬᠦ᠌ ᠭᠤᠭ᠍ᠴᠤᠭ᠎ᠠ᠎ᠳᠤ᠂ ᠲᠤᠰᠭᠠᠶ ᠮᠡᠷᠭᠡᠵᠢᠯᠲᠡᠳ᠎ᠠᠴᠠ ᠬᠥᠮᠤᠰ᠎ᠲᠤ ᠬᠤᠵᠢᠷᠯᠢᠭ ᠭᠠᠵᠠᠷ᠎ᠢ ᠰᠠᠢᠵᠢᠷᠠᠭᠤᠯᠬᠤ ᠮᠡᠷᠭᠡᠵᠢᠯ᠎ᠤᠨ ᠰᠠᠭᠤᠷᠢ ᠮᠡᠳᠡᠯᠭᠡ᠂ ᠲᠠᠷᠢᠶᠠᠯᠠᠭ᠎ᠠ᠎ᠪᠠᠷ ᠰᠠᠢᠵᠢᠷᠠᠭᠤᠯᠬᠤ᠂ ᠠᠮᠢᠳᠤ ᠪᠣᠳᠠᠰ᠎ᠢᠶᠠᠷ ᠰᠠᠢᠵᠢᠷᠠᠭᠤᠯᠬᠤ᠂ ᠬᠢᠮᠢ᠎ᠶ᠋ᠢᠨ ᠠᠷᠭ᠎ᠠ᠎ᠪᠠᠷ ᠰᠠᠢᠵᠢᠷᠠᠭᠤᠯᠬᠤ ᠵᠡᠷᠭᠡ ᠠᠷᠭ᠎ᠠ᠎ᠶ᠋ᠢ ᠲᠠᠨᠢᠯᠴᠠᠭᠤᠯᠤᠭ᠍ᠰᠠᠨ ᠪᠥᠭᠡᠳ ᠬᠤᠸᠠᠲᠤᠭᠤᠯ ᠪᠠᠯᠭᠠᠰᠤᠨ᠎ᠤ ᠮᠢᠬᠠᠨ᠎ᠤ ᠦᠬᠡᠷ ᠮᠠᠯᠵᠢᠬᠤ ᠦᠶ᠋ᠯᠡᠰ᠎ᠤᠨ ᠣᠳᠣᠬᠢ ᠪᠠᠢᠳᠠᠯ᠎ᠲᠠᠢ ᠤᠶᠠᠯᠳᠤᠭᠤᠯᠤᠨ᠂ ᠮᠠᠯ ᠮᠠᠯᠵᠢᠬᠤ ᠪᠠ ᠡᠪᠡᠰᠥ᠍ ᠳᠠᠷᠢᠬᠤ᠎ᠶ᠋ᠢ ᠨᠢᠭᠡ ᠴᠣᠭ᠍ᠴᠠᠵᠢᠭᠤᠯᠬᠤ ᠮᠡᠷᠭᠡᠵᠢᠯ ᠵᠢᠴᠢ ᠬᠥᠭ᠌ᠵᠢᠯᠲᠡ᠎ᠶ᠋ᠢᠨ ᠢᠷᠡᠭᠡᠳᠦᠶ᠎ᠶ᠋ᠢ ᠲᠣᠳᠣᠷᠬᠠᠢᠯᠠᠨ ᠥᠭᠦᠯᠡᠪᠡ᠃ ᠡ᠊ ᠶ᠋ᠢᠨ ᠬᠦ᠌ ᠪᠤᠯᠪᠠᠰᠤᠷᠠᠯ᠎ᠳᠤ ᠤᠷᠤᠯᠴᠠᠬ᠍ᠰᠠᠳ ᠲᠠᠷᠢᠶᠠᠨ ᠵᠠᠬ᠎ᠠ᠎ᠳᠤ ᠬᠥᠷᠴᠥ᠍᠂ ᠲᠤᠰᠭᠠᠶ ᠮᠡᠷᠭᠡᠵᠢᠯᠲᠡᠨ᠎ᠤ ᠲᠠᠢᠯᠪᠤᠷᠢᠯᠠᠯᠲᠠ᠎ᠶ᠋ᠢ ᠰᠡᠳᠭᠢᠯ ᠲᠠᠯᠪᠢᠠ ᠰᠣᠨᠣᠰᠴᠤ᠌᠂ ᠬᠤᠵᠢᠷᠯᠢᠭ ᠭᠠᠵᠠᠷ᠎ᠢ ᠰᠠᠢᠵᠢᠷᠠᠭᠤᠯᠬᠤ ᠮᠡᠷᠭᠡᠵᠢᠯ᠎ᠤᠨ ᠲᠠᠷᠢᠶᠠᠯᠠᠩ᠎ᠤᠨ ᠦᠢᠯᠡᠳᠪᠦᠷᠢᠯᠡᠯ᠎ᠳᠤ ᠠᠪᠴᠢᠷᠠᠭ᠍ᠰᠠᠨ ᠯᠤᠲᠤ ᠶᠡᠭᠡ ᠬᠤᠪᠢᠷᠠᠯᠲᠠ᠎ᠶ᠋ᠢ ᠪᠡᠶᠡᠴᠢᠯᠡᠨ ᠭᠦᠨᠵᠡᠭᠡᠶ ᠣᠢᠯᠠᠭᠠᠵᠠᠢ᠃
《ᠮᠢᠬᠠᠨ᠎ᠤ ᠦᠬᠡᠷ ᠮᠠᠯᠵᠢᠬᠤ ᠪᠣᠯ ᠬᠤᠸᠠᠲᠤᠭᠤᠯ ᠪᠠᠯᠭᠠᠰᠤ᠎ᠶ᠋ᠢᠨ ᠳᠠᠪᠠᠭᠤᠯᠢᠭ ᠠᠵᠤ ᠦᠶ᠋ᠯᠡᠰ ᠪᠣᠯᠪᠠᠴᠤ᠌ ᠲᠡᠵᠢᠭᠡᠯ ᠪᠣᠷᠳᠣᠭᠠᠨ᠎ᠤ ᠢᠷᠡᠯᠲᠡ᠎ᠨᠢ ᠱᠢᠷ᠎ᠠ ᠳᠠᠷᠤᠰᠢ᠎ᠳᠤ ᠲᠥᠱᠢᠭ᠌ᠯᠡᠵᠤ᠂ ᠲᠡᠵᠢᠭᠡᠯ ᠪᠣᠷᠳᠣᠭᠠᠨ᠎ᠤ ᠲᠥᠷᠥᠯ ᠵᠦᠶ᠋ᠯ ᠲᠠᠩ ᠴᠤᠯᠭᠤᠶ᠂ ᠠᠱᠢᠬ᠍ᠯᠠᠯᠳᠠ᠎ᠶ᠋ᠢᠨ ᠨᠣᠷᠮ᠎ᠠ ᠳᠤᠤᠷ᠎ᠠ᠂ ᠢᠢᠮᠤ᠎ᠠᠴᠠ ᠮᠠᠯᠵᠢᠬᠤ ᠪᠠ ᠡᠪᠡᠰᠥ᠍ ᠪᠡᠯᠴᠢᠭᠡᠷ᠎ᠢ ᠨᠢᠭᠡ ᠴᠣᠭ᠍ᠴᠠᠵᠢᠭᠤᠯᠤᠨ ᠬᠤᠵᠢᠷ᠎ᠲᠤ ᠳᠠᠭᠠᠭᠠᠮᠠᠭᠠᠶ ᠡᠪᠡᠰᠥ᠍ ᠲᠡᠷᠢᠪᠠᠯ ᠲᠡᠵᠢᠭᠡᠯ ᠪᠣᠷᠳᠣᠭᠠᠨ᠎ᠤ ᠬᠠᠩᠭᠠᠯᠭ᠎ᠠ ᠪᠠ ᠮᠠᠯ ᠠᠵᠤ ᠠᠬᠤᠶ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠪᠦᠲᠦᠮᠵᠢᠲᠡᠶ ᠪᠠᠲᠤᠯᠠᠵᠤ ᠴᠢᠳᠠᠨ᠎ᠠ》 ᠭᠡᠵᠤ ᠬᠤᠵᠢᠷᠱᠢᠭ᠍ᠰᠠᠨ ᠲᠠᠷᠢᠶᠠᠨ ᠭᠠᠵᠠᠷ᠎ᠢ ᠰᠠᠢᠵᠢᠷᠠᠭᠤᠯᠬᠤ ᠲᠥᠷᠥᠯ ᠵᠦᠶ᠋ᠯ᠎ᠤᠨ ᠬᠠᠷᠢᠭᠤᠴᠠᠯᠭᠠᠲᠠᠨ ᠬᠤ᠌ ᠸᠧᠨ ᠮᠢᠩ ᠶᠠᠷᠢᠨ᠎ᠠ᠃