2021 ᠤᠨ᠎ᠤ 《ᠶᠣᠣ ᠮᠢᠩ ᠨᠡᠷᠡᠮᠵᠢᠳᠦ ᠰᠠᠭᠤᠷᠢ ᠮᠥᠩᠭᠦ᠎ᠶ᠋ᠢᠨ ᠬᠦᠰᠡᠯ ᠪᠠᠭ᠎ᠠ ᠰᠤᠷᠭᠠᠭᠤᠯᠢ᠎ᠶ᠋ᠢᠨ ᠰᠠᠭ᠍ᠰᠤᠨ ᠪᠥᠮᠪᠦᠭᠡ᠎ᠶ᠋ᠢᠨ ᠤᠯᠠᠷᠢᠯ》 — ᠰᠤᠷᠭᠠᠨ ᠬᠥᠮᠦᠵᠢᠯ᠎ᠢ ᠳᠡᠮᠵᠢᠬᠦ᠌ ᠰᠠᠢᠨ ᠲᠤᠷᠠᠴᠤᠤᠯ᠎ᠤᠨ ᠮᠣᠷᠳᠠᠬᠤ ᠶᠣᠰᠣᠯᠠᠯ ᠤ ᠵᠢᠷ᠎ᠠ᠎ᠳᠤ ᠦᠪᠦᠷ ᠮᠤᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠳᠤ ᠶᠠᠪᠤᠭ᠍ᠳᠠᠪᠠ᠃
ᠶᠣᠰᠣᠯᠠᠯ ᠳᠡᠭᠡᠷ᠎ᠡ᠂ ᠪᠡᠭᠡᠵᠢᠩ᠎ᠤᠨ ᠶᠣᠣ ᠮᠢᠩ ᠨᠡᠷᠡᠮᠵᠢᠳᠦ ᠰᠠᠭᠤᠷᠢ ᠮᠥᠩᠭᠦᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠰᠠᠭᠤᠷᠢ ᠮᠥᠩᠭᠦᠨ᠎ᠤ ᠨᠡ ᠵᠢᠭᠡᠮᠯᠢᠭ ᠪᠣᠯᠤᠨ ᠦᠪᠦᠷ ᠮᠤᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ ᠪᠡᠶ᠎ᠡ᠎ᠶ᠋ᠢᠨ ᠲᠠᠮᠢᠷ᠎ᠤᠨ ᠳᠡᠭᠡᠳᠦ ᠰᠤᠷᠭᠠᠭᠤᠯᠢ ᠬᠠᠮᠲᠤᠷᠠᠯᠴᠠᠭᠠᠨ᠎ᠤ ᠵᠥᠪᠯᠡᠯᠴᠡᠭᠡᠷ ᠲᠣᠭ᠍ᠲᠠᠵᠤ᠂ ᠰᠤᠷᠭᠠᠨ ᠬᠥᠮᠦᠵᠢᠯ᠎ᠢ ᠳᠡᠮᠵᠢᠬᠦ᠌ ᠰᠠ᠊ ᠶ᠋ᠢᠨ ᠳᠤᠷᠠᠴᠤᠤᠯ ᠬᠠᠮᠲᠤ᠎ᠪᠠᠷ ᠲᠠᠩᠭᠠᠷᠢᠬ᠍ᠯᠠᠵᠤ᠂ ᠰᠠ᠊ ᠶ᠋ᠢᠨ ᠳᠤᠷ᠎ᠠ᠎ᠶ᠋ᠢᠨ ᠦᠢᠯᠡᠴᠢᠯᠡᠭᠡᠨ᠎ᠤ ᠵᠣᠷᠢᠭ ᠰᠠᠨᠠᠭ᠎ᠠ᠎ᠶ᠋ᠢ ᠦᠢᠯᠡᠳᠦᠯᠭᠡᠵᠢᠭᠦᠯᠵᠦ᠍᠂ ᠴᠢᠳᠠᠯ᠎ᠤᠨ᠎ᠢᠶᠠᠨ ᠬᠢᠷᠢ᠎ᠪᠠᠷ ᠴᠢᠷᠮᠠᠢᠵᠤ᠂ ᠬᠠᠷᠠᠮ ᠦᠭᠡᠢ ᠵᠣᠷᠢᠭᠤᠯᠬᠤ᠎ᠪᠠᠷ ᠠᠨᠳᠠᠭ᠎ᠠ ᠵᠢᠯᠠᠭ᠍ᠰᠠᠨ ᠪᠠ ᠵᠢᠨ᠎ᠠ᠃
《ᠶᠣᠣ ᠮᠢᠩ ᠨᠡᠷᠡᠮᠵᠢᠳᠦ ᠰᠠᠭᠤᠷᠢ ᠮᠥᠩᠭᠦ᠎ᠶ᠋ᠢᠨ ᠬᠦᠰᠡᠯ ᠪᠠᠭ᠎ᠠ ᠰᠤᠷᠭᠠᠭᠤᠯᠢ᠎ᠶ᠋ᠢᠨ ᠰᠠᠭ᠍ᠰᠤᠨ ᠪᠥᠮᠪᠦᠭᠡ᠎ᠶ᠋ᠢᠨ ᠤᠯᠠᠷᠢᠯ》 ᠪᠣᠯ ᠳᠤᠮᠳᠠᠳᠤ ᠤᠯᠤᠰ᠎ᠤᠨ ᠵᠠᠯᠠᠭᠤᠴᠤᠳ ᠪᠠᠭᠠᠴᠤᠳ᠎ᠤᠨ ᠬᠥᠭ᠌ᠵᠢᠯᠲᠡ᠎ᠶ᠋ᠢᠨ ᠰᠠᠭᠤᠷᠢ ᠮᠥᠩᠭᠦᠨ᠎ᠤ ᠨᠡ ᠵᠢᠭᠡᠮᠯᠢᠭ᠂ ᠪᠡᠭᠡᠵᠢᠩ᠎ᠤᠨ ᠶᠣᠣ ᠮᠢᠩ ᠨᠡᠷᠡᠮᠵᠢᠳᠦ ᠰᠠᠭᠤᠷᠢ ᠮᠥᠩᠭᠦᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠰᠠᠭᠤᠷᠢ ᠮᠥᠩᠭᠦᠨ᠎ᠤ ᠨᠡ ᠵᠢᠭᠡᠮᠯᠢᠭ ᠪᠠ ᠳᠤᠮᠳᠠᠳᠤ ᠤᠯᠤᠰ᠎ᠤᠨ ᠰᠠᠭ᠍ᠰᠤᠨ ᠪᠥᠮᠪᠦᠭᠡ᠎ᠶ᠋ᠢᠨ ᠨᠡᠢᠭᠡᠮᠯᠢᠭ᠎ᠠᠴᠠ 2012 ᠣᠨ᠎ᠳᠤ ᠬᠠᠮᠲᠤᠷᠠᠨ ᠡᠬᠢᠯᠡᠭᠦᠯᠦᠭ᠌ᠰᠡᠨ ᠨᠡᠢᠲᠡ᠎ᠶ᠋ᠢᠨ ᠠᠰᠠᠷᠠᠮᠵᠢ᠎ᠶ᠋ᠢᠨ ᠦᠢᠯᠡᠰ ᠮᠥᠨ᠃ ᠬᠦᠰᠡᠯ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠲᠤ ᠰᠠᠭ᠍ᠰᠤᠨ ᠪᠥᠮᠪᠦᠭᠡ᠎ᠶ᠋ᠢ ᠣᠢᠯᠠᠭᠠᠬᠤ ᠲᠣᠬᠢᠶᠠᠯ ᠣᠯᠭᠤᠵᠤ᠂ ᠲᠠᠮᠢᠷ᠎ᠤᠨ ᠵᠣᠷᠢᠭ ᠰᠠᠨᠠᠭ᠎ᠠ᠎ᠶ᠋ᠢ ᠤ ᠵᠢᠯᠠᠭᠠᠭᠤᠯᠬᠤᠪᠠᠷ ᠵᠣᠷᠢᠯᠭ᠎ᠠ᠎ᠪᠠᠨ ᠪᠣᠯᠭᠠᠭ᠍ᠰᠠᠨ ᠶᠤᠮ᠃ ᠲᠤᠰ ᠲᠥᠷᠥᠯ ᠵᠦᠢᠯ᠎ᠢ 2019 ᠣᠨ᠎ᠳᠤ ᠦᠪᠦᠷ ᠮᠤᠩᠭᠤᠯ᠎ᠳᠤ ᠠᠩᠬ᠎ᠠ ᠡᠬᠢᠯᠡᠬᠦᠯᠵᠦ᠍᠂ ᠣᠳᠣᠬᠠᠨ᠎ᠳᠤ ᠨᠢᠭᠡᠨᠲᠡ ᠪᠥᠬᠦ᠌ ᠣᠷᠣᠨ᠎ᠤ ᠲᠠᠪᠤᠨ ᠠᠢᠮᠠᠭ ᠬᠤᠲᠠ᠎ᠶ᠋ᠢᠨ 58 ᠰᠤᠷᠭᠠᠭᠤᠯᠢ᠎ᠶ᠋ᠢ ᠬᠠᠮᠤᠷᠴᠤ᠌᠂ ᠰᠤᠷᠭᠠᠭᠤᠯᠢ᠎ᠶ᠋ᠢᠨ ᠪᠡᠶ᠎ᠡ᠎ᠶ᠋ᠢᠨ ᠲᠠᠮᠢᠷ᠎ᠤᠨ ᠪᠠᠭ᠍ᠰᠢ ᠬᠦᠷᠦᠯᠴᠡᠬᠦ᠌ ᠥᠬᠡᠶ᠂ ᠪᠡᠶ᠎ᠡ᠎ᠶ᠋ᠢᠨ ᠲᠠᠮᠢᠷ᠎ᠤᠨ ᠬᠢᠴᠢᠶᠡᠯ ᠪᠠ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ ᠳᠤᠲᠠᠭ᠍ᠳᠠᠵᠤ ᠪᠠᠢᠭ᠎ᠠ ᠵᠡᠷᠭᠡ ᠪᠣᠳᠠᠲᠠᠶ ᠠᠰᠠᠭᠤᠳᠠᠯ᠎ᠢ ᠪᠦᠲᠦᠮᠵᠢᠲᠡᠶ ᠰᠠᠢᠵᠢᠷᠠᠭᠤᠯᠵᠤ᠂ ᠮᠠᠨ᠎ᠤ ᠣᠷᠣᠨ᠎ᠤ ᠬᠦᠰᠡᠯ ᠢᠨᠵᠧᠨᠧᠷᠢᠩ᠎ᠤᠨ ᠬᠡᠪ ᠪᠤᠯᠪᠠᠰᠤᠷᠠᠯ᠎ᠢ ᠳᠡᠭᠡᠭ᠌ᠰᠢᠯᠡᠭᠦᠯᠬᠦ᠌ ᠲᠥᠯᠥᠪᠯᠡᠭᠡ᠎ᠶ᠋ᠢᠨ ᠴᠢᠬᠤᠯᠠ ᠪᠦᠷᠢᠯᠳᠦᠬᠦᠨ ᠪᠣᠯᠤᠭ᠍ᠰᠠᠨ ᠪᠥᠭᠡᠳ ᠪᠠᠰᠠ ᠴᠤ᠌ ᠥᠪᠡᠷᠲᠡᠭᠡᠨ ᠵᠠᠰᠠᠬᠤ ᠣᠷᠣᠨ᠎ᠤ ᠡᠪᠯᠡᠯ᠎ᠤᠨ ᠬᠤᠷᠢᠶ᠎ᠠ᠎ᠶ᠋ᠢᠨ 《ᠬᠤᠶᠠᠷ᠎ᠢ ᠬᠦᠩᠭᠡᠷᠡᠬᠦᠯᠬᠦ᠌》 ᠲᠥᠷᠥ᠎ᠶ᠋ᠢᠨ ᠪᠣᠳᠣᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠪᠣᠯᠤᠭ᠍ᠰᠠᠨ ᠪᠠᠢᠨ᠎ᠠ᠃