
ᠱᠢᠨ᠎ᠡ ᠲᠤᠬᠠᠢ ᠭᠠᠴᠠᠭᠠᠨ᠎ᠤ ᠠᠷᠠᠳ ᠡᠯᠡᠰᠦᠨ ᠴᠦᠯ᠎ᠤᠨ ᠵᠢᠭᠤᠯᠴᠢᠯᠠᠯ᠎ᠤᠨ ᠠᠱᠢᠭ᠎ᠢ ᠡᠳ᠋ᠯᠡᠨ᠎ᠡ
ᠪᠤᠤ ᠬᠤᠩ ᠰᠡᠭᠦᠳᠡᠷᠯᠡᠪᠡ
ᠠ ᠵᠢᠯ ᠡᠷᠦᠬᠡ ᠪᠣᠯᠭᠠᠨ ᠭᠡᠷ᠎ᠤᠨ᠎ᠢᠶᠠᠨ ᠠᠷᠤ ᠥᠪᠥᠷᠢ ᠴᠡᠪᠡᠷᠬᠡᠨ ᠴᠡᠪᠡᠷᠯᠡᠪᠡ; ᠲᠠᠷᠢᠶᠠᠴᠢᠨ ᠠ ᠵᠢᠯ᠎ᠤᠨ ᠪᠠᠶᠠᠰᠤᠯ᠂ ᠮᠠᠯᠴᠢᠨ ᠠ ᠵᠢᠯ᠎ᠤᠨ ᠪᠠᠶᠠᠰᠤᠯᠳᠤ ᠱᠢᠨ᠎ᠡ ᠫᠠᠢᠰᠠ ᠡᠯᠭᠦᠵᠦ᠍᠂ ᠦᠬᠡᠷ ᠬᠤᠨᠢᠨ ᠮᠢᠬ᠎ᠠ ᠵᠡᠷᠭᠡ ᠢᠳᠡᠭᠡᠨ᠎ᠤ ᠮᠠᠲ᠋ᠧᠷᠢᠶᠠᠯ ᠨᠢᠭᠡᠨᠲᠡ ᠪᠡᠯᠡᠬᠡᠨ ᠪᠤᠯᠪᠠ; ᠤᠷᠤᠨ ᠰᠠᠭᠤᠴᠠ᠎ᠶ᠋ᠢᠨ ᠣᠷᠣ᠎ᠶ᠋ᠢᠨ ᠪᠦᠲᠡᠭᠡᠯᠭᠡ ᠬᠥᠨᠵᠢᠯᠡ᠎ᠶ᠋ᠢᠨ ᠳᠤᠬ᠍ᠳᠤᠢᠪᠠᠨ ᠨᠢᠬᠡᠳᠤᠯᠳᠠᠢ ᠰᠤᠯᠢᠪᠠ; ᠡᠯᠡᠰᠦᠨ ᠴᠦᠯ᠎ᠤᠨ ᠬᠡᠭᠡᠷᠡᠯᠡᠭ᠌ᠴᠢ ᠮᠠᠱᠢᠨ᠂ ᠡᠯᠡᠰᠦᠨ ᠴᠦᠯ᠎ᠤᠨ ᠮᠣᠲ᠋ᠣᠷ ᠲᠡᠷᠭᠡ᠎ᠶ᠋ᠢ ᠴᠠᠭ᠎ᠢ ᠠᠮᠵᠢᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠨ᠎ᠠ ᠁ ᠤᠯᠤᠰ᠎ᠤᠨ ᠪᠠᠶᠠᠷ᠎ᠠᠴᠠ ᠡᠮᠦᠨᠡᠬᠡᠨ᠂ ᠠᠯᠠᠱᠠ ᠠᠢᠮᠠᠭ᠎ᠤᠨ ᠲᠩᠷᠢ ᠡᠯᠡᠰᠦᠨ᠎ᠤ ᠬᠥᠪᠡᠭᠡᠨ᠎ᠳᠠᠬᠢ ᠱᠢᠨ᠎ᠠ ᠳᠤᠬᠤᠢ ᠭᠠᠴᠠᠭ᠎ᠠ ᠴᠣ᠌ ᠱᠢᠨ᠎ᠡ ᠳᠦᠷᠰᠦ ᠪᠠᠢᠳᠠᠯ᠎ᠢᠶᠠᠷ ᠪᠢᠯᠬᠠᠵᠤ᠂ ᠵᠢᠭᠤᠯᠴᠢᠯᠠᠬ᠍ᠰᠠᠳ᠎ᠢ ᠤᠭ᠍ᠲᠤᠬᠤ᠎ᠪᠠᠷ ᠪᠡᠯᠡᠳᠭᠡᠨ᠎ᠡ᠃
ᠱᠢᠨ᠎ᠡ ᠲᠣᠬᠤᠢ ᠭᠠᠴᠠᠭ᠎ᠠ ᠪᠣᠯ ᠠᠯᠠᠱᠠ ᠵᠡᠭᠦᠨ ᠬᠤᠱᠢᠭᠤᠨ᠎ᠤ ᠪᠠᠶᠠᠨᠬᠤᠲᠠ ᠪᠠᠯᠭᠠᠰᠤᠨ᠎ᠤ ᠬᠠᠭᠠᠰ ᠲᠠᠷᠢᠶᠠᠯᠠᠬᠤ ᠬᠠᠭᠠᠰ ᠮᠠᠯᠵᠢᠬᠤ ᠭᠠᠴᠠᠭ᠎ᠠ ᠪᠣᠯᠤᠨ᠎ᠠ᠂ ᠪᠠᠷᠠᠭᠤᠨ ᠲᠠᠯ᠎ᠠ᠎ᠨᠢ ᠲᠩᠷᠢ ᠡᠯᠡᠰᠦᠨ ᠴᠦᠯ᠎ᠲᠠᠢ ᠵᠠᠯᠭᠠᠯᠳᠤᠵᠥ᠍᠂ ᠵᠡᠭᠦᠨ ᠲᠠᠯ᠎ᠠ᠎ᠨᠢ ᠠᠯᠠᠱᠠ ᠠᠭᠤᠯᠠ᠎ᠲᠠᠢ ᠬᠥᠷᠱᠢᠯᠡᠵᠦ᠍᠂ ᠬᠤᠨᠳᠣ ᠨᠠᠭᠤᠷ᠎ᠤᠨ ᠦᠵᠡᠮᠵᠢ᠎ᠶ᠋ᠢᠨ ᠣᠷᠣᠨ᠎ᠠᠴᠠ ᠵᠥᠪᠬᠡᠨ 25 ᠺᠢᠯᠣᠮᠧᠲᠷ ᠵᠠᠢᠲᠠᠶ ᠪᠠ ᠵᠢᠳᠠᠭ᠃ ᠥᠪᠡᠷᠮᠢᠴᠡ ᠣᠨᠴᠠᠯᠢᠭ᠎ᠲᠠᠢ ᠵᠢᠭᠤᠯᠴᠢᠯᠠᠯ᠎ᠤᠨ ᠡᠬᠢ ᠪᠠᠶᠠᠯᠢᠭ᠎ᠢ ᠠᠱᠢᠭ᠍ᠯᠠᠨ᠂ ᠭᠠᠴᠠᠭ᠎ᠠ᠎ᠨᠢ ᠨᠢᠭᠡᠨᠲᠡ ᠡᠯᠡᠰᠦᠨ ᠴᠥᠯ᠎ᠳᠤ ᠪᠠᠷᠲᠠᠭ᠎ᠠ ᠬᠠᠢᠬᠤ ᠵᠢᠭᠤᠯᠴᠢᠯᠠᠯ᠎ᠤᠨ ᠠᠷᠤ ᠲᠠᠯ᠎ᠠ᠎ᠶ᠋ᠢᠨ ᠦᠶ᠋ᠯᠡᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢᠨ ᠪᠣᠯᠵᠣ᠂ ᠪᠥᠬᠦ᠌ ᠭᠠᠴᠠᠭᠠᠨ᠎ᠤ 40% ᠠᠴᠠ ᠳᠡᠭᠡᠭ᠌ᠰᠢᠬᠢ ᠮᠠᠯᠴᠢᠨ ᠲᠠᠷᠢᠶᠠᠴᠢᠳ ᠵᠢᠭᠤᠯᠴᠢᠯᠠᠯ᠎ᠤᠨ ᠦᠶ᠋ᠯᠡᠰ᠎ᠤᠨ ᠬᠥᠭ᠌ᠵᠢᠯᠲᠡ᠎ᠳᠤ ᠲᠦᠱᠢᠭ᠌ᠯᠡᠨ ᠪᠠᠶᠠᠵᠢᠭ᠍ᠰᠠᠨ ᠪᠠᠢᠨ᠎ᠠ᠃
《ᠱᠢᠨ᠎ᠡ ᠲᠣᠬᠤᠶ ᠭᠡᠳᠡᠭ ᠮᠣᠩᠭᠤᠯ ᠦᠭᠡ᠎ᠨᠢ 〈ᠱᠢᠨ᠎ᠡ ᠪᠤᠯᠤᠩ〉 ᠭᠡᠰᠡᠨ ᠤᠳᠭ᠎ᠠ᠎ᠲᠠᠢ᠂ ᠭᠡᠪᠡᠴᠦ᠍ ᠠᠷᠪᠠᠨ ᠬᠡᠳᠦᠨ ᠵᠢᠯ᠎ᠤᠨ ᠡᠮᠦᠨ᠎ᠡ᠂ 〈ᠱᠢᠨ᠎ᠡ ᠪᠤᠯᠤᠩ〉 ᠨᠢ ᠵᠢᠭᠠᠬᠠᠨ ᠴᠤ᠌ ᠱᠢᠨ᠎ᠡ ᠪᠢᠰᠢ ᠪᠠᠢᠭ᠍ᠰᠠᠨ᠎ᠢᠶᠠᠷ ᠪᠠᠷᠠᠬᠤ ᠥᠬᠡᠶ ᠪᠠᠰᠠ ᠨᠢᠭᠡᠨ ᠶᠠᠳᠠᠭᠤ ᠬᠦᠴᠢᠷᠳᠡᠯᠲᠡᠶ ᠭᠠᠴᠠᠭ᠎ᠠ ᠪᠠᠢᠵᠠᠶ》 ᠬᠡᠵᠥ᠍ ᠭᠠᠴᠠᠭᠠᠨ᠎ᠤ ᠨᠠᠮ᠎ᠤᠨ ᠡᠭᠦᠷ᠎ᠤᠨ ᠱᠦᠵᠢ ᠯᠦᠸᠧ ᠭᠠᠩ ᠡᠷᠭᠢᠴᠡᠭᠦᠯᠵᠥ᠍ ᠶᠠᠷᠢᠨ᠎ᠠ᠃ ᠪᠠᠢᠭᠠᠯᠢ᠎ᠶ᠋ᠢᠨ ᠨᠥᠬᠦᠴᠡᠯ᠎ᠤᠨ ᠬᠢᠵᠠᠭᠠᠷᠯᠠᠯ᠎ᠠᠴᠠ ᠪᠣᠯᠵᠣ᠂ ᠰᠠᠯᠬᠢ ᠰᠠᠯᠬᠢᠯᠠᠬ᠍ᠰᠠᠭᠠᠷ ᠭᠠᠵᠠᠷ ᠪᠣᠯᠭᠠᠨ᠎ᠳᠤ ᠱᠢᠷ᠎ᠠ ᠡᠯᠡᠰᠦ ᠳᠡᠭ᠌ᠳᠡᠵᠥ᠍᠂ ᠲᠤᠬᠠᠶ᠎ᠶ᠋ᠢᠨ ᠭᠠᠵᠠᠷ᠎ᠤᠨ ᠬᠥᠮᠦᠰ ᠶᠡᠷᠦ᠎ᠨᠢ ᠲᠠᠷᠢᠶᠠᠨ᠎ᠳᠠᠭᠠᠨ 30 ᠵᠢᠩ ᠪᠣᠭᠤᠳᠠᠶ᠎ᠶ᠋ᠢᠨ ᠦᠷ᠎ᠡ ᠰᠠᠴᠤᠬ᠍ᠰᠠᠭᠠᠷ 20 ᠵᠢᠩ ᠬᠤᠷᠢᠶᠠᠪᠠᠯ ᠪᠣᠯᠴᠢᠬᠠᠨ᠎ᠠ ᠭᠡᠵᠦ᠍ ᠨᠠᠭᠠᠳᠤᠮ ᠬᠢᠳᠡᠭ ᠪᠠ ᠵᠢᠪᠠ᠃ ᠠᠷᠠᠶ ᠴᠢᠷᠠᠶ ᠬᠤᠷᠢᠶᠠᠵᠤ ᠣᠯᠤᠭ᠍ᠰᠠᠨ ᠭᠤᠸ᠎ᠠ ᠵᠢᠮᠢᠰ ᠢᠳᠡᠱᠢᠨ ᠨᠣᠭᠤᠭ᠎ᠠ᠂ ᠪᠤᠭᠤᠳᠠᠶ ᠡᠷᠳᠡᠨᠢ ᠱᠢᠰᠢ᠎ᠪᠠᠨ ᠵᠣᠭᠤᠰ ᠪᠣᠯᠭᠠᠶ᠎ᠠ ᠭᠡᠪᠡᠯ ᠡᠯᠵᠢᠭᠡᠨ ᠲᠡᠷᠭᠡ᠎ᠪᠠᠷ 4 ᠴᠠᠭ ᠭᠠᠷᠤᠶ ᠶᠠᠪᠤᠵᠤ ᠬᠤᠱᠢᠭᠤᠨ᠎ᠳᠤ ᠠᠪᠠᠴᠢᠵᠤ ᠬᠤᠳᠠᠯᠳᠤᠬᠤ ᠯᠡ ᠬᠡᠷᠡᠭ᠌ᠲᠡᠶ᠃ ᠰᠡᠭᠦᠯᠡᠷ᠎ᠨᠢ ᠭᠠᠴᠠᠭ᠎ᠠ᠎ᠠᠴᠠ ᠬᠤᠱᠢᠭᠤᠨ ᠳᠦᠪ᠎ᠲᠤ ᠨᠡᠪᠲᠡᠷᠡᠬᠦ᠌ ᠵᠠᠮ᠎ᠨᠢ ᠱᠢᠷᠣᠶ ᠴᠢᠯᠠᠭᠤᠨ ᠵᠠᠮ ᠪᠠᠢᠭ᠍ᠰᠠᠨ᠎ᠠᠴᠠ᠎ᠪᠠᠨ ᠠᠭᠠᠵᠢᠮ᠎ᠢᠶᠠᠷ ᠬᠠᠢᠷ ᠴᠢᠯᠠᠭᠤᠨ ᠵᠠᠮ᠂ ᠴᠠᠷᠳᠠᠮᠠᠯ ᠵᠠᠮ ᠪᠣᠯᠤᠭ᠍ᠰᠠᠨ ᠪᠣᠯᠪᠠᠴᠤ᠌ ᠮᠠᠯᠴᠢᠨ ᠲᠠᠷᠢᠶᠠᠴᠢᠨ᠎ᠤ ᠲᠩᠷᠢ᠎ᠶ᠋ᠢᠨ ᠴᠢᠷᠠᠶ᠎ᠶ᠋ᠢ ᠬᠠᠷᠠᠵᠤ ᠠᠮᠢᠳᠤᠷᠠᠬᠤ ᠪᠣᠳᠠᠲᠤ ᠪᠠ ᠵᠢᠳᠠᠯ᠎ᠨᠢ ᠬᠤᠪᠢᠷᠬᠠᠰᠠᠨ ᠥᠬᠡᠶ᠂ ᠠᠮᠢᠳᠤᠷᠠᠯ᠎ᠨᠢ ᠮᠥᠨ ᠯᠡ ᠰᠠᠢᠵᠢᠷᠠᠭ᠍ᠰᠠᠨ ᠥᠬᠡᠶ᠃ ᠮᠠᠰᠢ ᠣᠯᠠᠨ ᠬᠥᠮᠦᠨ ᠭᠠᠳᠠᠭ᠍ᠰᠢ ᠭᠠᠷᠴᠤ᠌ ᠠᠮᠢ ᠵᠢᠭᠤᠵᠤ᠂ ᠭᠠᠴᠠᠭᠠᠨ᠎ᠤ ᠬᠥᠮᠦᠨ ᠤᠯᠠᠮ᠎ᠢᠶᠠᠷ ᠴᠦᠬᠡᠷᠡᠭ᠌ᠰᠡᠨ ᠪᠠ ᠵᠢᠵᠠᠢ᠃
ᠡᠯᠡᠰᠤᠨ ᠴᠦᠯ᠎ᠳᠤ ᠲᠦᠱᠢᠭ᠌ᠯᠡᠨ ᠦᠢᠯᠡᠰ ᠪᠤᠰᠭᠠᠬᠤ ᠬᠦᠴᠢᠷ᠂ 2007 ᠣᠨ᠎ᠳᠤ ᠶᠡᠭᠡ ᠰᠤᠷᠭᠠᠭᠤᠯᠢ᠎ᠪᠠᠨ ᠲᠡᠭᠦᠰᠦᠭᠡᠳ ᠨᠤᠲᠤᠭ᠎ᠲᠠᠭᠠᠨ ᠪᠤᠴᠠᠭ᠍ᠰᠠᠨ ᠯᠦᠸᠧ ᠭᠠᠩ ᠠᠵᠠ ᠲᠣᠬᠢᠶᠠᠯ᠎ᠢ ᠣᠯᠵᠤ ᠬᠠᠷᠠᠵᠠᠶ᠃ ᠲᠤᠬᠠᠶ᠎ᠶ᠋ᠢᠨ ᠦᠶ᠎ᠡ᠎ᠳᠤ ᠡᠯᠡᠰᠦᠨ ᠴᠥᠯ᠎ᠤᠨ ᠵᠢᠭᠤᠯᠴᠢᠯᠠᠯ᠂ ᠡᠯᠡᠰᠦᠨ ᠴᠥᠯ᠎ᠤᠨ ᠬᠡᠭᠡᠷᠡᠯᠡᠬᠦ᠌ ᠠᠵᠢᠯᠯᠠᠭ᠎ᠠ ᠠᠭᠠᠵᠢᠮ᠎ᠢᠶᠠᠷ ᠥᠷᠨᠢᠵᠦ᠍᠂ ᠭᠠᠳᠠᠷ ᠣᠷᠣᠨ᠎ᠤ ᠡᠯᠡᠰᠦᠨ ᠴᠥᠯ᠎ᠤᠨ ᠬᠡᠭᠡᠷᠡᠯᠡᠬᠦ᠌ ᠳᠤᠷᠠᠲᠠᠶ ᠬᠥᠮᠦᠰ ᠦᠷᠭᠦᠯᠵᠢ ᠠᠳᠡ ᠴᠤᠭ᠍ᠯᠠᠷᠠᠵᠤ᠂ ᠡᠯᠡᠰᠦᠨ ᠴᠥᠯ᠎ᠳᠤ ᠣᠷᠣᠬᠤ᠎ᠳᠤ ᠨᠥᠬᠦᠪᠥᠷᠢᠯᠡᠯᠳᠠ ᠬᠠᠩᠭᠠᠬᠤ᠎ᠶ᠋ᠢᠨ ᠬᠠᠮᠲᠤ ᠲᠤᠬᠠᠶ᠎ᠶ᠋ᠢᠨ ᠭᠠᠵᠠᠷ᠎ᠤᠨ ᠬᠥᠮᠦᠰ᠎ᠢ ᠡᠷᠢᠵᠦ᠍ ᠵᠠᠮᠴᠢᠯᠠᠳᠠᠭ ᠪᠠᠢᠪᠠ᠃ 《ᠡᠯᠡᠰᠦᠨ ᠴᠥᠯ᠎ᠤᠨ ᠪᠠᠢᠭᠠᠯᠢ᠎ᠶ᠋ᠢᠨ ᠥᠩᠭᠡ ᠦᠵᠡᠮᠵᠢ ᠣᠨᠴᠠᠭᠠᠶ ᠪᠥᠭᠡᠳ ᠪᠢᠳᠡ ᠬᠠᠷᠠᠬᠠᠨ ᠪᠠᠭ᠎ᠠ᠎ᠠᠴᠠ᠎ᠪᠠᠨ ᠠᠳᠡ ᠦᠰᠦᠨ ᠪᠤᠢᠵᠢᠵᠤ ᠡᠯᠡᠰᠦᠨ ᠴᠥᠯ᠎ᠤᠨ ᠭᠠᠵᠠᠷ᠎ᠤᠨ ᠪᠠᠢᠴᠠ᠎ᠶ᠋ᠢ ᠰᠠᠢᠨ ᠮᠡᠳᠡᠳᠡᠭ᠂ ᠶᠠᠭᠤᠨ᠎ᠳᠤ ᠭᠠᠵᠠᠷ ᠵᠦᠶ᠎ᠶ᠋ᠢᠨ ᠳᠠᠪᠠᠭᠤᠯᠢᠭ᠎ᠢᠶᠠᠨ ᠪᠠᠳᠠᠷᠠᠭᠤᠯᠵᠤ᠂ ᠭᠠᠴᠠᠭ᠎ᠠ᠎ᠪᠠᠨ ᠵᠢᠭᠤᠯᠴᠢᠯᠠᠭ᠍ᠰᠡᠳ᠎ᠤᠨ ᠠᠷᠤ ᠲᠠᠯ᠎ᠠ᠎ᠶ᠋ᠢᠨ ᠦᠶ᠋ᠯᠡᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢᠨ ᠪᠣᠯᠭᠠᠬᠤ ᠥᠬᠡᠶ ᠪᠣᠶ?》 ᠭᠡᠵᠦ᠍ ᠯᠦᠸᠧ ᠭᠠᠩ ᠪᠤᠳᠤᠨ᠎ᠡ᠃
2008 ᠣᠨ᠎ᠳᠤ᠂ ᠯᠦᠸᠧ ᠭᠠᠩ ᠤᠯᠠᠨ ᠲᠠᠯ᠎ᠠ᠎ᠶ᠋ᠢᠨ ᠪᠡᠯᠡᠳᠭᠡᠯ᠎ᠢᠶᠠᠷ ᠳᠠᠮᠵᠢᠨ ᠭᠡᠷ᠎ᠤᠨ᠎ᠢᠶᠠᠨ ᠱᠢᠪᠠᠷ ᠪᠠᠢᠱᠢᠩ᠎ᠢ ᠱᠢᠨᠡᠳᠭᠡᠨ ᠵᠠᠰᠠᠵᠤ᠂ ᠭᠠᠴᠠᠭᠠᠨ᠎ᠤ᠎ᠪᠠᠨ ᠠᠩᠬᠠᠳᠠᠭ᠍ᠴᠢ ᠲᠠᠷᠢᠶᠠᠴᠢᠨ ᠠᠢᠯ᠎ᠤᠨ ᠵᠢᠭᠤᠯᠴᠢᠯᠠᠯ᠎ᠢ ᠡᠷᠬᠢᠯᠡᠪᠡ᠃ 2009 ᠣᠨ᠎ᠳᠤ᠂ ᠲᠡᠷᠡ ᠪᠠᠰᠠ ᠥᠪᠡᠷ᠎ᠢᠶᠠᠨ ᠲᠡᠷᠭᠡ ᠵᠢᠯᠣᠭᠤᠳᠴᠤ᠌ ᠵᠢᠭᠤᠯᠴᠢᠯᠠᠬᠤ᠂ ᠡᠯᠡᠰᠦᠨ ᠴᠦᠯ᠎ᠤᠨ ᠪᠠᠷᠲᠠᠭ᠎ᠠ ᠬᠠᠢᠬᠤ᠎ᠪᠠᠷ ᠭᠤᠣᠯ ᠠᠭᠤᠯᠭ᠎ᠠ ᠪᠣᠯᠭᠠᠭ᠍ᠰᠠᠨ 《ᠹᠧᠩ ᠱᠢᠩ ᠵᠧ》 ᠬᠡᠭᠡᠷᠡᠯᠡᠭ᠌ᠴᠢᠳᠤᠨ ᠺᠯᠦ᠋ᠪ᠎ᠢ ᠪᠠᠢᠭᠤᠯᠵᠤ᠂ ᠨᠢᠭᠡ ᠯᠡ ᠵᠢᠯ᠎ᠤᠨ ᠳᠣᠲᠣᠷ᠎ᠠ ᠺᠯᠦ᠋ᠪ᠎ᠤᠨ ᠭᠡᠱᠢᠭᠦᠳ᠎ᠢ ᠵᠣᠬᠢᠶᠠᠨ ᠪᠠᠢᠭᠤᠯᠵᠤ 8 ᠤᠳᠠᠭ᠎ᠠ ᠠᠮᠵᠢᠯᠲᠠ᠎ᠲᠠᠢ᠎ᠪᠠᠷ ᠭᠡᠭᠡᠷᠡᠯᠡᠨ ᠠᠶᠠᠯᠠᠪᠠ᠃ ᠲᠤᠷᠱᠢᠵᠤ ᠠᠮᠵᠢᠯᠲᠠ ᠣᠯᠤᠭ᠍ᠰᠠᠨ᠎ᠤ ᠳᠠᠷᠠᠭ᠎ᠠ᠂ 2011 ᠣᠨ᠎ᠳᠤ ᠲᠡᠷᠡ ᠪᠠᠯᠠ ᠮᠥᠩᠭᠦ᠌ ᠭᠠᠷᠭᠠᠵᠤ ᠭᠠᠴᠠᠭ᠎ᠠ᠎ᠳᠠᠭᠠᠨ ᠠᠯᠠᠱᠠ᠎ᠶ᠋ᠢᠨ ᠬᠡᠪ ᠨᠠᠮᠪᠠ᠎ᠲᠠᠢ ᠬᠡᠭᠡᠷᠡᠯᠡᠭ᠌ᠴᠢᠳᠤᠨ ᠰᠠᠭᠤᠷᠢᠨ᠎ᠢ ᠪᠠᠢᠭᠤᠯᠵᠤ᠂ ᠭᠠᠴᠠᠭᠠᠨ᠎ᠤ ᠮᠠᠯᠴᠢᠨ ᠲᠠᠷᠢᠶᠠᠴᠢᠨ᠎ᠢ ᠳᠠᠢᠴᠢᠯᠠᠨ ᠡᠯᠡᠰᠦᠨ ᠲᠠᠩ᠎ᠤᠨ ᠮᠣᠲ᠋ᠣᠷ ᠬᠤᠳᠠᠯᠳᠤᠨ ᠠᠪᠤᠭᠤᠯᠵᠤ᠂ ᠨᠢᠭᠡᠳᠦᠯᠲᠡᠶ ᠬᠠᠮᠢᠶᠠᠷᠤᠨ ᠡᠵᠡᠩᠨᠡᠭᠦᠯᠪᠡ᠃ ᠲᠤᠬᠠᠢ᠎ᠶ᠋ᠢᠨ ᠵᠢᠯ᠎ᠳᠤ᠂ ᠠᠯᠠᠱᠠ᠎ᠶ᠋ᠢᠨ ᠪᠠᠭᠠᠲᠤᠷᠴᠤᠳ᠎ᠤᠨ ᠴᠤᠬ᠍ᠯᠠᠭᠠᠨ ᠠᠯᠠᠱᠠ ᠵᠡᠭᠦᠨ ᠬᠤᠱᠢᠭᠤᠨ᠎ᠳᠤ ᠨᠤᠲᠤᠭ᠍ᠰᠢᠵᠤ᠂ ᠪᠦᠬᠦ᠌ ᠤᠯᠤᠰ᠎ᠤᠨ ᠡᠯ᠎ᠡ ᠭᠠᠵᠠᠷ᠎ᠤᠨ ᠬᠡᠭᠡᠷᠡᠯᠡᠭ᠌ᠴᠢᠳ ᠵᠢᠭᠤᠯᠴᠢᠯᠠᠯ᠎ᠳᠤ ᠪᠠᠭ᠍ᠠᠲᠠᠢ ᠬᠥᠮᠦᠰ ᠬᠤᠢᠨ᠎ᠠ ᠬᠤᠢᠨ᠎ᠠ᠎ᠠᠴᠠ᠎ᠪᠠᠨ ᠬᠦᠷᠦᠯᠴᠡᠨ ᠢᠷᠡᠵᠦ᠍᠂ ᠱᠢᠨ᠎ᠡ᠎ᠶ᠋ᠢᠨ ᠲᠤᠬᠤᠢ᠎ᠶ᠋ᠢᠨ ᠵᠢᠭᠤᠯᠴᠢᠯᠠᠯ᠎ᠤᠨ ᠦᠢᠯᠡᠰ᠎ᠤᠨ ᠬᠥᠭ᠌ᠵᠢᠯᠲᠡ᠎ᠳᠤ ᠱᠢᠨ᠎ᠡ ᠬᠦᠴᠦᠨ ᠨᠡᠮᠡᠷᠢᠯᠡᠵᠦ᠍᠂ ᠡᠭᠦᠨ᠎ᠳᠤ ᠣᠷᠣᠯᠴᠠᠭ᠍ᠰᠠᠨ ᠮᠠᠯᠴᠢᠨ ᠲᠠᠷᠢᠶᠠᠴᠢᠨ ᠨᠡᠩ ᠴᠤ᠌ 《ᠵᠢᠭᠤᠯᠴᠢᠯᠠᠯ᠎ᠤᠨ ᠤᠷᠤᠯᠭ᠎ᠠ》 ᠶ᠋ᠢᠨ ᠠᠱᠢᠭ᠎ᠢ ᠬᠦᠷᠳᠡᠭ᠌ᠰᠡᠨ ᠪᠠᠢᠨ᠎ᠠ᠃
ᠲᠠᠷᠢᠶᠠᠴᠢᠨ ᠠᠢᠯ᠎ᠤᠨ ᠵᠢᠭᠤᠯᠴᠢᠯᠠᠯ ᠡᠷᠬᠢᠯᠡᠬᠦ᠂ ᠡᠯᠡᠰᠦᠨ ᠴᠦᠯ᠎ᠤᠨ ᠬᠡᠭᠡᠷᠡᠯᠡᠭ᠌ᠴᠢ ᠮᠠᠱᠢᠨ ᠬᠤᠳᠠᠯᠳᠤᠨ ᠠᠪᠬᠤ᠂ ᠬᠤᠨᠣᠵᠤ ᠪᠠᠭᠤᠳᠠᠯᠯᠠᠬᠤ᠎ᠶ᠋ᠢ ᠬᠦᠯᠢᠶᠡᠨ ᠠᠪᠬᠤ᠂ ᠪᠦᠯᠬᠦᠮ ᠪᠠᠢᠭᠤᠯᠬᠤ᠂ ᠨᠤᠲᠤᠭ᠎ᠤᠨ ᠣᠨᠴᠠ ᠭᠠᠷᠤᠯᠲᠠ ᠬᠤᠳᠠᠯᠳᠤᠬᠤ ᠁ ᠢᠡᠭ᠌ᠭᠢᠭᠡᠳ ᠶᠡᠭᠡ ᠡᠷᠦᠭᠡ᠎ᠨᠢ ᠪᠠᠭ᠎ᠠ ᠡᠷᠦᠭᠡ᠎ᠪᠠᠨ ᠳᠠ ᠵᠢᠴᠢᠯᠠᠵᠤ᠂ ᠨᠢᠭᠡ ᠭᠠᠴᠠᠭ᠎ᠠ᠎ᠨᠢ ᠡᠷᠬᠢᠨ ᠲᠣᠭᠤᠷᠢᠨ᠎ᠤ ᠭᠠᠴᠠᠭ᠎ᠠ᠎ᠪᠠᠨ ᠳᠠ ᠵᠢᠴᠢᠯᠠᠵᠤ᠂ ᠤᠯᠠᠨ᠎ᠢᠶᠠᠷ᠎ᠢᠶᠠᠨ ᠬᠥᠳᠡᠯᠦᠯᠴᠡᠵᠦ᠍ ᠡᠬᠢᠯᠡᠪᠡ᠃ 《ᠡᠷᠬᠢᠨ ᠲᠣᠭᠤᠷᠢᠨ᠎ᠳᠤ 200 ᠭᠠᠷᠤᠶ ᠮᠠᠱᠢᠨ ᠲᠡᠷᠭᠡ᠎ᠲᠠᠢ᠂ ᠮᠠᠱᠢᠨ ᠲᠡᠷᠭᠡᠨ᠎ᠳᠤ ᠲᠦᠱᠢᠭ᠌ᠯᠡᠨ ᠡᠵᠡᠩᠨᠡᠯᠲᠡ ᠬᠢᠵᠦ᠍ ᠪᠠᠢᠭ᠎ᠠ ᠲᠤᠬᠠᠶ᠎ᠶ᠋ᠢᠨ ᠭᠠᠵᠠᠷ᠎ᠤᠨ ᠵᠢᠯᠣᠭᠤᠴᠢ ᠳᠠᠷᠤᠶ 200 ᠭᠠᠷᠤᠶ ᠬᠥᠮᠦᠨ ᠪᠣᠶ᠂ ᠵᠢᠭᠤᠯᠴᠢᠯᠠᠯ᠎ᠤᠨ ᠪᠦᠯᠬᠦᠮ ᠢᠷᠡᠩᠭᠦᠳᠡ ᠵᠢᠷᠬᠢᠶ᠎ᠡ᠎ᠶ᠋ᠢᠨ ᠬᠤᠯᠪᠣᠭ᠎ᠠ᠎ᠠᠴᠠ ᠨᠢᠭᠡ ᠳᠠᠭᠤᠳᠠᠮᠠᠭ᠍ᠴᠠ ᠣᠯᠠᠨ᠎ᠢᠶᠠᠷ᠎ᠢᠶᠠᠨ ᠴᠤᠭ᠍ᠯᠠᠷᠠᠵᠤ᠂ ᠨᠢᠭᠡ ᠯᠡ ᠡᠳᠤᠷ᠎ᠲᠤ ᠭᠡᠳᠤᠨ ᠵᠠᠭᠤᠨ ᠲᠦᠬᠦᠷᠢᠭ ᠤᠯᠴᠢᠬᠠᠨᠡ!》 ᠭᠡᠵᠦ᠍ ᠡᠯᠡᠰᠦᠨ ᠴᠦᠯ᠎ᠤᠨ ᠬᠡᠭᠡᠷᠡᠯᠡᠬᠦ᠌ ᠮᠠᠱᠢᠨ ᠲᠡᠷᠭᠡ᠂ ᠡᠯᠡᠰᠦᠨ ᠴᠦᠯ᠎ᠤᠨ ᠮᠣᠲ᠋ᠣᠷ ᠲᠡᠷᠭᠡ᠎ᠶ᠋ᠢᠨ ᠡᠮᠦᠨ᠎ᠡ ᠵᠣᠭ᠍ᠰᠣᠵᠤ᠂ ᠯᠦᠸᠧ ᠭᠠᠩ ᠰᠡᠳᠭᠢᠯ ᠳᠣᠭ᠍ᠳᠣᠯᠤᠨ ᠬᠡᠯᠡᠨ᠎ᠡ᠃
ᠡᠳᠦᠭᠡ᠂ ᠡᠨᠡ ᠬᠦ᠌ ᠡᠯᠡᠰᠦᠨ ᠴᠦᠯ᠎ᠤᠨ ᠬᠥᠪᠡᠭᠡᠨ᠎ᠳᠠᠬᠢ ᠭᠠᠴᠠᠭ᠎ᠠ᠎ᠶ᠋ᠢᠨ ᠳᠦᠷᠰᠦ ᠪᠠᠢᠳᠠᠯ ᠠᠯᠢ ᠬᠡᠳᠦ᠋ᠢᠨ ᠱᠢᠨᠡᠳᠴᠦ᠍᠂ ᠤᠰᠤ᠂ ᠴᠠᠬᠢᠯᠭᠠᠨ᠂ ᠲᠣᠣᠷ᠂ ᠵᠠᠮ ᠪᠦᠷ ᠨᠡᠪᠲᠡᠷᠡᠵᠦ᠍᠂ ᠨᠤᠲᠤᠭ᠎ᠤᠨ ᠬᠥᠮᠦᠰ ᠱᠢᠪᠠᠷ ᠪᠠᠢᠱᠢᠩᠠᠴᠠᠪᠠᠨ ᠠᠭᠤᠵᠢᠮ ᠰᠠᠷᠠᠭᠤᠯ ᠲᠣᠭᠤᠰᠭᠠᠨ ᠪᠠᠢᠱᠢᠩ᠎ᠳᠤ ᠨᠡᠭᠦᠨ ᠣᠷᠣᠪᠠ᠃ ᠭᠠᠴᠠᠭ᠎ᠠ᠎ᠠᠴᠠ ᠨᠢᠭᠡ ᠺᠢᠯᠣᠮᠧᠲᠷ ᠵᠠᠢᠲᠠᠶ᠂ ᠬᠦᠯᠡᠮᠵᠢ᠎ᠳᠠᠬᠢ ᠭᠦᠵᠡᠯᠵᠡᠭᠡᠨ᠎ᠡ ᠪᠠ ᠲᠥᠪᠡᠳ ᠬᠠᠰᠢ᠎ᠨᠢ ᠳᠥᠷᠪᠡᠨ ᠤᠯᠠᠷᠢᠯ᠎ᠳᠤ ᠲᠡᠭᠦᠵᠦ᠍ ᠪᠣᠯᠤᠨ᠎ᠠ᠂ ᠲᠡᠵᠢᠭᠡᠨ ᠦᠷᠡᠵᠢᠭᠦᠯᠬᠦ᠌ ᠣᠷᠣᠨ᠎ᠤ ᠦᠬᠡᠷ ᠬᠤᠨᠢ᠎ᠨᠢ ᠡᠯ᠎ᠡ ᠲᠠᠷᠢᠶᠠᠴᠢᠨ ᠠ ᠵᠢᠯ᠎ᠳᠠᠬᠢ ᠵᠤᠭᠠᠴᠠᠯ᠂ ᠮᠠᠯᠴᠢᠨ ᠠ ᠵᠢᠯ᠎ᠳᠠᠬᠢ ᠵᠤᠭᠠᠴᠠᠯ᠎ᠳᠤ ᠬᠠᠩᠭᠠᠭ᠍ᠳᠠᠵᠤ᠂ ᠭᠡᠷ᠎ᠠᠴᠠ᠎ᠪᠠᠨ ᠭᠠᠷᠬᠤ ᠦᠭᠡᠢ᠎ᠪᠠᠷ ᠪᠡᠯᠡᠨ ᠵᠣᠭᠤᠰ ᠪᠤᠯᠪᠠ᠃ ᠵᠢᠭᠤᠯᠴᠢᠯᠠᠯ ᠬᠦᠭ᠌ᠵᠢᠩᠭᠦᠢ ᠤᠯᠠᠷᠢᠯ᠎ᠨᠢ ᠲᠠᠪᠤᠨ ᠰᠠᠷ᠎ᠠ᠎ᠶ᠋ᠢᠨ ᠨᠢᠭᠡᠨ᠂ ᠤᠯᠤᠰ᠎ᠤᠨ ᠪᠠᠶᠠᠷ᠎ᠤᠨ ᠠᠮᠠᠷᠠᠯᠲᠠ᠎ᠳᠤ ᠪᠠ ᠵᠢᠭ᠍ᠰᠠᠨ᠎ᠠᠴᠠ ᠵᠢᠯ ᠪᠦᠷᠢ᠎ᠶ᠋ᠢᠨ 4 ᠰᠠᠷ᠎ᠠ᠎ᠠᠴᠠ 10 ᠰᠠᠷ᠎ᠠ᠎ᠶ᠋ᠢᠨ ᠰᠡᠭᠦᠯᠴᠢ ᠪᠣᠯᠲᠠᠯ᠎ᠠ ᠪᠤᠯᠵᠤ ᠬᠤᠪᠢᠷᠠᠪᠠ᠃ ᠭᠠᠳᠠᠨ᠎ᠠ ᠣᠷᠣᠨ᠎ᠤ ᠵᠤᠭᠠᠴᠠᠭ᠍ᠰᠠᠳ ᠲᠠᠰᠤᠷᠠᠯᠲᠠ ᠥᠬᠡᠶ ᠨᠡᠮᠡᠭ᠌ᠳᠡᠬᠦ᠌᠎ᠶ᠋ᠢ ᠳᠠᠭᠠᠯᠳᠤᠨ᠂ ᠪᠠᠶᠠᠵᠢᠬᠤ ᠵᠠᠮ ᠴᠤ᠌ ᠶᠠᠪᠤᠬᠤ ᠲᠤᠲᠤᠮ ᠥᠷᠭᠡᠵᠢᠵᠦ᠍᠂ ᠭᠠᠳᠠᠭ᠍ᠰᠢ ᠭᠠᠷᠴᠤ᠌ ᠬᠦᠴᠦ᠍ ᠶᠠᠪᠤᠵᠤ ᠪᠠᠢᠭ᠎ᠠ ᠮᠠᠯᠴᠢᠨ ᠲᠠᠷᠢᠶᠠᠴᠢᠨ ᠬᠤᠢᠨ᠎ᠠ ᠬᠤᠢᠨ᠎ᠠ᠎ᠠᠴᠠ᠎ᠪᠠᠨ ᠨᠤᠲᠤᠭ᠎ᠲᠠᠭᠠᠨ ᠪᠤᠴᠠᠵᠤ ᠵᠢᠭᠤᠯᠴᠢᠯᠡᠯ᠎ᠤᠨ ᠦᠢᠯᠡᠰ᠎ᠢ ᠪᠤᠰᠭᠠᠪᠠ᠃
ᠭᠠᠴᠠᠭᠠᠨ᠎ᠤ ᠴᠡᠪᠡᠷ ᠴᠡᠮᠴᠡᠭᠡᠷ ᠵᠠᠮ᠎ᠢᠶᠠᠷ ᠳᠣᠲᠣᠭ᠍ᠰᠢ᠎ᠪᠠᠨ ᠶᠠᠪᠤᠪᠠᠯ᠂ ᠵᠢᠭᠤᠯᠴᠢᠯᠠᠯ᠎ᠤᠨ ᠦᠶ᠋ᠯᠡᠴᠢᠯᠡᠭᠡᠨ᠎ᠤ ᠦᠢᠯᠡᠰ᠎ᠢ ᠬᠠᠮᠤᠭ ᠰᠠᠢᠨ ᠬᠢᠵᠦ᠍ ᠪᠠ ᠵᠢᠭ᠎ᠠ ᠯᠢᠦ ᠱᠢᠩ ᠭᠦᠸᠧ᠎ᠶ᠋ᠢᠨ ᠭᠡᠷ᠎ᠲᠤ ᠬᠦᠷᠦᠨ᠎ᠡ᠃ ᠡᠭᠦᠳᠡᠨ ᠢᠯᠡᠷᠬᠡᠢᠯᠡᠯ ᠲᠡᠭᠡᠷᠡᠬᠢ 《ᠠᠯᠲᠠᠨ ᠱᠢᠷᠭᠠᠯ ᠡᠯᠡᠰᠦᠨ ᠴᠥᠯ᠎ᠤᠨ ᠬᠡᠷ ᠪᠦᠯᠢ᠎ᠶ᠋ᠢᠨ ᠲᠠᠷᠢᠶᠠᠯᠠᠩ᠎ᠤᠨ ᠲᠠᠯᠠᠪᠠᠶ》 ᠭᠡᠰᠡᠨ ᠬᠡᠳᠦᠨ ᠲᠣᠮᠣ ᠥᠰᠥᠭ ᠲᠣᠳᠣᠬᠠᠨ ᠬᠠᠷᠠᠭ᠍ᠳᠠᠵᠤ᠂ ᠬᠦᠷᠢᠶᠡᠨ ᠳᠣᠲᠣᠷ᠎ᠠ ᠨᠣᠭᠤᠭᠠᠨ ᠯᠠᠵᠤᠤ᠂ ᠤᠯᠠᠭᠠᠨ ᠱᠠᠪᠲᠠᠯ᠎ᠠ ᠳᠦᠭᠦᠷᠲᠡᠯ᠎ᠡ ᠤᠷᠭᠤᠪᠠ᠂ ᠯᠢᠦ ᠱᠢᠩ ᠭᠦᠸᠧ ᠶᠠᠭ ᠱᠢᠨ᠎ᠡ᠎ᠪᠠᠷ ᠵᠠᠰᠠᠵᠤ ᠴᠢᠮᠡᠭ᠌ᠰᠡᠨ ᠵᠣᠴᠢᠨ᠎ᠤ ᠥᠷᠥᠭᠡ᠎ᠪᠠᠨ ᠴᠡᠪᠡᠷᠯᠡᠵᠦ᠍ ᠪᠠᠢᠯ᠎ᠠ᠃
ᠬᠡᠳᠦᠨ ᠵᠢᠯ᠎ᠤᠨ ᠡᠮᠦᠨ᠎ᠡ᠂ ᠠᠪᠤ ᠡᠵᠢ᠎ᠶ᠋ᠢᠨ ᠬᠢᠨᠢ ᠪᠡᠶ᠎ᠡ᠎ᠨᠢ ᠮᠠᠭᠤᠳᠠᠵᠤ ᠵᠢᠯ ᠲᠤᠵᠢ ᠡᠮ ᠤᠤᠭᠤᠵᠤ᠂ ᠨᠠᠭᠠᠴᠤ᠌ ᠡᠮᠡᠭᠡ᠎ᠨᠢ ᠴᠦ᠍ ᠬᠡᠪᠲᠡᠷᠢ᠎ᠳᠤ ᠤᠷᠤᠪᠠ᠂ ᠵᠢᠯ᠎ᠳᠡᠭᠡᠨ ᠣᠷᠣᠯᠭ᠎ᠠ᠎ᠨᠢ ᠵᠠᠷᠤᠯᠭ᠎ᠠ᠎ᠳᠠᠭᠠᠨ ᠬᠦᠷᠬᠦ᠌ ᠦᠭᠡᠢ ᠪᠠᠢᠭ᠍ᠰᠠᠨ ᠪᠣᠯᠬᠤᠷ ᠯᠢᠦ ᠱᠢᠩ ᠭᠦᠸᠧ᠎ᠶ᠋ᠢᠨ᠎ᠬᠢᠨ ᠭᠠᠴᠠᠭᠠᠨ᠎ᠤ᠎ᠪᠠᠨ ᠨᠡᠢᠲᠡᠯᠢᠭ ᠶᠠᠳᠠᠭᠤ ᠬᠦᠴᠢᠷᠳᠡᠯᠲᠡᠢ ᠡᠷᠦᠬᠡ ᠪᠤᠯᠪᠠ᠃ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢᠨ ᠲᠥᠯᠥᠭᠡ᠂ ᠲᠡᠷᠡ ᠪᠠᠰᠠ 10 ᠲᠦᠮᠡᠨ ᠲᠥᠭᠦᠷᠢᠭ᠎ᠤᠨ ᠵᠢᠭᠡᠯᠡᠯᠭᠡ ᠠᠪᠴᠤ᠌ ᠲᠠᠷᠢᠵᠦ᠍ ᠲᠡᠵᠢᠭᠡᠨ ᠦᠷᠡᠵᠢᠭᠦᠯᠬᠦ᠌ ᠠᠵᠢᠯ ᠬᠢᠪᠡ᠂ ᠭᠡᠪᠡᠴᠦ᠍ ᠲᠡᠷᠡ ᠦᠶ᠎ᠡ᠎ᠳᠤ ᠦᠬᠡᠷ ᠬᠤᠨᠢᠨ ᠮᠢᠬ᠎ᠠ ᠪᠣᠷᠣᠯᠠᠭᠤᠯᠬᠤ ᠵᠠᠮ ᠦᠭᠡᠢ᠎ᠠᠴᠠ᠂ ᠵᠢᠯ ᠵᠢᠯ ᠵᠣᠭᠤᠰ ᠪᠤᠴᠠᠭᠠᠵᠤ ᠵᠢᠯ ᠵᠢᠯ ᠵᠢᠭᠡᠯᠡᠵᠦ᠍᠂ 10 ᠲᠦᠮᠡᠨ ᠲᠥᠭᠦᠷᠢᠭ᠎ᠤᠨ ᠵᠢᠭᠡᠯᠡᠯᠭᠡ᠎ᠪᠠᠨ ᠴᠦ᠍ ᠬᠡᠵᠢᠶᠡᠳᠡ ᠲᠦᠯᠦᠵᠦ᠍ ᠪᠠᠷᠠᠬᠤ ᠦᠭᠡᠢ ᠪᠠᠢᠪᠠ᠃ 2017 ᠣᠨ᠎ᠳᠤ᠂ ᠨᠤᠲᠤᠭ᠎ᠤᠨ᠎ᠢᠶᠠᠨ ᠰᠠ᠊ ᠶ᠋ᠢᠨ ᠰᠠᠢᠬᠠᠨ ᠪᠠᠢᠳᠠᠯ᠎ᠢ ᠬᠠᠷᠠᠭᠠᠳ᠂ ᠭᠠᠳᠠᠨ᠎ᠠ ᠬᠥᠯᠥᠰᠥᠨ ᠠᠵᠢᠯ ᠬᠢᠵᠦ᠍ ᠪᠠᠢᠭ᠍ᠰᠠᠨ ᠯᠢᠦ ᠱᠢᠩ ᠭᠦᠸᠧ ᠨᠤᠲᠤᠭ᠎ᠲᠠᠭᠠᠨ ᠪᠤᠴᠠᠵᠤ ᠬᠥᠭ᠌ᠵᠢᠬᠦ᠌᠎ᠪᠠᠷ ᠲᠣᠭ᠍ᠲᠠᠪᠠ᠃ ᠦᠢᠯᠡᠴᠢᠯᠡᠭᠡᠨ᠎ᠤ ᠠᠵᠢᠯ ᠲᠦᠷᠦᠯ᠎ᠠᠴᠠ ᠬᠤᠷᠠᠮᠳᠤᠭᠤᠯᠤᠭ᠍ᠰᠠᠨ ᠲᠤᠷᠱᠢᠯᠭ᠎ᠠ᠎ᠪᠠᠨ ᠠᠱᠢᠭ᠍ᠯᠠᠵᠤ᠂ ᠲᠡᠷᠡ ᠱᠠᠩᠬᠠᠢ᠎ᠶ᠋ᠢᠨ ᠨᠢᠭᠡᠨ ᠵᠢᠭᠤᠯᠴᠢᠯᠠᠯ᠎ᠤᠨ ᠬᠤᠷᠱᠢᠶ᠎ᠠ᠎ᠲᠠᠢ ᠬᠠᠮᠲᠤᠷᠠᠨ᠂ ᠲᠤᠰᠭᠠᠢᠯᠠᠨ ᠵᠢᠭᠤᠯᠴᠢᠯᠠᠯ᠎ᠤᠨ ᠪᠦᠯᠬᠦᠮ᠎ᠢ ᠬᠦᠯᠢᠶᠡᠨ ᠠᠪᠴᠤ᠌᠂ ᠪᠦᠬᠦ᠋ᠢᠯᠡ ᠪᠦᠯᠬᠦᠮ᠎ᠤᠨ ᠠᠷᠤ ᠲᠠᠯ᠎ᠠ᠎ᠶ᠋ᠢᠨ ᠦᠢᠯᠡᠴᠢᠯᠡᠭᠡᠨ᠎ᠤ ᠪᠠᠲᠤᠯᠠᠭ᠎ᠠ᠂ ᠲᠠᠭᠠᠭᠤᠯᠤᠬ᠍ᠴᠢ᠂ ᠡᠳ᠋ ᠪᠠᠷᠠᠭ᠎ᠠ ᠵᠥᠭᠡᠭᠡᠪᠦᠷᠢᠯᠡᠨ ᠬᠦᠷᠭᠡᠬᠦ᠂ ᠵᠠᠮ ᠳᠠᠭᠠᠤ᠎ᠶ᠋ᠢᠨ ᠪᠠᠲᠤᠯᠠᠭ᠎ᠠ᠂ ᠢᠳᠡᠭᠡᠨ ᠤᠮᠳᠠᠭᠠᠨ ᠵᠡᠷᠭᠡ ᠲᠠᠯ᠎ᠠ᠎ᠪᠠᠷ ᠴᠥᠮ᠎ᠢ ᠬᠠᠮᠤᠷᠠᠨ ᠦᠢᠯᠡᠴᠢᠯᠡᠪᠡ᠃
ᠲᠩᠷᠢ ᠬᠠᠪᠰᠤᠷᠴᠦ᠍ ᠬᠥᠮᠦᠨ᠎ᠨᠢ ᠴᠢᠷᠮᠠᠢᠨ᠎ᠠ᠂ ᠬᠡᠲᠦ ᠴᠢᠩᠭ᠎ᠠ ᠦᠶ᠋ᠯᠡᠴᠢᠯᠡᠭᠡᠨ᠎ᠤ ᠤᠬᠠᠮᠰᠠᠷ᠎ᠨᠢ ᠲᠡᠭᠦᠨ᠎ᠢ ᠮᠠᠰᠢ ᠬᠤᠷᠳᠤᠨ ᠠᠵᠢᠯ ᠲᠥᠷᠥᠯ᠎ᠤᠨ ᠣᠷᠦ᠋ᠢᠯᠠᠭ᠍ᠴᠢ ᠪᠣᠯᠭᠠᠪᠠ᠃ 《ᠲᠠᠪᠤᠨ ᠰᠠᠷ᠎ᠠ᠎ᠶ᠋ᠢᠨ ᠨᠢᠭᠡᠨ᠂ ᠤᠯᠤᠰ᠎ᠤᠨ ᠪᠠᠶᠠᠷ᠎ᠤᠨ ᠠᠮᠠᠷᠠᠯᠲᠠ᠎ᠳᠤ ᠨᠢᠭᠡ ᠡᠳᠦᠷ᠎ᠲᠤ ᠬᠤᠶᠠᠷ ᠭᠤᠷᠪᠠᠨ ᠲᠦᠮᠡ᠎ᠶ᠋ᠢ ᠣᠯᠤᠨ᠎ᠠ᠂ ᠵᠢᠯᠲᠤ ᠵᠤᠭᠠᠴᠠᠭ᠍ᠰᠠᠳᠢ ᠲᠦᠮᠡ ᠢᠯᠡᠭᠦᠦ ᠬᠥᠮᠦᠨ ᠤᠳᠠᠭ᠎ᠠ ᠬᠦᠯᠢᠶᠡᠨ ᠲᠤᠰᠤᠨ᠎ᠠ᠃ ᠬᠠᠮᠤᠭ ᠣᠯᠠᠨ᠎ᠳᠠᠭᠠᠨ ᠨᠢᠭᠡ ᠡᠳᠦᠷ 1100 ᠭᠠᠷᠤᠢ ᠬᠥᠮᠦᠨ᠎ᠢ ᠬᠦᠯᠢᠶᠡᠨ ᠠᠪᠴᠤ᠌ ᠥᠩᠭᠡᠷᠡᠵᠡᠢ᠂ ᠪᠢ 16 ᠮᠠᠩᠵᠠᠨ ᠲᠣᠭᠤᠭ᠎ᠠ ᠪᠠᠷᠢᠵᠤ᠂ ᠪᠦᠬᠦ᠌ ᠲᠣᠰᠭᠤᠨ᠎ᠤ ᠡᠮᠡᠭ᠌ᠲᠡᠢᠴᠦᠳ᠎ᠢ ᠴᠤᠭ᠍ᠯᠠᠭᠤᠯᠵᠤ᠂ ᠥᠷᠯᠥᠭᠡ᠎ᠶ᠋ᠢᠨ ᠲᠠᠪᠤᠨ ᠴᠠᠭ᠎ᠠᠴᠠ ᠡᠬᠢᠯᠡᠨ ᠵᠤᠭᠠᠴᠠᠭ᠍ᠰᠠᠳ᠎ᠲᠤ ᠬᠤᠭᠤᠯᠠ ᠪᠡᠯᠡᠳᠭᠡᠵᠡᠢ》᠃ ᠯᠢᠦ ᠱᠢᠩ ᠭᠦᠸᠧ ᠣᠮᠤᠭ ᠪᠠᠭ᠍ᠠᠳᠤᠯ᠎ᠢᠶᠠᠷ ᠪᠢᠯᠬᠠᠨ᠎ᠠ᠃ ᠨᠢᠭᠡᠯᠬᠡᠨ ᠵᠢᠯ᠎ᠤᠨ ᠳᠣᠲᠣᠷ᠎ᠠ᠂ ᠲᠡᠷᠡ ᠥᠷᠢᠲᠦᠭ᠌ᠰᠡᠨ ᠠᠷᠪᠠᠨ ᠬᠡᠳᠦᠨ ᠲᠦᠮᠡᠨ ᠵᠢᠭᠡᠯᠡᠯᠭᠡ᠎ᠪᠠᠨ ᠪᠦᠬᠦᠨ᠎ᠢ ᠲᠦᠯᠦᠵᠦ᠍ ᠳᠠᠭᠤᠰᠭᠠᠪᠠ᠃
ᠡᠯᠡᠰᠦᠨ ᠴᠦᠯ᠎ᠤᠨ ᠵᠢᠭᠤᠯᠴᠢᠯᠠᠯ᠎ᠳᠤ ᠲᠦᠱᠢᠭ᠌ᠯᠡᠨ᠂ 《ᠱᠢᠨ ᠸᠠᠨ》 ᠱᠢᠨ᠎ᠡ ᠳᠦᠷᠰᠦ ᠪᠠᠢᠳᠠᠯ᠎ᠲᠠᠢ ᠪᠤᠯᠵᠤ᠂ ᠯᠢᠦ ᠱᠢᠩ ᠭᠦᠸᠧ ᠪᠠᠰᠠ 《ᠪᠡᠶ᠎ᠡ ᠤᠷᠪᠠᠭ᠍ᠤ》 ᠭᠤᠶᠤ ᠳᠠᠢᠯᠠᠯᠳᠤᠭᠠᠨ ᠬᠢᠵᠡᠢ᠃ 《ᠲᠠᠷᠠᠭᠠᠴᠢ᠎ᠶ᠋ᠢᠨ ᠠᠯᠬᠤᠮ᠎ᠳᠤ᠂ ᠪᠢᠳᠡ ᠣᠯᠠᠨ ᠡᠱᠢᠵᠢᠭ᠌ᠰᠡᠨ ᠬᠥᠭ᠌ᠵᠢᠯᠲᠡ᠎ᠶ᠋ᠢ ᠰᠦᠪᠡᠭ᠌ᠴᠢᠯᠡᠵᠦ᠍᠂ ᠨᠢᠭᠡ ᠲᠠᠯ᠎ᠠ᠎ᠪᠠᠷ ᠵᠢᠭᠤᠯᠴᠢᠯᠠᠯ᠎ᠤᠨ ᠵᠠᠮ ᠱᠤᠭᠤᠮ᠎ᠢ ᠤᠷᠲᠤᠳᠭᠠᠵᠤ᠂ ᠡᠷᠬᠢᠨ ᠲᠣᠭᠤᠷᠢᠨ᠎ᠤ ᠦᠵᠡᠮᠵᠢ᠎ᠶ᠋ᠢᠨ ᠣᠷᠣᠨ᠎ᠤ ᠠᠯᠳᠠᠷᠱᠢᠯ᠎ᠢ ᠨᠡᠮᠡᠭ᠌ᠳᠡᠭᠦᠯᠦᠨ᠎ᠡ; ᠨᠦᠬᠦᠭᠡ ᠲᠠᠯ᠎ᠠ᠎ᠪᠠᠷ ᠡᠯᠡᠰᠦᠨ ᠴᠥᠯ᠎ᠤᠨ ᠵᠢᠭᠤᠯᠴᠢᠯᠠᠯ᠎ᠢ ᠠᠱᠢᠭ᠍ᠯᠠᠨ ᠮᠠᠨ᠎ᠤ ᠴᠢᠨᠠᠷ ᠰᠠᠢᠲᠠᠶ ᠦᠬᠡᠷ ᠬᠤᠨᠢᠨ ᠮᠢᠬ᠎ᠠ᠎ᠶ᠋ᠢ ᠳᠡᠯᠭᠡᠷᠡᠭᠦᠯᠵᠦ᠍᠂ ᠭᠠᠴᠠᠭ᠎ᠠ ᠵᠢᠴᠢ ᠡᠷᠬᠢᠨ ᠲᠣᠭᠤᠷᠢᠨ᠎ᠤ ᠲᠡᠵᠢᠭᠡᠨ ᠦᠷᠡᠵᠢᠭᠦᠯᠬᠦ᠌ ᠦᠶ᠋ᠯᠡᠰ᠎ᠤᠨ ᠬᠥᠭ᠌ᠵᠢᠯᠲᠡ᠎ᠶ᠋ᠢ ᠠᠬᠢᠭᠤᠯᠤᠨ᠎ᠠ》 ᠭᠡᠵᠦ᠍ ᠯᠢᠦ ᠱᠢᠩ ᠭᠦᠸᠧ ᠢᠲᠡᠭᠡᠯ ᠳᠦᠭᠦᠷᠡᠩ ᠬᠡᠯᠡᠪᠡ᠃