ᠤᠯᠤᠰ᠎ᠤᠨ ᠪᠠᠶᠠᠷ᠎ᠤᠨ ᠠᠮᠠᠷᠠᠯᠳᠠ᠎ᠶ᠋ᠢᠨ ᠠᠩᠬᠠᠨ᠎ᠤ ᠡᠳᠤᠷ᠂ 2021 · ᠥᠪᠥᠷ ᠮᠣᠩᠭᠤᠯ᠎ᠤᠨ ᠬᠠᠲᠤᠨ ᠭᠤᠤᠯ᠎ᠤᠨ ᠲᠤᠬᠤᠢ᠎ᠶ᠋ᠢᠨ ᠠᠮᠢ ᠠᠬᠤᠶ᠎ᠶ᠋ᠢᠨ ᠰᠣᠶᠣᠯ ᠵᠢᠭᠤᠯᠴᠢᠯᠠᠯ᠎ᠤᠨ ᠤᠯᠠᠷᠢᠯ ᠵᠢᠴᠢ ᠬᠥᠬᠡᠬᠤᠲᠠ᠎ᠶ᠋ᠢᠨ ᠴᠡᠯᠡᠭᠡᠷ ᠲᠠᠯ᠎ᠠ ᠲᠠᠯ᠎ᠠ ᠨᠤᠲᠤᠭ᠎ᠤᠨ ᠰᠣᠶᠣᠯ ᠵᠢᠭᠤᠯᠴᠢᠯᠠᠯ᠎ᠤᠨ ᠱᠢᠷᠢᠰ ᠠᠵᠢᠯᠯᠠᠭ᠎ᠠ ᠴᠢᠩ ᠱᠦᠶ ᠾᠧ ᠱᠢᠶᠠᠨ᠎ᠳᠤ ᠡᠬᠢᠯᠡᠵᠤ᠂ ᠤᠷᠠᠨ ᠰᠠᠢᠬᠠᠨ᠎ᠤ ᠲᠣᠭ᠍ᠯᠠᠯᠲᠠ᠂ ᠠᠷᠠᠳ᠎ᠤᠨ ᠵᠠᠩ ᠦᠶ᠋ᠯᠡ᠎ᠶ᠋ᠢᠨ ᠲᠣᠭ᠍ᠯᠠᠯᠲᠠ᠂ ᠬᠠᠲᠤᠨ ᠭᠤᠤᠯ᠎ᠤᠨ ᠥᠪᠡᠷᠮᠢᠴᠡ ᠣᠨᠴᠠᠯᠢᠭ ᠪᠥᠬᠦᠶ ᠰᠣᠶᠣᠯ᠎ᠤᠨ ᠡᠭᠦᠳᠦᠯᠲᠡ᠎ᠶ᠋ᠢᠨ ᠦᠵᠡᠭᠦᠯᠭᠡ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠡᠶᠡᠴᠢᠯᠡᠨ ᠣᠢᠯᠠᠭᠠᠯᠲᠠ᠂ ᠴᠡᠯᠡᠭᠡᠷ ᠲᠠᠯ᠎ᠠ᠎ᠶ᠋ᠢᠨ ᠠᠮᠳᠠᠳᠦ ᠢᠳᠡᠭᠡᠨ᠎ᠤ ᠨᠠ ᠵᠢᠷ᠂ ᠨᠤᠲᠤᠭ᠎ᠤᠨ ᠣᠨᠴᠠ ᠭᠠᠷᠤᠯᠲᠠ᠎ᠶ᠋ᠢᠨ ᠦᠵᠡᠭᠦᠯᠭᠡ ᠵᠡᠷᠭᠡ ᠡᠯᠪᠡᠭ ᠪᠠᠶᠠᠯᠢᠭ ᠬᠡᠯᠪᠡᠷᠢ᠎ᠪᠠᠷ ᠬᠦᠷ ᠬᠦᠭ᠌ᠵᠢᠶᠡᠨᠳᠠᠢ ᠶᠠᠪᠤᠭ᠍ᠳᠠᠵᠤ ᠪᠤᠢ᠃
ᠬᠦᠬᠡᠬᠤᠳᠠ ᠡᠢᠮᠦᠷᠬᠦᠤ ᠠᠵᠢᠯᠯᠠᠭ᠎ᠠ᠎ᠶ᠋ᠢ ᠡᠷᠭᠢᠯᠡᠬᠦ᠌᠎ᠪᠠᠷ ᠳᠠᠮᠵᠢᠨ ᠣᠷᠣᠨ᠎ᠤ ᠲᠥᠪ᠎ᠢ 《ᠤᠮᠠᠷᠠᠰᠢ ᠲᠠᠯ᠎ᠠ ᠨᠤᠲᠤᠭ᠎ᠲᠤ ᠰᠡᠯᠡᠬᠦᠴᠡᠬᠦ᠂ ᠪᠠᠷᠠᠭᠤᠨᠰᠢ ᠶᠡᠭᠡ ᠡᠯᠡᠰᠦᠨ ᠴᠥᠯ᠎ᠢᠶᠠᠷ ᠠᠶᠠᠯᠠᠬᠤ᠂ ᠡᠮᠦᠨᠡᠰᠢ ᠬᠠᠲᠤᠨ ᠭᠤᠤᠯ᠎ᠢ ᠰᠣᠨᠢᠷᠬᠠᠬᠤ᠂ ᠵᠡᠭᠦᠨᠰᠢ ᠪᠡᠭᠡᠵᠢᠩ ᠲᠢᠶᠠᠨᠵᠢᠨ᠎ᠳᠤ ᠬᠦᠷᠬᠦ᠌》 ᠵᠢᠭᠤᠯᠴᠢᠯᠠᠯ᠎ᠤᠨ ᠲᠥᠪᠯᠡᠷᠡᠭᠦᠯᠦᠨ ᠲᠠᠷᠬᠠᠭᠠᠬᠤ ᠴᠢᠬᠤᠯᠠ ᠲᠥᠪ ᠪᠣᠯᠭᠠᠨ ᠪᠥᠲᠥᠭᠡᠨ ᠪᠠᠢᠭᠤᠯᠬᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠵᠢᠭᠤᠯᠴᠢᠯᠠᠭ᠍ᠰᠠᠳ᠎ᠲᠤ ᠤᠨᠴᠠ᠎ᠶ᠋ᠢᠨ ᠰᠠ ᠵᠢᠬᠠᠨ ᠦᠩᠬᠡ ᠦᠵᠡᠮᠵᠢ᠎ᠶ᠋ᠢ ᠰᠣᠨᠢᠷᠬᠠᠭᠤᠯᠬᠤ᠂ ᠠᠮᠲᠠᠲᠤ ᠢᠳᠡᠭᠡᠨ᠎ᠢ ᠵᠤᠭᠤᠭ᠍ᠯᠠᠭᠤᠯᠬᠤ᠂ ᠰᠡᠯᠡᠭᠦᠴᠡᠨ ᠠᠮᠠᠷᠠᠭᠤᠯᠬᠤ᠂ ᠤᠨᠴᠠᠯᠢᠬ᠍ᠳᠦ ᠪᠠᠷᠠᠭ᠎ᠠ ᠬᠤᠳᠠᠯᠳᠤᠨ ᠠᠪᠤᠭᠤᠯᠬᠤ᠎ᠶ᠋ᠢ ᠠᠬᠢᠭᠤᠯᠬᠤ᠎ᠶ᠋ᠢᠨ ᠲᠦᠯᠦᠭᠡ ᠶᠤᠮ᠃ ᠬᠥᠬᠡᠬᠤᠲᠠ ᠤᠳᠤ 《ᠣᠷᠣᠨ ᠪᠦᠰᠡ᠎ᠶ᠋ᠢᠨ ᠰᠡᠯᠡᠭᠦᠴᠡᠯ ᠠᠮᠠᠷᠠᠯᠲᠠ᠎ᠶ᠋ᠢᠨ ᠲᠥᠪ᠎ᠢ ᠪᠦᠳᠦᠬᠡᠨ ᠪᠠᠢᠭᠤᠯᠬᠤ》 ᠶᠡᠷᠦᠩᠬᠡ ᠵᠢᠯᠡᠭ᠌ᠰᠡᠨ ᠲᠦᠰᠦᠪ᠎ᠢ ᠬᠡᠷᠡᠭ᠌ᠵᠢᠬᠦᠯᠵᠦ᠍᠂ 《ᠤᠮᠠᠷᠠᠲᠤ ᠬᠡᠰᠡᠭ᠎ᠤᠨ ᠴᠡᠯᠡᠭᠡᠷ ᠲᠠᠯ᠎ᠠ᠎ᠶ᠋ᠢᠨ ᠲᠠᠯ᠎ᠠ ᠨᠤᠲᠤᠭ᠎ᠤᠨ ᠦᠵᠡᠮᠵᠢ᠎ᠶ᠋ᠢᠨ ᠰᠣᠶᠣᠯ ᠵᠢᠭᠤᠯᠴᠢᠯᠠᠯ᠎ᠤᠨ ᠪᠦᠰᠡ ᠪᠤᠯᠤᠨ ᠡᠮᠦᠨᠡᠲᠦ ᠬᠡᠰᠡᠭ᠎ᠤᠨ ᠬᠠᠳᠤᠨ ᠭᠤᠤᠯ᠎ᠤᠨ ᠦᠵᠡᠮᠵᠢ᠎ᠶ᠋ᠢᠨ ᠰᠣᠶᠣᠯ ᠵᠢᠭᠤᠯᠴᠢᠯᠠᠯ᠎ᠤᠨ ᠪᠦᠰᠡ᠎ᠶ᠋ᠢ ᠪᠦᠲᠦᠭᠡᠨ ᠪᠠᠢᠭᠤᠯᠬᠤ》 ᠱᠢᠨ᠎ᠡ ᠠᠶᠠᠨ᠎ᠢ ᠡᠬᠢᠯᠡᠭᠦᠯᠵᠦ᠍᠂ ᠤᠯᠠᠭᠠᠨᠴᠠᠪ ᠬᠤᠳᠠ᠂ ᠪᠤᠭᠤᠲᠤ ᠬᠤᠳᠠ ᠪᠠ ᠣᠷᠳᠣᠰ ᠬᠤᠳᠠ ᠵᠡᠷᠭᠡ ᠡᠷᠭᠢᠨ ᠲᠣᠭᠤᠷᠢᠨ᠎ᠤ ᠭᠠᠵᠠᠷ᠎ᠲᠠᠢ ᠬᠠᠮᠲᠤᠷᠠᠨ ᠰᠣᠳᠣᠨ ᠵᠢᠭᠤᠯᠴᠢᠯᠠᠯ᠎ᠤᠨ ᠵᠠᠮ ᠱᠤᠭᠤᠮ᠎ᠢ ᠴᠣᠭ᠍ᠴᠠᠯᠠᠨ᠂ ᠵᠢᠭᠤᠯᠴᠢᠯᠠᠯ᠎ᠤᠨ ᠠᠮᠢ ᠠᠬᠤᠶ ᠪᠠ ᠬᠥᠮᠦᠨ ᠨᠡᠢᠭᠡᠮ᠎ᠤᠨ ᠰᠤᠶᠤᠯ ᠵᠠᠩᠱᠢᠯ᠎ᠤᠨ ᠠᠭᠤᠯᠤᠭ᠍ᠳᠠᠬᠤᠨ᠎ᠢ ᠪᠠᠶᠠᠯᠢᠭ᠍ᠵᠢᠭᠤᠯᠵᠤ᠂ ᠪᠡᠭᠡᠵᠢᠩ ᠲᠢᠶᠠᠨᠵᠢᠨ ᠾᠧᠪᠧᠶ᠎ᠶ᠋ᠢᠨ ᠰᠡᠯᠡᠭᠦᠴᠡᠯ ᠠᠮᠠᠷᠠᠯᠲᠠ᠎ᠶ᠋ᠢᠨ 《ᠠᠷᠤ ᠴᠡᠴᠡᠷᠯᠢᠭ》 ᠢ ᠴᠣᠭ᠍ᠴᠠᠯᠠᠵᠤ ᠪᠠ ᠵᠢᠨ᠎ᠠ᠃
2021 · ᠥᠪᠥᠷ ᠮᠣᠩᠭᠤᠯ᠎ᠤᠨ ᠬᠠᠲᠤᠨ ᠭᠤᠤᠯ᠎ᠤᠨ ᠲᠤᠬᠤᠢ᠎ᠶ᠋ᠢᠨ ᠠᠮᠢ ᠠᠬᠤᠶ᠎ᠶ᠋ᠢᠨ ᠰᠣᠶᠣᠯ ᠵᠢᠭᠤᠯᠴᠢᠯᠠᠯ᠎ᠤᠨ ᠤᠯᠠᠷᠢᠯ ᠵᠢᠴᠢ ᠬᠥᠬᠡᠬᠤᠲᠠ᠎ᠶ᠋ᠢᠨ ᠴᠡᠯᠡᠭᠡᠷ ᠲᠠᠯ᠎ᠠ ᠳᠠᠯ᠎ᠠ ᠨᠤᠲᠤᠭ᠎ᠤᠨ ᠰᠣᠶᠣᠯ ᠵᠢᠭᠤᠯᠴᠢᠯᠠᠯ᠎ᠤᠨ ᠱᠢᠷᠢᠰ ᠠᠵᠢᠯᠯᠠᠭ᠎ᠠ᠎ᠨᠢ ᠭᠤᠢᠳᠠ ᠰᠠᠢᠬᠠᠨ ᠰᠣᠶᠣᠯ ᠵᠢᠭᠤᠯᠴᠢᠯᠠᠯ᠎ᠤᠨ ᠠᠵᠢᠯᠯᠠᠭ᠎ᠠ᠎ᠪᠠᠷ ᠲᠠᠮᠵᠢᠨ ᠬᠥᠮᠦᠰ᠎ᠲᠤ ᠬᠠᠲᠤᠨ ᠭᠤᠤᠯ᠎ᠢ ᠣᠢᠯᠠᠭᠠᠭᠤᠯᠵᠤ᠂ ᠬᠠᠲᠤᠨ ᠭᠤᠤᠯ᠎ᠤᠨ ᠰᠣᠶᠣᠯ ᠬᠢᠭᠡᠳ ᠪᠠᠢᠭᠠᠯᠢ᠎ᠶ᠋ᠢᠨ ᠭᠤᠸ᠎ᠠ ᠰᠠᠢᠬᠠᠨ᠎ᠢ ᠮᠡᠳᠡᠷᠡᠬᠦᠯᠬᠦ᠌ ᠪᠣᠯᠤᠨ᠎ᠠ᠃ ᠡᠭᠦᠨ᠎ᠤ ᠬᠠᠮᠲᠤ 《ᠴᠡᠯᠡᠭᠡᠷ ᠲᠠᠯ᠎ᠠ》 ᠰᠣᠶᠣᠯ ᠵᠢᠭᠤᠯᠴᠢᠯᠠᠯ᠎ᠤᠨ ᠲᠥᠷᠥᠯ ᠲᠡᠮᠳᠡᠭ᠎ᠢ ᠤᠬᠠᠭᠤᠯᠤᠨ ᠳᠡᠯᠭᠡᠷᠡᠭᠦᠯᠵᠦ᠍᠂ ᠠᠷᠠᠳ ᠣᠯᠠᠨ᠎ᠤ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠲᠠᠰᠤᠷᠠᠯᠲᠠ ᠥᠬᠡᠶ ᠬᠠᠩᠭᠠᠨ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠣᠶᠤᠨ ᠰᠠᠨᠠᠭᠠᠨ᠎ᠤ ᠬᠡᠷ ᠣᠷᠣᠨ᠎ᠤ ᠪᠠᠢᠭᠤᠯᠤᠯᠳᠠ᠎ᠳᠤ ᠬᠦᠴᠦᠨ ᠨᠡᠮᠡᠷᠢᠯᠡᠬᠦ᠌᠎ᠶ᠋ᠢ ᠵᠤᠷᠢᠵᠠᠢ᠃