ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《ᠬᠤᠳᠠ ᠬᠥᠳᠡᠭᠡ᠎ᠶ᠋ᠢᠨ ᠪᠦᠳᠦᠭᠡᠨ ᠪᠠᠢᠭᠤᠯᠤᠯᠲᠠ ᠳᠤᠮᠳᠠ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ᠎ᠶ᠋ᠢ ᠴᠢᠩᠭᠠᠳᠭᠠᠬᠤ ᠲᠤᠬᠠᠢ ᠰᠠᠨᠠᠯ》 ᠎ᠢ ᠳᠠᠷᠤᠮᠠᠯᠯᠠᠨ ᠲᠠᠷᠬᠠᠭᠠᠪᠠ
2021-10-08 09:45:54
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠳᠤᠮᠳᠠ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ᠎ᠶ᠋ᠢ ᠴᠢᠩᠭᠠᠳᠭᠠᠬᠤ ᠲᠤᠬᠠᠶ ᠰᠠᠨᠠᠯ》 ᠎ᠢ ᠳᠠᠷᠤᠮᠠᠯᠯᠠᠨ ᠲᠠᠷᠬᠠᠭᠠᠭ᠍ᠰᠠᠨ ᠪᠥᠭᠡᠳ ᠮᠡᠳᠡᠭ᠌ᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠶ ᠭᠡᠵᠦ᠍ ᠱᠠᠭᠠᠷᠳᠠᠪᠠ᠃

《ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠳᠤᠮᠳᠠ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ᠎ᠶ᠋ᠢ ᠴᠢᠩᠭᠠᠳᠭᠠᠬᠤ ᠲᠤᠬᠠᠶ ᠰᠠᠨᠠᠯ》 ᠎ᠤᠨ ᠪᠥᠬᠦ᠌ ᠠᠭᠤᠯᠭ᠎ᠠ᠎ᠨᠢ ᠳᠤᠤᠷᠠᠬᠢ ᠮᠡᠲᠦ᠍᠃

ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠤᠮᠳᠠ ᠲᠡᠦᠬᠡ ᠰᠣᠶᠣᠯ᠎ᠤᠨ ᠥᠪ᠎ᠢ ᠱᠢᠰᠲ᠋ᠧᠮ᠎ᠲᠠᠢ ᠰᠠᠢᠲᠤᠷ ᠬᠠᠮᠠᠭᠠᠯᠠᠵᠤ᠂ ᠠᠱᠢᠬ᠍ᠯᠠᠵᠤ᠂ ᠤᠯᠠᠮᠵᠢᠯᠠᠨ ᠵᠠᠯᠭᠠᠮᠵᠢᠯᠠᠬᠤ᠎ᠨᠢ ᠲᠡᠦᠬᠡ ᠰᠣᠶᠣᠯ᠎ᠤᠨ ᠰᠤᠳᠠᠰᠤ᠎ᠶ᠋ᠢ ᠦᠷᠭᠦᠯᠵᠢᠯᠡᠭᠦᠯᠬᠦ᠂ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠰᠣᠶᠣᠯ᠎ᠤᠨ ᠢᠲᠡᠭᠡᠯ᠎ᠢ ᠪᠠᠲᠤᠳᠭᠠᠬᠤ᠂ ᠨᠡᠢᠭᠡᠮ ᠵᠢᠷᠤᠮ᠎ᠤᠨ ᠰᠣᠶᠣᠯ᠎ᠤᠨ ᠬᠦᠴᠦᠷᠬᠡᠭ ᠤᠯᠤᠰ᠎ᠢ ᠪᠥᠲᠥᠭᠡᠨ ᠪᠠᠢᠭᠤᠯᠬᠤ᠎ᠳᠤ ᠴᠢᠬᠤᠯᠠ ᠠᠴᠢ ᠬᠤᠯᠪᠣᠭ᠍ᠳᠠᠯ᠎ᠲᠠᠢ ᠶᠤᠮ᠃ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠳᠤᠮᠳᠠ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ᠎ᠶ᠋ᠢ ᠤᠯᠠᠮ ᠨᠢᠭᠡ ᠠᠯᠬᠤᠮ ᠴᠢᠩᠭᠠᠳᠭᠠᠬᠤ᠎ᠶ᠋ᠢᠨ ᠲᠤᠰᠠᠳᠠ᠂ ᠡᠳᠦᠭᠡ ᠳᠤᠤᠷᠠᠬᠢ ᠮᠡᠲᠦ ᠰᠠᠨᠠᠯ᠎ᠢ ᠳᠤᠷᠠᠳᠪᠠ᠃


ᠨᠢᠭᠡ᠂ ᠶᠡᠷᠦᠩᠬᠡᠶ ᠱᠠᠭᠠᠷᠳᠠᠯᠭ᠎ᠠ

(ᠨᠢᠬᠡ) ᠵᠢᠯᠣᠭᠤᠳᠭᠤ ᠦᠵᠡᠯ ᠰᠠᠨᠠᠭ᠎ᠠ᠃ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠬᠤᠶᠠᠳᠤᠭᠠᠷ᠂ ᠭᠤᠷᠪᠠᠳᠤᠭᠠᠷ᠂ ᠳᠦᠷᠪᠡᠳᠦᠭᠡᠷ᠂ ᠲᠠᠪᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ 《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠶ ᠪᠠᠢᠷᠢᠱᠢᠭᠤᠯᠤᠯᠲᠠ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠬᠤ ᠪᠠ 《ᠳᠥᠷᠪᠡᠨ ᠪᠥᠬᠦ᠌ ᠲᠠᠯ᠎ᠠ》 ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠱᠢᠭᠤᠯᠤᠯᠲᠠ᠎ᠶ᠋ᠢ ᠵᠣᠬᠢᠴᠠᠩᠭᠤᠶ ᠠᠬᠢᠭᠤᠯᠬᠤ᠎ᠲᠠᠢ ᠨᠢᠭ᠍ᠲᠠ ᠤᠶᠠᠯᠳᠤᠭᠤᠯᠤᠨ᠂ ᠬᠠᠮᠠᠭᠠᠯᠠᠯᠲᠠ᠎ᠶ᠋ᠢ ᠢᠮᠠᠭ᠍ᠲᠠ ᠲᠡᠷᠢᠭᠦᠨ ᠪᠠᠢᠷᠢᠨ᠎ᠳᠤ ᠲᠠᠯᠪᠢᠵᠤ᠂ ᠬᠤᠳᠠ ᠬᠥᠳᠡᠭᠡ᠎ᠶ᠋ᠢᠨ ᠲᠡᠦᠬᠡ ᠰᠣᠶᠣᠯ᠎ᠤᠨ ᠥᠪ᠎ᠢ ᠱᠢᠰᠲ᠋ᠧᠮ᠎ᠲᠠᠢ ᠪᠦᠷᠢᠨ ᠪᠦᠲᠦᠨ ᠬᠠᠮᠠᠭᠠᠯᠠᠵᠤ ᠤᠯᠠᠮᠵᠢᠯᠠᠬᠤ ᠪᠠ ᠳᠤᠮᠳᠠᠳᠤ ᠤᠯᠤᠰ᠎ᠤᠨ ᠦᠯᠢᠭᠡᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠯᠢᠭᠡᠷ᠎ᠢ ᠪᠦᠬᠦ᠌ ᠲᠠᠯ᠎ᠠ᠎ᠪᠠᠷ ᠦᠨᠡᠨ ᠪᠣᠳᠠᠲᠠᠢ᠎ᠪᠠᠷ ᠰᠠᠢᠲᠤᠷ ᠶᠠᠷᠢᠬᠤ᠎ᠪᠠᠷ ᠬᠠᠷᠠᠯᠲᠠ ᠪᠤᠯᠭᠠᠵᠤ᠂ ᠲᠡᠦᠬᠡ᠎ᠳᠤ ᠬᠠᠷᠢᠭᠤᠴᠠᠬᠤ ᠂ ᠠᠷᠠᠳ ᠲᠦᠮᠡᠨ᠎ᠳᠤ ᠬᠠᠷᠢᠭᠤᠴᠠᠬᠤ ᠣᠪᠣᠷ᠎ᠢᠶᠠᠷ᠂ ᠳᠦᠷᠢᠮ᠎ᠤᠨ ᠦᠵᠦ᠍ ᠲᠥᠯᠥᠪᠯᠡᠭᠡ᠎ᠶ᠋ᠢ ᠴᠢᠩᠭᠠᠳᠭᠠᠵᠤ᠂ ᠲᠥᠷᠥᠯ ᠬᠤᠪᠢᠶᠠᠭ᠍ᠰᠠᠨ᠎ᠨᠢ ᠱᠢᠨᠵᠢᠯᠡᠬᠦ᠌ ᠤᠬᠠᠭᠠᠨᠴᠢ᠂ ᠬᠠᠮᠠᠭᠠᠯᠠᠯᠲᠠ᠎ᠨᠢ ᠬᠦᠴᠦᠨ᠎ᠲᠠᠢ᠂ ᠬᠠᠮᠢᠶᠠᠷᠤᠯᠲᠠ᠎ᠨᠢ ᠦᠷ᠎ᠡ ᠪᠦᠲᠦᠮᠵᠢᠲᠡᠶ ᠬᠤᠲᠠ ᠬᠥᠳᠡᠭᠡ᠎ᠶ᠋ᠢᠨ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ ᠱᠢᠰᠲ᠋ᠧᠮ᠎ᠢ ᠪᠠᠢᠭᠤᠯᠤᠨ᠎ᠠ; ᠲᠦᠷᠢᠮ ᠲᠣᠭ᠍ᠲᠠᠴᠠ ᠲᠦᠷᠦ᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠵᠦ᠍᠂ ᠬᠠᠮᠠᠭᠠᠯᠠᠵᠤ ᠠᠱᠢᠬ᠍ᠯᠠᠬᠤ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠣᠷᠣᠨ ᠵᠠᠢ᠎ᠶ᠋ᠢ ᠪᠦᠬᠦᠨ᠎ᠢ ᠬᠠᠮᠤᠷᠴᠤ᠌᠂ ᠡᠯᠧᠮᠧᠨ᠋ᠲ᠎ᠢ ᠪᠦᠬᠦᠨ᠎ᠢ ᠪᠠᠭ᠍ᠲᠠᠭᠠᠵᠤ᠂ ᠲᠠᠩ ᠴᠣᠭ᠍ᠴᠠ᠎ᠶ᠋ᠢᠨ ᠪᠠᠷᠢᠯᠭ᠎ᠠ᠎ᠶ᠋ᠢ ᠬᠠᠮᠠᠭᠠᠯᠠᠬᠤ᠎ᠪᠠᠷ ᠪᠠᠷᠠᠬᠤ ᠦᠭᠡᠢ ᠪᠠᠰᠠ ᠵᠡᠭᠡᠯᠢ ᠭᠤᠳᠤᠮᠵᠢ ᠵᠡᠭᠡᠯᠢ ᠲᠤᠭᠤᠷᠢᠭ᠂ ᠬᠤᠳᠠ ᠪᠠᠯᠭᠠᠰᠤᠨ᠎ᠤ ᠪᠠᠢᠷᠢᠱᠢᠯ᠎ᠢ ᠬᠠᠮᠠᠭᠠᠯᠠᠵᠤ᠂ ᠲᠡᠦᠬᠡ᠎ᠲᠠᠢ ᠭᠠᠵᠠᠷ ᠬᠡᠰᠡᠭ᠂ ᠪᠠᠢᠭᠠᠯᠢ᠎ᠶ᠋ᠢᠨ ᠦᠵᠡᠮᠵᠢ᠂ ᠰᠣᠶᠣᠯ ᠢᠷᠭᠡᠨᠱᠢᠯ᠎ᠤᠨ ᠣᠷᠴᠢᠨ ᠲᠣᠭᠤᠷᠢᠨ ᠪᠣᠯᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠰᠠᠢᠲᠤᠷ ᠬᠠᠮᠠᠭᠠᠯᠠᠵᠤ᠂ ᠬᠤᠳᠠ ᠬᠥᠳᠡᠭᠡ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠲᠤᠮᠳᠠ ᠲᠡᠦᠬᠡ ᠰᠣᠶᠣᠯ᠎ᠤᠨ ᠥᠪ ᠲᠠᠰᠤᠷᠠᠯᠳᠠ ᠦᠭᠡᠢ ᠡᠪᠳᠡᠭ᠌ᠳᠡᠬᠦ᠂ ᠨᠤᠷᠠᠭᠠᠭ᠍ᠳᠠᠬᠤ ᠵᠡᠷᠭᠡ ᠲᠤᠪᠤᠢᠮ᠎ᠠ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠡᠯ᠎ᠡ ᠴᠠᠭ ᠦᠶ᠎ᠡ᠎ᠶ᠋ᠢᠨ ᠴᠢᠬᠤᠯᠠ ᠬᠤᠳᠠ ᠬᠥᠳᠡᠭᠡ᠎ᠶ᠋ᠢᠨ ᠲᠡᠦᠬᠡ ᠰᠣᠶᠣᠯ᠎ᠤᠨ ᠥᠪ᠎ᠢ ᠱᠢᠰᠲ᠋ᠧᠮᠲᠦ ᠴᠢᠨᠠᠷᠲᠠᠢ ᠬᠠᠮᠠᠭᠠᠯᠠᠬᠤ᠎ᠶ᠋ᠢ ᠪᠠᠲᠤᠯᠠᠵᠤ᠂ ᠨᠡᠢᠭᠡᠮ ᠵᠢᠷᠤᠮ᠎ᠤᠨ ᠰᠣᠶᠣᠯ᠎ᠤᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ᠎ᠳᠤ ᠬᠦᠴᠦᠲᠡᠢ ᠪᠠᠲᠤᠯᠠᠭ᠎ᠠ ᠬᠠᠩᠭᠠᠨ᠎ᠠ᠃

(ᠬᠤᠶᠠᠷ) ᠠᠵᠢᠯ᠎ᠤᠨ ᠵᠠᠷᠴᠢᠮ᠃

— ᠨᠢᠭᠡᠳᠦᠯᠲᠡᠢ ᠲᠥᠯᠥᠪᠵᠢᠭᠦᠯᠦᠨ᠂ ᠱᠢᠰᠲ᠋ᠧᠮ᠎ᠲᠠᠢ ᠠᠬᠢᠭᠤᠯᠬᠤ᠎ᠶ᠋ᠢ ᠪᠠᠷᠢᠮᠲᠠᠯᠠᠨ᠎ᠠ᠃ ᠤᠯᠤᠰ᠎ᠠᠴᠠ ᠨᠢᠭᠡᠳᠦᠯᠲᠡᠢ ᠲᠥᠯᠥᠪᠵᠢᠭᠦᠯᠬᠦ᠂ ᠳᠡᠭᠡᠳᠦ ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠌᠎ᠶ᠋ᠢ ᠪᠠᠷᠢᠮᠲᠠᠯᠠᠵᠤ᠂ ᠡᠯ᠎ᠡ ᠱᠠᠲᠤᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ᠎ᠤ ᠬᠤᠲᠠ ᠬᠥᠳᠡᠭᠡ᠎ᠶ᠋ᠢᠨ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ ᠳᠤᠮᠳᠠᠬᠢ ᠵᠣᠬᠢᠶᠠᠨ ᠪᠠᠢᠭᠤᠯᠵᠤ ᠤᠳᠤᠷᠢᠳᠭᠤ ᠪᠠ ᠶᠡᠷᠦᠩᠬᠡᠢᠯᠡᠨ ᠵᠣᠬᠢᠴᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠲᠦᠯᠦᠪᠵᠢᠬᠦᠯᠭᠡ᠂ ᠪᠦᠲᠦᠭᠡᠨ ᠪᠠᠢᠭᠤᠯᠤᠯᠲᠠ᠂ ᠬᠠᠮᠢᠶᠠᠷᠤᠯᠲᠠ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠬᠢᠨᠠᠯᠲᠠ ᠲᠠᠯᠪᠢᠵᠤ ᠪᠠᠢᠴᠠᠭᠠᠬᠤ ᠪᠠ ᠬᠠᠷᠢᠭᠤᠴᠠᠯᠭ᠎ᠠ ᠨᠡᠬᠡᠮᠵᠢᠯᠡᠬᠦ᠌ ᠦᠷ᠎ᠡ ᠪᠦᠳᠦᠮᠵᠢ᠎ᠶ᠋ᠢ ᠪᠠᠢᠴᠠᠭᠠᠬᠤ᠎ᠶ᠋ᠢ ᠴᠢᠩᠭᠠᠳᠭᠠᠵᠤ᠂ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌᠎ᠶ᠋ᠢ ᠠᠬᠢᠭᠤᠯᠵᠤ᠂ ᠠᠵᠢᠯ᠎ᠤᠨ ᠪᠦᠬᠦᠯᠢ ᠴᠣᠭ᠍ᠴᠠᠲᠤ ᠴᠢᠨᠠᠷ᠂ ᠱᠢᠰᠲ᠋ᠧᠮᠲᠦ ᠴᠢᠨᠠᠷ᠎ᠢ ᠴᠢᠩᠭᠠᠳᠭᠠᠨ᠎ᠠ᠃

— ᠥᠷᠲᠡᠭ᠎ᠤᠨ ᠤᠳᠤᠷᠢᠳᠤᠮᠵᠢ᠎ᠶ᠋ᠢ ᠪᠠᠷᠢᠮᠲᠠᠯᠠᠵᠤ᠂ ᠬᠠᠮᠠᠭᠠᠯᠠᠪᠠᠰᠤ ᠵᠣᠬᠢᠬᠤ᠎ᠶ᠋ᠢ᠎ᠨᠢ ᠪᠦᠬᠦᠨ᠎ᠢ ᠬᠠᠮᠠᠭᠠᠯᠠᠨ᠎ᠠ᠃ ᠲᠡᠦᠬᠡ ᠰᠣᠶᠣᠯ᠎ᠤᠨ ᠦᠨ᠎ᠡ ᠥᠷᠲᠡᠭ᠎ᠢᠶᠠᠷ ᠤᠳᠤᠷᠢᠳᠤᠮᠵᠢ ᠪᠣᠯᠭᠠᠵᠤ᠂ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠎ᠢ ᠬᠠᠮᠠᠭᠠᠯᠠᠬᠤ ᠱᠠᠭᠠᠷᠳᠠᠯᠭ᠎ᠠ ᠶᠣᠰᠣᠭᠠᠷ᠂ ᠤᠷᠤᠱᠢᠬᠤᠢ ᠪᠦᠬᠦᠢ ᠰᠤᠶᠤᠯ᠎ᠤᠨ ᠥᠪ᠎ᠤᠨ ᠣᠨᠴᠠᠯᠢᠭ᠎ᠲᠤ ᠵᠣᠬᠢᠴᠠᠭᠤᠯᠵᠤ᠂ ᠡᠷᠲᠡᠨ᠎ᠤ ᠪᠠ ᠣᠷᠴᠢᠨ ᠣᠲᠣ ᠦᠶ᠎ᠡ᠎ᠶ᠋ᠢᠨ᠂ ᠬᠤᠲᠠ ᠪᠠ ᠬᠥᠳᠡᠭᠡ ᠲᠣᠰᠭᠤᠨ᠂ ᠪᠣᠳᠠᠰ᠎ᠤᠨ ᠪᠠ ᠪᠣᠳᠠᠰ᠎ᠤᠨ ᠪᠤᠰᠤ ᠵᠡᠷᠭᠡ ᠲᠡᠦᠬᠡ ᠰᠣᠶᠣᠯ᠎ᠤᠨ ᠥᠪ᠎ᠢ ᠪᠥᠬᠦ᠌ ᠲᠠᠯ᠎ᠠ᠎ᠪᠠᠷ ᠰᠠᠢᠲᠤᠷ ᠬᠠᠮᠠᠭᠠᠯᠠᠵᠤ᠂ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ ᠲᠤᠮᠳᠠ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠳ᠋ᠯᠡᠬᠦ᠌ ᠳᠤᠮᠳᠠᠳᠤ᠎ᠶ᠋ᠢᠨ ᠰᠣᠶᠣᠯ᠎ᠤᠨ ᠲᠡᠮᠳᠡᠭ ᠪᠠ ᠳᠤᠮᠳᠠᠳᠤ᠎ᠶ᠋ᠢᠨ ᠦᠨᠳᠦᠰᠦᠲᠡᠨ᠎ᠤ ᠳᠦᠷᠢ ᠲᠥᠷᠬᠦ᠌᠎ᠶ᠋ᠢ ᠪᠣᠶ ᠪᠣᠯᠭᠠᠬᠤ ᠪᠠ ᠳᠣᠪᠤᠢᠯᠭᠠᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠂ ᠬᠤᠪᠢᠰᠭᠠᠯᠲᠤ ᠰᠣᠶᠣᠯ᠂ ᠨᠡᠢᠭᠡᠮ ᠵᠢᠷᠤᠮ᠎ᠤᠨ ᠲᠡᠷᠢᠭᠦᠨ᠎ᠤ ᠰᠣᠶᠣᠯ᠎ᠢ ᠪᠠᠳᠠᠷᠠᠭᠤᠯᠤᠨ ᠬᠥᠭ᠌ᠵᠢᠭᠦᠯᠦᠨ᠎ᠡ᠃

— ᠵᠦᠶ ᠵᠣᠬᠢᠰᠲᠠᠶ ᠠᠱᠢᠬ᠍ᠯᠠᠵᠤ᠂ ᠤᠯᠠᠮᠵᠢᠯᠠᠨ ᠬᠥᠭ᠌ᠵᠢᠭᠦᠯᠬᠦ᠌᠎ᠶ᠋ᠢ ᠪᠠᠷᠢᠮᠲᠠᠯᠠᠨ᠎ᠠ᠃ ᠠᠷᠠᠳ ᠲᠦᠮᠡᠨ᠎ᠢᠶᠠᠷ ᠭᠤᠤᠯ ᠪᠣᠯᠭᠠᠬᠤ᠎ᠶ᠋ᠢ ᠪᠠᠷᠢᠮᠲᠠᠯᠠᠵᠤ᠂ ᠪᠦᠲᠦᠭᠡᠯᠴᠢ ᠴᠢᠨᠠᠷᠲᠠᠶ᠎ᠪᠠᠷ ᠤᠨᠳᠤᠤᠱᠢᠭᠤᠯᠬᠤ᠂ ᠱᠢᠨ᠎ᠡ᠎ᠶ᠋ᠢ ᠡᠭᠦᠳᠬᠦ᠌ ᠴᠢᠨᠠᠷᠲᠠᠶ᠎ᠪᠠᠷ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠬᠠᠮᠠᠭᠠᠯᠠᠵᠤ ᠤᠯᠠᠮᠵᠢᠯᠠᠬᠤ ᠠᠵᠢᠯ᠎ᠢ ᠠᠵᠤ ᠠᠬᠤᠶ ᠨᠡᠢᠭᠡᠮ᠎ᠤᠨ ᠬᠥᠭ᠌ᠵᠢᠯᠲᠡ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ ᠪᠣᠯᠤᠨ ᠣᠲᠣ ᠦᠶ᠎ᠡ᠎ᠶ᠋ᠢᠨ ᠠᠮᠢᠳᠤᠷᠠᠯ᠎ᠳᠤ ᠠᠭᠤᠰᠤᠯᠴᠠᠭᠤᠯᠵᠤ᠂ ᠲᠡᠦᠬᠡ ᠰᠣᠶᠣᠯ ᠬᠢᠭᠡᠳ ᠬᠤᠲᠠ ᠬᠥᠳᠡᠭᠡ᠎ᠶ᠋ᠢᠨ ᠬᠥᠭ᠌ᠵᠢᠯᠲᠡ᠎ᠶ᠋ᠢ ᠠᠭᠤᠰᠤᠯᠴᠠᠭᠤᠯᠵᠤ᠂ ᠲᠡᠦᠬᠡ ᠰᠣᠶᠣᠯ᠎ᠤᠨ ᠥᠪ᠎ᠤᠨ ᠨᠡᠢᠭᠡᠮ᠎ᠤᠨ ᠰᠤᠷᠭᠠᠨ ᠬᠥᠮᠦᠵᠢᠯ᠎ᠤᠨ ᠦᠢᠯᠡᠳᠦᠯ ᠪᠣᠯᠤᠨ ᠬᠡᠷᠡᠭ᠌ᠯᠡᠭᠡᠨ᠎ᠤ ᠥᠷᠲᠡᠭ᠎ᠢ ᠪᠠᠳᠠᠷᠠᠭᠤᠯᠵᠤ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠶ᠋ᠢ ᠴᠢᠬᠤᠯᠠᠴᠢᠯᠠᠵᠤ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠲᠠᠰᠤᠷᠠᠯᠲᠠ ᠥᠬᠡᠶ ᠬᠠᠩᠭᠠᠨ᠎ᠠ᠃

— ᠣᠯᠠᠨ ᠲᠠᠯ᠎ᠠ᠎ᠶ᠋ᠢᠨ᠎ᠬᠢᠨ᠎ᠤ ᠣᠷᠣᠯᠴᠠᠬᠤ᠎ᠶ᠋ᠢ ᠪᠠᠷᠢᠮᠲᠠᠯᠠᠵᠤ᠂ ᠨᠡᠢᠯᠡᠮᠡᠯ ᠬᠦᠴᠦᠨ᠎ᠢ ᠪᠦᠷᠢᠯᠳᠦᠭᠦᠯᠦᠨ᠎ᠡ᠃ ᠨᠡᠢᠭᠡᠮ᠎ᠤᠨ ᠬᠦᠴᠦᠨ᠎ᠢ ᠵᠣᠷᠢᠭ᠍ᠵᠢᠭᠤᠯᠤᠨ ᠬᠥᠲᠥᠯᠥᠨ ᠵᠢᠯᠣᠭᠤᠳᠴᠤ᠌ ᠪᠠᠢᠭᠠᠳ ᠬᠠᠮᠠᠭᠠᠯᠠᠵᠤ ᠤᠯᠠᠮᠵᠢᠯᠠᠬᠤ ᠠᠵᠢᠯ᠎ᠳᠤ ᠥᠷᠭᠡᠨ᠎ᠢᠶᠠᠷ ᠣᠷᠣᠯᠴᠠᠭᠤᠯᠵᠤ᠂ ᠵᠠᠬ᠎ᠠ ᠳᠡᠯᠭᠡᠭᠦᠷ᠎ᠤᠨ ᠦᠢᠯᠡᠳᠦᠯ᠎ᠢ ᠭᠦᠢᠴᠡᠳ ᠪᠠᠳᠠᠷᠠᠭᠤᠯᠤᠨ᠂ ᠠᠷᠠᠳ ᠣᠯᠠᠨ᠎ᠤ ᠣᠷᠣᠯᠴᠠᠬᠤ ᠰᠠᠨᠠᠭᠠᠴᠢᠯᠠᠭᠠᠲᠤ ᠴᠢᠨᠠᠷ᠂ ᠢᠳᠡᠪᠬᠢ ᠴᠢᠨᠠᠷ᠎ᠢ ᠬᠥᠭ᠌ᠵᠢᠭᠡᠵᠦ᠍᠂ ᠬᠤᠲᠠ ᠬᠥᠳᠡᠭᠡ᠎ᠶ᠋ᠢᠨ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ᠎ᠳᠤ ᠠᠱᠢᠭ᠍ᠲᠠᠶ ᠪᠠᠢᠭᠤᠯᠤᠯ ᠲᠣᠭ᠍ᠲᠠᠴᠠ ᠪᠠ ᠨᠡᠢᠭᠡᠮ᠎ᠤᠨ ᠣᠷᠴᠢᠨ ᠲᠣᠭᠤᠷᠢᠨ᠎ᠢ ᠪᠣᠶ ᠪᠤᠯᠭᠠᠨ᠎ᠠ᠃

(ᠭᠤᠷᠪᠠ) ᠭᠤᠤᠯ ᠬᠠᠷᠠᠯᠲᠠ᠃ 2025 ᠤᠨ ᠪᠣᠯᠲᠠᠯ᠎ᠠ᠂ ᠣᠯᠠᠨ ᠲᠠᠰ ᠳᠠᠪᠬᠤᠷᠭ᠎ᠠ ᠣᠯᠠᠨ ᠬᠦᠴᠦᠨ ᠵᠦᠢᠯ᠎ᠲᠠᠢ ᠬᠤᠲᠠ ᠬᠥᠳᠡᠭᠡ᠎ᠶ᠋ᠢᠨ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ ᠱᠢᠰᠲ᠋ᠧᠮ᠎ᠢ ᠠᠩᠬ᠎ᠠ ᠠᠯᠬᠤᠮ ᠪᠠᠢᠭᠤᠯᠵᠤ᠂ ᠬᠤᠲᠠ ᠬᠥᠳᠡᠭᠡ᠎ᠶ᠋ᠢᠨ ᠲᠡᠦᠬᠡ ᠰᠣᠶᠣᠯ᠎ᠤᠨ ᠥᠪ᠎ᠢ ᠬᠠᠮᠠᠭᠠᠯᠠᠬᠤ ᠶᠣᠰᠣᠲᠠᠶ᠎ᠶ᠋ᠢ᠎ᠨᠢ ᠴᠢᠳᠠᠬᠤ᠎ᠶ᠋ᠢᠨ ᠬᠢᠷᠢ᠎ᠪᠠᠷ ᠬᠠᠮᠠᠭᠠᠯᠠᠬᠤ᠎ᠶ᠋ᠢ ᠦᠨᠳᠦᠰᠦᠨ᠎ᠳᠡᠭᠡᠨ ᠪᠡᠶᠡᠯᠡᠭᠦᠯᠵᠦ᠍᠂ ᠨᠢᠭᠡ ᠪᠦᠯᠦᠭ ᠵᠢᠷᠤᠮᠯᠠᠨ ᠳᠠᠭᠤᠷᠢᠶᠠᠵᠤ ᠳᠡᠯᠭᠡᠷᠡᠭᠦᠯᠵᠦ᠍ ᠠᠱᠢᠬ᠍ᠯᠠᠵᠤ ᠪᠣᠯᠬᠤᠢᠴᠠ ᠠᠮᠢᠳᠤᠯᠢᠭ ᠲᠤᠷᠱᠢᠯᠭ᠎ᠠ᠎ᠶ᠋ᠢ ᠪᠦᠷᠢᠯᠳᠦᠭᠦᠯᠵᠦ᠍᠂ ᠪᠥᠲᠥᠭᠡᠨ ᠪᠠᠢᠭᠤᠯᠤᠯᠲᠠ᠎ᠶ᠋ᠢᠨ ᠴᠢᠨᠠᠷᠲᠠᠶ ᠡᠪᠳᠡᠯᠡᠭᠡ᠎ᠶ᠋ᠢᠨ ᠠᠵᠢᠯᠯᠠᠭ᠎ᠠ᠎ᠶ᠋ᠢ ᠢᠯᠡᠳᠲᠡ ᠬᠤᠷᠢᠬ᠍ᠯᠠᠵᠤ᠂ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ ᠠᠵᠢᠯ᠎ᠢ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠳᠤ ᠠᠭᠤᠰᠤᠯᠴᠠᠭᠤᠯᠬᠤ ᠪᠠᠢᠷᠢᠱᠢᠯ᠎ᠢ ᠦᠨᠳᠦᠰᠦᠨ᠎ᠳᠡᠭᠡᠨ ᠪᠦᠷᠢᠯᠳᠦᠭᠦᠯᠦᠨ᠎ᠡ᠃

2035 ᠤᠨ ᠪᠣᠯᠬᠤ᠎ᠳᠤ᠂ ᠪᠦᠷᠢᠨ ᠪᠦᠲᠦᠨ ᠱᠢᠰᠲ᠋ᠧᠮ᠎ᠲᠠᠢ ᠬᠤᠲᠠ ᠬᠥᠳᠡᠭᠡ᠎ᠶ᠋ᠢᠨ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ ᠱᠢᠰᠲ᠋ᠧᠮ᠎ᠢ ᠪᠥᠬᠦ᠌ ᠲᠠᠯ᠎ᠠ᠎ᠪᠠᠷ ᠪᠠᠢᠭᠤᠯᠵᠤ᠂ ᠬᠤᠲᠠ ᠬᠥᠳᠡᠭᠡ᠎ᠶ᠋ᠢᠨ ᠲᠡᠦᠬᠡ ᠰᠣᠶᠣᠯ᠎ᠤᠨ ᠥᠪ᠎ᠢ ᠪᠦᠲᠦᠮᠵᠢᠲᠡᠶ ᠬᠠᠮᠠᠭᠠᠯᠠᠵᠤ᠂ ᠭᠦᠢᠴᠡᠳ ᠠᠱᠢᠬ᠍ᠯᠠᠬᠤ᠎ᠶ᠋ᠢ ᠪᠡᠶᠡᠯᠡᠭᠦᠯᠦᠨ᠂ ᠡᠪᠳᠡᠬᠦ᠌ ᠵᠣᠷᠢᠭ ᠥᠬᠡᠶ᠂ ᠡᠪᠳᠡᠵᠦ᠍ ᠪᠣᠯᠬᠤ ᠥᠬᠡᠶ᠂ ᠡᠪᠳᠡᠬᠦ᠌᠎ᠶ᠋ᠢ ᠪᠤᠳᠤᠬᠤ ᠥᠬᠡᠶ ᠪᠠᠢᠭᠤᠯᠤᠯ ᠲᠣᠭ᠍ᠲᠠᠴᠠ᠎ᠶ᠋ᠢ ᠪᠥᠬᠦ᠌ ᠲᠠᠯ᠎ᠠ᠎ᠪᠠᠷ ᠪᠠᠢᠭᠤᠯᠵᠤ᠂ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ ᠠᠵᠢᠯ᠎ᠢ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠶᠡᠭᠡ ᠲᠠᠯ᠎ᠠ᠎ᠳᠤ ᠪᠥᠬᠦ᠌ ᠲᠠᠯ᠎ᠠ᠎ᠪᠠᠷ ᠠᠭᠤᠰᠭᠠᠨ ᠣᠷᠣᠭᠤᠯᠵᠤ᠂ ᠠᠷᠠᠳ ᠣᠯᠠᠨ᠎ᠤ ᠰᠣᠶᠣᠯ᠎ᠤᠨ ᠤᠬᠠᠮᠰᠠᠷ ᠪᠠ ᠰᠣᠶᠣᠯ᠎ᠤᠨ ᠢᠲᠡᠭᠡᠯ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠦᠨ᠎ᠡ᠃


ᠬᠤᠶᠠᠷ᠂ ᠬᠤᠲᠠ ᠬᠥᠳᠡᠭᠡ᠎ᠶ᠋ᠢᠨ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ ᠱᠢᠰᠲ᠋ᠧᠮ᠎ᠢ ᠪᠠᠢᠭᠤᠯᠤᠨ᠎ᠠ

(ᠳᠥᠷᠪᠡ) ᠬᠠᠮᠠᠭᠠᠯᠠᠵᠤ ᠤᠯᠠᠮᠵᠢᠯᠠᠬᠤ ᠱᠢᠰᠲ᠋ᠧᠮ᠎ᠤᠨ ᠦᠨᠳᠦᠰᠦᠨ ᠠᠭᠤᠯᠤᠭ᠍ᠳᠠᠬᠤᠨ᠎ᠢ ᠣᠨᠣᠪᠴᠢᠲᠠᠶ ᠡᠵᠡᠮᠳᠡᠨ᠎ᠡ᠃ ᠬᠤᠲᠠ ᠬᠥᠳᠡᠭᠡ᠎ᠶ᠋ᠢᠨ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ ᠱᠢᠰᠲ᠋ᠧᠮ ᠪᠣᠯ ᠬᠠᠮᠠᠭᠠᠯᠠᠯᠳᠠ᠎ᠶ᠋ᠢᠨ ᠦᠨ᠎ᠡ ᠦᠷᠳᠡᠭ᠎ᠲᠠᠢ᠂ ᠠᠳᠠᠯᠢ ᠪᠤᠰᠤ ᠲᠡᠦᠬᠡᠨ ᠴᠠᠭ ᠦᠶ᠎ᠡ᠎ᠶ᠋ᠢᠨ ᠰᠣᠶᠣᠯ᠎ᠤᠨ ᠦᠨ᠎ᠡ ᠥᠷᠲᠡᠭ᠎ᠢ ᠠᠴᠢᠶᠠᠯᠠᠬ᠍ᠰᠠᠨ ᠬᠤᠲᠠ᠂ ᠲᠣᠰᠭᠤᠨ ᠪᠠᠯᠭᠠᠰᠤ ᠵᠡᠷᠭᠡ᠎ᠶ᠋ᠢᠨ ᠨᠡᠢᠯᠡᠮᠡᠯ ᠬᠡᠯᠪᠡᠷᠢ᠂ ᠤᠷᠤᠱᠢᠬᠤᠢ ᠪᠦᠬᠦᠢ ᠰᠤᠶᠤᠯ᠎ᠤᠨ ᠥᠪ᠎ᠢᠶᠠᠷ ᠭᠤᠣᠯ ᠴᠣᠭ᠍ᠴᠠ ᠪᠣᠯᠭᠠᠬᠤ ᠪᠠ ᠲᠦᠱᠢᠭ ᠪᠣᠯᠭᠠᠪᠠ᠂ ᠬᠠᠮᠠᠭᠠᠯᠠᠬᠤ ᠡᠲᠡᠭᠡᠳ᠎ᠨᠢ ᠭᠤᠣᠯᠳᠠᠭᠤ ᠲᠡᠦᠬᠡ ᠰᠣᠶᠣᠯ᠎ᠤᠨ ᠨᠡᠷᠡᠲᠦ ᠬᠤᠲᠠ᠂ ᠨᠡᠷᠡᠲᠦ ᠪᠠᠯᠭᠠᠰᠤ᠂ ᠨᠡᠷᠡᠲᠦ ᠲᠣᠰᠭᠤᠨ (ᠤᠯᠠᠮᠵᠢᠯᠠᠯᠲᠤ ᠲᠣᠰᠭᠤᠨ)᠂ ᠵᠡᠭᠡᠯᠢ ᠲᠣᠭᠤᠷᠢᠭ ᠪᠠ ᠱᠢᠯᠵᠢᠭᠦᠯᠵᠦ᠍ ᠪᠣᠯᠤᠰᠢ ᠦᠭᠡᠶ ᠲᠡᠦᠬᠡ᠎ᠶ᠋ᠢᠨ ᠳᠤᠷᠠᠰᠭᠠᠯᠲᠤ ᠵᠦᠢᠯᠡᠰ᠂ ᠲᠡᠦᠬᠡ᠎ᠶ᠋ᠢᠨ ᠪᠠᠷᠢᠯᠭ᠎ᠠ᠂ ᠲᠡᠦᠬᠡ᠎ᠲᠠᠢ ᠭᠠᠵᠠᠷ ᠬᠡᠰᠡᠭ ᠪᠠᠢᠵᠤ᠂ ᠠᠵᠤ ᠦᠢᠯᠡᠳᠪᠦᠷᠢ᠎ᠶ᠋ᠢᠨ ᠥᠪ᠂ ᠲᠠᠷᠢᠶᠠᠯᠠᠩ᠎ᠤᠨ ᠰᠣᠶᠣᠯ᠎ᠤᠨ ᠥᠪ᠂ ᠤᠰᠤᠯᠠᠯᠲᠠ᠎ᠶ᠋ᠢᠨ ᠢᠨᠵᠧᠨᠧᠷᠢᠩ᠎ᠤᠨ ᠥᠪ᠂ ᠪᠣᠳᠠᠰ᠎ᠤᠨ ᠪᠤᠰᠤ ᠰᠣᠶᠣᠯ᠎ᠤᠨ ᠥᠪ᠂ ᠭᠠᠵᠠᠷ᠎ᠤᠨ ᠨᠡᠷ᠎ᠡ᠎ᠶ᠋ᠢᠨ ᠰᠣᠶᠣᠯ᠎ᠤᠨ ᠥᠪ ᠵᠡᠷᠭᠡ᠎ᠶ᠋ᠢᠨ ᠬᠠᠮᠠᠭᠠᠯᠠᠵᠤ ᠤᠯᠠᠮᠵᠢᠯᠠᠬᠤ᠎ᠯᠤᠭ᠎ᠠ ᠬᠠᠮᠲᠤᠪᠠᠷ ᠪᠦᠷᠢᠯᠳᠦᠭ᠌ᠰᠡᠨ ᠣᠷᠭᠠᠨᠢᠭ ᠪᠦᠬᠦᠯᠢ ᠴᠣᠭ᠍ᠴᠠ ᠪᠣᠯᠤᠨ᠎ᠠ᠃ ᠬᠤᠳᠠ ᠬᠥᠳᠡᠭᠡ᠎ᠶ᠋ᠢᠨ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ ᠱᠢᠰᠲ᠋ᠧᠮ᠎ᠢ ᠪᠠᠢᠭᠤᠯᠬᠤ᠎ᠶ᠋ᠢᠨ ᠵᠣᠷᠢᠯᠭ᠎ᠠ ᠪᠣᠯ ᠬᠤᠳᠠ ᠬᠥᠳᠡᠭᠡ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠳᠤᠮᠳᠠ ᠳᠤᠮᠳᠠᠳᠤ ᠤᠯᠤᠰ᠎ᠤᠨ ᠡᠷᠲᠡᠨ᠎ᠤ᠂ ᠤᠢ᠍ᠢᠷ᠎ᠠ ᠤᠳᠤ ᠦᠶ᠎ᠡ᠎ᠶ᠋ᠢᠨ ᠲᠡᠦᠬᠡ ᠰᠣᠶᠣᠯ᠎ᠤᠨ ᠥᠪ ᠪᠠ ᠤᠳᠤ ᠦᠶ᠎ᠡ᠎ᠶ᠋ᠢᠨ ᠴᠢᠬᠤᠯᠠ ᠪᠦᠳᠦᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠪᠦᠬᠦ᠌ ᠲᠠᠯ᠎ᠠ᠎ᠪᠠᠷ ᠰᠠᠢᠲᠤᠷ ᠬᠠᠮᠠᠭᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠥᠨᠢ ᠤᠳᠠᠭᠠᠨ ᠦᠷᠭᠦᠯᠵᠢᠯᠡᠭ᠌ᠰᠡᠨ ᠪᠣᠯᠪᠠᠰᠤᠨ ᠲᠡᠦᠬᠡ᠂ ᠳᠤᠮᠳᠠᠳᠤ ᠤᠯᠤᠰ᠎ᠤᠨ ᠤᠢ᠍ᠢᠷ᠎ᠠ ᠤᠳᠤ ᠦᠶ᠎ᠡ᠎ᠶ᠋ᠢᠨ ᠲᠡᠦᠬᠡᠨ ᠠᠬᠢᠴᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠴᠥᠬᠦᠷᠡᠰᠢ ᠦᠭᠡᠢ ᠲᠡᠮᠡᠴᠡᠭ᠌ᠰᠡᠨ ᠭᠡᠷᠡᠯ ᠰᠠᠴᠤᠷᠠᠩᠭᠤᠢ ᠥᠩᠭᠡᠷᠡᠯᠲᠡ᠂ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠪᠠᠢᠭᠤᠯᠤᠭ᠍ᠳᠠᠭ᠍ᠰᠠᠨ ᠪᠠ ᠬᠥᠭ᠌ᠵᠢᠭ᠌ᠰᠡᠨ ᠥᠩᠭᠡᠷᠡᠯᠲᠡ᠂ ᠥᠭᠡᠷᠡᠴᠢᠯᠡᠯᠲᠡ ᠨᠡᠭᠡᠭᠡᠯᠳᠠ ᠪᠠ ᠨᠡᠢᠭᠡᠮ ᠵᠢᠷᠤᠮ᠎ᠤᠨ ᠣᠳᠣᠬᠢᠴᠢᠯᠠᠬᠤ ᠪᠦᠳᠦᠭᠡᠨ ᠪᠠᠢᠭᠤᠯᠤᠯᠲᠠ᠎ᠶ᠋ᠢᠨ ᠠᠭᠤᠤ ᠶᠡᠭᠡ ᠠᠶᠠᠨ᠎ᠢ ᠪᠦᠬᠦ᠌ ᠲᠠᠯ᠎ᠠ᠎ᠪᠠᠷ ᠢᠯᠡᠷᠡᠭᠦᠯᠬᠦ᠌᠎ᠶ᠋ᠢᠨ ᠲᠥᠯᠥᠭᠡ ᠶᠤᠮ᠃

(ᠲᠠᠪᠤ) ᠬᠠᠮᠠᠭᠠᠯᠠᠵᠤ ᠤᠯᠠᠮᠵᠢᠯᠠᠬᠤ ᠱᠢᠰᠲ᠋ᠧᠮ᠎ᠤᠨ ᠭᠤᠤᠯᠳᠠᠯᠭ᠎ᠠ᠎ᠲᠠᠢ ᠡᠭᠦᠷᠭᠡ᠎ᠶ᠋ᠢ ᠱᠠᠲᠤ ᠬᠤᠪᠢᠶᠠᠨ ᠨᠠᠢᠳᠠᠪᠤᠷᠢᠵᠢᠭᠤᠯᠤᠨ᠎ᠠ᠃ ᠬᠤᠳᠠ ᠬᠥᠳᠡᠭᠡ᠎ᠶ᠋ᠢᠨ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ ᠱᠢᠰᠲ᠋ᠧᠮ᠎ᠤᠨ ᠭᠤᠷᠪᠠᠨ ᠱᠠᠲᠤᠨ᠎ᠤ ᠬᠠᠮᠢᠶᠠᠷᠤᠯᠲᠠ᠎ᠶ᠋ᠢᠨ ᠪᠠᠢᠭᠤᠯᠤᠮᠵᠢ᠎ᠶ᠋ᠢ ᠪᠠᠢᠭᠤᠯᠤᠨ᠎ᠠ᠃ ᠤᠯᠤᠰ᠂ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠤᠲᠠ) ᠲᠣᠰ ᠲᠣᠰ ᠪᠥᠬᠦ᠌ ᠤᠯᠤᠰ᠎ᠤᠨ ᠬᠤᠲᠠ ᠬᠥᠳᠡᠭᠡ᠎ᠶ᠋ᠢᠨ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ ᠱᠢᠰᠲ᠋ᠧᠮ᠎ᠤᠨ ᠲᠥᠯᠥᠪᠵᠢᠭᠦᠯᠭᠡ᠎ᠶ᠋ᠢᠨ ᠬᠥᠲᠥᠯᠪᠦᠷᠢ ᠵᠢᠴᠢ ᠮᠤᠵᠢ᠎ᠶ᠋ᠢᠨ ᠱᠠᠲᠤᠨ᠎ᠤ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠵᠤ᠂ ᠤᠯᠤᠰ᠎ᠤᠨ ᠲᠠᠰ᠂ ᠮᠤᠵᠢ᠎ᠶ᠋ᠢᠨ ᠲᠠᠰ᠎ᠤᠨ ᠬᠠᠮᠠᠭᠠᠯᠠᠬᠤ ᠡᠲᠡᠭᠡᠳ᠎ᠤᠨ ᠬᠠᠮᠠᠭᠠᠯᠠᠯᠲᠠ᠎ᠶ᠋ᠢᠨ ᠨᠡᠷᠡᠰ ᠪᠠ ᠲᠠᠷᠬᠠᠯᠲᠠ᠎ᠶ᠋ᠢᠨ ᠵᠢᠷᠤᠭ᠎ᠢ ᠪᠠᠢᠭᠤᠯᠵᠤ᠂ ᠬᠠᠮᠠᠭᠠᠯᠠᠬᠤ ᠬᠡᠪᠴᠢᠶ᠎ᠡ ᠪᠠ ᠬᠠᠮᠢᠶᠠᠷᠤᠨ ᠡᠵᠡᠮᠳᠡᠬᠦ᠌ ᠱᠠᠭᠠᠷᠳᠠᠯᠭ᠎ᠠ᠎ᠶ᠋ᠢ ᠲᠣᠳᠣᠷᠬᠠᠢᠯᠠᠨ᠂ ᠬᠠᠮᠢᠶ᠎ᠠ ᠪᠥᠬᠦᠶ ᠲᠥᠯᠥᠪᠵᠢᠭᠦᠯᠭᠡ᠎ᠲᠠᠢ ᠰᠠᠢᠲᠤᠷ ᠵᠣᠯᠭᠠᠭᠤᠯᠤᠨ᠎ᠠ᠃ ᠬᠤᠲᠠ ᠱᠢᠶᠠᠨ᠎ᠨᠢ ᠤᠯᠤᠰ ᠪᠠ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠤᠲᠠ) ᠎ᠶ᠋ᠢᠨ ᠱᠠᠭᠠᠷᠳᠠᠯᠭ᠎ᠠ ᠶᠣᠰᠣᠭᠠᠷ᠂ ᠬᠠᠮᠠᠭᠠᠯᠠᠨ ᠤᠯᠠᠮᠵᠢᠯᠠᠬᠤ ᠠᠵᠢᠯ᠎ᠤᠨ ᠬᠠᠷᠢᠶ᠎ᠠ ᠭᠠᠵᠠᠷ᠎ᠤᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠤ᠂ ᠬᠤᠲᠠ ᠱᠢᠶᠠᠨ᠎ᠤ ᠳᠡᠰ᠎ᠤᠨ ᠬᠠᠮᠠᠭᠠᠯᠠᠬᠤ ᠡᠲᠡᠭᠡᠳ᠎ᠢ ᠲᠤᠭ᠍ᠳᠠᠭᠠᠨ ᠨᠡᠢᠲᠡᠯᠡᠬᠦ᠌᠎ᠶ᠋ᠢ ᠲᠦᠷᠭᠡᠳᠭᠡᠨ᠂ ᠡᠯ᠎ᠡ ᠲᠥᠷᠥᠯ᠎ᠤᠨ ᠬᠠᠮᠠᠭᠠᠯᠠᠬᠤ ᠡᠲᠡᠭᠡᠳ᠎ᠲᠤ ᠴᠠᠭ ᠲᠤᠬᠠᠶ᠎ᠳᠤᠨᠢ ᠲᠡᠮᠳᠡᠭ ᠫᠠᠢᠰᠠ ᠳᠣᠭᠢᠷᠠᠭᠤᠯᠵᠤ᠂ ᠲᠣᠭᠠᠴᠢᠯᠠᠭ᠍ᠰᠠᠨ ᠮᠡᠳᠡᠭᠡ ᠵᠠᠩᠭᠢ᠎ᠶ᠋ᠢ ᠴᠤᠭ᠍ᠯᠠᠭᠤᠯᠬᠤ ᠪᠠ ᠬᠡᠮᠵᠢᠨ ᠵᠢᠷᠤᠭ᠍ᠯᠠᠵᠤ ᠲᠠᠩᠰᠠ ᠡᠪᠬᠡᠮᠡᠯ ᠪᠠᠢᠭᠤᠯᠬᠤ᠎ᠶ᠋ᠢ ᠥᠷᠨᠢᠭᠦᠯᠦᠨ᠂ ᠲᠤᠰᠭᠠᠶ ᠵᠦᠢᠯ᠎ᠤᠨ ᠬᠠᠮᠠᠭᠠᠯᠠᠬᠤ ᠲᠥᠰᠦᠯ᠎ᠢ ᠨᠠᠢᠷᠠᠭᠤᠯᠤᠨ ᠵᠣᠬᠢᠶᠠᠵᠤ᠂ ᠬᠠᠮᠠᠭᠠᠯᠠᠵᠤ ᠤᠯᠠᠮᠵᠢᠯᠠᠬᠤ ᠬᠠᠮᠢᠶᠠᠷᠤᠯᠲᠠ᠎ᠶ᠋ᠢᠨ ᠠᠷᠭ᠎ᠠ᠎ᠶ᠋ᠢ ᠲᠣᠭ᠍ᠲᠠᠭᠠᠨ᠂ ᠬᠠᠮᠠᠭᠠᠯᠠᠵᠤ ᠤᠯᠠᠮᠵᠢᠯᠠᠬᠤ ᠠᠵᠢᠯ᠎ᠢ ᠰᠠᠢᠲᠤᠷ ᠬᠢᠬᠦ᠌ ᠬᠡᠷᠡᠭ᠌ᠲᠡᠶ᠃ ᠴᠢᠬᠤᠯᠠ ᠬᠠᠮᠠᠭᠠᠯᠠᠬᠤ ᠦᠨ᠎ᠡ ᠥᠷᠲᠡᠭ᠎ᠲᠠᠢ᠂ ᠣᠷᠣᠨ ᠨᠤᠲᠤᠭ᠎ᠤᠨ ᠣᠷᠳᠣ ᠬᠤᠭᠤᠴᠠᠭ᠎ᠠ᠎ᠪᠠᠷ ᠥᠯᠥ᠍ ᠮᠡᠳᠡᠭᠦᠯᠦᠭ᠌ᠰᠡᠨ ᠲᠡᠦᠬᠡ ᠰᠣᠶᠣᠯ᠎ᠤᠨ ᠡᠬᠢ ᠪᠠᠶᠠᠯᠢᠭ᠎ᠢ ᠬᠠᠮᠢᠶ᠎ᠠ ᠪᠥᠬᠦᠶ ᠪᠠᠷᠢᠮᠵᠢᠶ᠎ᠠ᠎ᠪᠠᠷ ᠬᠠᠮᠠᠭᠠᠯᠠᠬᠤ ᠨᠡᠷᠡᠰ᠎ᠲᠤ ᠵᠢᠭ᠍ᠰᠠᠭᠠᠨ ᠣᠷᠣᠭᠤᠯᠵᠤ ᠪᠣᠯᠤᠨ᠎ᠠ᠃


ᠭᠤᠷᠪᠠ᠂ ᠬᠠᠮᠠᠭᠠᠯᠠᠵᠤ ᠠᠱᠢᠬ᠍ᠯᠠᠵᠤ ᠤᠯᠠᠮᠵᠢᠯᠠᠬᠤ᠎ᠶ᠋ᠢ ᠴᠢᠩᠭᠠᠳᠭᠠᠨ᠎ᠠ

(ᠵᠢᠷᠭᠤᠭ᠎ᠠ) ᠬᠠᠮᠠᠭᠠᠯᠠᠯᠲᠠ᠎ᠶ᠋ᠢᠨ ᠭᠤᠣᠯᠳᠠᠯᠭ᠎ᠠ᠎ᠶ᠋ᠢ ᠲᠣᠳᠣᠷᠬᠠᠢᠯᠠᠨ᠎ᠠ᠃ ᠡᠯ᠎ᠡ ᠲᠥᠷᠥᠯ᠎ᠤᠨ ᠬᠠᠮᠠᠭᠠᠯᠠᠬᠤ ᠡᠲᠡᠭᠡᠳ᠎ᠤᠨ ᠬᠠᠮᠠᠭᠠᠯᠠᠯᠲᠠ᠎ᠶ᠋ᠢᠨ ᠬᠡᠪᠴᠢᠶ᠎ᠡ ᠪᠣᠯᠤᠨ ᠴᠢᠬᠤᠯᠠ ᠪᠦᠬᠦᠢ ᠪᠦᠲᠦᠭᠡᠨ ᠪᠠᠢᠭᠤᠯᠤᠯᠲᠠ ᠬᠢᠬᠦ᠌᠎ᠶ᠋ᠢ ᠬᠢᠵᠠᠭᠠᠷᠯᠠᠬᠤ ᠣᠷᠣᠨ ᠪᠦᠰᠡ᠎ᠶ᠋ᠢ ᠬᠤᠪᠢᠶᠠᠷᠢᠯᠠᠨ ᠲᠣᠭ᠍ᠲᠠᠭᠠᠵᠤ᠂ ᠭᠠᠵᠠᠷ ᠳᠣᠣᠷᠠᠬᠢ ᠲᠡᠦᠬᠡ᠎ᠶ᠋ᠢᠨ ᠳᠤᠷᠠᠰᠭᠠᠯᠲᠤ ᠵᠦᠢᠯᠡᠰ ᠪᠤᠯᠠᠭ᠍ᠳᠠᠵᠤ ᠪᠠᠢᠭ᠎ᠠ ᠣᠷᠣᠨ᠎ᠢ ᠬᠤᠪᠢᠶᠠᠷᠢᠯᠠᠨ ᠲᠣᠭ᠍ᠲᠠᠭᠠᠵᠤ᠂ ᠬᠠᠮᠠᠭᠠᠯᠠᠬᠤ ᠭᠤᠣᠯᠳᠠᠯᠭ᠎ᠠ ᠪᠣᠯᠤᠨ ᠬᠠᠮᠠᠭᠠᠯᠠᠬᠤ ᠱᠠᠭᠠᠷᠳᠠᠯᠭ᠎ᠠ᠎ᠶ᠋ᠢ ᠲᠣᠳᠣᠷᠬᠠᠢᠯᠠᠨ᠎ᠠ᠃ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠤᠭ ᠴᠣᠭ᠍ᠴᠠ ᠵᠢᠴᠢ ᠡᠷᠭᠢᠨ ᠲᠣᠭᠤᠷᠢᠨ᠎ᠤ ᠣᠷᠴᠢᠨ ᠲᠣᠭᠤᠷᠢᠨ᠎ᠢ ᠬᠠᠮᠠᠭᠠᠯᠠᠵᠤ᠂ ᠤᠭ ᠪᠠᠭᠤᠷᠢ᠎ᠶ᠋ᠢ ᠬᠠᠮᠠᠭᠠᠯᠠᠬᠤ᠎ᠶ᠋ᠢ ᠶᠡᠭᠡ᠎ᠪᠠᠷ ᠬᠡᠷᠡᠭ᠌ᠵᠢᠭᠦᠯᠵᠦ᠍᠂ ᠰᠡᠷᠭᠡᠢᠯᠡᠬᠦ᠌ ᠴᠢᠨᠠᠷᠲᠠᠶ᠎ᠪᠠᠷ ᠬᠠᠮᠠᠭᠠᠯᠠᠬᠤ᠂ ᠡᠳᠦᠷ ᠲᠤᠲᠤᠮ ᠠᠷᠠᠴᠢᠯᠠᠨ ᠬᠠᠮᠠᠭᠠᠯᠠᠬᠤ ᠪᠠ ᠬᠠᠮᠠᠭᠠᠯᠠᠨ ᠰᠡᠯᠪᠢᠨ ᠵᠠᠰᠠᠬᠤ᠎ᠶ᠋ᠢ ᠴᠢᠩᠭᠠᠳᠭᠠᠨ᠎ᠠ᠃ ᠠᠳᠠᠯᠢ ᠪᠤᠰᠤ ᠴᠠᠭ ᠦᠶ᠎ᠡ᠂ ᠠᠳᠠᠯᠢ ᠪᠤᠰᠤ ᠲᠥᠷᠥᠯ ᠬᠡᠯᠪᠡᠷᠢ᠎ᠶ᠋ᠢᠨ ᠲᠡᠦᠬᠡᠨ ᠪᠠᠷᠢᠯᠭ᠎ᠠ᠎ᠶ᠋ᠢ ᠬᠠᠮᠠᠭᠠᠯᠠᠵᠤ᠂ ᠲᠡᠭᠦᠨ᠎ᠤ ᠭᠤᠤᠯᠯᠠᠬᠤ ᠥᠷᠲᠡᠭ᠎ᠢ ᠢᠯᠡᠷᠡᠭᠦᠯᠦᠭ᠌ᠰᠡᠨ ᠭᠠᠳᠠᠷ ᠳᠦᠷᠰᠦ᠂ ᠪᠦᠲᠦᠴᠡ ᠪᠠ ᠲᠣᠨᠣᠭ᠍ᠯᠠᠭᠠᠰᠤ ᠵᠡᠷᠭᠡ᠎ᠶ᠋ᠢ ᠭᠤᠤᠯᠳᠠᠯᠭ᠎ᠠ᠎ᠲᠠᠢ ᠬᠠᠮᠠᠭᠠᠯᠠᠵᠤ᠂ ᠴᠠᠭ ᠲᠤᠬᠠᠶ᠎ᠳᠤᠨᠢ ᠪᠠᠬᠢᠵᠢᠭᠦᠯᠦᠨ ᠵᠠᠰᠠᠵᠤ᠂ ᠠᠮᠤᠷ ᠲᠦᠪᠱᠢᠨ᠎ᠤ ᠭᠡᠮ ᠰᠤᠭᠤᠭ᠎ᠢ ᠠᠷᠢᠯᠭᠠᠨ᠎ᠠ᠃ ᠵᠣᠬᠢᠬᠤ ᠲᠡᠦᠬᠡᠨ ᠴᠠᠭ ᠦᠶ᠎ᠡ᠎ᠶ᠋ᠢᠨ ᠤᠯᠠᠮᠵᠢᠯᠠᠯᠲᠤ ᠳᠦᠷᠰᠦ ᠪᠠᠢᠳᠠᠯ ᠪᠠ ᠦᠨᠳᠦᠰᠦᠲᠡᠨ᠂ ᠣᠷᠣᠨ ᠨᠤᠲᠤᠭ᠎ᠤᠨ ᠣᠨᠴᠠᠯᠢᠭ᠎ᠢ ᠦᠨᠡᠨ ᠪᠣᠳᠠᠲᠠᠢ᠎ᠪᠠᠷ ᠲᠤᠰᠭᠠᠵᠤ ᠴᠢᠳᠠᠬᠤ ᠲᠡᠦᠬᠡ᠎ᠲᠠᠢ ᠭᠠᠵᠠᠷ ᠬᠡᠰᠡᠭ᠎ᠢ ᠬᠠᠮᠠᠭᠠᠯᠠᠨ᠎ᠠ᠃ ᠲᠡᠦᠬᠡ ᠰᠣᠶᠣᠯ᠎ᠤᠨ ᠵᠡᠭᠡᠯᠢ ᠲᠣᠭᠤᠷᠢᠭ᠎ᠤᠨ ᠲᠡᠦᠬᠡ᠎ᠶ᠋ᠢᠨ ᠤᠯᠠ ᠮᠦᠷ᠂ ᠲᠡᠦᠬᠡ᠎ᠶ᠋ᠢᠨ ᠵᠡᠭᠡᠯᠢ ᠭᠤᠳᠤᠮᠵᠢ᠂ ᠣᠷᠣᠨ ᠵᠠᠶ᠎ᠶ᠋ᠢᠨ ᠬᠡᠮᠵᠢᠶ᠎ᠡ ᠪᠣᠯᠤᠨ ᠦᠵᠡᠮᠵᠢ᠎ᠶ᠋ᠢᠨ ᠣᠷᠴᠢᠨ ᠲᠣᠭᠤᠷᠢᠨ ᠵᠢᠴᠢ ᠡᠷᠲᠡᠨ᠎ᠤ ᠬᠤᠳᠳᠤᠭ᠂ ᠡᠷᠲᠡᠨ᠎ᠤ ᠬᠥᠭᠦᠷᠭᠡ᠂ ᠡᠷᠲᠡᠨ᠎ᠤ ᠮᠣᠳᠣ ᠵᠡᠷᠭᠡ ᠣᠷᠴᠢᠨ ᠲᠣᠭᠤᠷᠢᠨ᠎ᠤ ᠡᠯᠧᠮᠧᠨ᠋ᠲ᠎ᠢ ᠬᠠᠮᠠᠭᠠᠯᠠᠵᠤ᠂ ᠵᠣᠬᠢᠴᠠᠩᠭᠤᠶ ᠪᠤᠰᠤ ᠪᠠᠷᠢᠯᠭ᠎ᠠ ᠪᠣᠯᠤᠨ ᠦᠵᠡᠮᠵᠢ᠎ᠶ᠋ᠢ ᠴᠡᠭ᠌ᠴᠡᠯᠡᠨ ᠵᠠᠰᠠᠵᠤ᠂ ᠲᠡᠦᠬᠡ᠎ᠶ᠋ᠢᠨ ᠳᠦᠷᠰᠦ ᠪᠠᠢᠳᠠᠯ᠎ᠢ ᠦᠷᠭᠦᠯᠵᠢᠯᠡᠭᠦᠯᠦᠨ᠎ᠠ᠃ ᠲᠡᠦᠬᠡ ᠰᠣᠶᠣᠯ᠎ᠤᠨ ᠨᠡᠷᠡᠲᠦ ᠬᠤᠲᠠ᠂ ᠨᠡᠷᠡᠲᠦ ᠪᠠᠯᠭᠠᠰᠤ᠂ ᠨᠡᠷᠡᠲᠦ ᠲᠣᠰᠭᠤᠨ (ᠤᠯᠠᠮᠵᠢᠯᠠᠯᠲᠤ ᠲᠣᠰᠭᠤᠨ) ᠎ᠤ ᠤᠯᠠᠮᠵᠢᠯᠠᠯᠲᠤ ᠪᠠᠢᠷᠢᠱᠢᠯ᠂ ᠲᠡᠦᠬᠡ᠎ᠶ᠋ᠢᠨ ᠳᠦᠷᠰᠦ ᠪᠠᠢᠳᠠᠯ᠂ ᠰᠤᠶᠤᠯ ᠢᠷᠭᠡᠨᠱᠢᠯ᠎ᠤᠨ ᠣᠷᠴᠢᠨ ᠲᠣᠭᠤᠷᠢᠨ ᠵᠢᠴᠢ ᠲᠦᠱᠢᠭ᠌ᠯᠡᠨ ᠣᠷᠣᠱᠢᠵᠤ ᠪᠦᠬᠦᠢ ᠭᠠᠵᠠᠷ᠎ᠤᠨ ᠪᠠᠢᠴᠠ ᠭᠠᠵᠠᠷ᠎ᠤᠨ ᠭᠠᠳᠠᠷᠭᠤ᠂ ᠭᠤᠣᠯ ᠮᠥᠷᠡᠨ ᠨᠠᠭᠤᠷ ᠴᠥᠭᠦᠷᠥᠮ᠎ᠤᠨ ᠤᠰᠤᠨ ᠱᠢᠰᠲ᠋ᠧᠮ ᠵᠡᠷᠭᠡ ᠪᠠᠢᠭᠠᠯᠢ᠎ᠶ᠋ᠢᠨ ᠦᠵᠡᠮᠵᠢ᠎ᠶ᠋ᠢᠨ ᠣᠷᠴᠢᠨ ᠲᠣᠭᠤᠷᠢᠨ᠎ᠢ ᠬᠠᠮᠠᠭᠠᠯᠠᠵᠤ᠂ ᠪᠦᠬᠦᠯᠢ ᠴᠣᠭ᠍ᠴᠠ᠎ᠪᠠᠷ ᠬᠠᠮᠠᠭᠠᠯᠠᠬᠤ᠎ᠶ᠋ᠢ ᠴᠢᠬᠤᠯᠠᠴᠢᠯᠠᠨ᠂ ᠤᠯᠠᠮᠵᠢᠯᠠᠯᠳᠤ ᠪᠦᠲᠦᠭᠡᠨ ᠪᠠᠢᠭᠤᠯᠤᠬ᠍ᠰᠠᠨ ᠣᠶᠤᠨ ᠤᠬᠠᠭᠠᠨ᠎ᠢ ᠤᠯᠠᠮᠵᠢᠯᠠᠨ᠎ᠠ᠃ ᠪᠣᠳᠠᠰ᠎ᠤᠨ ᠪᠤᠰᠤ ᠰᠣᠶᠣᠯ᠎ᠤᠨ ᠥᠪ ᠵᠢᠴᠢ ᠲᠡᠭᠦᠨ᠎ᠤ ᠲᠦᠱᠢᠭ᠌ᠯᠡᠨ ᠣᠷᠣᠱᠢᠵᠤ ᠪᠠᠢᠭ᠎ᠠ ᠰᠣᠶᠣᠯ᠎ᠤᠨ ᠠᠮᠢ ᠠᠬᠤᠶ᠎ᠶ᠋ᠢ ᠬᠠᠮᠠᠭᠠᠯᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠨᠡᠢᠭᠡᠮ᠎ᠤᠨ ᠴᠢᠳᠠᠮᠵᠢ ᠪᠣᠯᠤᠨ ᠣᠳᠣ ᠦᠶ᠎ᠡ᠎ᠶ᠋ᠢᠨ ᠥᠷᠲᠡᠭ᠎ᠢ ᠪᠠᠳᠠᠷᠠᠭᠤᠯᠤᠨ᠎ᠠ᠃

(ᠳᠣᠯᠤᠭ᠎ᠠ) ᠨᠤᠷᠠᠭᠠᠬᠤ ᠬᠠᠮᠢᠶᠠᠷᠤᠯᠲᠠ᠎ᠶ᠋ᠢ ᠴᠢᠩᠳᠠᠯᠠᠨ᠎ᠠ᠃ ᠬᠤᠲᠠ᠎ᠶ᠋ᠢ ᠱᠢᠨᠡᠳᠭᠡᠨ ᠵᠠᠰᠠᠬᠤ ᠳᠤᠮᠳᠠ ᠶᠡᠭᠡ᠎ᠪᠠᠷ ᠨᠤᠷᠠᠭᠠᠵᠤ ᠶᠡᠭᠡ᠎ᠪᠠᠷ ᠪᠠᠢᠭᠤᠯᠬᠤ᠂ ᠦᠨᠡᠨ᠎ᠢ ᠨᠤᠷᠠᠭᠠᠵᠤ ᠬᠠᠭᠤᠷᠮᠠᠭ᠎ᠢᠶᠠᠷ ᠪᠠᠢᠭᠤᠯᠬᠤ᠂ ᠬᠤᠳᠠᠯ᠎ᠢᠶᠠᠷ ᠦᠨᠡᠨ᠎ᠢ ᠰᠠᠮᠠᠭᠤᠷᠠᠭᠤᠯᠬᠤ᠎ᠶ᠋ᠢ ᠴᠠᠭᠠᠵᠠᠯᠠᠵᠤ᠂ ᠭᠠᠵᠠᠷ᠎ᠤᠨ ᠪᠠᠢᠴᠠ ᠭᠠᠵᠠᠷ᠎ᠤᠨ ᠭᠠᠳᠠᠷᠭᠤ᠎ᠶ᠋ᠢ ᠡᠪᠳᠡᠬᠦ᠌ ᠥᠬᠡᠶ᠂ ᠬᠠᠭᠤᠴᠢᠨ ᠮᠣᠳᠣ᠎ᠶ᠋ᠢ ᠣᠭ᠍ᠲᠣᠯᠬᠤ ᠥᠬᠡᠶ᠂ ᠤᠯᠠᠮᠵᠢᠯᠠᠯᠲᠤ ᠳᠦᠷᠰᠦ ᠪᠠᠢᠳᠠᠯ᠎ᠢ ᠡᠪᠳᠡᠬᠦ᠌ ᠥᠬᠡᠶ᠂ ᠭᠤᠤᠯ ᠮᠥᠷᠡᠨ ᠨᠠᠭᠤᠷ ᠴᠥᠭᠦᠷᠥᠮ᠎ᠤᠨ ᠤᠰᠤᠨ ᠱᠢᠰᠲ᠋ᠧᠮ᠎ᠢ ᠳᠤᠷ᠎ᠠ᠎ᠪᠠᠷ᠎ᠢᠶᠠᠨ ᠬᠤᠪᠢᠷᠠᠭᠤᠯᠬᠤ ᠪᠤᠶᠤ ᠡᠵᠡᠯᠡᠬᠦ᠌ ᠥᠬᠡᠶ᠂ ᠬᠠᠭᠤᠴᠢᠨ ᠭᠠᠵᠠᠷ᠎ᠤᠨ ᠨᠡᠷᠡᠢᠳᠦᠯ᠎ᠢ ᠳᠤᠷ᠎ᠠ᠎ᠪᠠᠷ᠎ᠢᠶᠠᠨ ᠥᠭᠡᠷᠡᠴᠢᠯᠡᠬᠦ᠌ ᠥᠬᠡᠶ ᠪᠠᠢᠬᠤ ᠬᠡᠷᠡᠭ᠌ᠲᠡᠶ᠃ ᠬᠤᠲᠠ᠎ᠶ᠋ᠢᠨ ᠣᠨᠴᠠ ᠲᠣᠭ᠍ᠲᠠᠭ᠍ᠰᠠᠨ ᠬᠥᠭ᠌ᠵᠢᠯᠲᠡ᠎ᠶ᠋ᠢᠨ ᠱᠠᠲᠤ ᠦᠶ᠎ᠡ᠎ᠶ᠋ᠢ ᠬᠠᠷᠠᠭᠤᠯᠬᠤ᠂ ᠴᠢᠬᠤᠯᠠ ᠲᠡᠦᠬᠡᠨ ᠬᠡᠷᠡᠭ᠎ᠢ ᠲᠤᠰᠭᠠᠬᠤ᠂ ᠨᠡᠢᠭᠡᠮ᠎ᠤᠨ ᠨᠡᠢᠲᠡ ᠣᠯᠠᠨ᠎ᠤ ᠬᠠᠢᠷ᠎ᠠ ᠰᠡᠳᠭᠢᠯᠭᠡ ᠳᠤᠷᠠᠰᠤᠮᠵᠢ᠎ᠶ᠋ᠢ ᠨᠢᠭ᠍ᠲᠠᠷᠠᠭᠤᠯᠵᠤ ᠳᠡᠢᠯᠬᠦ᠌ ᠨᠢᠭᠡᠨᠲᠡ ᠪᠠᠢᠭ᠎ᠠ ᠪᠠᠷᠢᠯᠭ᠎ᠠ᠎ᠶ᠋ᠢ ᠦᠨᠡᠨ ᠬᠦ᠌ ᠬᠠᠮᠠᠭᠠᠯᠠᠵᠤ᠂ ᠬᠠᠮᠠᠭᠠᠯᠠᠯᠳᠠ᠎ᠶ᠋ᠢᠨ ᠦᠨ᠎ᠡ ᠥᠷᠲᠡᠭ᠎ᠲᠠᠢ ᠬᠠᠭᠤᠴᠢᠨ ᠪᠠᠷᠢᠯᠭ᠎ᠠ᠂ ᠡᠷᠲᠡᠨ᠎ᠤ ᠠᠷᠠᠳ᠎ᠤᠨ ᠣᠷᠣᠨ ᠰᠠᠭᠤᠴᠠ᠎ᠶ᠋ᠢ ᠳᠤᠷ᠎ᠠ᠎ᠪᠠᠷ᠎ᠢᠶᠠᠨ ᠨᠤᠷᠠᠭᠠᠵᠤ ᠪᠤᠯᠬᠤ ᠦᠭᠡᠢ᠃ ᠣᠯᠠᠨ ᠨᠡᠢᠲᠡ᠎ᠶ᠋ᠢᠨ ᠠᠱᠢᠭ ᠲᠤᠰᠠ᠎ᠶ᠋ᠢᠨ ᠬᠡᠷᠡᠭ᠌ᠴᠡᠭᠡ ᠪᠤᠶᠤ ᠠᠮᠤᠷ ᠲᠦᠪᠱᠢᠨ᠎ᠤ ᠭᠡᠮ ᠰᠤᠭᠤᠭ ᠣᠷᠣᠱᠢᠵᠤ ᠪᠠᠢᠬᠤ᠎ᠠᠴᠠ ᠪᠣᠯᠵᠤ ᠠᠷᠭ᠎ᠠ ᠪᠤᠰᠤ ᠨᠤᠷᠠᠭᠠᠬᠤ ᠴᠢᠬᠤᠯᠠᠳᠠᠢ ᠪᠤᠯ ᠦᠨᠡᠯᠡᠨ ᠵᠢᠱ᠌ᠢᠵᠦ᠍ ᠨᠤᠲᠠᠯᠠᠯᠲᠠ ᠬᠢᠵᠦ᠍᠂ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠣᠯᠠᠨ ᠨᠡᠢᠲᠡ᠎ᠶ᠋ᠢᠨ ᠰᠠᠨᠠᠯ᠎ᠢ ᠥᠷᠭᠡᠨ᠎ᠢᠶᠠᠷ ᠰᠣᠨᠣᠰᠭᠤ ᠬᠡᠷᠡᠭ᠌ᠲᠡᠶ᠃

(ᠨᠠᠢ᠍ᠮᠠ) ᠠᠮᠢᠳᠤᠯᠢᠭ᠍ᠵᠢᠭᠤᠯᠤᠨ ᠠᠱᠢᠬ᠍ᠯᠠᠬᠤ᠎ᠶ᠋ᠢ ᠠᠬᠢᠭᠤᠯᠤᠨ᠎ᠠ᠃ ᠬᠡᠷᠡᠭ᠌ᠯᠡᠬᠦ᠌᠎ᠪᠠᠷ ᠳᠠᠮᠵᠢᠨ ᠬᠠᠮᠠᠭᠠᠯᠠᠬᠤ᠎ᠶ᠋ᠢ ᠪᠠᠷᠢᠮᠲᠠᠯᠠᠵᠤ᠂ ᠲᠡᠦᠬᠡ ᠰᠣᠶᠣᠯ᠎ᠤᠨ ᠥᠪ᠎ᠢ ᠪᠦᠲᠦᠮᠵᠢᠲᠡᠶ ᠠᠱᠢᠬ᠍ᠯᠠᠬᠤ ᠳᠤᠮᠳᠠ ᠬᠤᠲᠠ ᠪᠠ ᠬᠥᠳᠡᠭᠡ ᠲᠣᠰᠭᠤᠨ᠎ᠤ ᠥᠪᠡᠷᠮᠢᠴᠡ ᠣᠨᠴᠠᠯᠢᠭ ᠪᠥᠬᠦᠶ ᠢᠯᠡᠷᠬᠡᠢᠯᠡᠯ ᠲᠡᠮᠳᠡᠭ ᠪᠠ ᠣᠯᠠᠨ ᠨᠡᠢᠲᠡ᠎ᠶ᠋ᠢᠨ ᠴᠠᠭ ᠦᠶ᠎ᠡ᠎ᠶ᠋ᠢᠨ ᠳᠤᠷᠠᠳᠭᠠᠯ ᠪᠣᠯᠭᠠᠵᠤ᠂ ᠲᠡᠦᠬᠡ ᠰᠣᠶᠣᠯ ᠪᠠ ᠣᠲᠣ ᠦᠶ᠎ᠡ᠎ᠶ᠋ᠢᠨ ᠠᠮᠢᠳᠤᠷᠠᠯ᠎ᠢ ᠨᠢᠭᠡ ᠴᠣᠭ᠍ᠴᠠᠵᠢᠭᠤᠯᠤᠨ᠂ ᠥᠨᠢᠳᠡ ᠤᠯᠠᠮᠵᠢᠯᠠᠨ ᠵᠠᠯᠭᠠᠮᠵᠢᠯᠠᠬᠤ᠎ᠶ᠋ᠢ ᠪᠡᠶᠡᠯᠡᠭᠦᠯᠦᠨ᠎ᠡ᠃ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠴᠢᠯᠥᠭᠡᠲᠡᠶ ᠨᠡᠭᠡᠭᠡᠬᠦ᠌ ᠡᠷᠴᠢᠮ᠎ᠢᠶᠠᠨ ᠴᠢᠩᠭᠠᠷᠠᠭᠤᠯᠵᠤ᠂ ᠨᠥᠬᠦᠴᠡᠯ ᠪᠦᠷᠢᠯᠳᠦᠭᠦᠯᠦᠭ᠌ᠰᠡᠨ ᠲᠡᠦᠬᠡ᠎ᠶ᠋ᠢᠨ ᠳᠤᠷᠠᠰᠭᠠᠯᠲᠤ  ᠵᠦᠢᠯᠡᠰ᠎ᠤᠨ ᠪᠠᠷᠢᠯᠭ᠎ᠠ᠎ᠶ᠋ᠢ ᠮᠦᠽᠧᠶ᠂ ᠳᠡᠯᠭᠡᠨ ᠦᠵᠡᠭᠦᠯᠬᠦ᠌ ᠣᠷᠳᠣᠨ ᠵᠡᠷᠭᠡ ᠣᠯᠠᠨ ᠨᠡᠢᠲᠡ᠎ᠶ᠋ᠢᠨ ᠰᠣᠶᠣᠯ᠎ᠤᠨ ᠲᠦᠬᠦᠭᠡᠷᠦᠮᠵᠢ ᠪᠣᠯᠭᠠᠨ᠎ᠠ᠃ ᠲᠡᠦᠬᠡ᠎ᠶ᠋ᠢᠨ ᠪᠠᠷᠢᠯᠭ᠎ᠠ᠂ ᠠᠵᠤ ᠦᠢᠯᠡᠳᠪᠦᠷᠢ᠎ᠶ᠋ᠢᠨ ᠥᠪ᠎ᠢ ᠠᠮᠢᠳᠤᠯᠢᠭ᠍ᠵᠢᠭᠤᠯᠤᠨ ᠠᠱᠢᠬ᠍ᠯᠠᠵᠤ᠂ ᠤᠤᠯ᠎ᠤᠨ ᠳᠦᠷᠰᠦ ᠪᠠᠢᠳᠠᠯ᠂ ᠨᠡᠢᠲᠡᠯᠢᠭ ᠲᠣᠨᠣᠭ᠍ᠯᠠᠭᠠᠰᠤ᠎ᠶ᠋ᠢ ᠪᠠᠲᠤᠯᠠᠭ᠍ᠰᠠᠨ ᠰᠠᠭᠤᠷᠢᠨ ᠳᠡᠭᠡᠷ᠎ᠡ᠂ ᠨᠡᠮᠡᠵᠦ᠍ ᠪᠠᠢᠭᠤᠯᠬᠤ᠂ ᠥᠭᠡᠷᠡᠴᠢᠯᠡᠨ ᠪᠠᠢᠭᠤᠯᠬᠤ ᠪᠠ ᠲᠦᠬᠦᠭᠡᠷᠦᠮᠵᠢ ᠨᠡᠮᠡᠬᠦ᠌ ᠵᠡᠷᠭᠡ ᠠᠷᠭ᠎ᠠ᠎ᠪᠠᠷ ᠳᠠᠮᠵᠢᠭᠤᠯᠤᠨ ᠣᠳᠣ ᠦᠶ᠎ᠡ᠎ᠶ᠋ᠢᠨ ᠦᠢᠯᠡᠳᠪᠦᠷᠢᠯᠡᠯ ᠠᠮᠢᠳᠤᠷᠠᠯ᠎ᠤᠨ ᠬᠡᠷᠡᠭ᠌ᠴᠡᠭᠡ᠎ᠳᠤ ᠲᠣᠬᠢᠷᠠᠯᠴᠠᠭᠤᠯᠤᠨ᠎ᠠ᠃ ᠲᠠᠷᠢᠶᠠᠯᠠᠩ᠎ᠤᠨ ᠰᠣᠶᠣᠯ᠎ᠤᠨ ᠥᠪ᠂ ᠤᠰᠤᠯᠠᠯᠲᠠ᠎ᠶ᠋ᠢᠨ ᠢᠨᠵᠧᠨᠧᠷᠢᠩ᠎ᠤᠨ ᠥᠪ᠎ᠤᠨ ᠬᠠᠮᠠᠭᠠᠯᠠᠯᠲᠠ ᠪᠠ ᠬᠥᠭ᠌ᠵᠢᠯᠲᠡ᠎ᠶ᠋ᠢᠨ ᠠᠷᠭ᠎ᠠ ᠵᠠᠮ᠎ᠢ ᠰᠦᠪᠡᠭ᠌ᠴᠢᠯᠡᠵᠦ᠍᠂ ᠠᠮᠢ ᠠᠬᠤᠶ᠎ᠶ᠋ᠢᠨ ᠲᠠᠷᠢᠶᠠᠯᠠᠩ᠂ ᠬᠥᠳᠡᠭᠡ ᠲᠣᠰᠭᠤᠨ᠎ᠤ ᠵᠢᠭᠤᠯᠴᠢᠯᠠᠯ᠎ᠤᠨ ᠬᠥᠭ᠌ᠵᠢᠯᠲᠡ᠎ᠶ᠋ᠢ ᠠᠬᠢᠭᠤᠯᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠤᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠢ ᠵᠦᠢ ᠵᠣᠬᠢᠰᠲᠠᠢ ᠠᠱᠢᠬ᠍ᠯᠠᠬᠤ᠎ᠶ᠋ᠢ ᠠᠬᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠳᠤ ᠦᠶ᠎ᠡ᠎ᠶ᠋ᠢᠨ ᠦᠢᠯᠡᠳᠪᠦᠷᠢᠯᠡᠯ ᠠᠮᠢᠳᠤᠷᠠᠯ᠎ᠳᠤ ᠠᠭᠤᠰᠤᠨ ᠣᠷᠣᠬᠤ᠎ᠶ᠋ᠢ ᠠᠬᠢᠭᠤᠯᠤᠨ᠎ᠠ᠃

(ᠶᠢᠰᠦ) ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠳᠤ ᠠᠭᠤᠰᠤᠯᠴᠠᠭᠤᠯᠤᠨ᠎ᠠ᠃ ᠬᠤᠲᠠ ᠬᠥᠳᠡᠭᠡ᠎ᠶ᠋ᠢᠨ ᠣᠷᠣᠨ ᠵᠠᠶ᠎ᠶ᠋ᠢᠨ ᠪᠠᠢᠷᠢᠱᠢᠭᠤᠯᠤᠯᠲᠠ᠎ᠶ᠋ᠢ ᠨᠢᠭᠡᠳᠦᠯᠲᠡᠶ ᠲᠥᠯᠥᠪᠯᠡᠨ᠂ ᠱᠢᠨ᠎ᠡ ᠬᠤᠲᠠ ᠪᠣᠯᠤᠨ ᠬᠠᠭᠤᠴᠢᠨ ᠬᠤᠲᠠ᠎ᠶ᠋ᠢᠨ ᠬᠠᠷᠢᠴᠠᠭ᠎ᠠ᠎ᠶ᠋ᠢ ᠵᠤᠬᠢᠰᠳᠠᠢ ᠱᠢᠢᠳᠪᠦᠷᠢᠯᠡᠵᠦ᠍᠂ ᠬᠠᠭᠤᠴᠢᠨ ᠬᠤᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠨᠢᠭ᠍ᠲᠠᠴᠠ ᠪᠣᠯᠤᠨ ᠬᠦᠴᠦᠯᠡᠴᠡ᠎ᠶ᠋ᠢ ᠵᠦᠢ ᠵᠣᠬᠢᠰᠲᠠᠶ ᠲᠣᠭ᠍ᠲᠠᠭᠠᠨ᠂ ᠱᠢᠨᠵᠢᠯᠡᠬᠦ᠌ ᠤᠬᠠᠭᠠᠨᠴᠢ᠎ᠪᠠᠷ ᠨᠤᠲᠠᠯᠠᠭ᠍ᠰᠠᠨ᠎ᠤ ᠳᠠᠷᠠᠭ᠎ᠠ᠂ ᠲᠡᠦᠬᠡ ᠰᠣᠶᠣᠯ᠎ᠤᠨ ᠬᠠᠮᠠᠭᠠᠯᠠᠵᠤ ᠤᠯᠠᠮᠵᠢᠯᠠᠬᠤ᠎ᠯᠤᠭ᠎ᠠ ᠲᠣᠬᠢᠷᠠᠯᠴᠠᠬᠤ ᠦᠭᠡᠶ ᠠᠵᠤ ᠦᠢᠯᠡᠳᠪᠦᠷᠢ᠂ ᠬᠥᠮᠥᠷᠭᠡᠯᠡᠨ ᠬᠠᠳᠠᠭᠠᠯᠠᠬᠤ᠂ ᠪᠠᠷᠠᠭ᠎ᠠ᠎ᠶ᠋ᠢᠨ ᠭᠦᠢᠯᠭᠡᠭᠡᠨ᠂ ᠣᠷᠣᠨ ᠪᠦᠰᠡ᠎ᠶ᠋ᠢᠨ ᠴᠢᠨᠠᠷᠲᠠᠶ ᠪᠥᠭᠡᠮ᠎ᠢᠶᠠᠷ ᠬᠤᠳᠠᠯᠳᠤᠬᠤ ᠵᠠᠬ᠎ᠠ ᠳᠡᠯᠭᠡᠭᠦᠷ ᠵᠡᠷᠭᠡ ᠬᠤᠲᠠ᠎ᠶ᠋ᠢᠨ ᠴᠢᠳᠠᠮᠵᠢ᠎ᠶ᠋ᠢ ᠠᠯᠬᠤᠮ ᠠᠯᠬᠤᠮ᠎ᠢᠶᠠᠷ ᠲᠠᠷᠬᠠᠭᠠᠨ᠎ᠠ᠃ ᠦᠯᠡᠳᠡᠭᠡᠬᠦ᠌ ᠥᠭᠡᠷᠡᠴᠢᠯᠡᠬᠦ᠌ ᠨᠤᠷᠠᠭᠠᠬᠤ᠎ᠶ᠋ᠢ ᠵᠡᠷᠭᠡ᠎ᠪᠠᠷ ᠠᠳᠭᠤᠬᠤ᠂ ᠦᠯᠡᠳᠡᠭᠡᠵᠦ᠍ ᠬᠠᠮᠠᠭᠠᠯᠠᠬᠤ᠎ᠪᠠᠷ ᠭᠤᠣᠯ ᠪᠣᠯᠭᠠᠬᠤ ᠵᠠᠷᠴᠢᠮ ᠶᠣᠰᠣᠭᠠᠷ᠂ ᠬᠤᠲᠠ᠎ᠶ᠋ᠢᠨ ᠠᠮᠢ ᠠᠬᠤᠢ᠎ᠶ᠋ᠢ ᠵᠠᠰᠠᠨ ᠰᠡᠷᠭᠦᠭᠡᠬᠦ᠌ ᠪᠠ ᠴᠢᠳᠠᠮᠵᠢ᠎ᠶ᠋ᠢ ᠲᠡᠭᠦᠯᠳᠡᠷᠵᠢᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠬᠤᠲᠠ᠎ᠶ᠋ᠢᠨ ᠱᠢᠨᠡᠴᠢᠯᠡᠯᠲᠡ᠎ᠶ᠋ᠢ ᠯᠠᠪᠳᠠᠭᠤᠨ᠎ᠢᠶᠠᠷ ᠠᠬᠢᠭᠤᠯᠤᠨ᠎ᠠ᠃ ᠭᠤᠤᠯᠳᠠᠯᠭ᠎ᠠ᠎ᠲᠠᠢ ᠭᠠᠵᠠᠷ ᠬᠡᠰᠡᠭ᠎ᠤᠨ ᠪᠥᠲᠥᠭᠡᠨ ᠪᠠᠢᠭᠤᠯᠤᠯᠲᠠ᠎ᠶ᠋ᠢᠨ ᠠᠵᠢᠯᠯᠠᠭ᠎ᠠ᠎ᠶ᠋ᠢ ᠬᠠᠮᠢᠶᠠᠷᠤᠨ ᠡᠵᠡᠮᠳᠡᠬᠦ᠌ ᠪᠠ ᠪᠠᠷᠢᠯᠭ᠎ᠠ᠂ ᠱᠤᠭᠤᠮᠠᠯ᠎ᠢ ᠵᠢᠷᠤᠵᠤ ᠲᠥᠯᠥᠪᠯᠡᠬᠦ᠌᠎ᠶ᠋ᠢ ᠬᠥᠲᠥᠯᠥᠨ ᠵᠢᠯᠣᠭᠤᠳᠭᠤ᠎ᠶ᠋ᠢ ᠴᠢᠩᠭᠠᠳᠭᠠᠵᠤ᠂ ᠤᠯᠠᠮᠵᠢᠯᠠᠯᠲᠤ ᠰᠣᠶᠣᠯ᠎ᠤᠨ ᠭᠧᠨ᠎ᠢ ᠰᠠᠢᠲᠤᠷ ᠬᠠᠮᠠᠭᠠᠯᠠᠨ᠂ ᠤᠯᠠᠮᠵᠢᠯᠠᠯ᠎ᠤᠨ ᠱᠢᠨ᠎ᠡ᠎ᠶ᠋ᠢ ᠡᠭᠦᠳᠬᠦ᠌᠎ᠶ᠋ᠢ ᠵᠣᠷᠢᠭ᠍ᠵᠢᠭᠤᠯᠵᠤ᠂ ᠬᠤᠲᠠ᠎ᠶ᠋ᠢᠨ ᠣᠨᠴᠠᠯᠢᠭ᠎ᠢ ᠢᠯᠡᠷᠡᠭᠦᠯᠦᠨ᠂ 《ᠮᠢᠩᠭᠠᠨ ᠬᠤᠲᠠ ᠨᠢᠭᠡ ᠯᠠ ᠠᠳᠠᠯᠢ᠂ ᠲᠦᠮᠡᠨ ᠠᠰᠠᠷ ᠨᠢᠭᠡ ᠯᠡ ᠳᠦᠷᠢ᠎ᠲᠠᠢ ᠪᠠᠢᠬᠤ᠎ᠠᠴᠠ ᠵᠠᠢᠯᠠᠰᠭᠢᠨ᠎ᠡ᠃ ᠲᠡᠦᠬᠡ ᠰᠣᠶᠣᠯ᠎ᠤᠨ ᠵᠡᠭᠡᠯᠢ ᠲᠣᠭᠤᠷᠢᠭ ᠪᠠ ᠲᠡᠦᠬᠡ᠎ᠶ᠋ᠢᠨ ᠭᠠᠵᠠᠷ ᠬᠡᠰᠡᠭ᠎ᠲᠤ ᠲᠦᠱᠢᠭ᠌ᠯᠡᠨ ᠰᠣᠶᠣᠯ᠎ᠤᠨ ᠦᠵᠡᠭᠦᠯᠭᠡ᠂ ᠤᠯᠠᠮᠵᠢᠯᠠᠯᠲᠤ ᠣᠷᠣᠨ ᠰᠠᠭᠤᠴᠠ᠂ ᠣᠨᠴᠠᠯᠢᠭ᠍ᠲᠤ ᠬᠤᠳᠠᠯᠳᠤᠭ᠎ᠠ᠂ ᠰᠡᠯᠡᠭᠦᠴᠡᠨ ᠤᠢ᠍ᠢᠯᠠᠭᠠᠬᠤ ᠵᠡᠷᠭᠡ ᠣᠨᠴᠠᠭᠠᠢ ᠴᠢᠳᠠᠮᠵᠢᠲᠤ ᠣᠷᠣᠨ᠎ᠢ ᠪᠦᠲᠦᠭᠡᠨ ᠪᠠᠢᠭᠤᠯᠵᠤ᠂ ᠬᠤᠲᠠ᠎ᠶ᠋ᠢᠨ ᠴᠢᠳᠠᠮᠵᠢ᠎ᠶ᠋ᠢ ᠲᠡᠭᠦᠯᠳᠡᠷᠵᠢᠭᠦᠯᠦᠨ᠂ ᠬᠤᠲᠠ᠎ᠶ᠋ᠢᠨ ᠠᠮᠢᠵᠢᠷᠠᠯ᠎ᠤᠨ ᠬᠦᠴᠦᠨ᠎ᠢ ᠳᠡᠭᠡᠭ᠌ᠰᠢᠯᠡᠭᠦᠯᠦᠨ᠎ᠡ᠃ 《ᠬᠤᠸᠠᠷ ᠬᠠᠳᠭᠤᠬᠤ》᠂ 《ᠨᠡᠬᠡᠬᠦ᠌ ᠨᠥᠬᠦᠬᠦ᠌》 ᠵᠡᠷᠭᠡ ᠵᠢᠵᠢᠭ ᠥᠭᠡᠷᠡᠴᠢᠯᠡᠯᠲᠡ᠎ᠶ᠋ᠢᠨ ᠠᠷᠭ᠎ᠠ ᠮᠠᠶᠢᠭ᠎ᠢ ᠬᠡᠷᠡᠭ᠌ᠯᠡᠨ᠂ ᠲᠡᠦᠬᠡ ᠰᠣᠶᠣᠯ᠎ᠤᠨ ᠨᠠᠷᠠᠲᠤ ᠬᠤᠲᠠ᠂ ᠨᠠᠷᠠᠲᠤ ᠪᠠᠯᠭᠠᠰᠤ᠂ ᠨᠠᠷᠠᠲᠤ ᠲᠣᠰᠭᠤᠨ (ᠤᠯᠠᠮᠵᠢᠯᠠᠯᠲᠤ ᠲᠣᠰᠭᠤᠨ)᠂ ᠵᠡᠭᠡᠯᠢ ᠲᠣᠭᠤᠷᠢᠭ ᠪᠠ ᠲᠡᠦᠬᠡ᠎ᠶ᠋ᠢᠨ ᠭᠠᠵᠠᠷ ᠬᠡᠰᠡᠭ᠎ᠤᠨ ᠣᠯᠠᠨ ᠨᠡᠢᠲᠡ᠎ᠶ᠋ᠢᠨ ᠨᠡᠭᠡᠭᠡᠯᠲᠡ᠎ᠶ᠋ᠢᠨ ᠣᠷᠣᠨ ᠵᠠᠶ᠎ᠶ᠋ᠢ ᠨᠡᠮᠡᠭ᠌ᠳᠡᠭᠦᠯᠵᠦ᠍᠂ ᠢᠵᠢ ᠲᠥᠬᠦᠷᠵᠢᠭᠦᠯᠬᠦ᠌ ᠰᠠᠭᠤᠷᠢ ᠲᠦᠬᠦᠭᠡᠷᠦᠮᠵᠢ ᠪᠠ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠲᠦᠬᠦᠭᠡᠷᠦᠮᠵᠢ᠎ᠶ᠋ᠢᠨ ᠳᠤᠲᠠᠭᠤᠳᠠᠯ᠎ᠢ ᠭᠦᠢᠴᠡᠳ ᠨᠥᠬᠦᠪᠥᠷᠢᠯᠡᠨ᠎ᠡ᠃ ᠣᠯᠠᠨ ᠵᠦᠢᠯ᠎ᠤᠨ ᠬᠡᠯᠪᠡᠷᠢ ᠮᠠᠶᠢᠭ ᠪᠦᠬᠦᠢ ᠪᠠᠴᠢᠮ ᠪᠠᠢᠳᠠᠯ᠎ᠢ ᠠᠷᠭᠠᠴᠠᠭᠠᠬᠤ ᠬᠦᠴᠦᠨ᠎ᠤ ᠪᠠᠢᠭᠤᠯᠤᠯᠲᠠ᠎ᠶ᠋ᠢ ᠴᠢᠩᠭᠠᠳᠭᠠᠨ᠂ ᠪᠠᠴᠢᠮ ᠪᠠᠢᠳᠠᠯ᠎ᠢ ᠠᠷᠭᠠᠴᠠᠭᠠᠨ ᠱᠢᠢᠳᠪᠦᠷᠢᠯᠡᠬᠦ᠌ ᠲᠥᠰᠦᠯ ᠲᠣᠭ᠍ᠲᠠᠭᠠᠵᠤ᠂ ᠬᠥᠮᠦᠨ᠎ᠢᠶᠠᠷ ᠰᠡᠷᠭᠡᠢᠯᠡᠬᠦ᠂ ᠪᠣᠳᠠᠰ᠎ᠢᠶᠠᠷ ᠰᠡᠷᠭᠡᠢᠯᠡᠬᠦ᠂ ᠮᠡᠷᠭᠡᠵᠢᠯ᠎ᠢᠶᠠᠷ ᠰᠡᠷᠭᠡᠢᠯᠡᠬᠦ᠌ ᠵᠡᠷᠭᠡ ᠠᠷᠭ᠎ᠠ ᠪᠠᠷᠢᠯ᠎ᠢ ᠶᠡᠷᠦᠩᠬᠡᠢᠯᠡᠨ ᠬᠡᠷᠡᠭ᠌ᠯᠡᠵᠦ᠍᠂ ᠲᠡᠦᠬᠡ ᠰᠣᠶᠣᠯ᠎ᠤᠨ ᠨᠡᠷᠡᠲᠦ ᠬᠤᠲᠠ᠂ ᠨᠡᠷᠡᠲᠦ ᠪᠠᠯᠭᠠᠰᠤ᠂ ᠨᠡᠷᠡᠲᠦ ᠲᠣᠰᠭᠤᠨ (ᠤᠯᠠᠮᠵᠢᠯᠠᠯᠲᠤ ᠲᠣᠰᠭᠤᠨ)᠂ ᠵᠡᠭᠡᠯᠢ ᠲᠣᠭᠤᠷᠢᠭ ᠪᠣᠯᠤᠨ ᠲᠡᠦᠬᠡ᠎ᠶ᠋ᠢ ᠭᠠᠵᠠᠷ ᠬᠡᠰᠡᠭ᠎ᠤᠨ ᠭᠠᠮᠱᠢᠭ᠎ᠢ ᠰᠡᠷᠭᠡᠢᠯᠡᠨ ᠭᠠᠮᠱᠢᠭ᠎ᠢ ᠪᠠᠭᠠᠰᠭᠠᠵᠤ ᠭᠠᠮᠱᠢᠭ᠎ᠠᠴᠠ ᠠᠪᠤᠷᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠠ᠃ ᠬᠥᠳᠡᠭᠡ ᠲᠣᠰᠭᠤᠨ᠎ᠤ ᠪᠦᠲᠦᠭᠡᠨ ᠪᠠᠢᠭᠤᠯᠤᠯᠲᠠ ᠬᠢᠭᠡᠳ ᠲᠡᠦᠬᠡ ᠰᠣᠶᠣᠯ᠎ᠤᠨ ᠨᠡᠷᠡᠲᠦ ᠪᠠᠯᠭᠠᠰᠤ᠂ ᠨᠡᠷᠡᠲᠦ ᠲᠣᠰᠭᠤᠨ (ᠤᠯᠠᠮᠵᠢᠯᠠᠯᠲᠤ ᠲᠣᠰᠭᠤᠨ) ᠵᠢᠴᠢ ᠲᠡᠦᠬᠡ᠎ᠶ᠋ᠢᠨ ᠭᠠᠵᠠᠷ ᠬᠡᠰᠡᠭ᠂ ᠲᠠᠷᠢᠶᠠᠯᠠᠩ᠎ᠤᠨ ᠰᠣᠶᠣᠯ᠎ᠤᠨ ᠥᠪ᠂ ᠤᠰᠤᠯᠠᠯᠲᠠ᠎ᠶ᠋ᠢᠨ ᠢᠨᠵᠧᠨᠧᠷᠢᠩ᠎ᠤᠨ ᠥᠪ᠎ᠢ ᠬᠠᠮᠠᠭᠠᠯᠠᠨ ᠠᠱᠢᠬ᠍ᠯᠠᠬᠤ᠎ᠶ᠋ᠢ ᠨᠢᠭᠡᠳᠦᠯᠲᠡᠶ ᠲᠥᠯᠥᠪᠵᠢᠭᠦᠯᠦᠨ᠎ᠠ᠃

(ᠠᠷᠪᠠ) ᠲᠡᠦᠬᠡ ᠰᠣᠶᠣᠯ᠎ᠢ ᠪᠠᠳᠠᠷᠠᠭᠤᠯᠤᠨ᠎ᠠ᠃ ᠬᠠᠮᠠᠭᠠᠯᠠᠬᠤ ᠰᠠᠭᠤᠷᠢᠨ ᠳᠡᠭᠡᠷ᠎ᠡ ᠡᠯ᠎ᠡ ᠲᠥᠷᠥᠯ᠎ᠤᠨ ᠲᠡᠦᠬᠡ ᠰᠣᠶᠣᠯ᠎ᠤᠨ ᠥᠪ᠎ᠢ ᠰᠤᠳᠤᠯᠤᠨ ᠲᠠᠢᠯᠪᠤᠷᠢᠯᠠᠬᠤ ᠠᠵᠢᠯ᠎ᠢ ᠴᠢᠩᠭᠠᠳᠭᠠᠵᠤ᠂ ᠲᠡᠭᠦᠨ᠎ᠤ ᠲᠡᠦᠬᠡᠨ ᠥᠯᠢᠭᠡᠷ᠂ ᠰᠣᠶᠣᠯ᠎ᠤᠨ ᠦᠨ᠎ᠡ ᠥᠷᠲᠡᠭ᠂ ᠣᠶᠤᠨ ᠰᠠᠨᠠᠭᠠᠨ᠎ᠤ ᠠᠭᠤᠯᠤᠭ᠍ᠳᠠᠬᠤᠨ᠎ᠢ ᠣᠯᠠᠨ ᠲᠠᠰ ᠳᠠᠪᠬᠤᠷᠭ᠎ᠠ᠂ ᠪᠥᠬᠦ᠌ ᠲᠠᠯ᠎ᠠ᠎ᠪᠠᠷ᠂ ᠦᠷᠭᠦᠯᠵᠢᠯᠡᠨ ᠠᠭᠤᠳᠠᠯᠤᠨ᠎ᠠ᠃ ᠲᠡᠰ ᠳᠠᠪᠬᠤᠷᠭ᠎ᠠ ᠬᠤᠪᠢᠶᠠᠨ᠂ ᠲᠦᠷᠦᠯ ᠬᠤᠪᠢᠶᠠᠨ ᠡᠯ᠎ᠡ ᠲᠦᠷᠦᠯ᠎ᠤᠨ ᠲᠡᠦᠬᠡ ᠰᠣᠶᠣᠯ᠎ᠤᠨ ᠥᠪ᠎ᠢ ᠬᠤᠯᠪᠣᠵᠤ᠂ ᠦᠢᠯᠡᠳᠪᠦᠷᠢᠯᠡᠯ ᠠᠮᠢᠳᠤᠷᠠᠯ᠎ᠳᠤ ᠠᠭᠤᠰᠤᠯᠴᠠᠭ᠍ᠰᠠᠨ ᠲᠡᠦᠬᠡ ᠰᠣᠶᠣᠯ᠎ᠤᠨ ᠦᠵᠡᠭᠦᠯᠭᠡ᠎ᠶ᠋ᠢᠨ ᠱᠤᠭᠤᠮ᠂ ᠬᠤᠩᠬᠢᠯ ᠪᠣᠯᠤᠨ ᠲᠤᠤᠷ᠎ᠢ ᠪᠠᠢᠭᠤᠯᠵᠤ᠂ ᠭᠠᠵᠠᠷ ᠪᠣᠯᠭᠠᠨ᠎ᠳᠤ ᠲᠡᠦᠬᠡ᠎ᠶ᠋ᠢ ᠢᠯᠡᠷᠡᠭᠦᠯᠵᠤ᠂ ᠭᠠᠵᠠᠷ ᠪᠣᠯᠭᠠᠨ᠎ᠳᠤ ᠰᠣᠶᠣᠯ᠎ᠢ ᠢᠯᠡᠷᠡᠭᠦᠯᠵᠦ᠍᠂ ᠬᠤᠳᠠ ᠬᠥᠳᠡᠭᠡ᠎ᠶ᠋ᠢᠨ ᠪᠦᠳᠦᠭᠡᠨ ᠪᠠᠢᠭᠤᠯᠤᠯᠲᠠ ᠳᠤᠮᠳᠠ ᠬᠤᠳᠠ᠎ᠶ᠋ᠢᠨ ᠵᠣᠷᠢᠭ ᠰᠠᠨᠠᠭ᠎ᠠ ᠪᠣᠯᠤᠨ ᠬᠥᠳᠡᠭᠡ ᠲᠣᠰᠭᠤᠨ᠎ᠤ ᠪᠣᠯᠪᠠᠰᠤᠨ᠎ᠢ ᠢᠯᠡᠷᠡᠭᠦᠯᠵᠦ᠍᠂ ᠥᠷᠭᠡᠨ ᠤᠯᠠᠨ ᠠᠷᠠᠳ ᠲᠦᠮᠡᠨ᠎ᠢ ᠡᠳᠦᠷ ᠪᠤᠯᠭᠠᠨ ᠬᠡᠷᠡᠭ᠌ᠯᠡᠬᠦ᠌ ᠳᠤᠮᠳᠠ ᠦᠯᠦ᠍ ᠮᠡᠳᠡᠭ᠌ᠳᠡᠮ᠎ᠡ᠎ᠪᠠᠷ ᠰᠣᠶᠣᠯ᠎ᠤᠨ ᠨᠥᠯᠥᠭᠡ᠎ᠶ᠋ᠢ ᠬᠦᠷᠳᠡᠬᠦ᠌ ᠪᠣᠯᠭᠠᠨ᠎ᠠ᠃ ᠤᠬᠠᠭᠤᠯᠤᠨ ᠳᠡᠯᠭᠡᠷᠡᠭᠦᠯᠬᠦ᠌ ᠡᠷᠴᠢᠮ᠎ᠢᠶᠠᠨ ᠨᠡᠮᠡᠭ᠌ᠳᠡᠭᠦᠯᠵᠦ᠍᠂ ᠤᠯᠠᠮᠵᠢᠯᠠᠯᠲᠤ ᠪᠠᠶᠠᠷ ᠳᠤᠷᠠᠰᠭᠠᠯ᠎ᠤᠨ ᠠᠵᠢᠯᠯᠠᠭ᠎ᠠ᠂ ᠳᠤᠷᠠᠰᠭᠠᠬᠤ ᠠᠵᠢᠯᠯᠠᠭ᠎ᠠ᠂ ᠰᠣᠶᠣᠯ᠎ᠤᠨ ᠤᠨ ᠵᠡᠷᠭᠡ ᠤᠯᠠᠨ ᠶᠠᠩᠵᠤ ᠬᠡᠯᠪᠡᠷᠢ᠎ᠶ᠋ᠢᠨ ᠰᠣᠶᠣᠯ᠎ᠤᠨ ᠭᠤᠣᠯ ᠰᠡᠳᠦᠪᠲᠦ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠢᠯᠡᠳᠭᠡᠬᠦ᠌ ᠠᠷᠭ᠎ᠠ ᠮᠠᠶᠢᠭ᠎ᠤᠨ ᠱᠢᠨ᠎ᠡ᠎ᠶ᠋ᠢ ᠡᠭᠦᠳᠴᠦ᠍᠂ ᠰᠣᠨᠢᠨ ᠮᠡᠳᠡᠭᠡ ᠮᠡᠳᠡᠭᠡᠯᠡᠯ᠂ ᠲᠧᠯᠸᠢᠰ ᠵᠦᠴᠦᠭᠡ᠂ ᠲᠧᠯᠸᠢᠰ ᠫᠷᠤᠭ᠌ᠷᠠᠮ᠂ ᠪᠠᠷᠢᠮᠲᠠᠲᠤ ᠹᠢᠯᠢᠮ᠂ ᠺᠠᠷᠲ᠋ᠣᠨ ᠺᠢᠨᠣ᠋᠂ ᠣᠬᠤᠷ ᠸᠢᠳᠢᠣ᠋ ᠵᠡᠷᠭᠡ ᠣᠯᠠᠨ ᠵᠦᠢᠯ᠎ᠤᠨ ᠬᠡᠯᠪᠡᠷᠢ᠎ᠪᠠᠷ ᠳᠤᠮᠳᠠᠳᠤ᠎ᠶ᠋ᠢᠨ ᠪᠣᠯᠪᠠᠰᠤᠨ᠎ᠤ ᠨᠥᠯᠥᠭᠡᠯᠡᠬᠦ᠌ ᠬᠦᠴᠦᠨ᠂ ᠨᠢᠭ᠍ᠲᠠᠷᠠᠭᠤᠯᠬᠤ ᠬᠦᠴᠦᠨ ᠪᠣᠯᠤᠨ ᠤᠷᠢᠶᠠᠯᠠᠬᠤ ᠬᠦᠴᠦᠨ᠎ᠢ ᠭᠦᠢᠴᠡᠳ ᠢᠯᠡᠷᠡᠭᠦᠯᠦᠨ᠎ᠠ᠃


ᠳᠥᠷᠪᠡ᠂ ᠠᠵᠢᠯ᠎ᠤᠨ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠦᠨ᠎ᠡ

(ᠠᠷᠪᠠᠨ ᠨᠢᠭᠡ) ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠎ᠶ᠋ᠢ ᠴᠢᠩᠭᠠᠳᠭᠠᠨ᠎ᠠ᠃ ᠣᠷᠣᠨ ᠰᠠᠭᠤᠴᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠰᠠᠯᠠᠭ᠎ᠠ ᠮᠥᠴᠢᠷ᠎ᠤᠳ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠡᠭᠦᠷᠭᠡ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠭᠡᠵᠦ᠍᠂ ᠤᠬᠠᠭᠤᠯᠭ᠎ᠠ᠂ ᠬᠥᠭ᠌ᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠠᠷᠠᠳ᠎ᠤᠨ ᠶᠠᠪᠤᠳᠠᠯ᠂ ᠡᠳ᠋᠎ᠤᠨ ᠵᠠᠰᠠᠭ᠂ ᠪᠠᠢᠭᠠᠯᠢ᠎ᠶ᠋ᠢᠨ ᠡᠬᠢ ᠪᠠᠶᠠᠯᠢᠭ᠂ ᠤᠰᠤᠨ ᠠᠱᠢᠬ᠍ᠯᠠᠯᠲᠠ᠂ ᠬᠦᠳᠡᠭᠡ ᠠᠵᠦ᠍ ᠠᠬᠤᠢ ᠬᠥᠳᠡᠭᠡ ᠲᠣᠰᠭᠤᠨ᠂ ᠬᠤᠳᠠᠯᠳᠤᠭᠠᠨ᠎ᠤ ᠶᠠᠪᠤᠳᠠᠯ᠂ ᠰᠣᠶᠣᠯ ᠪᠠ ᠵᠢᠭᠤᠯᠴᠢᠯᠠᠯ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠂ ᠣᠢ ᠱᠢᠭᠤᠶ ᠨᠤᠳᠤᠭ ᠪᠡᠯᠴᠢᠭᠡᠷ ᠵᠡᠷᠭᠡ ᠰᠠᠯᠠᠭ᠎ᠠ ᠮᠥᠴᠢᠷ᠎ᠯᠦᠭᠡ ᠨᠡᠪᠲᠡᠷᠡᠯᠴᠡᠨ ᠵᠥᠪᠳᠡᠯᠴᠡᠬᠦ᠌᠎ᠪᠠᠨ ᠴᠢᠩᠭᠠᠳᠭᠠᠵᠤ᠂ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ ᠬᠢᠭᠡᠳ ᠡᠯ᠎ᠡ ᠲᠥᠷᠥᠯ᠎ᠤᠨ ᠲᠡᠦᠬᠡ ᠰᠣᠶᠣᠯ᠎ᠤᠨ ᠥᠪ᠎ᠢ ᠬᠠᠮᠠᠭᠠᠯᠠᠬᠤ ᠠᠵᠢᠯ᠎ᠤᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠳᠦᠷᠢᠮ᠂ ᠲᠥᠷᠥ᠎ᠶ᠋ᠢᠨ ᠪᠣᠳᠣᠯᠭ᠎ᠠ᠂ ᠪᠠᠷᠢᠮᠵᠢᠶ᠎ᠠ᠎ᠶ᠋ᠢᠨ ᠵᠣᠬᠢᠴᠠᠯᠳᠤᠨ ᠵᠣᠯᠭᠠᠭᠤᠯᠬᠤ᠎ᠶ᠋ᠢ ᠴᠢᠩᠭᠠᠳᠭᠠᠨ᠎ᠠ᠃ ᠣᠷᠣᠨ ᠪᠦᠰᠡ ᠠᠯᠤᠰᠯᠠᠭ᠍ᠰᠠᠨ᠂ ᠰᠠᠪᠠ ᠭᠠᠵᠠᠷ ᠠᠯᠤᠰᠯᠠᠭ᠍ᠰᠠᠨ ᠲᠡᠦᠬᠡ ᠰᠣᠶᠣᠯ᠎ᠤᠨ ᠥᠪ᠎ᠤᠨ ᠪᠦᠬᠦᠯᠢ ᠴᠣᠭ᠍ᠴᠠ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠵᠤ᠂ ᠤᠯᠤᠰ᠎ᠤᠨ ᠰᠣᠶᠣᠯ᠎ᠤᠨ ᠴᠡᠴᠡᠷᠯᠢᠭ᠎ᠤᠨ ᠪᠥᠲᠥᠭᠡᠨ ᠪᠠᠢᠭᠤᠯᠤᠯᠲᠠ ᠬᠠᠮᠠᠭᠠᠯᠠᠯᠲᠠ ᠵᠡᠷᠭᠡ ᠭᠤᠤᠯᠳᠠᠯᠭ᠎ᠠ᠎ᠲᠠᠢ ᠠᠵᠢᠯ᠎ᠲᠠᠢ ᠤᠶᠠᠯᠳᠤᠭᠤᠯᠤᠨ᠂ ᠤᠯᠤᠰ᠎ᠤᠨ ᠴᠢᠬᠤᠯᠠ ᠶᠡᠭᠡ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠳᠤ ᠢᠳᠡᠪᠬᠢᠲᠡᠶ᠎ᠪᠠᠷ ᠠᠭᠤᠰᠤᠯᠴᠠᠨ᠎ᠠ᠃

(ᠠᠷᠪᠠᠨ ᠬᠤᠶᠠᠷ) ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠲᠡᠦᠬᠡ ᠰᠣᠶᠣᠯ᠎ᠤᠨ ᠡᠬᠢ ᠪᠠᠶᠠᠯᠢᠭ᠎ᠢ ᠪᠠᠢᠴᠠᠭᠠᠨ ᠦᠨᠡᠯᠡᠬᠦ᠌ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠵᠤ᠂ ᠪᠠᠢᠴᠠᠭᠠᠬᠤ᠂ ᠦᠨᠡᠯᠡᠨ ᠵᠢᠱ᠌ᠢᠬᠦ᠌ ᠪᠠ ᠮᠠᠭᠠᠳᠯᠠᠨ ᠲᠣᠭ᠍ᠲᠠᠭᠠᠬᠤ ᠠᠵᠢᠯ᠎ᠢ ᠦᠷᠭᠦᠯᠵᠢᠯᠡᠨ ᠥᠷᠨᠢᠭᠦᠯᠵᠦ᠍᠂ ᠬᠠᠮᠠᠭᠠᠯᠠᠬᠤ ᠡᠲᠡᠭᠡᠳ᠎ᠢ ᠴᠠᠭ ᠲᠤᠬᠠᠶ᠎ᠳᠤᠨᠢ ᠥᠷᠭᠡᠳᠭᠡᠨ ᠲᠡᠭᠦᠯᠳᠡᠷᠵᠢᠭᠦᠯᠵᠦ᠍᠂ ᠬᠠᠮᠠᠭᠠᠯᠠᠬᠤ ᠨᠡᠷᠡᠰ᠎ᠢ ᠪᠠᠶᠠᠯᠢᠭ᠍ᠵᠢᠭᠤᠯᠤᠨ᠎ᠠ᠃ ᠦᠨᠳᠦᠰᠦᠨ ᠪᠥᠲᠥᠭᠡᠨ ᠪᠠᠢᠭᠤᠯᠤᠯᠲᠠ᠎ᠶ᠋ᠢᠨ ᠬᠠᠭᠤᠴᠢ ᠰᠤᠳᠤᠯᠤᠯ᠎ᠤᠨ ᠤᠷᠢᠳᠠᠴᠢ ᠲᠦᠷᠢᠮ᠎ᠢ ᠪᠠᠷᠢᠮᠲᠠᠯᠠᠵᠤ᠂ ᠲᠡᠦᠬᠡ ᠰᠣᠶᠣᠯ᠎ᠤᠨ ᠥᠪ᠎ᠤᠨ ᠬᠠᠮᠠᠭᠠᠯᠠᠯᠲᠠ᠎ᠶ᠋ᠢ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠳᠤ ᠤᠷᠢᠳᠴᠢᠯᠠᠨ ᠣᠷᠣᠯᠴᠠᠭᠤᠯᠬᠤ ᠠᠵᠢᠯ᠎ᠤᠨ ᠲᠣᠭ᠍ᠲᠠᠴᠠ᠎ᠶ᠋ᠢ ᠪᠠᠢᠭᠤᠯᠤᠨ᠎ᠠ᠃ ᠬᠠᠮᠠᠭᠠᠯᠠᠵᠤ ᠰᠡᠯᠪᠢᠨ ᠵᠠᠰᠠᠬᠤ᠎ᠶ᠋ᠢᠨ ᠪᠥᠬᠦ᠌ ᠶᠠᠪᠤᠴᠠ᠎ᠶ᠋ᠢᠨ ᠬᠠᠮᠢᠶᠠᠷᠤᠯᠲᠠ᠎ᠶ᠋ᠢ ᠠᠬᠢᠭᠤᠯᠵᠤ᠂ ᠡᠯ᠎ᠡ ᠲᠥᠷᠥᠯ᠎ᠤᠨ ᠬᠠᠮᠠᠭᠠᠯᠠᠬᠤ ᠡᠲᠡᠭᠡᠳ᠎ᠤᠨ ᠬᠠᠮᠠᠭᠠᠯᠠᠬᠤ᠂ ᠰᠡᠯᠪᠢᠨ ᠵᠠᠰᠠᠬᠤ᠂ ᠥᠭᠡᠷᠡᠴᠢᠯᠡᠬᠦ᠂ ᠨᠡᠭᠦᠯᠭᠡᠬᠦ᠌᠎ᠳᠤ ᠬᠢᠨᠠᠨ ᠵᠥᠪᠱᠢᠶᠡᠷᠡᠬᠦ᠌ ᠬᠠᠮᠢᠶᠠᠷᠤᠯᠲᠠ᠎ᠶ᠋ᠢ ᠬᠡᠷᠡᠭ᠌ᠵᠢᠭᠦᠯᠬᠦ᠌᠎ᠶ᠋ᠢ ᠱᠢᠯᠢᠳᠡᠭ᠌ᠵᠢᠭᠦᠯᠵᠦ᠍᠂ ᠠᠵᠢᠯ ᠶᠠᠪᠤᠳᠠᠯ᠎ᠤᠨ ᠳᠤᠮᠳᠠᠬᠢ ᠪᠠ ᠠᠵᠢᠯ ᠶᠠᠪᠤᠳᠠᠯ᠎ᠤᠨ ᠳᠠᠷᠠᠭᠠᠬᠢ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠬᠤᠷᠢᠭ᠎ᠠ ᠱᠤᠭᠤᠮ᠎ᠤᠨ ᠬᠠᠮᠢᠶᠠᠷᠤᠯᠲᠠ᠎ᠶ᠋ᠢᠨ ᠵᠠᠭ᠍ᠪᠤᠷ᠎ᠢ ᠠᠮᠢᠳᠤᠯᠢᠭ᠎ᠢᠶᠠᠷ ᠠᠱᠢᠬ᠍ᠯᠠᠬᠤ᠎ᠶ᠋ᠢ ᠰᠦᠪᠡᠭ᠌ᠴᠢᠯᠡᠵᠦ᠍᠂ ᠲᠥᠷᠥᠯ ᠬᠡᠯᠪᠡᠷᠢ ᠪᠠ ᠣᠷᠣᠨ ᠪᠦᠰᠡ ᠬᠤᠪᠢᠶᠠᠨ ᠲᠥᠷᠥᠯ ᠵᠦᠢᠯ᠎ᠳᠤ ᠵᠥᠪᠱᠢᠶᠡᠷᠡᠨ ᠣᠷᠣᠭᠤᠯᠬᠤ ᠨᠠᠵᠠᠭᠠᠢ ᠲᠠᠯ᠎ᠠ᠎ᠶ᠋ᠢᠨ ᠨᠠᠷᠢᠨ ᠳᠠᠩᠰᠠ᠎ᠶ᠋ᠢ ᠪᠠᠢᠭᠤᠯᠵᠤ᠂ ᠲᠣᠭ᠍ᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠵᠦ᠍᠂ ᠬᠥᠳᠡᠯᠦᠩᠭᠦᠶ᠎ᠪᠠᠷ ᠲᠣᠬᠢᠷᠠᠭᠤᠯᠤᠯᠲᠠ ᠬᠢᠨ᠎ᠠ᠃ ᠪᠦᠬᠦ᠌ ᠠᠮᠢ ᠨᠠᠰᠤᠨ᠎ᠤ ᠦᠶᠡᠯᠡᠯ᠎ᠤᠨ ᠬᠤᠭᠤᠴᠠᠭᠠᠨ᠎ᠤ ᠪᠠᠷᠢᠯᠭ᠎ᠠ᠎ᠶ᠋ᠢᠨ ᠬᠠᠮᠢᠶᠠᠷᠤᠯᠲᠠ᠎ᠶ᠋ᠢᠨ ᠳᠦᠷᠢᠮ᠎ᠢ ᠪᠠᠢᠭᠤᠯᠵᠤ᠂ ᠪᠠᠷᠢᠯᠭ᠎ᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠢ ᠬᠢᠨᠠᠨ ᠵᠥᠪᠱᠢᠶᠡᠷᠡᠬᠦ᠌ ᠳᠦᠷᠢᠮ᠎ᠤᠨ ᠥᠭᠡᠷᠡᠴᠢᠯᠡᠯᠲᠡ᠎ᠲᠠᠢ ᠤᠶᠠᠯᠳᠤᠭᠤᠯᠤᠨ᠂ ᠨᠢᠭᠡᠨᠲᠡ ᠪᠠᠢᠭ᠎ᠠ ᠪᠠᠷᠢᠯᠭ᠎ᠠ᠎ᠶ᠋ᠢ ᠥᠭᠡᠷᠡᠴᠢᠯᠡᠨ ᠪᠠᠢᠭᠤᠯᠬᠤ᠂ ᠨᠤᠷᠠᠭᠠᠬᠤ ᠬᠠᠮᠢᠶᠠᠷᠤᠯᠲᠠ᠎ᠪᠠᠨ ᠴᠢᠩᠭᠠᠳᠭᠠᠨ᠎ᠠ᠃

(ᠠᠷᠪᠠᠨ ᠭᠤᠷᠪᠠ) ᠣᠯᠠᠨ ᠲᠠᠯ᠎ᠠ᠎ᠶ᠋ᠢᠨ ᠣᠷᠣᠯᠴᠠᠬᠤ᠎ᠶ᠋ᠢ ᠠᠬᠢᠭᠤᠯᠤᠨ᠎ᠠ᠃ ᠡᠯ᠎ᠡ ᠲᠠᠯ᠎ᠠ᠎ᠶ᠋ᠢᠨ ᠭᠤᠤᠯ ᠴᠣᠭ᠍ᠴᠠ᠎ᠶ᠋ᠢᠨ᠎ᠬᠢᠨ᠎ᠤ ᠬᠤᠲᠠ ᠬᠥᠳᠡᠭᠡ᠎ᠶ᠋ᠢᠨ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ ᠲᠥᠯᠥᠪᠵᠢᠭᠦᠯᠪᠡ᠂ ᠪᠦᠲᠦᠭᠡᠨ ᠪᠠᠢᠭᠤᠯᠤᠯᠲᠠ᠂ ᠬᠠᠮᠢᠶᠠᠷᠤᠯᠲᠠ᠎ᠶ᠋ᠢᠨ ᠡᠯ᠎ᠡ ᠭᠤᠭ᠍ᠴᠤᠭ᠎ᠠ᠎ᠳᠤ ᠢᠳᠡᠪᠬᠢ ᠦᠢᠯᠡᠳᠦᠯ᠎ᠢᠶᠠᠨ ᠪᠠᠳᠠᠷᠠᠭᠤᠯᠬᠤ᠎ᠶ᠋ᠢ ᠵᠣᠷᠢᠭ᠍ᠵᠢᠭᠤᠯᠤᠨ᠎ᠠ᠃ ᠥᠮᠴᠢᠯᠡᠯ᠎ᠤᠨ ᠡᠷᠬᠡᠲᠦ ᠬᠥᠮᠦᠨ᠂ ᠬᠡᠷᠡᠭ᠌ᠯᠡᠭ᠌ᠴᠢ ᠪᠠ ᠬᠢᠨᠠᠨ ᠬᠠᠮᠢᠶᠠᠷᠤᠭ᠍ᠴᠢ᠎ᠶ᠋ᠢᠨ ᠬᠠᠮᠠᠭᠠᠯᠠᠬᠤ ᠬᠠᠷᠢᠭᠤᠴᠠᠯᠭ᠎ᠠ᠎ᠶ᠋ᠢ ᠲᠣᠳᠣᠷᠬᠠᠢᠯᠠᠵᠤ᠂ ᠬᠠᠮᠠᠭᠠᠯᠠᠵᠤ ᠬᠠᠮᠢᠶᠠᠷᠬᠤ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠤᠨ᠎ᠠ᠃ ᠬᠢᠨᠠᠨ ᠵᠥᠪᠱᠢᠶᠡᠷᠡᠬᠦ᠌ ᠭᠠᠷ ᠬᠦᠢᠴᠡᠳᠭᠡᠯ᠎ᠢ ᠳᠥᠭᠦᠮᠴᠢᠯᠡᠵᠦ᠍᠂ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ ᠲᠣᠭ᠍ᠲᠠᠭᠠᠨ᠂ ᠵᠠᠬ᠎ᠠ ᠳᠡᠯᠭᠡᠭᠦᠷ᠎ᠤᠨ ᠵᠢᠱ᠌ᠢᠯᠲᠡ᠎ᠶ᠋ᠢ ᠲᠣᠭ᠍ᠲᠠᠪᠤᠷᠢᠵᠢᠭᠤᠯᠵᠤ᠂ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢᠨ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ ᠠᠵᠢᠯ᠎ᠳᠤ ᠦᠷᠭᠦᠯᠵᠢᠯᠡᠨ ᠣᠷᠣᠯᠴᠠᠬᠤ᠎ᠶ᠋ᠢ ᠵᠣᠷᠢᠭ᠍ᠵᠢᠭᠤᠯᠤᠨ᠎ᠠ᠃

(ᠠᠷᠪᠠᠨ ᠳᠥᠷᠪᠡ) ᠱᠠᠩᠨᠠᠵᠤ ᠤᠷᠮᠠᠱᠢᠭᠤᠯᠬᠤ᠎ᠶ᠋ᠢ ᠴᠢᠩᠭᠠᠷᠠᠭᠤᠯᠤᠨ᠎ᠠ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠢ ᠵᠣᠷᠢᠭ᠍ᠵᠢᠭᠤᠯᠵᠤ ᠪᠠᠢᠭᠠᠳ ᠱᠠᠩᠨᠠᠵᠤ ᠨᠥᠬᠦᠪᠥᠷᠢᠯᠡᠬᠦ᠌ ᠲᠥᠷᠥ᠎ᠶ᠋ᠢᠨ ᠪᠣᠳᠣᠯᠭ᠎ᠠ᠎ᠶ᠋ᠢ ᠰᠤᠳᠤᠯᠤᠨ ᠲᠣᠭ᠍ᠲᠠᠭᠠᠵᠤ᠂ ᠱᠠᠩᠨᠠᠬᠤ᠎ᠪᠠᠷ ᠨᠦᠬᠦᠪᠦᠷᠢ ᠦᠭ᠌ᠬᠦ᠎ᠶ᠋ᠢ ᠣᠷᠣᠯᠠᠭᠤᠯᠬᠤ᠂ ᠪᠡᠯᠡ ᠮᠥᠩᠭᠦ᠎ᠶ᠋ᠢᠨ ᠨᠦᠬᠦᠪᠦᠷᠢ ᠦᠭ᠌ᠬᠦ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠬᠤᠲᠠ ᠬᠥᠳᠡᠭᠡ᠎ᠶ᠋ᠢᠨ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ ᠠᠵᠢᠯ᠎ᠢ ᠳᠡᠮᠵᠢᠨ᠎ᠡ᠃ ᠠᠵᠢᠯ᠎ᠤᠨ ᠠᠮᠵᠢᠯᠲᠠ ᠪᠦᠲᠦᠮᠵᠢ᠎ᠶ᠋ᠢ ᠮᠥᠷᠳᠡᠨ ᠦᠨᠡᠯᠡᠬᠦ᠌᠎ᠶ᠋ᠢ ᠥᠷᠨᠢᠭᠦᠯᠵᠦ᠍᠂ ᠡᠯ᠎ᠡ ᠭᠠᠵᠠᠷ᠎ᠤᠨ ᠬᠠᠮᠠᠭᠠᠯᠠᠨ ᠤᠯᠠᠮᠵᠢᠯᠠᠬᠤ ᠠᠵᠢᠯ᠎ᠤᠨ ᠳᠤᠮᠳᠠᠬᠢ ᠰᠠᠢᠨ ᠲᠤᠷᠱᠢᠯᠭ᠎ᠠ ᠰᠠᠢᠨ ᠠᠷᠭ᠎ᠠ ᠬᠢᠳᠡᠯ᠎ᠢ ᠴᠠᠭ ᠲᠤᠬᠠᠶ᠎ᠳᠤᠨᠢ ᠳ᠋ᠦᠩᠨᠡᠨ᠂ ᠬᠠᠮᠠᠭᠠᠯᠠᠵᠤ ᠤᠯᠠᠮᠵᠢᠯᠠᠬᠤ ᠠᠵᠢᠯ᠎ᠤᠨ ᠦᠷ᠎ᠡ ᠪᠦᠲᠦᠮᠵᠢ ᠢᠯᠡᠷᠬᠡᠶ᠂ ᠣᠯᠠᠨ ᠲᠦᠮᠡᠨ᠎ᠤ ᠨᠡᠢᠳᠡᠮ᠎ᠤᠨ ᠲᠤᠰᠭᠠᠯ ᠰᠠᠢᠨ ᠪᠠᠢᠪᠠᠯ ᠤᠬᠠᠭᠤᠯᠤᠨ ᠳᠡᠯᠭᠡᠷᠡᠭᠦᠯᠦᠨ᠎ᠡ᠃ ᠬᠠᠮᠠᠭᠠᠯᠠᠵᠤ ᠤᠯᠠᠮᠵᠢᠯᠠᠬᠤ ᠠᠵᠢᠯ᠎ᠤᠨ ᠳᠤᠮᠳᠠ ᠲᠣᠪᠤᠢᠮ᠎ᠠ ᠬᠤᠪᠢ ᠨᠡᠮᠡᠷᠢ ᠦᠵᠡᠭᠦᠯᠦᠭ᠌ᠰᠡᠨ ᠵᠣᠬᠢᠶᠠᠨ ᠪᠠᠢᠭᠤᠯᠤᠯᠲᠠ ᠪᠣᠯᠤᠨ ᠬᠤᠪᠢ ᠬᠥᠮᠦᠨ᠎ᠢ ᠤᠯᠤᠰ᠎ᠤᠨ ᠬᠤᠯᠪᠣᠭ᠍ᠳᠠᠯ ᠪᠥᠬᠦᠶ ᠲᠣᠭ᠍ᠲᠠᠭᠠᠯ ᠶᠣᠰᠣᠭᠠᠷ ᠰᠠᠢᠱᠢᠶᠠᠨ ᠬᠥᠬᠢᠭᠦᠯᠦᠨ᠎ᠡ᠃

(ᠠᠷᠪᠠᠨ ᠲᠠᠪᠤ) ᠬᠢᠨᠠᠯᠲᠠ ᠲᠠᠯᠪᠢᠵᠤ ᠬᠢᠨᠠᠨ ᠪᠠᠢᠴᠠᠭᠠᠬᠤ᠎ᠪᠠᠨ ᠴᠢᠩᠭᠠᠳᠭᠠᠨ᠎ᠠ᠃ ᠬᠤᠲᠠ ᠬᠥᠳᠡᠭᠡ᠎ᠶ᠋ᠢᠨ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ ᠡᠳᠦᠷ ᠲᠤᠲᠤᠮ᠎ᠤᠨ ᠲᠣᠭᠤᠷᠢᠨ ᠪᠠᠢᠴᠠᠭᠠᠬᠤ ᠬᠠᠮᠢᠶᠠᠷᠤᠯᠲᠠ᠎ᠶ᠋ᠢᠨ ᠳᠦᠷᠢᠮ᠎ᠢ ᠪᠠᠢᠭᠤᠯᠵᠤ᠂ ᠬᠤᠲᠠ ᠱᠢᠶᠠᠨ᠎ᠨᠢ ᠲᠤᠬᠠᠶ᠎ᠶ᠋ᠢᠨ ᠭᠠᠵᠠᠷ᠎ᠤᠨ ᠪᠣᠳᠠᠲᠤ ᠪᠠᠢᠳᠠᠯ᠎ᠢᠶᠠᠨ ᠦᠨᠳᠦᠰᠦᠯᠡᠨ ᠲᠣᠭᠤᠷᠢᠨ ᠪᠠᠢᠴᠠᠭᠠᠬᠤ ᠠᠵᠢᠯ᠎ᠢ ᠨᠡᠢᠭᠡᠮ ᠲᠣᠭᠤᠷᠢᠭ᠎ᠤᠨ ᠲᠣᠣᠷᠵᠢᠭ᠍ᠰᠠᠨ ᠬᠠᠮᠢᠶᠠᠷᠤᠯᠲᠠ᠂ ᠬᠤᠲᠠ᠎ᠶ᠋ᠢᠨ ᠬᠠᠮᠢᠶᠠᠷᠤᠯᠲᠠ᠎ᠶ᠋ᠢᠨ ᠶᠡᠷᠦᠩᠬᠡᠢᠯᠡᠭ᠌ᠰᠡᠨ ᠬᠠᠤᠯᠢ ᠬᠡᠷᠡᠭ᠌ᠵᠢᠭᠦᠯᠦᠯᠲᠡ ᠵᠡᠷᠭᠡ ᠬᠡᠪᠴᠢᠶᠡᠨ᠎ᠳᠤ ᠣᠷᠣᠭᠤᠯᠤᠨ᠎ᠠ᠃ ᠬᠤᠲᠠ ᠬᠥᠳᠡᠭᠡ᠎ᠶ᠋ᠢᠨ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ᠎ᠶ᠋ᠢ ᠦᠨᠡᠯᠡᠨ ᠵᠢᠱ᠌ᠢᠬᠦ᠌ ᠲᠣᠭ᠍ᠲᠠᠴᠠ᠎ᠶ᠋ᠢ ᠪᠠᠢᠭᠤᠯᠵᠤ᠂ ᠬᠠᠮᠠᠭᠠᠯᠠᠵᠤ ᠤᠯᠠᠮᠵᠢᠯᠠᠬᠤ ᠠᠵᠢᠯ᠎ᠤᠨ ᠪᠠᠢᠳᠠᠯ᠂ ᠬᠠᠮᠠᠭᠠᠯᠠᠬᠤ ᠡᠲᠡᠭᠡᠳ᠎ᠤᠨ ᠬᠠᠮᠠᠭᠠᠯᠠᠯᠲᠠ᠎ᠶ᠋ᠢᠨ ᠪᠠᠢᠳᠠᠯ᠎ᠢ ᠲᠣᠭ᠍ᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠨ᠎ᠡ᠃ ᠬᠢᠨᠠᠯᠲᠠ ᠲᠠᠯᠪᠢᠵᠤ ᠬᠢᠨᠠᠨ ᠪᠠᠢᠴᠠᠭᠠᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠬᠠᠤᠯᠢ ᠶᠣᠰᠣᠭᠠᠷ ᠵᠠᠰᠠᠭ ᠶᠠᠪᠤᠭᠤᠯᠬᠤ᠎ᠶ᠋ᠢ ᠴᠢᠩᠳᠠᠯᠠᠨ᠂ ᠬᠠᠤᠯᠢ ᠬᠡᠷᠡᠭ᠌ᠵᠢᠭᠦᠯᠬᠦ᠌᠎ᠶ᠋ᠢ ᠪᠠᠢᠴᠠᠭᠠᠬᠤ᠎ᠪᠠᠨ ᠴᠢᠩᠭᠠᠳᠭᠠᠵᠤ᠂ ᠬᠠᠤᠯᠢ᠎ᠠᠴᠠ ᠵᠥᠷᠢᠴᠡᠨ ᠡᠪᠳᠡᠬᠦ᠌ ᠡᠯ᠎ᠡ ᠲᠥᠷᠥᠯ᠎ᠤᠨ ᠦᠢᠯᠡ ᠠᠵᠢᠯᠯᠠᠭ᠎ᠠ᠎ᠶ᠋ᠢ ᠴᠠᠭ ᠲᠤᠬᠠᠶ᠎ᠳᠤᠨᠢ ᠣᠯᠵᠤ ᠮᠡᠳᠡᠬᠦ᠌᠎ᠶ᠋ᠢᠨ ᠬᠠᠮᠲᠤ ᠬᠤᠷᠢᠬ᠍ᠯᠠᠨ ᠵᠣᠭ᠍ᠰᠣᠭᠠᠨ᠎ᠠ᠃ ᠤᠯᠤᠰ᠎ᠤᠨ ᠬᠠᠮᠢᠶ᠎ᠠ ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠰᠤᠭᠤᠴᠢᠨ ᠪᠠᠢᠴᠠᠭᠠᠬᠤ ᠠᠵᠢᠯ᠎ᠢ ᠴᠠᠭ ᠲᠤᠬᠠᠶ᠎ᠳᠤᠨᠢ ᠥᠷᠨᠢᠭᠦᠯᠦᠨ᠎ᠡ᠃ ᠠᠷᠠᠳ ᠢᠷᠭᠡᠳ᠂ ᠬᠠᠤᠯᠢ᠎ᠶ᠋ᠢᠨ ᠡᠷᠬᠡᠲᠡᠨ ᠪᠠ ᠪᠤᠰᠤᠳ ᠵᠣᠬᠢᠶᠠᠨ ᠪᠠᠢᠭᠤᠯᠤᠯᠲᠠ᠎ᠶ᠋ᠢᠨ ᠲᠡᠦᠬᠡ ᠰᠣᠶᠣᠯ᠎ᠤᠨ ᠬᠠᠮᠠᠭᠠᠯᠠᠵᠤ ᠤᠯᠠᠮᠵᠢᠯᠠᠬᠤ᠎ᠳᠤ ᠬᠤᠯᠪᠣᠭ᠍ᠳᠠᠭ᠍ᠰᠠᠨ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠢᠯᠡᠴᠢᠯᠡᠨ ᠮᠡᠳᠡᠭᠦᠯᠬᠦ᠌᠎ᠶ᠋ᠢ ᠵᠣᠷᠢᠭ᠍ᠵᠢᠭᠤᠯᠤᠨ᠎ᠠ᠃ ᠬᠤᠲᠠ ᠬᠥᠳᠡᠭᠡ᠎ᠶ᠋ᠢᠨ ᠲᠡᠦᠬᠡ ᠰᠣᠶᠣᠯ᠎ᠤᠨ ᠥᠪ᠎ᠤᠨ ᠲᠤᠭ᠎ᠠ ᠪᠠᠷᠢᠮᠲᠠ᠎ᠶ᠋ᠢ ᠡᠮᠬᠢᠯᠡᠨ ᠨᠡᠢᠯᠡᠭᠦᠯᠵᠦ᠍ ᠬᠠᠮᠲᠤ᠎ᠪᠠᠷ ᠡᠳ᠋ᠯᠡᠬᠦ᠌᠎ᠶ᠋ᠢ ᠴᠢᠩᠭᠠᠳᠭᠠᠨ᠂ ᠬᠢᠨᠠᠨ ᠬᠡᠮᠵᠢᠬᠦ᠌ ᠬᠠᠮᠢᠶᠠᠷᠤᠯᠲᠠ᠎ᠶ᠋ᠢᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠤᠯᠤᠰ᠂ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠤᠲᠠ)᠂ ᠬᠤᠲᠠ ᠱᠢᠶᠠᠨ ᠭᠤᠷᠪᠠᠨ ᠱᠠᠲᠤᠨ᠎ᠤ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠌ ᠬᠥᠳᠡᠯᠦᠩᠭᠦᠶ ᠬᠢᠨᠠᠯᠲᠠ ᠬᠠᠮᠢᠶᠠᠷᠤᠯᠲᠠ᠎ᠶ᠋ᠢ ᠠᠯᠬᠤᠮ ᠠᠯᠬᠤᠮ᠎ᠢᠶᠠᠷ ᠪᠡᠶᠡᠯᠡᠭᠦᠯᠦᠨ᠎ᠡ᠃

(ᠠᠷᠪᠠᠨ ᠵᠢᠷᠭᠤᠭ᠎ᠠ) ᠱᠢᠯᠭᠠᠨ ᠬᠢᠨᠠᠵᠤ ᠬᠠᠷᠢᠭᠤᠴᠠᠯᠭ᠎ᠠ ᠨᠡᠬᠡᠮᠵᠢᠯᠡᠬᠦ᠌᠎ᠶ᠋ᠢ ᠴᠢᠩᠭᠠᠷᠠᠭᠤᠯᠤᠨ᠎ᠠ᠃ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ ᠠᠵᠢᠯ᠎ᠢ ᠪᠥᠬᠦ᠌ ᠤᠯᠤᠰ᠎ᠤᠨ ᠪᠣᠯᠪᠠᠰᠤᠨ ᠬᠤᠲᠠ᠎ᠶ᠋ᠢᠨ ᠱᠢᠯᠭᠠᠨ ᠦᠨᠡᠯᠡᠬᠦ᠌ ᠱᠢᠰᠲ᠋ᠧᠮ᠎ᠳᠤ ᠣᠷᠣᠭᠤᠯᠤᠨ᠎ᠠ᠃ ᠤᠳᠤᠷᠢᠳᠭᠤ ᠺᠠᠳ᠋ᠷ᠎ᠤᠨ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ ᠠᠵᠢᠯ᠎ᠤᠨ ᠳᠤᠮᠳᠠᠬᠢ ᠠᠵᠤ ᠠᠬᠤᠶ᠎ᠶ᠋ᠢᠨ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠪᠠᠢᠳᠠᠯ᠎ᠢ ᠬᠢᠨᠠᠨ ᠪᠤᠳᠤᠵᠤ ᠬᠢᠨᠠᠯᠲᠠ ᠲᠠᠯᠪᠢᠬᠤ᠂ ᠬᠢᠨᠠᠨ ᠪᠤᠳᠤᠭ᠍ᠰᠠᠨ ᠦᠷ᠎ᠡ ᠳ᠋ᠦᠩ ᠵᠢᠴᠢ ᠴᠡᠭ᠌ᠴᠡᠯᠡᠨ ᠰᠠᠢᠵᠢᠷᠠᠭᠤᠯᠤᠭ᠍ᠰᠠᠨ ᠪᠠᠢᠳᠠᠯ᠎ᠢ ᠬᠢᠨᠠᠨ ᠪᠤᠳᠤᠯᠲᠠ ᠬᠢᠯᠭᠡᠭ᠌ᠰᠡᠨ ᠤᠳᠤᠷᠢᠳᠭᠤ ᠺᠠᠳ᠋ᠷ᠎ᠢ ᠬᠢᠨᠠᠨ ᠱᠢᠯᠭᠠᠬᠤ᠂ ᠲᠣᠮᠢᠯᠠᠵᠤ ᠪᠠᠭᠤᠯᠭᠠᠬᠤ᠂ ᠱᠠᠩᠨᠠᠵᠤ ᠲᠤᠷᠭᠤᠭᠠᠬᠤ ᠴᠢᠬᠤᠯᠠ ᠯᠠᠪᠯᠠᠯᠲᠠ ᠪᠣᠯᠭᠠᠬᠤ᠎ᠶ᠋ᠢ ᠴᠢᠩᠭᠠᠳᠭᠠᠨ᠎ᠠ᠃ ᠬᠠᠮᠠᠭᠠᠯᠠᠬᠤ ᠨᠡᠷᠡᠰ᠎ᠤᠨ ᠵᠢᠭ᠍ᠰᠠᠭᠠᠯᠲᠠ᠎ᠳᠤ ᠵᠢᠭ᠍ᠰᠠᠭᠠᠭ᠍ᠳᠠᠭ᠍ᠰᠠᠨ ᠪᠣᠯᠪᠠᠴᠤ᠌ ᠰᠠᠢᠲᠤᠷ ᠬᠠᠮᠠᠭᠠᠯᠠᠭ᠍ᠰᠠᠨ ᠥᠬᠡᠶ᠎ᠠᠴᠠ ᠪᠣᠯᠵᠣ ᠲᠡᠦᠬᠡ ᠰᠣᠶᠣᠯ᠎ᠤᠨ ᠦᠨ᠎ᠡ ᠥᠷᠲᠡᠭ᠎ᠢ ᠬᠦᠨᠳᠦ ᠨᠣᠴᠢᠲᠠᠶ ᠨᠥᠯᠥᠭᠡᠯᠡᠭ᠌ᠰᠡᠨ ᠲᠡᠦᠬᠡ ᠰᠣᠶᠣᠯ᠎ᠤᠨ ᠨᠠᠷᠠᠲᠤ ᠬᠤᠲᠠ᠂ ᠨᠠᠷᠠᠲᠤ ᠪᠠᠯᠭᠠᠰᠤ᠂ ᠨᠠᠷᠠᠲᠤ ᠲᠣᠰᠭᠤᠨ (ᠤᠯᠠᠮᠵᠢᠯᠠᠯᠲᠤ ᠠᠢᠯ ᠲᠣᠰᠭᠤᠨ)᠂ ᠵᠡᠭᠡᠯᠢ ᠲᠣᠭᠤᠷᠢᠭ ᠪᠠ ᠲᠡᠦᠬᠡ᠎ᠶ᠋ᠢᠨ ᠪᠠᠷᠢᠯᠭ᠎ᠠ᠂ ᠲᠡᠦᠬᠡ᠎ᠶ᠋ᠢᠨ ᠭᠠᠵᠠᠷ ᠬᠡᠰᠡᠭ᠎ᠢ ᠤᠰᠠᠳᠭᠤ ᠠᠶᠤᠯᠳᠠᠢ ᠨᠡᠷᠡᠰ᠎ᠲᠤ ᠵᠢᠭ᠍ᠰᠠᠭᠠᠨ ᠣᠷᠣᠭᠤᠯᠵᠤ᠂ ᠬᠤᠭᠤᠴᠠᠭ᠎ᠠ ᠬᠢᠵᠠᠭᠠᠷᠯᠠᠨ ᠴᠡᠭ᠌ᠴᠡᠯᠡᠨ ᠰᠠᠢᠵᠢᠷᠠᠭᠤᠯᠵᠤ᠂ ᠴᠡᠭ᠌ᠴᠡᠯᠡᠨ ᠰᠠᠢᠵᠢᠷᠠᠭᠤᠯᠤᠭ᠍ᠰᠠᠨ᠎ᠨᠢ ᠬᠢᠷᠢ ᠲᠡᠩᠴᠡᠭ᠌ᠰᠡᠨ ᠥᠬᠡᠶ᠎ᠶ᠋ᠢ᠎ᠨᠢ ᠬᠠᠮᠠᠭᠠᠯᠠᠯᠲᠠ᠎ᠠᠴᠠ ᠭᠠᠷᠭᠠᠬᠤ ᠨᠡᠷᠡᠰ᠎ᠲᠤ ᠵᠢᠭ᠍ᠰᠠᠭᠠᠨ ᠣᠷᠣᠭᠤᠯᠤᠨ᠎ᠠ᠃ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠥᠬᠡᠶ᠂ ᠬᠠᠮᠠᠭᠠᠯᠠᠭ᠍ᠰᠠᠨ᠎ᠨᠢ ᠬᠦᠴᠦᠨ ᠥᠬᠡᠶ᠂ ᠨᠢᠭᠡᠨᠲᠡ ᠬᠠᠮᠠᠭᠠᠯᠠᠬᠤ ᠨᠡᠷᠡᠰ᠎ᠤᠨ ᠵᠢᠭ᠍ᠰᠠᠭᠠᠯᠲᠠ᠎ᠳᠤ ᠣᠷᠣᠭᠤᠯᠤᠭ᠍ᠰᠠᠨ ᠬᠠᠮᠠᠭᠠᠯᠠᠬᠤ ᠡᠲᠡᠭᠡᠳ ᠪᠤᠶᠤ ᠬᠠᠮᠠᠭᠠᠯᠠᠬᠤ ᠨᠡᠷᠡᠰ᠎ᠤᠨ ᠵᠢᠭ᠍ᠰᠠᠭᠠᠯᠲᠠ᠎ᠳᠤ ᠣᠷᠣᠭᠤᠯᠬᠤ ᠶᠣᠰᠣᠲᠠᠶ ᠪᠠᠢᠲᠠᠯ᠎ᠠ ᠣᠷᠣᠭᠤᠯᠤᠭ᠍ᠰᠠᠨ ᠥᠬᠡᠶ ᠲᠡᠦᠬᠡ ᠰᠣᠶᠣᠯ᠎ᠤᠨ ᠡᠬᠢ ᠪᠠᠶᠠᠯᠢᠭ᠎ᠤᠨ ᠲᠡᠦᠬᠡ ᠰᠣᠶᠣᠯ᠎ᠤᠨ ᠦᠨ᠎ᠡ ᠥᠷᠲᠡᠭ᠎ᠢ ᠬᠦᠨᠳᠦ ᠨᠣᠴᠢᠲᠠᠶ ᠡᠪᠳᠡᠭ᠌ᠰᠡᠨ ᠪᠠᠢᠪᠠᠯ᠂ ᠲᠣᠭ᠍ᠲᠠᠭᠠᠯ ᠰᠠᠬᠢᠯᠭ᠎ᠠ ᠬᠠᠤᠯᠢ ᠶᠣᠰᠣᠭᠠᠷ ᠬᠠᠮᠢᠶ᠎ᠠ ᠪᠥᠬᠦᠶ ᠬᠠᠷᠢᠭᠤᠴᠠᠯᠭᠠᠲᠠᠨ ᠪᠠ ᠬᠠᠷᠢᠭᠤᠴᠠᠯᠭᠠᠲᠤ ᠨᠢᠭᠡᠴᠢ᠎ᠶ᠋ᠢ ᠱᠢᠢᠳᠪᠦᠷᠢᠯᠡᠨ᠎ᠡ᠃ ᠬᠤᠲᠠ ᠬᠥᠳᠡᠭᠡ᠎ᠶ᠋ᠢᠨ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠡᠷᠴᠢᠮ᠎ᠢ ᠴᠢᠩᠭᠠᠷᠠᠭᠤᠯᠤᠨ᠎ᠠ᠃


ᠲᠠᠪᠤ᠂ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠦᠨ᠎ᠡ

(ᠠᠷᠪᠠᠨ ᠳᠣᠯᠤᠭ᠎ᠠ) ᠨᠠᠮ᠎ᠤᠨ ᠪᠥᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠨ᠎ᠠ᠃ ᠡᠯ᠎ᠡ ᠱᠠᠲᠤᠨ᠎ᠤ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠳᠤᠮᠳᠠ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ᠎ᠶ᠋ᠢ ᠴᠢᠩᠭᠠᠳᠭᠠᠬᠤ᠎ᠶ᠋ᠢᠨ ᠴᠢᠬᠤᠯᠠ ᠠᠴᠢ ᠬᠤᠯᠪᠣᠭ᠍ᠳᠠᠯ᠎ᠢ ᠭᠦᠨᠵᠡᠭᠡᠶ ᠲᠠᠨᠢᠵᠤ᠂ ᠨᠠᠮ᠎ᠤᠨ ᠤᠳᠤᠷᠢᠳᠤᠯᠭ᠎ᠠ᠎ᠶ᠋ᠢ ᠢᠮᠠᠭ᠍ᠲᠠ ᠬᠠᠮᠠᠭᠠᠯᠠᠵᠤ ᠤᠯᠠᠮᠵᠢᠯᠠᠬᠤ ᠠᠵᠢᠯ᠎ᠤᠨ ᠡᠯ᠎ᠡ ᠲᠠᠯ᠎ᠠ ᠡᠯ᠎ᠡ ᠭᠤᠭ᠍ᠴᠤᠭ᠎ᠠ᠎ᠳᠤ ᠲᠤᠭᠤᠱᠢᠯᠠᠭᠤᠯᠵᠤ᠂ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠬᠤᠯᠪᠣᠭ᠍ᠳᠠᠯ ᠪᠥᠬᠦᠶ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠪᠠᠲᠤᠯᠠᠬᠤ ᠬᠡᠷᠡᠭ᠌ᠳᠡᠢ᠃

(ᠠᠷᠪᠠᠨ ᠨᠠᠢ᠍ᠮᠠ) ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠲᠡᠭᠦᠯᠳᠡᠷᠵᠢᠭᠦᠯᠦᠨ᠎ᠡ᠃ 《ᠲᠡᠦᠬᠡ ᠰᠣᠶᠣᠯ᠎ᠤᠨ ᠨᠠᠷᠠᠲᠤ ᠬᠤᠲᠠ ᠨᠠᠷᠠᠲᠤ ᠪᠠᠯᠭᠠᠰᠤ ᠨᠠᠷᠠᠲᠤ ᠲᠣᠰᠭᠤᠨ᠎ᠢ ᠬᠠᠮᠠᠭᠠᠯᠠᠬᠤ ᠲᠦᠷᠢᠮ》 ᠎ᠳᠤ ᠵᠠᠰᠠᠪᠤᠷᠢ ᠣᠷᠣᠭᠤᠯᠵᠤ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠬᠤ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭ᠍ᠲᠠᠭᠠᠯ᠎ᠯᠤᠭ᠎ᠠ ᠵᠣᠯᠭᠠᠭᠤᠯᠬᠤ᠎ᠶ᠋ᠢ ᠴᠢᠩᠭᠠᠳᠭᠠᠵᠤ᠂ ᠬᠠᠮᠢᠶ᠎ᠠ ᠪᠥᠬᠦᠶ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭ᠍ᠲᠠᠭᠠᠯ᠎ᠢ ᠲᠣᠭ᠍ᠲᠠᠭᠠᠨ ᠵᠠᠰᠠᠪᠤᠷᠢ ᠣᠷᠣᠭᠤᠯᠵᠤ᠂ ᠬᠤᠲᠠ ᠬᠥᠳᠡᠭᠡ᠎ᠶ᠋ᠢᠨ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ ᠠᠵᠢᠯ᠎ᠢ ᠰᠠᠢᠲᠤᠷ ᠬᠢᠬᠦ᠌᠎ᠳᠤ ᠬᠠᠤᠯᠢᠵᠢᠯ᠎ᠤᠨ ᠪᠠᠲᠤᠯᠠᠭ᠎ᠠ ᠬᠠᠩᠭᠠᠨ᠎ᠠ᠃

(ᠠᠷᠪᠠ ᠶᠢᠰᠦ) ᠪᠡᠯᠡ ᠮᠥᠩᠭᠦ᠎ᠶ᠋ᠢᠨ ᠣᠷᠣᠭᠤᠯᠤᠯᠲᠠ᠎ᠪᠠᠨ ᠨᠡᠮᠡᠭ᠌ᠳᠡᠭᠦᠯᠦᠨ᠎ᠡ᠃ ᠬᠤᠲᠠ ᠬᠥᠳᠡᠭᠡ᠎ᠶ᠋ᠢᠨ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ ᠠᠵᠢᠯ᠎ᠤᠨ ᠡᠳ᠋᠎ᠤᠨ ᠵᠠᠰᠠᠭ᠎ᠤᠨ ᠪᠠᠲᠤᠯᠠᠭ᠎ᠠ᠎ᠶ᠋ᠢᠨ ᠲᠣᠭ᠍ᠲᠠᠴᠠ᠎ᠶ᠋ᠢ ᠪᠦᠷᠢᠨᠱᠢᠭᠦᠯᠵᠦ᠍᠂ ᠲᠥᠪ᠎ᠤᠨ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠨᠢ ᠡᠯ᠎ᠡ ᠱᠠᠲᠤᠨ᠎ᠤ ᠠᠵᠢᠯ ᠡᠷᠬᠡ᠎ᠶ᠋ᠢ ᠦᠨᠳᠦᠰᠦᠯᠡᠨ ᠪᠠᠯᠠ ᠮᠥᠩᠭᠦ᠎ᠶ᠋ᠢᠨ ᠪᠠᠲᠤᠯᠠᠭ᠎ᠠ᠎ᠶ᠋ᠢ ᠰᠠᠢᠲᠤᠷ ᠬᠢᠬᠦ᠌ ᠬᠡᠷᠡᠭ᠌ᠳᠡᠢ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠨᠢ ᠬᠠᠮᠠᠭᠠᠯᠠᠯᠲᠠ᠎ᠶ᠋ᠢᠨ ᠪᠠᠯᠠ ᠮᠥᠩᠭᠦ᠎ᠶ᠋ᠢ ᠲᠣᠰ ᠱᠠᠲᠤᠨ᠎ᠤ ᠡᠳ᠋᠎ᠤᠨ ᠵᠠᠰᠠᠭ᠎ᠤᠨ ᠲᠥᠰᠦᠪ᠎ᠲᠡᠭᠡᠨ ᠣᠷᠣᠭᠤᠯᠵᠤ᠂ ᠤᠯᠤᠰ᠎ᠤᠨ ᠲᠠᠰ᠂ ᠮᠤᠵᠢ᠎ᠶ᠋ᠢᠨ ᠲᠠᠰ᠎ᠤᠨ ᠴᠢᠬᠤᠯᠠ ᠶᠡᠭᠡ ᠲᠥᠷᠥᠯ ᠵᠦᠶᠯ ᠪᠠ ᠬᠤᠪᠢᠰᠭᠠᠯ᠎ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ᠎ᠤ ᠭᠠᠵᠠᠷ ᠣᠷᠣᠨ᠂ ᠬᠢᠯᠢ ᠬᠢᠵᠠᠭᠠᠷ ᠣᠷᠣᠨ᠂ ᠶᠠᠳᠠᠭᠤ᠎ᠠᠴᠠ ᠠᠩᠭᠢᠵᠢᠷᠠᠬ᠍ᠰᠠᠨ ᠭᠠᠵᠠᠷ ᠣᠷᠣᠨ᠎ᠤ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ ᠠᠵᠢᠯ᠎ᠢ ᠭᠤᠤᠯᠳᠠᠯᠭ᠎ᠠ᠎ᠲᠠᠢ ᠳᠡᠮᠵᠢᠨ᠎ᠡ᠃ ᠵᠠᠬ᠎ᠠ ᠳᠡᠯᠭᠡᠭᠦᠷᠴᠢᠯᠡᠬᠦ᠌ ᠵᠠᠷᠴᠢᠮ ᠶᠣᠰᠣᠭᠠᠷ ᠮᠥᠩᠭᠦᠨ ᠭᠦᠢᠯᠭᠡᠭᠡᠨ᠎ᠤ ᠳᠡᠮᠵᠢᠯᠭᠡ᠎ᠶ᠋ᠢᠨ ᠡᠷᠴᠢᠮ᠎ᠢᠶᠠᠨ ᠴᠢᠩᠭᠠᠷᠠᠭᠤᠯᠵᠤ᠂ ᠪᠡᠯᠡ ᠮᠥᠩᠭᠦ᠎ᠶ᠋ᠢᠨ ᠠᠷᠭ᠎ᠠ ᠵᠠᠮ᠎ᠢ ᠥᠷᠭᠡᠳᠭᠡᠬᠦ᠌᠎ᠶ᠋ᠢ ᠵᠣᠷᠢᠭ᠍ᠵᠢᠭᠤᠯᠤᠨ᠎ᠠ᠃

(ᠬᠤᠷᠢ) ᠬᠥᠮᠦᠵᠢᠯ ᠪᠣᠯᠪᠠᠰᠤᠷᠠᠯ᠎ᠢ ᠴᠢᠩᠭᠠᠳᠭᠠᠨ᠎ᠠ᠃ ᠡᠯ᠎ᠡ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠂ ᠺᠠᠳ᠋ᠷ᠎ᠤᠨ ᠳᠡᠭᠡᠳᠦ ᠰᠤᠷᠭᠠᠭᠤᠯᠢ᠎ᠶ᠋ᠢᠨ ᠬᠠᠮᠢᠶ᠎ᠠ ᠪᠦᠬᠦᠢ ᠠᠩᠭᠢ᠎ᠳᠤ ᠪᠣᠯᠪᠠᠰᠤᠷᠠᠯ᠎ᠤᠨ ᠬᠢᠴᠢᠶᠡᠯ ᠨᠡᠮᠡᠵᠦ᠍᠂ ᠤᠳᠤᠷᠢᠳᠭᠤ ᠺᠠᠳ᠋ᠷ᠎ᠤᠨ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠳᠤᠮᠳᠠ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ ᠦᠵᠡᠯ ᠤᠬᠠᠮᠰᠠᠷ ᠪᠣᠯᠤᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠬᠠᠤᠯᠢ᠎ᠶ᠋ᠢ ᠵᠥᠷᠢᠴᠡᠭ᠌ᠰᠡᠨ ᠨᠡᠢᠲᠡᠯᠢᠭ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ ᠤᠳᠤᠷᠢᠳᠭᠤ ᠺᠠᠳ᠋ᠷ᠎ᠲᠤ ᠲᠤᠰᠭᠠᠢ ᠰᠡᠷᠡᠮᠵᠢᠯᠡᠭᠦᠯᠬᠦ᠌ ᠬᠥᠮᠦᠵᠢᠯ ᠥᠷᠨᠢᠭᠦᠯᠦᠨ᠎ᠡ᠃ ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ᠎ᠤᠨ ᠰᠤᠷᠭᠠᠭᠤᠯᠢ᠎ᠶ᠋ᠢᠨ ᠬᠠᠮᠢᠶ᠎ᠠ ᠪᠦᠬᠦᠢ ᠱᠢᠨᠵᠢᠯᠡᠭᠡᠨ᠎ᠤ ᠲᠤᠰᠭᠠᠶ ᠮᠡᠷᠭᠡᠵᠢᠯ᠎ᠤᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠲᠤᠰᠭᠠᠢ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠬᠤᠳᠠ ᠬᠥᠳᠡᠭᠡ᠎ᠶ᠋ᠢᠨ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠨᠬᠤ ᠤᠯᠤᠰ᠎ᠤᠨ ᠤᠶᠤᠨ᠎ᠤ ᠬᠥᠮᠥᠷᠭᠡ᠎ᠶ᠋ᠢ ᠪᠠᠢᠭᠤᠯᠤᠨ᠎ᠠ᠃ ᠮᠡᠷᠭᠡᠵᠢᠯ᠎ᠤᠨ ᠠᠵᠢᠯᠲᠠᠨ ᠪᠣᠯᠤᠨ ᠦᠨᠳᠦᠰᠦᠨ ᠱᠠᠲᠤᠨ᠎ᠤ ᠬᠠᠮᠢᠶᠠᠷᠤᠯᠲᠠ᠎ᠶ᠋ᠢᠨ ᠠᠵᠢᠯᠲᠠᠨ᠎ᠤ ᠲᠤᠰᠭᠠᠶ ᠮᠡᠷᠭᠡᠵᠢᠯ᠎ᠤᠨ ᠪᠣᠯᠪᠠᠰᠤᠷᠠᠯ᠎ᠢ ᠥᠷᠨᠢᠭᠦᠯᠵᠦ᠍᠂ ᠰᠡᠯᠪᠢᠨ ᠵᠠᠰᠠᠬᠤ ᠮᠡᠷᠭᠡᠵᠢᠯ᠎ᠤᠨ ᠤᠯᠠᠮᠵᠢᠯᠠᠨ ᠵᠠᠯᠭᠠᠮᠵᠢᠯᠠᠭ᠍ᠴᠢ ᠪᠣᠯᠤᠨ ᠤᠷᠠᠨ ᠳᠠᠷᠬᠠᠨ᠎ᠤ ᠪᠣᠯᠪᠠᠰᠤᠷᠠᠯ᠂ ᠦᠨᠡᠯᠡᠯᠲᠡ᠎ᠶ᠋ᠢᠨ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠤᠷᠠᠨ ᠳᠠᠷᠬᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠎ᠠ᠃

(ᠱᠢᠨᠬᠤᠸᠠ ᠬᠤᠷᠢᠶᠠᠨ᠎ᠤ ᠪᠡᠭᠡᠵᠢᠩ᠎ᠤᠨ 9 ᠰᠠᠷ᠎ᠠ᠎ᠶ᠋ᠢᠨ 3 ᠎ᠤ ᠴᠠᠬᠢᠯᠭᠠᠨ ᠮᠡᠳᠡᠭᠡ᠎ᠠᠴᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号