ᠨᠠᠢᠷᠠᠭᠤᠯᠤᠭ᠍ᠴᠢ᠎ᠶ᠋ᠢᠨ ᠦᠭᠡ᠄ ᠤᠢ᠍ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ᠌ ᠵᠥᠪᠯᠡᠯ᠎ᠲᠠᠢ ᠬᠠᠮᠲᠤᠷᠠᠨ 《ᠮᠠᠨ᠎ᠤ ᠳᠡᠷᠭᠡᠳᠡᠬᠢ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠥᠯᠢᠭᠡᠷ》 ᠭᠡᠬᠦ᠌ ᠭᠤᠤᠯ ᠰᠡᠳᠦᠪᠲᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠮᠠᠨ᠎ᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠦᠢᠯᠡᠰ᠎ᠤᠨ ᠳᠤᠮᠳᠠ ᠴᠣᠯᠭᠤᠷᠠᠨ ᠭᠠᠷᠤᠭ᠍ᠰᠠᠨ ᠲᠡᠷᠢᠭᠦᠨ᠎ᠤ ᠨᠡᠢᠲᠡᠯᠢᠭ ᠥᠯᠢᠭᠡᠷ᠎ᠢᠶᠠᠷ ᠳᠠᠮᠵᠢᠭᠤᠯᠤᠨ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠲᠥᠯᠥᠨ ᠵᠢᠯᠣᠭᠤᠳᠴᠤ᠌ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠪᠣᠶ ᠪᠣᠯᠭᠠᠵᠤ᠂ 《ᠲᠠᠪᠤᠨ ᠬᠠᠮᠲᠤ᠎ᠶ᠋ᠢᠨ ᠲᠠᠨᠢᠯᠲᠠ》 ᠶ᠋ᠢ ᠴᠢᠩᠭᠠᠳᠭᠠᠵᠤ᠂ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠢᠷᠠᠭᠤ ᠠᠯᠳᠠᠷ ᠢᠴᠢᠭᠦᠷᠢ ᠭᠤᠳᠤᠮᠱᠢᠭᠢᠶᠠᠨ ᠬᠠᠮᠲᠤᠳᠭᠠᠬᠤ᠂ ᠥᠭᠦᠵᠦ᠍ ᠰᠡᠭᠡᠬᠦ᠌᠎ᠪᠠᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠲᠤ ᠪᠣᠶ ᠪᠣᠯᠭᠠᠪᠠ᠃
《ᠨᠡᠢᠭᠡᠮ ᠲᠣᠭᠤᠷᠢᠭ᠎ᠲᠤ ᠦᠨᠳᠦᠰᠦᠲᠡᠨ᠎ᠤ ᠠᠵᠢᠯ᠎ᠢ ᠥᠷᠨᠢᠭᠦᠯᠬᠦ᠌᠎ᠳᠤ᠂ ᠮᠢᠨᠦ᠍ 〈ᠨᠢᠭᠤᠴᠠ ᠵᠣᠷ〉 ᠪᠤᠯ᠄ ᠤᠯᠠᠨ ᠲᠦᠮᠡᠨ᠎ᠲᠠᠢ ᠰᠡᠳᠭᠢᠯ᠎ᠢᠶᠠᠨ ᠰᠣᠯᠢᠯᠴᠠᠨᠡ》᠃ ᠦᠨᠳᠦᠰᠦᠲᠡᠨ᠎ᠤ ᠠᠵᠢᠯ᠎ᠢ ᠬᠡᠷᠬᠢᠨ ᠰᠠᠢᠲᠤᠷ ᠬᠢᠬᠦ᠌ ᠲᠤᠬᠠᠶ ᠬᠥᠬᠡᠬᠤᠲᠠ᠎ᠶ᠋ᠢᠨ ᠬᠤᠲᠣᠩ ᠠᠷᠠᠳ᠎ᠤᠨ ᠲᠣᠭᠤᠷᠢᠭ᠎ᠤᠨ ᠲᠦᠩ ᠳ᠋ᠤᠤ ᠵᠡᠭᠡᠯᠢ᠎ᠶ᠋ᠢᠨ ᠰᠠᠨ ᠱᠦᠨ ᠳ᠋ᠢᠶᠠᠨ ᠨᠡᠢᠭᠡᠮ ᠲᠣᠭᠤᠷᠢᠭ᠎ᠤᠨ ᠨᠠᠮ᠎ᠤᠨ ᠶᠡᠷᠦᠩᠬᠡᠶ ᠡᠭᠦᠷ᠎ᠤᠨ ᠱᠦᠵᠢ ᠯᠢ ᠢ ᡁᠢ ᠥᠪᠡᠷ᠎ᠤᠨ ᠣᠯᠤᠯᠲᠠ ᠲᠥᠷᠥᠭ᠌ᠳᠡᠯ᠎ᠲᠠᠢ ᠪᠠᠢᠯ᠎ᠠ᠃
ᠯᠢ ᠢ ᡁᠢ᠎ᠶ᠋ᠢᠨ ᠲᠦᠷᠦᠭ᠌ᠲᠡᠯᠨᠢ ᠬᠤᠷᠢ ᠭᠠᠷᠤᠢ ᠵᠢᠯ᠎ᠤᠨ ᠡᠮᠦᠨᠡᠬᠢ 《ᠨᠢᠭᠡ ᠴᠣᠮᠣ ᠴᠠᠢ》 ᠶ᠋ᠢᠨ ᠦᠯᠢᠭᠡᠷ᠎ᠠᠴᠠ ᠡᠭᠦᠰᠦᠯ᠎ᠲᠠᠢ᠃
ᠯᠢ ᠢ ᡁᠢ ᠨᠡᠢᠭᠡᠮ ᠲᠣᠭᠤᠷᠢᠭ᠎ᠲᠤ ᠰᠠᠶᠢ ᠬᠦᠷᠴᠦ᠍ ᠠᠵᠢᠯᠯᠠᠬᠤ᠎ᠳᠠᠭᠠᠨ᠂ ᠨᠢᠭᠡ ᠤᠳᠠᠭ᠎ᠠ ᠬᠤᠲᠣᠩ ᠦᠨᠳᠦᠰᠦᠲᠡᠨ᠎ᠤ ᠨᠢᠭᠡᠨ ᠨᠠᠰᠤᠲᠠᠨ᠎ᠤ᠎ᠳᠤ ᠬᠦᠷᠴᠦ᠍ ᠪᠠᠢᠴᠠᠭᠠᠯᠲᠠ ᠬᠢᠪᠡ᠃ ᠣᠷᠣᠵᠤ ᠢᠷᠡᠮᠡᠭ᠌ᠴᠡ ᠨᠠᠰᠤᠲᠠᠨ ᠬᠠᠯᠠᠭᠤᠮᠰᠤᠭ᠎ᠢᠶᠠᠷ ᠨᠢᠭᠡ ᠴᠣᠮᠣ ᠬᠠᠯᠠᠭᠤᠨ ᠴᠠᠢ ᠠᠪᠴᠢᠷᠠᠵᠤ᠂ ᠬᠤᠭᠤᠯᠠ ᠢᠳᠡᠭ᠌ᠰᠡᠨ ᠡᠰᠡᠬᠦ᠌᠎ᠶ᠋ᠢ᠎ᠨᠢ ᠬᠠᠯᠠᠮᠵᠢᠯᠠᠨ ᠠᠰᠠᠭᠤᠵᠤ᠂ ᠪᠠᠰᠠ ᠭᠡᠷ᠎ᠤᠨ ᠱᠠᠭᠠᠵᠠᠩ ᠰᠠᠪᠠᠠᠴᠠᠪᠠᠨ ᠶᠧᠪᠡᠩ ᠭᠠᠷᠭᠠᠵᠤ ᠲᠡᠭᠦᠨ᠎ᠳᠤ ᠥᠭ᠌ᠪᠡ᠃ 《ᠱᠢᠶᠣᠤ ᠯᠢ᠂ ᠴᠢ ᠨᠢᠭᠡ ᠡᠳᠦᠷ ᠶᠠᠭᠠᠷᠠᠴᠢᠬᠠᠯᠠ᠂ ᠬᠤᠷᠳᠤᠨ ᠴᠠᠢ ᠤᠤᠭᠤᠵᠤ᠂ ᠶᠧᠪᠡᠩ᠎ᠠᠴᠠ ᠨᠢᠭᠡ ᠠᠮᠠ ᠡᠮᠬᠦᠴᠢᠭᠡ!》 ᠭᠡᠪᠡ᠂ ᠶᠠᠭ ᠡᠨᠡ ᠴᠣᠮᠣ ᠴᠠᠢ᠂ ᠡᠨᠡ ᠬᠦ᠌ ᠪᠣᠷᠣᠭ᠍ᠵᠢᠭᠤᠨ ᠳᠤᠯᠠᠭᠠᠬᠠᠨ ᠦᠭᠡ᠎ᠨᠢ ᠯᠢ ᠢ ᡁᠢ᠎ᠶ᠋ᠢᠨ ᠦᠨᠳᠦᠰᠦᠲᠡᠨ᠎ᠤ ᠠᠵᠢᠯ᠎ᠢ ᠰᠠᠢᠲᠤᠷ ᠬᠢᠬᠦ᠌ ᠤᠭ ᠰᠠᠨᠠᠭ᠎ᠠ᠎ᠶ᠋ᠢ᠎ᠨᠢ ᠪᠠᠲᠤᠳᠭᠠᠭ᠍ᠰᠠᠨ ᠪᠥᠭᠡᠳ ᠡᠨᠡ ᠬᠦ᠌ ᠠᠵᠢᠯ᠎ᠳᠤ ᠴᠤ᠌ ᠱᠢᠨ᠎ᠡ ᠲᠠᠨᠢᠯᠲᠠ᠎ᠲᠠᠢ ᠪᠣᠯᠭᠠᠵᠠᠢ᠄ ᠨᠡᠢᠭᠡᠮ ᠲᠣᠭᠤᠷᠢᠭ ᠪᠣᠯ ᠨᠢᠭᠡᠨ ᠶᠡᠭᠡ ᠭᠡᠷ ᠪᠦᠯᠢ ᠮᠥᠨ᠂ ᠦᠨᠳᠦᠰᠦᠲᠡᠨ᠎ᠨᠦᠭᠦᠳ ᠴᠥᠮ ᠨᠢᠭᠡ ᠭᠡᠷ᠎ᠤᠨ ᠬᠥᠮᠦᠨ ᠮᠥᠨ᠃ ᠣᠩᠭᠤᠴᠠᠨ᠎ᠤ ᠬᠦᠴᠦᠨ ᠳᠠᠷᠪᠠᠭᠤᠯ ᠳᠡᠭᠡᠷ᠎ᠡ ᠪᠠᠢᠵᠤ᠂ ᠬᠥᠮᠦᠨ᠎ᠤ ᠬᠦᠴᠦᠨ ᠰᠡᠳᠭᠢᠯ ᠵᠢᠷᠦᠬᠡᠨ ᠳᠡᠭᠡᠷ᠎ᠡ ᠪᠠᠢᠨ᠎ᠠ᠂ ᠡᠨᠡ ᠬᠦ᠌ ᠶᠡᠭᠡ ᠭᠡᠷ ᠪᠦᠯᠢ᠎ᠳᠤ ᠰᠡᠳᠭᠢᠯ ᠰᠡᠳᠭᠢᠯ᠎ᠢᠶᠠᠨ ᠮᠡᠳᠡᠯᠴᠡᠬᠦ᠂ ᠰᠡᠳᠭᠢᠯ ᠰᠠᠨᠠᠭ᠎ᠠ᠎ᠪᠠᠨ ᠰᠣᠯᠢᠯᠴᠠᠬᠤ᠂ ᠬᠠᠷᠢᠯᠴᠠᠨ ᠣᠢᠯᠠᠭᠠᠯᠴᠠᠬᠤ᠂ ᠬᠠᠷᠢᠯᠴᠠᠨ ᠬᠦᠨᠳᠦᠳᠭᠡᠬᠦ᠌᠎ᠶ᠋ᠢ ᠪᠡᠶᠡᠯᠡᠭᠦᠯᠵᠦ᠍᠂ ᠦᠨᠳᠦᠰᠦᠲᠡᠨ᠎ᠤ ᠪᠦᠯᠬᠦᠮᠳᠡᠯ᠎ᠤᠨ ᠲᠤᠭ᠎ᠢ ᠢᠮᠠᠭ᠍ᠲᠠ ᠥᠨᠳᠥᠷ ᠮᠠᠨᠳᠤᠭᠤᠯᠵᠤ᠂ ᠦᠨᠳᠦᠰᠦᠲᠡᠨ᠎ᠨᠦᠭᠦᠳ ᠰᠡᠳᠭᠢᠯ ᠵᠢᠷᠦᠬᠡ᠎ᠪᠠᠨ ᠬᠤᠯᠪᠣᠬᠤ᠂ ᠭᠠᠷ ᠭᠠᠷ᠎ᠢᠶᠠᠨ ᠬᠤᠯᠪᠣᠬᠤ ᠰᠠᠢᠨ ᠤᠯᠠᠮᠵᠢᠯᠠᠯ᠎ᠢ ᠪᠠᠷᠢᠮᠲᠠᠯᠠᠨ ᠪᠠᠳᠠᠷᠠᠭᠤᠯᠬᠤ ᠬᠡᠷᠡᠭ᠌ᠲᠡᠢ᠃
ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠪᠠᠢᠭᠤᠯᠵᠤ᠂ ᠦᠨᠳᠦᠰᠦᠲᠡᠨ᠎ᠨᠦᠭᠦᠳ᠎ᠤᠨ ᠬᠥᠮᠦᠰ᠎ᠤᠨ ᠰᠡᠳᠭᠢᠯ᠎ᠢ ᠨᠢᠭ᠍ᠲᠠᠷᠠᠭᠤᠯᠤᠨ᠂ ᠤᠶᠤᠨ ᠰᠠᠨᠠᠭ᠎ᠠ᠎ᠶ᠋ᠢ ᠬᠠᠷᠢᠯᠴᠠᠨ ᠲᠦᠱᠢᠯᠴᠡᠭᠦᠯᠵᠦ᠍᠂ ᠬᠥᠮᠦᠰ᠎ᠤᠨ ᠰᠡᠳᠭᠢᠯ᠎ᠢ ᠨᠢᠭ᠍ᠲᠠᠷᠠᠭᠤᠯᠤᠨ᠂ ᠪᠦᠯᠬᠦᠮᠳᠡᠨ ᠲᠡᠮᠡᠴᠡᠬᠦ᠌ ᠬᠦᠴᠦᠷᠬᠡᠭ ᠶᠡᠭᠡ ᠤᠶᠤᠨ ᠰᠠᠨᠠᠭᠠᠨ᠎ᠤ ᠬᠤᠯᠪᠣᠭᠠᠰᠤ᠎ᠶ᠋ᠢ ᠪᠤᠢ ᠪᠣᠯᠭᠠᠬᠤ᠎ᠶ᠋ᠢᠨ ᠲᠥᠯᠥᠭᠡ᠂ ᠰᠠᠨ ᠱᠦᠨ ᠳ᠋ᠢᠶᠠᠨ ᠨᠡᠢᠭᠡᠮ ᠲᠣᠭᠤᠷᠢᠭ 《ᠦᠨᠳᠦᠰᠦᠲᠡᠨ᠎ᠤ ᠪᠦᠯᠬᠦᠮᠳᠡᠯ》 ᠤᠨ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠲᠠᠪᠴᠠᠩ᠎ᠢ ᠪᠠᠢᠭᠤᠯᠤᠭ᠍ᠰᠠᠨ᠎ᠢᠶᠠᠷ᠂ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠬᠥᠮᠦᠵᠢᠯ ᠪᠣᠯᠤᠨ ᠰᠠᠭᠤᠭᠠᠯᠢ ᠠᠷᠠᠳ᠎ᠤᠨ ᠰᠣᠶᠣᠯ ᠴᠡᠩᠭᠡᠯ᠎ᠤᠨ ᠠᠮᠢᠳᠤᠷᠠᠯ᠎ᠤᠨ ᠭᠤᠣᠯ ᠵᠢᠭ᠍ᠰᠠᠭᠠᠯ᠎ᠤᠨ ᠭᠠᠵᠠᠷ ᠪᠣᠯᠪᠠ᠃ ᠨᠡᠢᠭᠡᠮ ᠲᠣᠭᠤᠷᠢᠭ᠎ᠤᠨ 《ᠤᠩᠱᠢᠯᠭ᠎ᠠ᠎ᠶ᠋ᠢᠨ ᠲᠥᠪ》᠂ ᠨᠢᠭᠡᠳᠦᠮᠡᠯ ᠹᠷᠣᠨᠲ᠎ᠤᠨ ᠬᠡᠷ᠂ ᠨᠠᠰᠤᠲᠠᠢᠴᠤᠳ᠎ᠤᠨ ᠶᠡᠭᠡ ᠰᠤᠷᠭᠠᠭᠤᠯᠢ ᠵᠡᠷᠭᠡ ᠦᠨᠳᠦᠰᠦᠲᠡᠨ᠎ᠤ ᠪᠦᠯᠬᠦᠮᠳᠡᠯ᠎ᠤᠨ ᠠᠵᠢᠯᠯᠠᠭᠠᠨ᠎ᠤ ᠲᠠᠰᠤᠭ᠎ᠢ ᠨᠡᠭᠡᠭᠡᠵᠦ᠍᠂ ᠱᠢᠷᠡᠭᠡ ᠰᠠᠨᠳᠠᠯᠢ ᠵᠡᠷᠭᠡ ᠠᠵᠢᠯᠯᠠᠭᠠᠨ᠎ᠤ ᠬᠡᠷᠡᠭ᠌ᠰᠡᠯ ᠪᠠ ᠨᠣᠮ ᠪᠢᠴᠢᠭ᠂ ᠰᠡᠳᠬᠦᠯ᠎ᠢ 3000 ᠭᠠᠷᠤᠶ ᠳᠡᠪᠲᠡᠷ ᠲᠣᠬᠢᠷᠠᠭᠤᠯᠪᠠ᠃ 《ᠦᠨᠳᠦᠰᠦᠲᠡᠨ᠎ᠤ ᠣᠨᠣᠯ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ》 ᠶ᠋ᠢᠨ ᠤᠬᠠᠭᠤᠯᠭ᠎ᠠ᠎ᠶ᠋ᠢᠨ ᠨᠠᠷᠠᠲᠤ ᠲᠡᠮᠳᠡᠭ᠎ᠢ ᠡᠭᠦᠳᠴᠦ᠍᠂ ᠣᠯᠠᠨ ᠲᠦᠮᠡᠨ᠎ᠤ ᠦᠵᠡᠵᠦ᠍ ᠰᠣᠨᠢᠷᠬᠠᠬᠤ ᠳᠤᠷᠠᠲᠠᠶ ᠬᠡᠯᠪᠡᠷᠢ᠎ᠪᠠᠷ ᠦᠨᠳᠦᠰᠦᠲᠡᠨ᠎ᠤ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠵᠤ᠂ ᠡᠯ᠎ᠡ ᠲᠥᠷᠥᠯ᠎ᠤᠨ ᠲᠠᠢᠯᠤᠮᠵᠢ᠎ᠶ᠋ᠢ ᠨᠡᠢᠲᠡ 400 ᠭᠠᠷᠤᠶ ᠬᠤᠭᠤᠴᠠᠭ᠎ᠠ᠂ ᠭᠤᠤᠯ ᠰᠡᠳᠦᠪᠲᠦ ᠠᠵᠢᠯᠯᠠᠭ᠎ᠠ᠎ᠶ᠋ᠢ 300 ᠭᠠᠷᠤᠶ ᠲᠠᠯᠠᠪᠠᠶ ᠥᠷᠨᠢᠭᠦᠯᠵᠦ᠍᠂ 4000 ᠭᠠᠷᠤᠶ ᠬᠥᠮᠦᠨ ᠤᠳᠠᠭ᠎ᠠ ᠣᠷᠣᠯᠴᠠᠪᠠ᠃
ᠤᠯᠠᠨ ᠲᠦᠮᠡᠨ᠎ᠤ ᠳᠡᠷᠭᠡᠳᠡᠬᠢ ᠳᠤᠮᠳᠠᠳᠤ᠎ᠶ᠋ᠢᠨ ᠰᠣᠶᠣᠯ ᠪᠠ ᠦᠨᠳᠦᠰᠦᠲᠡᠨ᠎ᠤ ᠪᠦᠯᠬᠦᠮᠳᠡᠯ᠎ᠤᠨ ᠬᠥᠮᠦᠵᠢᠯ ᠤᠬᠠᠭᠤᠯᠭ᠎ᠠ᠎ᠶ᠋ᠢᠨ ᠵᠢᠭ᠍ᠰᠠᠭᠠᠯ᠎ᠤᠨ ᠭᠠᠵᠠᠷ ᠪᠣᠯᠤᠭ᠍ᠰᠠᠨ᠎ᠤ ᠬᠤᠪᠢ᠎ᠳᠤ᠂ 《ᠦᠨᠳᠦᠰᠦᠲᠡᠨ᠎ᠤ ᠪᠦᠯᠬᠦᠮᠳᠡᠯ》 ᠤᠨ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠲᠠᠪᠴᠠᠩ᠎ᠤᠨ ᠡᠯᠪᠡᠭ ᠪᠠᠶᠠᠯᠢᠭ ᠠᠵᠢᠯᠯᠠᠭ᠎ᠠ᠎ᠨᠢ ᠤᠯᠠᠨ᠎ᠢ ᠨᠡᠢᠭᠡᠮ ᠲᠣᠭᠤᠷᠢᠭ᠎ᠲᠤ᠎ᠪᠠᠨ ᠲᠠᠷᠤᠢ ᠳᠤᠮᠳᠠᠳᠤ᠎ᠶ᠋ᠢᠨ ᠰᠣᠶᠣᠯ᠎ᠢ ᠭᠦᠨᠵᠡᠭᠡᠢ ᠤᠢ᠍ᠢᠯᠠᠭᠠᠭᠤᠯᠵᠤ᠂ ᠳᠤᠮᠳᠠᠳᠤ᠎ᠶ᠋ᠢᠨ ᠰᠣᠶᠣᠯ᠎ᠤᠨ ᠲᠤᠬᠠᠢ ᠮᠡᠳᠡᠷᠡᠮᠵᠢ᠎ᠶ᠋ᠢ᠎ᠨᠢ ᠲᠠᠰᠤᠷᠠᠯᠳᠠ ᠦᠭᠡᠢ ᠨᠡᠮᠡᠭ᠌ᠳᠡᠭᠦᠯᠵᠦ᠍᠂ ᠦᠨᠳᠦᠰᠦᠲᠡᠨ᠎ᠤ ᠪᠦᠯᠬᠦᠮᠳᠡᠯ᠎ᠤᠨ ᠴᠢᠬᠤᠯᠠ ᠴᠢᠨᠠᠷ᠎ᠤᠨ ᠲᠤᠬᠠᠢ ᠣᠢᠯᠠᠭᠠᠯᠲᠠ᠎ᠶ᠋ᠢ᠎ᠨᠢ ᠭᠦᠨᠵᠡᠭᠡᠢᠷᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ ᠪᠣᠯ ᠬᠤᠪᠢ ᠵᠠᠶᠠᠭᠠᠨ᠎ᠤ ᠬᠠᠮᠲᠤ ᠴᠣᠭ᠍ᠴᠠ ᠮᠥᠨ᠂ ᠨᠢᠭᠡ᠎ᠨᠢ ᠬᠥᠭ᠌ᠵᠢᠪᠡᠯ ᠪᠦᠭᠦᠳᠡᠭᠡᠷ ᠬᠥᠭ᠌ᠵᠢᠵᠦ᠍᠂ ᠨᠢᠭᠡ᠎ᠨᠢ ᠬᠤᠬᠢᠷᠠᠪᠠᠯ ᠪᠦᠭᠦᠳᠡᠭᠡᠷ ᠬᠤᠬᠢᠷᠠᠨ᠎ᠠ ᠭᠡᠳᠡᠭ᠎ᠢ ᠲᠠᠨᠢᠭᠤᠯᠤᠭ᠍ᠰᠠᠨ ᠪᠠᠢᠨ᠎ᠠ᠃ ᠰᠠᠨ ᠱᠦᠨ ᠳ᠋ᠢᠶᠠᠨ ᠨᠡᠢᠭᠡᠮ ᠲᠣᠭᠤᠷᠢᠭ᠎ᠲᠤ᠌᠂ ᠦᠨᠳᠦᠰᠦᠲᠡᠨ᠎ᠨᠦᠭᠦᠳ᠎ᠤᠨ ᠤᠯᠠᠨ ᠲᠦᠮᠡᠨ ᠰᠡᠳᠭᠢᠯ ᠨᠢᠭᠡᠳᠦᠨ ᠬᠦᠴᠦ᠎ᠪᠠᠨ ᠬᠠᠮᠲᠤᠳᠭᠠᠵᠤ ᠡᠶ᠎ᠡ ᠵᠣᠬᠢᠴᠠᠩᠭᠤᠢ ᠰᠠᠢᠨ ᠰᠠᠢᠬᠠᠨ ᠭᠡᠷ ᠣᠷᠣᠨ᠎ᠢᠶᠠᠨ ᠬᠠᠮᠲᠤ᠎ᠪᠠᠷ ᠪᠦᠳᠦᠭᠡᠨ ᠪᠠᠢᠭᠤᠯᠬᠤ ᠠᠭᠤᠷ ᠠᠮᠢᠰᠭᠤᠯ ᠡᠳᠦᠷ ᠢᠷᠡᠬᠦᠶ᠎ᠡ ᠥᠳᠭᠡᠨ ᠵᠤᠵᠠᠭᠠᠨ ᠪᠣᠯᠪᠠ᠃
ᠬᠠᠢᠷ᠎ᠠ ᠰᠡᠳᠭᠢᠯᠭᠡ᠎ᠪᠠᠷ ᠨᠠᠮ᠎ᠤᠨ ᠬᠠᠯᠠᠮᠵᠢ᠎ᠶ᠋ᠢ ᠲᠠᠢᠯᠪᠤᠷᠢᠯᠠᠵᠤ᠂ ᠨᠠᠮ᠎ᠤᠨ ᠰᠡᠳᠭᠢᠯᠭᠡ᠎ᠪᠠᠷ ᠠᠷᠠᠳ᠎ᠤᠨ ᠰᠡᠳᠭᠢᠯ᠎ᠢ ᠳᠤᠯᠠᠭᠠᠴᠠᠭᠤᠯᠤᠨ᠎ᠠ᠃ ᠰᠠᠨ ᠱᠦᠨ ᠳ᠋ᠢᠶᠠᠨ ᠨᠡᠢᠭᠡᠮ ᠲᠣᠭᠤᠷᠢᠭ ᠠᠷᠠᠳ᠎ᠤᠨ ᠠᠮᠢᠳᠤᠷᠠᠯ᠎ᠤᠨ ᠵᠢᠵᠢᠭ ᠰᠠᠵᠢᠭ ᠶᠠᠪᠤᠳᠠᠯ᠎ᠢ ᠰᠠᠢᠲᠤᠷ ᠬᠢᠵᠦ᠍᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠨᠡᠢᠭᠡᠮ ᠲᠣᠭᠤᠷᠢᠭ᠎ᠤᠨ ᠦᠢᠯᠡᠴᠢᠯᠡᠭᠡᠨ᠎ᠤ ᠦᠨᠡᠨ ᠰᠡᠳᠭᠢᠯᠭᠡ ᠪᠠ ᠬᠠᠢᠷ᠎ᠠ ᠬᠠᠯᠠᠮᠵᠢ᠎ᠶ᠋ᠢ ᠮᠡᠳᠡᠷᠡᠭᠦᠯᠪᠡ᠃ ᠨᠡᠢᠭᠡᠮ ᠲᠣᠭᠤᠷᠢᠭ᠎ᠨᠢ ᠦᠢᠯᠡᠴᠢᠯᠡᠭᠡᠨ᠎ᠤ ᠬᠠᠯᠠᠮᠱᠢᠯ ᠤᠲᠠᠰᠤ ᠨᠡᠪᠲᠡᠷᠡᠭᠦᠯᠬᠦ᠂ ᠠᠷᠠᠳ᠎ᠲᠤ ᠲᠥᠬᠦᠮ ᠦᠵᠡᠭᠦᠯᠬᠦ᠌ ᠦᠢᠯᠡᠴᠢᠯᠡᠭᠡᠨ᠎ᠤ ᠺᠠᠷᠲ ᠣᠯᠭᠤᠬᠤ᠂ ᠰᠤᠷᠪᠤᠯᠵᠢᠯᠠᠯ᠎ᠢ ᠭᠥᠯᠢᠶᠡᠨ ᠠᠪᠬᠤ᠂ ᠴᠠᠭ ᠲᠤᠭ᠍ᠲᠠᠭᠠᠠ ᠭᠦᠶᠴᠡᠳᠭᠡᠵᠦ᠍ ᠳᠠᠭᠤᠰᠭᠠᠬᠤ ᠵᠡᠷᠭᠡ ᠲᠦᠷᠢᠮ᠎ᠢ ᠲᠤᠭ᠍ᠲᠠᠭᠠᠵᠦ᠍᠂ ᠬᠠᠷᠢᠶ᠎ᠠ ᠣᠷᠣᠨ᠎ᠤ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ 《ᠨᠢᠭᠡ ᠥᠷᠲᠡᠭᠡ ᠮᠠᠶᠢᠭ》 ᠤᠨ ᠦᠢᠯᠡᠴᠢᠯᠡᠭᠡ ᠬᠠᠩᠭᠠᠪᠠ᠃ ᠲᠣᠭ᠍ᠲᠠᠮᠠᠯ ᠬᠤᠭᠤᠴᠠᠭ᠎ᠠ᠎ᠲᠠᠢ᠎ᠪᠠᠷ ᠬᠥᠮᠦᠰ᠎ᠢ ᠵᠣᠬᠢᠶᠠᠨ ᠪᠠᠢᠭᠤᠯᠤᠨ ᠡᠯ᠎ᠡ ᠦᠨᠳᠦᠰᠦᠲᠡᠨ᠎ᠤ ᠰᠠᠭᠤᠭᠠᠯᠢ ᠠᠷᠠᠳ᠎ᠤᠨ ᠡᠷᠦᠬᠡ᠂ ᠬᠠᠷᠢᠶ᠎ᠠ ᠣᠷᠣᠨ᠎ᠤ ᠨᠢᠭᠡᠴᠡ᠂ ᠵᠡᠭᠡᠯᠢ ᠳᠠᠭᠠᠤ ᠬᠤᠳᠠᠯᠳᠤᠭ᠎ᠠ ᠳᠡᠯᠭᠡᠭᠦᠷ᠎ᠲᠤ ᠬᠦᠨᠵᠡᠭᠡᠢᠷᠡᠵᠦ᠍᠂ ᠡᠷᠦᠬᠡ ᠳᠠᠷᠠᠭᠠᠯᠠᠨ ᠰᠤᠷᠪᠤᠯᠵᠢᠯᠠᠨ ᠪᠠᠢᠴᠠᠭᠠᠵᠤ᠂ ᠠᠵᠢᠯᠲᠠᠨ᠎ᠢ ᠲᠥᠷᠥᠯ ᠬᠤᠪᠢᠶᠠᠨ ᠡᠬᠡ ᠲᠠᠩᠰᠠ ᠪᠠᠢᠭᠤᠯᠵᠤ᠂ ᠲᠡᠳᠡᠨ᠎ᠤ ᠠᠮᠢᠳᠤᠷᠠᠯ᠎ᠤᠨ ᠳᠤᠮᠳᠠ ᠲᠤᠯᠭᠠᠷᠠᠭ᠍ᠰᠠᠨ ᠬᠦᠴᠢᠷᠳᠡᠯ ᠪᠠ ᠨᠡᠢᠭᠡᠮ ᠲᠣᠭᠤᠷᠢᠭ᠎ᠤᠨ ᠦᠢᠯᠡᠴᠢᠯᠡᠭᠡᠨ᠎ᠤ ᠬᠡᠷᠡᠭ᠌ᠴᠡᠭᠡ ᠱᠠᠭᠠᠷᠳᠠᠯᠭ᠎ᠠ᠎ᠶ᠋ᠢ ᠭᠦᠨᠵᠡᠭᠡᠶ ᠤᠢᠯᠠᠭᠠᠨ᠂ ᠦᠨᠳᠦᠰᠦᠲᠡᠨ᠎ᠤ ᠪᠦᠯᠬᠦᠮᠳᠡᠯ᠎ᠤᠨ ᠠᠵᠢᠯ᠎ᠤᠨ ᠲᠡᠮᠳᠡᠭ᠌ᠯᠡᠯ᠂ ᠡᠯ᠎ᠡ ᠦᠨᠳᠦᠰᠦᠲᠡᠨ᠎ᠤ ᠰᠠᠭᠤᠭᠠᠯᠢ ᠠᠷᠠᠳ᠎ᠤᠨ ᠰᠤᠷᠪᠤᠯᠵᠢᠯᠠᠨ ᠲᠣᠬᠤᠨᠢᠭᠤᠯᠬᠤ ᠲᠡᠮᠳᠡᠭ᠌ᠯᠡᠯ᠂ ᠰᠣᠶᠣᠯ ᠪᠡᠶ᠎ᠡ᠎ᠶ᠋ᠢᠨ ᠲᠠᠮᠢᠷ᠎ᠤᠨ ᠠᠵᠢᠯᠯᠠᠭ᠎ᠠ᠎ᠶ᠋ᠢᠨ ᠠᠵᠢᠯ᠎ᠤᠨ ᠲᠡᠮᠳᠡᠭ᠌ᠯᠡᠯ᠂ ᠰᠠᠢᠨ ᠳᠤᠷᠠᠴᠤᠳ᠎ᠤᠨ ᠨᠡᠷ᠎ᠡ᠎ᠶ᠋ᠢᠨ ᠲᠠᠩᠰᠠ ᠵᠡᠷᠭᠡ ᠠᠵᠢᠯ᠎ᠤᠨ ᠡᠬᠡ ᠲᠠᠩᠰᠠ᠎ᠶ᠋ᠢ ᠪᠠᠢᠭᠤᠯᠵᠤ᠂ ᠲᠤᠭ᠎ᠠ ᠲᠣᠳᠣᠷᠬᠠᠶ᠂ ᠪᠠᠢᠳᠠᠯ ᠲᠣᠳᠣᠷᠬᠠᠶ᠂ ᠵᠢᠭ᠍ᠰᠠᠭᠠᠯ᠎ᠤᠨ ᠭᠠᠵᠠᠷ ᠪᠠᠲᠤ ᠪᠠᠬᠢ᠂ ᠲᠦᠷᠢᠮ ᠪᠣᠳᠠᠲᠠᠶ ᠪᠠᠢᠬᠤ᠎ᠶ᠋ᠢ ᠦᠨᠡᠨ ᠬᠦ᠌ ᠰᠠᠢᠲᠤᠷ ᠬᠢᠵᠠᠢ᠃
ᠬᠠᠷᠢᠶᠠᠲᠤ ᠣᠷᠣᠨ᠎ᠤ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠲᠠᠢ ᠨᠡᠩ ᠰᠠᠢᠨ ᠨᠡᠪᠲᠡᠷᠡᠯᠴᠡᠨ ᠵᠣᠯᠭᠠᠭᠤᠯᠵᠦ᠍᠂ ᠠᠵᠢᠯ᠎ᠢᠶᠠᠨ ᠦᠨᠡᠨ ᠬᠦ᠌ ᠣᠯᠠᠨ ᠲᠦᠮᠡᠨ᠎ᠤ ᠰᠡᠳᠭᠢᠯ᠎ᠳᠤ ᠬᠦᠷᠲᠡᠯ᠎ᠠ ᠬᠢᠬᠦ᠌᠎ᠶ᠋ᠢᠨ ᠲᠦᠯᠦᠭᠡ᠂ ᠨᠡᠢᠭᠡᠮ ᠲᠣᠭᠤᠷᠢᠭ᠎ᠠᠴᠠ ᠨᠡᠷ᠎ᠡ ᠬᠦᠨᠳᠦ᠎ᠲᠠᠢ᠂ ᠬᠥᠮᠦᠰ᠎ᠤᠨ ᠬᠠᠷᠢᠴᠠᠭ᠎ᠠ ᠰᠠᠢᠨ᠂ ᠬᠠᠷᠢᠭᠤᠴᠠᠯᠭᠠᠲᠤ ᠰᠡᠳᠭᠢᠯᠭᠡ᠎ᠲᠠᠢ ᠰᠠᠭᠤᠭᠠᠯᠢ ᠠᠷᠠᠳ᠎ᠢ ᠰᠣᠩᠭᠤᠨ ᠠᠰᠠᠷ᠎ᠤᠨ ᠳᠠᠷᠤᠭ᠎ᠠ᠂ ᠨᠢᠭᠡᠴᠢ᠎ᠶ᠋ᠢᠨ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠭᠦᠯᠵᠦ᠍᠂ ᠨᠢᠭᠤᠷᠳᠠᠨ ᠶᠠᠷᠢᠯᠴᠠᠵᠦ᠍᠂ ᠰᠡᠳᠭᠢᠯ᠎ᠤᠨ ᠦᠭᠡ᠎ᠪᠠᠨ ᠶᠠᠷᠢᠯᠴᠠᠬᠤ ᠪᠠ ᠬᠥᠷᠰᠢ ᠵᠡᠷᠭᠡᠯᠡᠳᠡᠭᠡᠶ᠋ᠢᠨᠬᠢᠨᠲᠠᠢᠪᠠᠨ ᠨᠡᠪᠲᠡᠷᠡᠯᠴᠡᠨ ᠰᠣᠯᠢᠯᠴᠠᠬᠤ᠎ᠶ᠋ᠢ ᠦᠨᠡᠨ ᠬᠦ᠌ ᠪᠡᠶᠡᠯᠡᠭᠦᠯᠵᠦ᠍᠂ ᠰᠠᠭᠤᠭᠠᠯᠢ ᠠᠷᠠᠳ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠣᠢᠯᠠᠭᠠᠨ᠂ ᠦᠨᠳᠦᠰᠦᠲᠡᠨ᠎ᠤ ᠪᠦᠯᠬᠦᠮᠳᠡᠯ᠎ᠤᠨ ᠰᠠᠢᠨ ᠳᠤᠷ᠎ᠠ᠎ᠶ᠋ᠢᠨ ᠠᠵᠢᠯᠯᠠᠭ᠍ᠴᠢ᠎ᠶ᠋ᠢᠨ ᠡᠩᠨᠡᠭᠡ᠎ᠶ᠋ᠢ ᠪᠠᠢᠭᠤᠯᠵᠤ᠂ ᠦᠨᠳᠦᠰᠦᠲᠡᠨ᠎ᠤ ᠪᠦᠯᠬᠦᠮᠳᠡᠯ᠎ᠤᠨ ᠠᠵᠢᠯ᠎ᠤᠨ ᠮᠡᠳᠡᠭᠡ ᠵᠠᠩᠭᠢ᠎ᠶ᠋ᠢᠨ ᠬᠥᠳᠡᠯᠦᠩᠭᠦᠶ ᠬᠠᠮᠢᠶᠠᠷᠤᠯᠲᠠ᠎ᠶ᠋ᠢ ᠪᠡᠶᠡᠯᠡᠭᠦᠯᠦᠨ᠂ ᠳᠡᠭᠡᠳᠦ ᠳᠣᠣᠷᠠᠳᠤ ᠱᠠᠲᠤ᠎ᠪᠠᠷ᠎ᠢᠶᠠᠨ ᠬᠤᠯᠪᠣᠭᠠᠯᠠᠨ ᠬᠥᠳᠡᠯᠦᠯᠴᠡᠭ᠌ᠰᠡᠨ᠂ ᠴᠤᠭ᠍ᠭᠠᠷ ᠠᠳᠭᠤᠵᠤ ᠬᠠᠮᠲᠤ᠎ᠪᠠᠷ ᠬᠠᠮᠢᠶᠠᠷᠤᠭ᠍ᠰᠠᠨ ᠨᠡᠢᠭᠡᠮ ᠲᠣᠭᠤᠷᠢᠭ᠎ᠤᠨ ᠦᠨᠳᠦᠰᠦᠲᠡᠨ᠎ᠤ ᠪᠦᠯᠬᠦᠮᠳᠡᠯ᠎ᠤᠨ ᠠᠵᠢᠯ᠎ᠤᠨ ᠲᠣᠣᠷ ᠰᠦᠯᠵᠢᠶ᠎ᠡ᠎ᠶ᠋ᠢ ᠪᠦᠷᠢᠯᠳᠦᠭᠦᠯᠪᠡ᠃ 《ᠲᠤᠤᠷᠵᠢᠭᠤᠯᠤᠯᠲᠠ》 ᠶ᠋ᠢᠨ ᠦᠢᠯᠡᠴᠢᠯᠡᠭᠡᠨ᠎ᠤ ᠲᠠᠪᠴᠠᠩ᠎ᠢᠶᠠᠷ ᠳᠠᠮᠵᠢᠭᠤᠯᠤᠨ᠂ ᠬᠠᠷᠢᠶ᠎ᠠ ᠣᠷᠣᠨ᠎ᠤ ᠪᠠᠢᠳᠠᠯ᠎ᠢ ᠲᠡᠷᠡ ᠳᠠᠷᠤᠶᠳᠤᠨᠢ ᠡᠵᠡᠮᠱᠢᠵᠦ᠍᠂ ᠲᠡᠷᠡ ᠳᠠᠷᠤᠶᠳᠤᠨᠢ ᠱᠢᠢᠳᠪᠦᠷᠢᠯᠡᠵᠦ᠍᠂ ᠲᠡᠷᠡ ᠳᠠᠷᠤᠶᠳᠤᠨᠢ ᠬᠠᠷᠢᠭᠤ ᠲᠤᠰᠭᠠᠵᠤ᠂ ᠦᠢᠯᠡᠴᠢᠯᠡᠭᠡ᠎ᠶ᠋ᠢ ᠨᠠᠩ ᠨᠠᠷᠢᠯᠢᠭ᠂ ᠵᠢᠷᠤᠮᠵᠢᠭᠤᠨ ᠪᠣᠯᠭᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠰᠡᠳᠭᠢᠯ᠎ᠢ ᠨᠠᠩ ᠳᠤᠯᠠᠭᠠᠬᠠᠨ᠂ ᠨᠠᠩ ᠯᠠᠪᠳᠠᠭᠤᠨ ᠪᠠᠲᠤᠲᠠᠶ ᠪᠣᠯᠭᠠᠪᠠ᠃
ᠪᠣᠳᠠᠲᠤ ᠪᠠᠢᠳᠠᠯ᠎ᠳᠤ ᠴᠢᠭ᠌ᠯᠡᠭᠦᠯᠦᠨ᠂ ᠨᠡᠢᠭᠡᠮ ᠲᠣᠭᠤᠷᠢᠭ᠎ᠨᠢ ᠪᠠᠰᠠ ᠨᠡᠭᠦᠲᠡᠯ ᠬᠥᠮᠦᠨ ᠠᠮᠠ᠎ᠶ᠋ᠢᠨ ᠦᠢᠯᠡᠴᠢᠯᠡᠭᠡᠨ᠎ᠤ ᠥᠷᠲᠡᠭᠡ᠎ᠶ᠋ᠢ ᠪᠠᠢᠭᠤᠯᠬᠤ᠎ᠶ᠋ᠢᠨ ᠬᠠᠮᠲᠤ ᠠᠵᠢᠯ᠎ᠤᠨ ᠳᠤᠮᠳᠠ᠎ᠪᠠᠨ ᠲᠤᠷᠱᠢᠯᠭ᠎ᠠ᠎ᠪᠠᠨ ᠢᠳᠡᠪᠬᠢᠲᠡᠶ᠎ᠪᠠᠷ ᠳ᠋ᠥᠩᠨᠡᠵᠦ᠍᠂ ᠠᠷᠭ᠎ᠠ ᠬᠡᠮᠵᠢᠶ᠎ᠡ᠎ᠪᠠᠨ ᠱᠢᠨᠡᠳᠭᠡᠵᠦ᠍᠂ 《ᠭᠤᠷᠪᠠ᠎ᠶ᠋ᠢ ᠵᠠᠪᠠᠯ ᠲᠣᠳᠣᠷᠬᠠᠢᠯᠠᠬᠤ᠂ ᠭᠤᠷᠪᠠ᠎ᠶ᠋ᠢ ᠵᠠᠪᠠᠯ ᠶᠠᠷᠢᠯᠴᠠᠬᠤ᠂ ᠭᠤᠷᠪᠠ᠎ᠶ᠋ᠢ ᠵᠠᠪᠠᠯ ᠬᠠᠪᠰᠤᠷᠬᠤ》 ᠤᠷᠲᠤ ᠬᠤᠭᠤᠴᠠᠭᠠᠨ᠎ᠤ ᠪᠦᠲᠦᠮᠵᠢᠲᠡᠶ ᠦᠢᠯᠡᠴᠢᠯᠡᠭᠡᠨ᠎ᠤ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠲᠣᠭ᠍ᠲᠠᠭᠠᠵᠤ᠂ ᠡᠯ᠎ᠡ ᠦᠨᠳᠦᠰᠦᠲᠡᠨ᠎ᠤ ᠨᠡᠭᠦᠲᠡᠯ ᠬᠥᠮᠦᠨ ᠠᠮᠠ᠎ᠳᠤ ᠪᠦᠬᠦ᠌ ᠲᠠᠯ᠎ᠠ᠎ᠪᠠᠷ ᠦᠢᠯᠡᠴᠢᠯᠡᠵᠦ᠍᠂ ᠲᠡᠳᠡᠨ᠎ᠤ ᠠᠮᠢᠳᠤᠷᠠᠯ᠎ᠳᠠᠬᠢ 《ᠪᠠᠴᠢᠮᠳᠠᠵᠦ᠍᠂ ᠬᠦᠴᠢᠷᠳᠠᠵᠦ᠍᠂ ᠵᠣᠪᠠᠨᠢᠵᠦ᠍᠂ ᠬᠦᠰᠡᠵᠦ᠍》 ᠪᠠᠢᠭ᠎ᠠ ᠠᠰᠠᠭᠤᠳᠠᠯ᠎ᠢ᠎ᠨᠢ ᠱᠢᠢᠳᠪᠦᠷᠢᠯᠡᠭ᠌ᠰᠡᠨ ᠪᠠᠢᠨ᠎ᠠ᠃ 2019 ᠣᠨ᠎ᠳᠤ᠂ ᠬᠠᠷᠢᠶ᠎ᠠ ᠣᠷᠣᠨ᠎ᠤ ᠬᠤᠳᠠᠯᠳᠤᠭᠠᠴᠢᠨ ᠡᠷᠦᠬᠡ᠎ᠪᠠᠷ ᠰᠤᠷᠪᠤᠯᠵᠢᠯᠠᠨ ᠪᠠᠢᠴᠠᠭᠠᠬᠤ ᠳᠤᠮᠳᠠ᠂ ᠨᠡᠢᠭᠡᠮ ᠲᠣᠭᠤᠷᠢᠭ᠎ᠤᠨ ᠠᠵᠢᠯᠲᠠᠨ ᠭᠠᠨᠰᠦ᠎ᠠᠴᠠ ᠢᠷᠡᠭ᠌ᠰᠡᠨ ᠬᠥᠯᠥᠰᠥᠨ ᠠᠵᠢᠯᠴᠢᠨ᠎ᠤ ᠬᠡᠦᠬᠡᠳ᠎ᠤᠨ ᠰᠤᠷᠭᠠᠭᠤᠯᠢ᠎ᠳᠤ ᠰᠠᠭᠤᠬᠤ᠎ᠳᠤ ᠬᠦᠴᠢᠷᠲᠡᠶ ᠪᠠᠢᠬᠤ ᠠᠰᠠᠭᠤᠳᠠᠯ᠎ᠢ ᠢᠯᠡᠷᠡᠭᠦᠯᠪᠡ᠃ ᠨᠡᠢᠭᠡᠮ ᠲᠣᠭᠤᠷᠢᠭ᠎ᠨᠢ ᠣᠯᠠᠨ ᠲᠠᠯ᠎ᠠ᠎ᠶ᠋ᠢᠨ ᠵᠣᠬᠢᠴᠠᠭᠤᠯᠭ᠎ᠠ᠎ᠪᠠᠷ ᠳᠡᠮᠵᠢᠨ ᠴᠠᠭ ᠲᠤᠬᠠᠶ᠎ᠳᠤᠨᠢ ᠬᠡᠦᠬᠡᠳ᠎ᠤᠨ ᠰᠤᠷᠭᠠᠭᠤᠯᠢ᠎ᠳᠤ ᠣᠷᠣᠬᠤ ᠭᠠᠷ ᠭᠦᠶᠴᠡᠳᠭᠡᠯᠢᠨᠢ ᠬᠢᠵᠦ᠍ ᠦᠭ᠌ᠴᠠᠢ᠃ ᠠᠷᠠᠳ᠎ᠤᠨ ᠠᠮᠢᠳᠤᠷᠠᠯ᠎ᠳᠤ ᠪᠠᠭ᠎ᠠ ᠶᠠᠪᠤᠳᠠᠯ ᠭᠡᠵᠦ᠍ ᠦᠭᠡᠢ᠂ ᠡᠭᠡᠯ ᠠᠷᠠᠳ᠎ᠤᠨ ᠵᠢᠵᠢᠭ ᠰᠠᠵᠢᠭ ᠤᠴᠢᠷ ᠶᠠᠪᠤᠲᠠᠯ᠎ᠢ ᠴᠤ᠌ ᠬᠠᠷᠠᠭᠠᠯᠵᠠᠠ ᠬᠠᠯᠠᠮᠵᠢᠯᠠᠨ᠎ᠠ᠃ ᠵᠢᠵᠢᠭ ᠰᠠᠵᠢᠭ ᠤᠴᠢᠷ ᠶᠠᠪᠤᠲᠠᠯ᠎ᠢ ᠬᠠᠷᠠᠭᠠᠯᠵᠠᠠ ᠬᠠᠯᠠᠮᠵᠢᠯᠠᠵᠦ᠍ ᠪᠠᠢᠬᠤ᠎ᠨᠢ ᠰᠠᠨ ᠱᠦᠨ ᠳ᠋ᠢᠶᠠᠨ ᠨᠡᠢᠭᠡᠮ ᠲᠣᠭᠤᠷᠢᠭ᠎ᠤᠨ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠠᠯᠠᠮᠵᠢᠯᠠᠬᠤ ᠬᠠᠷᠢᠭᠤᠴᠠᠯᠭ᠎ᠠ ᠡᠭᠦᠷᠭᠡᠯᠡᠯ᠎ᠢ ᠲᠤᠰᠭᠠᠭ᠍ᠰᠠᠨ ᠪᠥᠭᠡᠳ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠠᠬ᠎ᠠ ᠳᠡᠭᠦᠦ ᠮᠡᠲᠦ ᠳᠣᠲᠣᠨᠣ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠴᠢᠩ ᠦᠨᠡᠨᠴᠢ ᠰᠡᠳᠭᠢᠯ᠎ᠢ ᠭᠡᠷᠡᠴᠢᠯᠡᠪᠡ᠃
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠵᠢᠱ᠌ᠢᠶᠡᠴᠢ ᠬᠠᠮᠲᠤ ᠪᠣᠯᠤᠭ᠍ᠰᠠᠨ᠎ᠤ ᠬᠤᠪᠢ᠎ᠳᠤ᠂ ᠰᠠᠨ ᠱᠦᠨ ᠳ᠋ᠢᠶᠠᠨ ᠨᠡᠢᠭᠡᠮ ᠲᠣᠭᠤᠷᠢᠭ ᠢᠮᠠᠭ᠍ᠲᠠ ᠦᠨᠳᠦᠰᠦᠲᠡᠨ᠎ᠤ ᠪᠦᠯᠬᠦᠮᠳᠡᠯ᠎ᠤᠨ ᠠᠵᠢᠯ᠎ᠢ ᠬᠡᠷᠡᠮ ᠳᠡᠭᠡᠷ᠎ᠡ ᠪᠢᠴᠢᠵᠦ᠍᠂ ᠨᠢᠳᠤᠨ᠎ᠳᠡᠭᠡᠨ ᠦᠵᠡᠵᠦ᠍᠂ ᠠᠮᠠᠨ ᠳᠡᠭᠡᠷ᠎ᠡ᠎ᠪᠠᠨ ᠬᠡᠯᠡᠵᠦ᠍᠂ ᠲᠠᠷᠢᠬᠢᠨ᠎ᠳᠠᠭᠠᠨ ᠴᠡᠭᠡᠵᠢᠯᠡᠵᠦ᠍᠂ ᠠᠵᠢᠯᠯᠠᠭ᠎ᠠ᠎ᠳᠠᠭᠠᠨ ᠠᠭᠤᠰᠤᠯᠴᠠᠭᠤᠯᠵᠤ᠂ ᠰᠡᠳᠭᠢᠯ᠎ᠳᠡᠭᠡᠨ ᠬᠠᠳᠠᠩᠱᠢᠭᠤᠯᠬᠤ ᠵᠠᠷᠴᠢᠮ᠎ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠭᠦᠯᠵᠠᠢ᠃