ᠶᠤᠸᠠᠨ ᠪᠤᠤ ᠱᠠᠨ ᠲᠤᠭᠤᠷᠢᠭ ᠲᠡᠦᠬᠡ᠎ᠶ᠋ᠢ ᠰᠤᠷᠤᠯᠴᠠᠨ ᠴᠢᠷᠮᠠᠢᠨ ᠦᠢᠯᠡᠳᠦᠯᠭᠡᠵᠢᠬᠦᠯᠵᠦ᠍ ᠠᠷᠠᠳ᠎ᠤᠨ ᠲᠥᠯᠥᠭᠡ ᠪᠣᠳᠠᠲᠠᠢ ᠠᠵᠢᠯᠯᠠᠵᠦ᠍ ᠪᠤᠢ
2021-10-08 10:27:09
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

ᠶᠤᠸᠠᠨ ᠪᠦᠦ ᠱᠠᠨ ᠲᠣᠭᠤᠷᠢᠭ ᠶᠡᠷᠦᠩᠬᠡᠢ ᠱᠦᠵᠢ ᠰᠢ᠎ᠶ᠋ᠢᠨ ᠫᠢᠩ᠎ᠤᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠨ᠂ ᠲᠡᠦᠬᠡ᠎ᠶ᠋ᠢ ᠰᠤᠷᠤᠯᠴᠠᠨ ᠦᠢᠯᠡᠳᠦᠯᠭᠡᠵᠢᠬᠦᠯᠵᠦ᠍᠂ ᠠᠷᠠᠳ᠎ᠤᠨ ᠲᠥᠯᠥᠭᠡ ᠪᠤᠳᠠᠳᠤ ᠶᠠᠪᠤᠳᠠᠯ ᠬᠢᠵᠤ᠂ ᠠᠷᠠᠳ᠎ᠤᠨ ᠪᠠᠢᠳᠠᠯ᠎ᠢ ᠣᠢᠯᠠᠭᠠᠵᠤ᠂ ᠠᠷᠠᠳ᠎ᠤᠨ ᠰᠠᠨᠠᠭ᠎ᠠ᠎ᠶ᠋ᠢ ᠰᠣᠨᠣᠰᠴᠤ᠌᠂ ᠠᠷᠠᠳ ᠤᠯᠠᠨ᠎ᠤ ᠬᠦᠴᠢᠷᠳᠡᠯ᠎ᠢ ᠱᠢᠢᠳᠪᠦᠷᠢᠯᠡᠵᠦ᠍᠂ ᠤᠯᠠᠨ ᠲᠦᠮᠡᠨ᠎ᠤ ᠰᠠᠨᠳᠤᠷᠴᠤ᠌ ᠬᠦᠴᠢᠷᠳᠡᠵᠦ᠍ ᠵᠣᠪᠠᠨᠢᠵᠤ ᠬᠦᠰᠡᠵᠦ᠍ ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠠᠷᠠᠳ᠎ᠤᠨ ᠲᠥᠯᠥᠭᠡ ᠭᠡᠬᠦ᠌ ᠰᠡᠳᠭᠢᠯᠭᠡ᠎ᠪᠠᠨ ᠦᠢᠯᠡᠳᠦᠯᠭᠡᠵᠢᠭᠦᠯᠵᠦ᠍ ᠪᠤᠢ᠃

ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠠᠴᠠ ᠨᠠᠭᠠᠰᠢ᠂ ᠶᠤᠸᠠᠨ ᠪᠦᠦ ᠱᠠᠨ ᠲᠣᠭᠤᠷᠢᠭ ᠨᠠᠮ᠎ᠤᠨ ᠲᠡᠦᠬᠡ᠎ᠶ᠋ᠢ ᠰᠤᠷᠤᠯᠴᠠᠬᠤ᠎ᠶ᠋ᠢ ᠲᠤᠷᠱᠢᠯᠭ᠎ᠠ᠎ᠪᠠᠨ ᠳ᠋ᠦᠩᠨᠡᠬᠦ᠂ ᠪᠣᠳᠠᠲᠤ ᠪᠠᠢᠳᠠᠯ᠎ᠢ ᠠᠵᠢᠠᠠᠯᠠᠬᠤ᠂ ᠠᠵᠢᠯ᠎ᠢᠶᠠᠨ ᠠᠬᠢᠭᠤᠯᠬᠤ᠎ᠲᠠᠢ ᠢᠮᠠᠭ᠍ᠲᠠ ᠤᠶᠠᠯᠳᠤᠭᠤᠯᠬᠤ᠎ᠶ᠋ᠢ ᠪᠠᠷᠢᠮᠲᠠᠯᠠᠵᠤ᠂ 《ᠤᠯᠠᠨ ᠲᠦᠮᠡᠨ᠎ᠳᠤ ᠪᠤᠳᠠᠳᠤ ᠶᠠᠪᠤᠳᠠᠯ ᠬᠢᠵᠦ᠍ ᠥᠭ᠌ᠬᠦ》 ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠯᠠᠪᠳᠠᠭᠤᠨ ᠪᠠᠲᠤᠲᠠᠢ ᠥᠷᠨᠢᠭᠦᠯᠵᠦ᠍᠂ 《ᠪᠢ ᠲᠠᠠ᠎ᠢ ᠬᠠᠪᠰᠤᠷᠤᠶ᠎ᠠ》 ᠭᠡᠬᠦ᠌ ᠠᠵᠢᠯᠯᠠᠭ᠎ᠠ᠎ᠶ᠋ᠢᠨ ᠭᠤᠤᠯ ᠱᠤᠭᠤᠮ᠎ᠢ ᠴᠢᠩᠭ᠎ᠠ ᠡᠵᠡᠮᠳᠡᠵᠦ᠍᠂ ᠲᠣᠭᠤᠷᠢᠭ᠎ᠤᠨ ᠬᠠᠮ ᠵᠠᠭᠤᠴᠢᠯᠠᠭᠤᠷ᠎ᠤᠨ ᠲᠥᠪ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠣᠯᠭᠡ᠎ᠶ᠋ᠢᠨ ᠲᠥᠪ᠂ ᠨᠠᠮ ᠪᠠ ᠣᠯᠠᠨ ᠲᠦᠮᠡᠨ᠎ᠤ ᠦᠢᠯᠡᠴᠢᠯᠡᠭᠡᠨ᠎ᠤ ᠲᠥᠪ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠥᠪ᠎ᠢ ᠨᠡᠪᠲᠡᠷᠡᠭᠦᠯᠵᠦ᠍᠂ ᠬᠠᠮ ᠵᠠᠭᠤᠴᠢᠯᠠᠭᠤᠷ᠎ᠤᠨ ᠲᠥᠪ᠎ᠢ ᠣᠯᠠᠨ ᠲᠦᠮᠡᠨ᠎ᠤ ᠬᠦᠰᠡᠯ ᠱᠠᠭᠠᠷᠳᠠᠯᠭ᠎ᠠ᠎ᠶ᠋ᠢ ᠬᠦᠯᠢᠶᠡᠨ ᠠᠪᠬᠤ ᠲᠠᠪᠴᠠᠩ ᠪᠣᠯᠭᠠᠨ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠣᠯᠭᠡ᠎ᠶ᠋ᠢᠨ ᠲᠥᠪ᠎ᠢ ᠰᠠᠢᠨ ᠳᠤᠷ᠎ᠠ᠎ᠶ᠋ᠢᠨ ᠦᠢᠯᠡᠴᠢᠯᠡᠭᠡ ᠬᠠᠩᠭᠠᠬᠤ ᠲᠠᠪᠴᠠᠩ ᠪᠣᠯᠭᠠᠵᠦ᠍᠂ ᠨᠠᠮ ᠪᠠ ᠣᠯᠠᠨ ᠲᠦᠮᠡᠨ᠎ᠤ ᠦᠢᠯᠡᠴᠢᠯᠡᠭᠡᠨ᠎ᠤ ᠲᠥᠪ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠥᠪ᠎ᠢ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠱᠢᠢᠳᠪᠤᠷᠢᠯᠡᠬᠦ᠌ ᠲᠠᠪᠴᠠᠩ ᠪᠣᠯᠭᠠᠬᠤ᠎ᠶ᠋ᠢ ᠠᠬᠢᠭᠤᠯᠤᠨ᠂ 《ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠥᠭ᠌ᠬᠦ》 ᠦᠢᠯᠡᠳᠣᠯᠭᠡ᠎ᠶ᠋ᠢᠨ ᠠᠵᠢᠯᠯᠠᠭ᠎ᠠ᠎ᠶ᠋ᠢ ᠪᠣᠳᠠᠲᠠᠶ ᠪᠥᠭᠡᠳ ᠭᠦᠨᠵᠡᠭᠡᠢᠷᠡᠬᠦ᠌᠎ᠶ᠋ᠢ ᠠᠬᠢᠭᠤᠯᠵᠠᠢ᠃

ᠶᠤᠸᠠᠨ ᠪᠤᠤ ᠱᠠᠨ ᠲᠣᠭᠤᠷᠢᠭ᠎ᠤᠨ ᠨᠠᠮ᠎ᠤᠨ ᠬᠤᠷᠢᠶᠠᠨ᠎ᠤ ᠵᠣᠬᠢᠶᠠᠨ ᠪᠠᠢᠭᠤᠯᠬᠤ ᠬᠡᠯᠲᠡᠰ᠎ᠨᠢ ᠬᠤᠳᠠ᠂ ᠲᠣᠭᠤᠷᠢᠭ ᠬᠤᠶᠠᠷ ᠱᠠᠲᠤᠨ᠎ᠤ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠲᠠᠢ ᠵᠤᠬᠢᠴᠠᠭᠤᠯᠤᠨ ᠪᠠᠭ᠎ᠠ ᠲᠠᠪᠤᠨᠭᠡᠷ ᠱᠢᠶᠠᠩ᠎ᠤᠨ ᠵᠢᠩ ᠠᠨ ᠱᠠᠨ ᠵᠢᠭᠤᠯᠴᠢᠯᠠᠯ᠎ᠤᠨ ᠠᠮᠤᠷ ᠲᠦᠪᠱᠢᠨ᠎ᠤ ᠰᠠᠭᠤᠷᠢ ᠲᠥᠬᠦᠭᠡᠷᠦᠮᠵᠢ᠎ᠶ᠋ᠢ ᠥᠭᠡᠷᠡᠴᠢᠯᠡᠨ ᠪᠠᠢᠭᠤᠯᠬᠤ ᠲᠦᠷᠦᠯ ᠵᠦᠢᠯ ᠵᠢᠴᠢ ᠳ᠋ᠠ ᠶᠢᠩᠽᠢ ᠲᠣᠰᠭᠤᠨ᠎ᠤ ᠳᠤᠯᠠᠭᠠᠨ ᠬᠦᠯᠡᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠦᠷᠦᠯ ᠵᠦᠢᠯ᠎ᠳᠤ ᠲᠦᠷᠦ᠎ᠶ᠋ᠢᠨ ᠪᠤᠳᠤᠯᠭ᠎ᠠ ᠵᠢᠴᠢ ᠪᠡᠯᠡ ᠮᠥᠩᠭᠦᠨ᠎ᠤ ᠳᠡᠮᠵᠢᠯᠭᠡ ᠬᠠᠩᠭᠠᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠬᠦ᠌᠎ᠶ᠋ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭᠠᠭᠤᠯᠬᠤ᠎ᠳᠤ ᠬᠦᠴᠦᠨ ᠨᠡᠮᠡᠷᠢᠯᠡᠵᠡᠢ; ᠮᠤᠬᠤᠷ ᠭᠤᠤᠯ ᠪᠠᠯᠭᠠᠰᠤᠨ᠎ᠤ ᠵᠠᠰᠠᠭ᠎ᠤᠨ ᠣᠷᠳᠣᠨ ᠬᠦᠴᠢᠷᠳᠡᠯᠳᠡᠢ ᠣᠯᠠᠨ ᠲᠦᠮᠡᠨ᠎ᠤ ᠲᠠᠷᠢᠶᠠᠯᠠᠩ᠎ᠤᠨ ᠬᠡᠷᠡᠭ᠌ᠰᠡᠯ ᠲᠡᠭᠡᠭᠡᠪᠦᠷᠢᠯᠡᠬᠦ᠌ ᠲᠥᠷᠥᠯ ᠵᠦᠢᠯ᠎ᠢ ᠬᠡᠷᠡᠭ᠌ᠵᠢᠭᠦᠯᠵᠦ᠍᠂ ᠲᠣᠰᠭᠤᠨ᠎ᠤ ᠠᠷᠠᠳ᠎ᠤᠨ ᠠᠵᠢᠯ ᠣᠯᠭᠤᠯᠲᠠ᠎ᠶ᠋ᠢ ᠨᠡᠮᠡᠭ᠌ᠳᠡᠭᠦᠯᠵᠦ᠍᠂ ᠠᠵᠤ ᠠᠬᠤᠶ᠎ᠶ᠋ᠢᠨ ᠣᠷᠣᠯᠭ᠎ᠠ᠎ᠶ᠋ᠢ ᠳᠡᠭᠡᠭ᠌ᠰᠢᠯᠡᠭᠦᠯᠵᠡᠢ; ᠶᠤᠸᠠᠨ ᠪᠤᠤ ᠱᠠᠨ ᠲᠤᠭᠤᠷᠢᠭ᠎ᠤᠨ ᠵᠡᠮᠳᠡᠭ᠌ᠴᠦᠳ᠎ᠤᠨ ᠬᠤᠯᠪᠤᠭ᠎ᠠ᠎ᠠᠴᠠ ᠪᠥᠬᠦ᠌ ᠲᠤᠭᠤᠷᠢᠭ᠎ᠤᠨ 111 ᠶᠠᠳᠠᠭᠤ ᠬᠦᠴᠢᠷᠳᠡᠯᠲᠡᠶ ᠣᠶᠤᠨ ᠮᠡᠳᠡᠷᠡᠯ᠎ᠤᠨ ᠵᠡᠮᠳᠡᠭ᠌ᠴᠦᠳ᠎ᠲᠤ ᠦᠨ᠎ᠡ ᠲᠥᠯᠥᠪᠦᠷᠢ ᠥᠬᠡᠶ᠎ᠪᠠᠷ ᠡᠷᠡᠭᠦᠯ ᠮᠡᠨᠳᠦ᠎ᠶ᠋ᠢᠨ ᠺᠠᠷᠲ ᠣᠯᠭᠤᠵᠤ᠂ ᠠᠪᠤᠷᠠᠨ ᠲᠤᠰᠠᠯᠠᠭ᠍ᠰᠠᠨ ᠵᠣᠭᠤᠰ᠎ᠤᠨ ᠲᠤᠭ᠎ᠠ᠎ᠨᠢ 9.1 ᠲᠦᠮᠡᠨ ᠲᠥᠭᠦᠷᠢᠭ ᠬᠥᠷᠪᠡ᠃ ᠶᠤᠸᠠᠨ ᠪᠦᠦ ᠱᠠᠨ ᠲᠣᠭᠤᠷᠢᠭ ᠠᠷᠠᠳ᠎ᠤᠨ ᠰᠡᠳᠭᠢᠯ᠎ᠢ ᠳᠤᠯᠠᠭᠠᠴᠠᠭᠤᠯᠬᠤ ᠤᠴᠢᠷ ᠶᠠᠪᠤᠳᠠᠯ ᠪᠤᠯᠭᠠᠨ᠎ᠢ ᠯᠠᠪᠳᠠᠭᠤᠨ ᠪᠦᠲᠦᠮᠵᠢᠲᠡᠢ ᠰᠠᠢᠲᠤᠷ ᠬᠢᠵᠦ᠍᠂ ᠠᠷᠠᠳ ᠤᠯᠠᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠤ ᠲᠦᠷᠦᠭ᠌ᠳᠡᠯ᠎ᠢ ᠲᠠᠰᠤᠷᠠᠯᠳᠠ ᠦᠭᠡᠢ ᠨᠡᠮᠡᠭ᠌ᠳᠡᠭᠦᠯᠵᠦ᠍ ᠪᠠᠢᠨ᠎ᠠ᠃

ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠳᠠᠢᠴᠢᠨ ᠪᠠᠬᠢᠯᠡᠯᠲᠡ᠎ᠶ᠋ᠢᠨ ᠦᠢᠯᠡᠳᠣᠯ᠂ ᠨᠠᠮ᠎ᠤᠨ ᠭᠡᠱᠢᠭᠦᠨ᠎ᠤ ᠬᠤᠱᠢᠭᠤᠴᠢ ᠵᠢᠱ᠌ᠢᠶᠡᠴᠢ ᠦᠢᠯᠡᠳᠣᠯ᠎ᠢ ᠭᠦᠢᠴᠡᠳ ᠪᠠᠳᠠᠷᠠᠭᠤᠯᠬᠤ᠎ᠶ᠋ᠢᠨ ᠲᠥᠯᠥᠭᠡ᠂ 《ᠪᠢ ᠲᠠᠨ᠎ᠢ ᠬᠠᠪᠰᠤᠷᠤᠶ᠎ᠡ》 ᠭᠡᠬᠦ᠌ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠣᠯᠭᠡ᠎ᠶ᠋ᠢᠨ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠲᠦᠷᠦᠯ ᠲᠡᠮᠳᠡᠭ᠎ᠢ ᠳᠣᠪᠤᠢᠯᠭᠠᠵᠤ᠂ ᠶᠤᠸᠠᠨ ᠪᠦᠦ ᠱᠠᠨ ᠲᠣᠭᠤᠷᠢᠭ᠎ᠤᠨ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠥᠷᠲᠡᠭᠡ ᠴᠡᠭ᠎ᠢ 239 ᠪᠠᠢᠭᠤᠯᠵᠤ᠂ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠠᠵᠢᠯᠯᠠᠭ᠎ᠠ᠎ᠶ᠋ᠢ 900 ᠭᠠᠷᠤᠶ ᠲᠠᠯᠠᠪᠠᠢ ᠤᠳᠠᠭ᠎ᠠ ᠥᠷᠨᠢᠭᠦᠯᠪᠡ᠃ 《ᠠᠷᠠᠳ ᠤᠯᠠᠨ᠎ᠤ ᠬᠦᠴᠢᠷ ᠠᠰᠠᠭᠤᠳᠠᠯ᠎ᠢ ᠱᠢᠢᠳᠪᠤᠷᠢᠯᠡᠨ᠂ ᠠᠵᠢᠯ᠎ᠤᠨ ᠪᠠᠢᠷᠢᠨ᠎ᠳᠤ᠎ᠪᠠᠨ ᠰᠠᠭᠤᠷᠢᠯᠠᠨ ᠬᠤᠪᠢ ᠨᠡᠮᠡᠷᠢ ᠦᠵᠡᠭᠦᠯᠬᠦ᠌》 ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠭᠤᠤᠯᠳᠠᠭᠤ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠬᠤ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ ᠠᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠬᠦ᠂ ᠠᠷᠠᠳ᠎ᠤᠨ ᠦᠨᠳᠦᠰᠦᠨ ᠠᠮᠢᠳᠤᠷᠠᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠪᠠᠲᠤᠯᠠᠬᠤ ᠵᠡᠷᠭᠡ ᠲᠠᠪᠤᠨ ᠲᠠᠯ᠎ᠠ᠎ᠶ᠋ᠢᠨ ᠠᠭᠤᠯᠭ᠎ᠠ᠎ᠶ᠋ᠢᠨ ᠲᠣᠭᠤᠷᠢᠨ᠎ᠳᠤ᠂ ᠠᠷᠠᠳ᠎ᠤᠨ ᠠᠮᠢᠳᠤᠷᠠᠯ᠎ᠤᠨ ᠭᠤᠤᠯᠳᠠᠯᠭ᠎ᠠ᠎ᠲᠠᠢ ᠪᠣᠳᠠᠲᠤ ᠶᠠᠪᠤᠳᠠᠯ᠎ᠤᠨ ᠲᠥᠷᠥᠯ ᠵᠦᠢᠯ᠎ᠢ 619 ᠲᠠᠭᠠᠭᠠᠴᠢᠯᠠᠨ ᠠᠪᠴᠤ᠌᠂ ᠣᠲᠣ ᠨᠢᠭᠡᠨᠲᠡ 358 ᠎ᠶ᠋ᠢ᠎ᠨᠢ ᠪᠡᠶᠡᠯᠡᠭᠦᠯᠪᠡ᠃

ᠡᠳᠡᠭᠡᠷ ᠤᠯᠠᠨ ᠲᠤᠭ᠎ᠠ ᠪᠠᠷᠢᠮᠲᠠ᠎ᠨᠢ ᠶᠤᠸᠠᠨ ᠪᠤᠤ ᠱᠠᠨ ᠲᠤᠭᠤᠷᠢᠭ᠎ᠤᠨ 《ᠤᠯᠠᠨ ᠲᠦᠮᠡᠨ᠎ᠳᠤ ᠪᠤᠳᠠᠳᠤ ᠶᠠᠪᠤᠳᠠᠯ ᠬᠢᠵᠦ᠍ ᠥᠭ᠌ᠬᠦ》 ᠦᠢᠯᠡᠳᠦᠯᠭᠡ᠎ᠶ᠋ᠢᠨ ᠠᠵᠢᠯᠯᠠᠭ᠎ᠠ ᠥᠷᠨᠢᠭᠦᠨ ᠶᠠᠪᠤᠭ᠍ᠳᠠᠵᠤ᠂ ᠤᠯᠠᠨ ᠲᠦᠮᠡᠨ᠎ᠤ ᠠᠱᠢᠭ ᠲᠤᠰᠠ᠎ᠳᠤ ᠬᠤᠯᠪᠣᠭ᠍ᠳᠠᠬᠤ ᠤᠯᠠᠨ ᠵᠦᠢᠯ᠎ᠤᠨ ᠪᠠᠴᠢᠮ ᠬᠦᠴᠢᠷ ᠠᠰᠠᠭᠤᠳᠠᠯ ᠢᠳᠡᠭ ᠢᠳᠡᠭ᠎ᠢᠶᠠᠷ ᠰᠶ᠋ᠢᠳᠪᠦᠷᠢᠯᠡᠭ᠌ᠳᠡᠵᠦ᠍ ᠪᠠᠢᠭ᠎ᠠ᠎ᠶ᠋ᠢᠨ ᠪᠤᠲᠠᠲᠤ ᠢᠯᠡᠷᠡᠯ ᠪᠤᠯᠤᠭ᠍ᠰᠠᠨ ᠪᠠᠢᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号