ᠶᠡᠷᠦᠩᠬᠡᠢ ᠱᠦᠵᠢ ᠰᠢ᠎ᠶ᠋ᠢᠨ ᠫᠢᠩ᠎ᠤᠨ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠳᠤ ᠱᠢᠨ᠎ᠡ ᠴᠠᠭ ᠦᠶ᠎ᠡ᠎ᠶ᠋ᠢᠨ ᠮᠠᠨ᠎ᠤ ᠨᠠᠮ᠎ᠤᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠱᠢᠰᠲ᠋ᠧᠮ᠎ᠲᠠᠢ ᠲᠣᠳᠣᠷᠬᠠᠢᠯᠠᠨ ᠥᠭᠦᠯᠡᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠣᠯ ᠱᠢᠵᠢᠮ ᠪᠠ 《ᠬᠥᠲᠥᠯᠪᠦᠷᠢ》 ᠪᠣᠯᠭᠠᠨ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠶ᠋ᠢ ᠴᠢᠬᠤᠯᠠᠴᠢᠯᠠᠵᠦ᠍᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠠᠵᠢᠯ ᠶᠠᠮᠠᠷ ᠲᠤᠭ᠎ᠢ ᠡᠷᠭᠦᠨ᠂ ᠶᠠᠮᠠᠷ ᠵᠠᠮ᠎ᠢᠶᠠᠷ ᠵᠠᠮᠨᠠᠬᠤ ᠵᠡᠷᠭᠡ ᠴᠢᠬᠤᠯᠠ ᠶᠡᠭᠡ ᠠᠰᠠᠭᠤᠳᠠᠯ᠎ᠳᠤ ᠱᠢᠨᠵᠢᠯᠡᠬᠦ᠌ ᠤᠬᠠᠭᠠᠨᠴᠢ ᠬᠠᠷᠢᠭᠤᠯᠳᠠ ᠦᠭ᠌ᠪᠠ᠃ ᠡᠨᠡ ᠪᠤᠯ ᠨᠠᠮ᠎ᠤᠨ ᠦᠨᠳᠦᠰᠦᠲᠡᠨ᠎ᠤ ᠠᠵᠢᠯ᠎ᠤᠨ ᠦᠢᠯᠡᠳᠦᠯᠭᠡ᠎ᠶ᠋ᠢᠨ ᠬᠠᠮᠤᠭ᠎ᠤᠨ ᠱᠢᠨ᠎ᠡ ᠳ᠋ᠦᠩᠨᠡᠯᠲᠡ᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠤᠨ ᠳᠤᠮᠳᠠᠳᠤ ᠤᠯᠤᠰᠴᠢᠯᠠᠭ᠍ᠰᠠᠨ ᠬᠠᠮᠤᠭ᠎ᠤᠨ ᠱᠢᠨ᠎ᠡ ᠦᠷ᠎ᠡ ᠪᠦᠲᠦᠭᠡᠯ ᠪᠠ ᠵᠢᠵᠦ᠍᠂ ᠪᠢᠳᠡᠨ᠎ᠤ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠢᠲᠤᠷ ᠬᠢᠬᠦ᠌᠎ᠳᠤ ᠦᠨᠳᠦᠰᠦᠨ ᠵᠢᠷᠤᠮᠯᠠᠯ ᠬᠠᠩᠭᠠᠪᠠ᠃
ᠨᠠᠮ᠎ᠤᠨ ᠦᠨᠳᠦᠰᠦᠲᠡᠨ᠎ᠤ ᠠᠵᠢᠯ᠎ᠤᠨ ᠣᠯᠤᠭ᠍ᠰᠠᠨ ᠬᠠᠮᠤᠭ᠎ᠤᠨ ᠶᠡᠭᠡ ᠠᠮᠵᠢᠯᠲᠠ ᠪᠦᠲᠦᠮᠵᠢ ᠪᠣᠯ ᠳᠠᠷᠤᠢ ᠳᠤᠮᠳᠠᠳᠤ ᠤᠯᠤᠰ᠎ᠤᠨ ᠣᠨᠴᠠᠯᠢᠭ ᠪᠦᠬᠦᠢ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠢ ᠡᠷᠢᠵᠦ᠍ ᠣᠯᠣᠬ᠍ᠰᠠᠨ ᠶᠠᠪᠤᠳᠠᠯ ᠪᠣᠯᠤᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠴᠠᠭ᠎ᠠᠴᠠ᠎ᠪᠠᠨ ᠠᠪᠤᠭᠠᠳ ᠮᠠᠨ᠎ᠤ ᠤᠯᠤᠰ᠎ᠤᠨ᠎ᠢᠶᠠᠨ ᠪᠠᠢᠳᠠᠯ᠎ᠳᠤ ᠲᠤᠬᠢᠷᠠᠭ᠍ᠰᠠᠨ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠵᠠᠮ᠎ᠢ ᠢᠳᠡᠪᠬᠢᠲᠡᠢ᠎ᠪᠠᠷ ᠬᠠᠢᠨ ᠰᠦᠪᠡᠭ᠌ᠴᠢᠯᠡᠭ᠌ᠰᠡᠨ ᠶᠤᠮ᠃ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠤ ᠳᠠᠷᠠᠭ᠎ᠠ᠂ ᠮᠠᠨ᠎ᠤ ᠨᠠᠮ ᠮᠠᠷᠺᠰ᠎ᠤᠨ ᠦᠵᠡᠯ᠎ᠤᠨ ᠦᠨᠳᠦᠰᠦᠲᠡᠨ᠎ᠤ ᠤᠨᠤᠯ᠎ᠢ ᠳᠤᠮᠳᠠᠳᠤ ᠤᠯᠤᠰ᠎ᠤᠨ ᠦᠨᠳᠦᠰᠦᠲᠡᠨ᠎ᠤ ᠠᠰᠠᠭᠤᠳᠠᠯ᠎ᠤᠨ ᠪᠣᠳᠠᠲᠤ ᠪᠠᠢᠳᠠᠯ᠎ᠲᠠᠢ ᠪᠦᠲᠦᠭᠡᠯᠴᠢ᠎ᠪᠠᠷ ᠤᠶᠠᠯᠳᠤᠭᠤᠯᠣᠨ᠂ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠳᠤᠮᠳᠠᠳᠤ ᠤᠯᠤᠰ᠎ᠤᠨ ᠣᠨᠴᠠᠯᠢᠭ ᠪᠦᠬᠦᠢ ᠵᠥᠪ ᠵᠠᠮ᠎ᠢ ᠨᠡᠭᠡᠭᠡᠵᠦ᠍᠂ ᠨᠠᠮ᠎ᠤᠨ ᠦᠨᠳᠦᠰᠦᠳᠡᠨ᠎ᠤ ᠣᠨᠣᠯ ᠪᠡ ᠦᠨᠳᠣᠰᠣᠳᠠᠨ᠎ᠤ ᠲᠦᠷᠦ᠎ᠶ᠋ᠢᠨ ᠪᠣᠳᠣᠯᠭ᠎ᠠ᠎ᠶ᠋ᠢ ᠲᠤᠷᠠᠳᠤᠨ ᠲᠣᠭ᠍ᠳᠠᠭᠠᠵᠦ᠍᠂ ᠦᠨᠳᠦᠰᠦᠲᠡᠨ᠎ᠨᠦᠭᠦᠳ ᠡᠷᠬᠡ ᠲᠡᠭ᠌ᠰᠢ ᠪᠠᠢᠬᠤ᠎ᠶ᠋ᠢ ᠤᠯᠤᠰ ᠪᠠᠢᠭᠤᠯᠬᠤ ᠦᠨᠳᠦᠰᠦᠨ ᠵᠠᠷᠴᠢᠮ᠎ᠤᠨ ᠨᠢᠭᠡ ᠪᠣᠯᠭᠠᠵᠤ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠ ᠵᠢᠭᠤᠯᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠲᠡᠦᠬᠡᠨ ᠳᠡᠭᠡᠷ᠎ᠡ ᠠᠩᠬ᠎ᠠ ᠤᠳᠠᠭ᠎ᠠ ᠡᠷᠬᠡ ᠲᠡᠭ᠌ᠰᠢ ᠤᠯᠤᠰ ᠲᠦᠷᠦ᠎ᠶ᠋ᠢᠨ ᠡᠷᠬᠡ᠎ᠶ᠋ᠢ ᠵᠢᠩᠬᠢᠨᠢ ᠣᠯᠵᠤ᠂ ᠬᠠᠮᠲᠤ᠎ᠪᠠᠷ ᠡᠷᠭᠡ ᠮᠡᠳᠡᠨ ᠡᠵᠡᠨ ᠰᠠᠭᠤᠵᠤ᠂ ᠬᠠᠭᠤᠴᠢᠨ ᠳᠤᠮᠳᠠᠳᠤ ᠤᠯᠤᠰ᠎ᠤᠨ ᠦᠨᠳᠦᠰᠦᠲᠡᠨ᠎ᠤ ᠳᠠᠷᠤᠯᠠᠯ᠂ ᠲᠡᠮᠡᠴᠡᠯᠳᠦᠭᠡᠨ᠎ᠲᠠᠢ ᠲᠡᠦᠭᠡᠡᠶ᠋ᠢ ᠡᠴᠦᠰᠯᠡᠭᠦᠯᠵᠦ᠍᠂ ᠡᠷᠬᠡ ᠲᠡᠭ᠌ᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠬ᠍ᠰᠠᠨ ᠡᠶ᠎ᠡ ᠵᠣᠬᠢᠴᠠᠯ᠎ᠲᠠᠢ ᠨᠡᠢᠭᠡᠮ ᠵᠢᠷᠤᠮ᠎ᠤᠨ ᠦᠨᠳᠦᠰᠦᠲᠡᠨ᠎ᠤ ᠬᠠᠷᠢᠴᠠᠭ᠎ᠠ᠎ᠶ᠋ᠢ ᠬᠥᠭ᠌ᠵᠢᠭᠦᠯᠬᠦ᠌ ᠱᠢᠨ᠎ᠡ ᠴᠠᠭ ᠦᠶ᠎ᠡ᠎ᠶ᠋ᠢ ᠨᠡᠭᠡᠭᠡᠭ᠌ᠰᠡᠨ ᠪᠠ ᠵᠢᠨ᠎ᠠ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠦᠨᠳᠦᠰᠦᠲᠡᠨ᠎ᠤ ᠠᠵᠢᠯ᠎ᠤᠨ ᠲᠤᠬᠠᠢ ᠠᠯᠢ ᠤᠯᠠᠨ ᠴᠢᠬᠤᠯᠠ ᠶᠡᠭᠡ ᠱᠢᠢᠳᠪᠦᠷᠢᠲᠦ ᠪᠤᠳᠤᠯᠭ᠎ᠠ ᠲᠣᠭ᠍ᠳᠠᠭᠠᠨ ᠪᠠᠢᠷᠢᠯᠠᠭᠤᠯᠤᠯᠲᠠ ᠬᠢᠵᠦ᠍᠂ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠦᠢᠯᠡᠰ᠎ᠢ ᠠᠬᠢᠭᠤᠯᠤᠭᠠᠳ ᠲᠡᠦᠬᠡᠲᠦ ᠴᠢᠨᠠᠷᠲᠠᠢ ᠱᠢᠨ᠎ᠡ ᠠᠮᠵᠢᠯᠲᠠ ᠣᠯᠵᠠᠢ᠃ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠦᠷᠭᠦᠯᠵᠢᠯᠡᠨ ᠲᠡᠮᠡᠴᠡᠬᠦ᠌᠎ᠪᠠᠷ ᠲᠠᠮᠵᠢᠨ᠂ ᠨᠢᠭᠡᠳᠦᠭᠡᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠵᠦ᠍᠂ ᠳᠤᠮᠳᠠᠳᠤ᠎ᠶ᠋ᠢᠨ ᠡᠬᠡ ᠭᠠᠵᠠᠷ᠎ᠲᠤ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠵᠦ᠍᠂ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ ᠱᠢᠨ᠎ᠡ ᠠᠶᠠᠨ᠎ᠢᠶᠠᠨ ᠡᠬᠢᠯᠡᠭᠦᠯᠵᠡᠢ᠃ ᠶᠠᠭ ᠡᠨᠡ ᠬᠦ᠌ ᠳᠤᠮᠳᠠᠳᠤ ᠤᠯᠤᠰ᠎ᠤᠨ ᠣᠨᠴᠠᠯᠢᠭ ᠪᠦᠬᠦᠢ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠨᠢ ᠤᠯᠤᠰ᠎ᠤᠨ ᠳᠣᠲᠣᠭᠠᠳᠤ᠎ᠶ᠋ᠢᠨ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠭ᠌ᠰᠡᠨ᠎ᠢᠶᠠᠷ ᠪᠠᠷᠠᠬᠤ ᠦᠭᠡᠢ ᠪᠠᠰᠠ ᠳᠡᠯᠡᠬᠡᠢ᠎ᠶ᠋ᠢᠨ ᠡᠯ᠎ᠡ ᠤᠯᠤᠰ᠎ᠤᠨ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌᠎ᠳᠤ ᠳᠤᠮᠳᠠᠳᠤ ᠤᠯᠤᠰ᠎ᠤᠨ ᠵᠠᠭ᠍ᠪᠤᠷ᠎ᠢ ᠬᠠᠩᠭᠠᠭ᠍ᠰᠠᠨ ᠪᠠᠢᠨ᠎ᠠ᠃ ᠳᠤᠮᠳᠠᠳᠤ ᠤᠯᠤᠰ᠎ᠤᠨ ᠣᠨᠴᠠᠯᠢᠭ ᠪᠦᠬᠦᠢ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠨᠢ ᠣᠢᠯᠠᠭᠠᠭ᠍ᠳᠠᠬᠤᠨ᠂ ᠵᠠᠮ᠂ ᠪᠠᠢᠭᠤᠯᠤᠯ᠂ ᠠᠷᠭ᠎ᠠ ᠪᠣᠳᠣᠯᠭ᠎ᠠ ᠪᠠ ᠠᠵᠢᠯ᠎ᠤᠨ ᠪᠠᠢᠷᠢᠱᠢᠯ ᠵᠡᠷᠭᠡ ᠣᠯᠠᠨ ᠲᠠᠯ᠎ᠠ᠎ᠠᠴᠠ ᠪᠦᠷᠢᠨ ᠪᠦᠲᠦᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠬᠤᠯᠠ ᠦᠵᠡᠯ ᠰᠠᠨᠠᠭᠠᠨ᠎ᠤ ᠣᠨᠣᠯ᠎ᠤᠨ ᠱᠢᠰᠲ᠋ᠧᠮ᠂ ᠨᠠᠮ᠎ᠤᠨ ᠨᠢᠭᠡᠳᠦᠯᠲᠡᠢ ᠤᠳᠤᠷᠢᠳᠤᠯᠭ᠎ᠠ᠎ᠪᠠᠷ ᠭᠤᠣᠯ ᠪᠣᠯᠭᠠᠭ᠍ᠰᠠᠨ ᠪᠠᠢᠭᠤᠯᠤᠯ᠎ᠤᠨ ᠱᠢᠰᠲ᠋ᠧᠮ ᠪᠠ ᠠᠵᠢᠯ᠎ᠤᠨ ᠪᠠᠢᠷᠢᠱᠢᠯ᠎ᠢ ᠪᠦᠷᠢᠯᠳᠦᠭᠦᠯᠵᠦ᠍᠂ ᠳᠡᠯᠡᠬᠡᠢ᠎ᠶ᠋ᠢᠨ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠪᠠ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ ᠴᠣᠭ᠍ᠴᠠ᠎ᠶ᠋ᠢ ᠪᠠᠢᠭᠤᠯᠬᠤ᠎ᠳᠤ ᠴᠢᠬᠤᠯᠠ ᠯᠠᠪᠯᠠᠬᠤ ᠠᠴᠢ ᠬᠤᠯᠪᠣᠭ᠍ᠳᠠᠯ᠎ᠲᠠᠢ ᠭᠡᠳᠡᠭ᠎ᠢ ᠪᠣᠳᠠᠲᠤ ᠬᠡᠷᠡᠭ ᠭᠡᠷᠡᠴᠢᠯᠡᠪᠡ᠃
ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠢᠲᠤᠷ ᠬᠢᠬᠦ᠌᠎ᠶ᠋ᠢᠨ ᠭᠤᠣᠯ ᠱᠢᠵᠢᠮ ᠪᠠ 《ᠬᠥᠲᠥᠯᠪᠦᠷᠢ》 ᠮᠥᠨ᠃ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠢᠲᠤᠷ ᠬᠢᠬᠦ᠌᠎ᠳᠤ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠨᠠᠮ᠎ᠤᠨ ᠦᠨᠳᠦᠰᠦᠲᠡᠨ᠎ᠤ ᠠᠵᠢᠯ᠎ᠤᠨ ᠭᠤᠣᠯ ᠱᠢᠵᠢᠮ ᠪᠣᠯᠭᠠᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠬᠦᠲᠦᠯᠦᠨ ᠵᠢᠯᠣᠭᠤᠳᠴᠤ᠌ ᠪᠠᠢᠭᠠᠳ ᠬᠦᠴᠢᠷ ᠪᠡᠷᠭᠡ᠎ᠶ᠋ᠢ ᠬᠠᠮᠳᠣ᠎ᠪᠠᠷ ᠲᠣᠭᠤᠯᠬᠤ᠂ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠦᠬᠦᠵᠦ᠍ ᠰᠡᠭᠡᠬᠦ᠌᠎ᠪᠠᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠲᠤ ᠪᠤᠢ ᠪᠣᠯᠭᠠᠬᠤ ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ᠎ᠤ ᠪᠦᠯᠬᠦᠮᠳᠡᠯ᠎ᠢ ᠬᠠᠮᠠᠭᠠᠯᠠᠬᠤ᠎ᠶ᠋ᠢ ᠪᠠᠷᠢᠮᠲᠠᠯᠠᠬᠤ ᠪᠣᠯ ᠰᠤᠷᠭᠠᠨ ᠬᠥᠮᠦᠵᠢᠯ᠎ᠤᠨ ᠠᠵᠢᠯᠲᠠᠳ᠎ᠤᠨ ᠭᠦᠢᠴᠡᠳᠭᠡᠪᠡᠰᠦ ᠵᠣᠬᠢᠬᠤ ᠬᠠᠷᠢᠭᠤᠴᠠᠯᠭ᠎ᠠ ᠮᠥᠨ᠃ ᠬᠤᠢᠱᠢᠳᠠ᠎ᠶ᠋ᠢᠨ ᠵᠢᠭᠠᠨ ᠰᠤᠷᠭᠠᠯᠲᠠ᠂ ᠱᠢᠨᠵᠢᠯᠡᠬᠦ᠌ ᠤᠬᠠᠭᠠᠨ᠎ᠤ ᠰᠤᠳᠤᠯᠭᠠᠨ ᠪᠠ ᠬᠠᠮᠢᠶᠠᠷᠤᠯᠲᠠ᠎ᠶ᠋ᠢᠨ ᠠᠵᠢᠯ᠎ᠤᠨ ᠳᠤᠮᠳᠠ᠂ ᠪᠢᠳᠡ ᠬᠥᠲᠥᠯᠥᠨ ᠳᠠᠭᠠᠭᠤᠯᠬᠤ ᠪᠠ ᠵᠢᠱ᠌ᠢᠶ᠎ᠡ ᠦᠵᠡᠭᠦᠯᠬᠦ᠌ ᠦᠢᠯᠡᠳᠦᠯ᠎ᠢ ᠪᠠᠳᠠᠷᠠᠭᠤᠯᠬᠤ᠎ᠶ᠋ᠢ ᠨᠡᠩ ᠴᠢᠬᠤᠯᠠᠴᠢᠯᠠᠵᠤ᠂ ᠡᠯ᠎ᠡ ᠦᠨᠳᠦᠰᠦᠲᠡᠨ᠎ᠤ ᠪᠠᠭ᠍ᠰᠢ ᠰᠤᠷᠤᠭ᠍ᠴᠢᠳ᠎ᠢ ᠬᠥᠲᠥᠯᠥᠨ ᠵᠢᠯᠣᠭᠤᠳᠴᠤ᠌ ᠪᠠᠢᠭᠠᠳ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠤᠣᠯ ᠱᠢᠵᠢᠮ᠎ᠢ ᠪᠠᠲᠤ ᠡᠵᠡᠮᠳᠡᠵᠦ᠍᠂ ᠲᠤᠰᠭᠠᠶ ᠮᠡᠷᠭᠡᠵᠢᠯ᠎ᠤᠨ ᠳᠠᠪᠠᠭᠤᠯᠢᠭ᠎ᠢ ᠨᠡᠩ ᠰᠠᠢᠲᠤᠷ ᠪᠠᠳᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠪᠠᠢᠪᠠᠰᠤ ᠵᠣᠬᠢᠬᠤ ᠦᠢᠯᠡᠳᠦᠯ᠎ᠢ᠎ᠨᠢ ᠪᠠᠳᠠᠷᠠᠭᠤᠯᠬᠤ ᠬᠡᠷᠡᠭ᠌ᠲᠡᠶ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ 《ᠬᠥᠲᠥᠯᠪᠦᠷᠢ》 ᠮᠥᠨ᠂ ᠪᠤᠢ ᠪᠦᠬᠦᠢ ᠠᠵᠢᠯ᠎ᠢ ᠡᠨᠡ ᠲᠡᠭᠡᠷ᠎ᠠ ᠲᠥᠪᠯᠡᠷᠡᠭᠦᠯᠬᠦ᠌ ᠬᠡᠷᠡᠭ᠌ᠲᠡᠢ᠃ ᠡᠨᠡ ᠪᠣᠯ ᠦᠢᠯᠡᠳᠦᠯᠭᠡ᠎ᠪᠠᠷ ᠱᠢᠯᠭᠠᠭ᠍ᠳᠠᠭ᠍ᠰᠠᠨ ᠦᠨᠡᠨ ᠶᠣᠰᠣᠨ᠎ᠤ ᠪᠠᠷᠢᠮᠵᠢᠶ᠎ᠠ ᠮᠥᠨ᠂ ᠨᠠᠮ᠎ᠤᠨ ᠦᠵᠡᠯ ᠰᠠᠨᠠᠭᠠᠨ᠎ᠤ ᠱᠤᠭᠤᠮ᠎ᠤᠨ ᠦᠨᠳᠦᠰᠦᠲᠡᠨ᠎ᠤ ᠠᠵᠢᠯ᠎ᠳᠠᠬᠢ ᠤᠨᠤᠯ᠎ᠤᠨ ᠱᠢᠨ᠎ᠡ ᠡᠭᠦᠳᠦᠯᠲᠡ ᠪᠠ ᠦᠵᠡᠯ ᠰᠠᠨᠠᠭᠠᠨ᠎ᠤ ᠤᠬᠢ ᠪᠦᠲᠦᠭᠡᠯ ᠮᠥᠨ᠂ ᠪᠠᠰᠠ ᠴᠤ᠌ ᠮᠠᠨ᠎ᠤ ᠠᠵᠢᠯ᠎ᠢᠶᠠᠨ ᠥᠷᠨᠢᠭᠦᠯᠬᠦ᠌᠎ᠶ᠋ᠢᠨ ᠵᠤᠷᠢᠯᠳᠠ ᠪᠠ ᠲᠤᠰᠤᠯᠳᠠ ᠮᠥᠨ᠃
ᠳᠥᠷᠪᠡᠨ ᠵᠦᠢᠯ᠎ᠤᠨ ᠬᠠᠷᠢᠴᠠᠭ᠎ᠠ᠎ᠶ᠋ᠢ ᠵᠥᠪ ᠡᠵᠡᠮᠳᠡᠬᠦ᠌ ᠪᠣᠯ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠭ᠍ᠰᠠᠨ᠂ ᠴᠠᠭ ᠦᠶᠡᠴᠢᠯᠡᠭ᠌ᠰᠡᠨ ᠬᠡᠪ ᠳᠠᠭᠤᠷᠢᠶᠠᠯ ᠮᠥᠨ᠃ ᠶᠡᠷᠦᠩᠬᠡᠢ ᠱᠦᠵᠢ ᠰᠢ᠎ᠶ᠋ᠢᠨ ᠫᠢᠩ᠄ 《ᠨᠠᠮ᠎ᠤᠨ ᠦᠨᠳᠦᠰᠦᠲᠡᠨ᠎ᠤ ᠠᠵᠢᠯ᠎ᠤᠨ ᠱᠢᠨ᠎ᠡ᠎ᠶ᠋ᠢ ᠡᠭᠦᠳᠬᠦ᠌ ᠬᠥᠭ᠌ᠵᠢᠯᠲᠡ ᠪᠣᠯ ᠵᠥᠪ ᠣᠨᠣᠪᠴᠢᠲᠠᠢᠶ᠋ᠢᠨᠢ ᠪᠠᠷᠢᠮᠳᠠᠯᠠᠵᠦ᠍᠂ ᠴᠠᠭ᠎ᠠᠴᠠ ᠬᠤᠴᠣᠷᠤᠭ᠍ᠰᠠᠨ᠎ᠳᠤᠨᠢ ᠲᠣᠬᠢᠷᠠᠭᠤᠯᠣᠯᠳᠠ ᠬᠢᠵᠦ᠍᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠱᠢᠭ᠎ᠢ ᠨᠡᠩ ᠰᠠᠢᠲᠤᠷ ᠪᠠᠲᠤᠯᠠᠬᠤ ᠶᠠᠪᠤᠳᠠᠯ ᠪᠣᠯᠤᠨ᠎ᠠ》 ᠭᠡᠵᠦ᠍ ᠴᠢᠬᠤᠯᠠᠴᠢᠯᠠᠪᠠ᠃ ᠡᠨᠡ ᠪᠣᠯ ᠮᠠᠨ᠎ᠤ ᠨᠠᠮ᠎ᠤᠨ ᠵᠠᠭᠤᠨ ᠵᠢᠯ᠎ᠤᠨ ᠦᠨᠳᠦᠰᠦᠲᠡᠨ᠎ᠤ ᠠᠵᠢᠯ᠎ᠤᠨ ᠲᠤᠷᠱᠢᠯᠭ᠎ᠠ ᠮᠥᠨ᠂ ᠨᠠᠮ᠎ᠤᠨ ᠦᠨᠡᠨ᠎ᠠᠴᠠ ᠵᠥᠪ᠎ᠢ ᠡᠷᠢᠬᠦ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠬᠦ᠂ ᠠᠯᠢᠪᠠ ᠪᠦᠬᠦᠨ᠎ᠳᠤ ᠪᠣᠳᠠᠲᠠᠢ᠎ᠠᠴᠠ ᠡᠭᠦᠰᠭᠦ ᠦᠵᠡᠯ ᠰᠠᠨᠠᠭᠠᠨ᠎ᠤ ᠱᠤᠭᠤᠮ᠎ᠢ ᠢᠯᠡᠷᠡᠭᠦᠯᠵᠡᠢ᠃ ᠨᠠᠮ᠎ᠤᠨ ᠦᠨᠳᠦᠰᠦᠲᠡᠨ᠎ᠤ ᠠᠵᠢᠯ᠎ᠤᠨ ᠱᠢᠨ᠎ᠡ᠎ᠶ᠋ᠢ ᠡᠭᠦᠳᠦᠨ ᠬᠥᠭ᠌ᠵᠢᠭᠦᠯᠬᠦ᠌᠎ᠳᠤ ᠡᠷᠬᠡᠪᠰᠢ ᠲᠦᠷᠪᠡᠨ ᠵᠦᠢᠯ᠎ᠤᠨ ᠬᠠᠷᠢᠴᠠᠭ᠎ᠠ᠎ᠶ᠋ᠢ ᠵᠥᠪ ᠡᠵᠡᠮᠳᠡᠬᠦ᠌ ᠬᠡᠷᠡᠭ᠌ᠲᠡᠢ᠃ ᠳᠠᠷᠤᠢ ᠨᠡᠢᠲᠡᠯᠢᠭ ᠴᠢᠨᠠᠷ ᠪᠠ ᠵᠥᠷᠢᠶᠡᠲᠦ ᠴᠢᠨᠠᠷ᠎ᠤᠨ ᠬᠠᠷᠢᠴᠠᠭ᠎ᠠ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ ᠪᠠ ᠦᠨᠳᠦᠰᠦᠲᠡᠨ᠎ᠨᠦᠭᠦᠳ᠎ᠤᠨ ᠤᠬᠠᠮᠰᠠᠷ᠎ᠤᠨ ᠬᠠᠷᠢᠴᠠᠭ᠎ᠠ᠂ ᠳᠤᠮᠳᠠᠳᠤ᠎ᠶ᠋ᠢᠨ ᠰᠣᠶᠣᠯ ᠪᠠ ᠦᠨᠳᠦᠰᠦᠲᠡᠨ᠎ᠨᠦᠭᠦᠳ᠎ᠤᠨ ᠰᠣᠶᠣᠯ᠎ᠤᠨ ᠬᠠᠷᠢᠴᠠᠭ᠎ᠠ᠂ ᠪᠣᠳᠠᠰ ᠪᠠ ᠤᠶᠤᠨ ᠰᠠᠨᠠᠭᠠᠨ᠎ᠤ ᠬᠠᠷᠢᠴᠠᠭ᠎ᠠ᠎ᠶ᠋ᠢ ᠵᠥᠪ ᠡᠵᠡᠮᠳᠡᠬᠦ᠌ ᠬᠡᠷᠡᠭ᠌ᠲᠡᠢ᠃ ᠲᠦᠷᠪᠡᠨ ᠵᠦᠢᠯ᠎ᠤᠨ ᠬᠠᠷᠢᠴᠠᠭ᠎ᠠ᠎ᠶ᠋ᠢ ᠵᠥᠪ ᠡᠵᠡᠮᠳᠡᠬᠦ᠌᠎ᠨᠢ ᠮᠠᠷᠺᠰ᠎ᠤᠨ ᠦᠵᠡᠯ᠎ᠤᠨ ᠦᠨᠡᠨ ᠶᠣᠰᠣᠨ᠎ᠤ ᠭᠡᠷᠡᠯ ᠭᠢᠯᠪᠠᠭ᠎ᠠ᠎ᠶ᠋ᠢ ᠰᠠᠴᠤᠷᠠᠭᠤᠯᠵᠤ᠂ ᠬᠤᠪᠢᠰᠤᠩᠭᠤᠢ ᠪᠣᠳᠠᠰᠴᠢ ᠦᠵᠡᠯ᠎ᠤᠨ ᠦᠨᠳᠦᠰᠦᠨ ᠣᠨᠣᠯ᠎ᠢ ᠢᠯᠡᠷᠡᠭᠦᠯᠵᠦ᠍᠂ ᠲᠦᠭᠡᠮᠡᠯ ᠴᠢᠨᠠᠷ ᠬᠢᠭᠡᠳ ᠣᠨᠴᠠᠭᠠᠢ ᠴᠢᠨᠠᠷ᠎ᠤᠨ ᠣᠨᠣᠯ᠂ ᠨᠡᠢᠲᠡᠯᠢᠭ ᠴᠢᠨᠠᠷ ᠬᠢᠭᠡᠳ ᠥᠪᠡᠷᠮᠢᠴᠡ ᠴᠢᠨᠠᠷ᠎ᠤᠨ ᠬᠠᠷᠢᠴᠠᠭᠠᠨ᠎ᠤ ᠤᠨᠤᠯ᠎ᠢ ᠬᠡᠷᠡᠭ᠌ᠯᠡᠭ᠌ᠰᠡᠨ ᠪᠠᠢᠨ᠎ᠠ᠃ ᠨᠡᠢᠲᠡᠯᠢᠭ ᠴᠢᠨᠠᠷ ᠪᠠ ᠥᠪᠡᠷᠮᠢᠴᠡ ᠴᠢᠨᠠᠷ᠎ᠤᠨ ᠤᠨᠤᠯ᠎ᠢ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠳᠤ ᠪᠦᠲᠦᠭᠡᠯᠴᠢ᠎ᠪᠠᠷ ᠬᠡᠷᠡᠭ᠌ᠯᠡᠵᠦ᠍᠂ ᠮᠠᠷᠺᠰ᠎ᠤᠨ ᠦᠵᠡᠯ᠎ᠤᠨ ᠬᠤᠪᠢᠰᠤᠩᠭᠤᠢ ᠠᠷᠭ᠎ᠠ᠎ᠶ᠋ᠢᠨ ᠣᠨᠣᠯ᠎ᠢ ᠳᠤᠮᠳᠠᠳᠤ ᠤᠯᠤᠰ᠎ᠤᠨ ᠦᠨᠳᠦᠰᠦᠲᠡᠨ᠎ᠤ ᠠᠵᠢᠯ᠎ᠤᠨ ᠬᠠᠮᠤᠭ᠎ᠤᠨ ᠱᠢᠨ᠎ᠡ ᠤᠨᠤᠯ᠎ᠤᠨ ᠦᠷ᠎ᠡ ᠪᠦᠲᠦᠭᠡᠯ᠎ᠳᠤ ᠬᠡᠷᠡᠭ᠌ᠯᠡᠭ᠌ᠰᠡᠨ᠎ᠨᠢ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠵᠤ᠂ ᠴᠠᠭ ᠦᠶᠡᠴᠢᠯᠡᠭ᠌ᠰᠡᠨᠤ ᠬᠡᠪ ᠳᠠᠭᠤᠷᠢᠶᠠᠯ ᠪᠣᠯᠬᠤ ᠪᠥᠭᠡᠳ ᠪᠠᠰᠠ ᠴᠤ᠌ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠬᠠᠮᠤᠭ᠎ᠤᠨ ᠱᠢᠨ᠎ᠡ ᠦᠷ᠎ᠡ ᠪᠦᠲᠦᠭᠡᠯ ᠪᠣᠯᠤᠨ᠎ᠠ᠃
ᠶᠡᠷᠦᠩᠬᠡᠶ ᠱᠦᠵᠢ ᠰᠢ᠎ᠶ᠋ᠢᠨ ᠫᠢᠩ᠎ᠤᠨ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ᠎ᠨᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠨ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠱᠢᠨ᠎ᠡ ᠪᠠᠢᠷᠢᠯᠠᠭᠤᠯᠤᠯᠲᠠ ᠬᠢᠵᠦ᠍᠂ ᠱᠢᠨ᠎ᠡ ᠱᠠᠭᠠᠷᠳᠠᠯᠭ᠎ᠠ ᠳᠤᠷᠠᠳᠪᠠ᠂ ᠡᠨᠡ᠎ᠨᠢ ᠴᠢᠬᠤᠯᠠ ᠶᠡᠭᠡ ᠪᠣᠳᠠᠲᠤ ᠠᠴᠢ ᠬᠤᠯᠪᠣᠭ᠍ᠳᠠᠯ ᠪᠠ ᠠᠯᠤᠰ ᠬᠡᠲᠦ᠎ᠶ᠋ᠢᠨ ᠲᠡᠦᠬᠡᠲᠦ ᠠᠴᠢ ᠬᠤᠯᠪᠣᠭ᠍ᠳᠠᠯ᠎ᠲᠠᠢ ᠶᠤᠮ᠃ ᠦᠨᠳᠦᠰᠦᠲᠡᠨ᠎ᠤ ᠭᠠᠵᠠᠷ ᠣᠷᠣᠨ᠎ᠤ ᠳᠡᠭᠡᠳᠦ ᠰᠤᠷᠭᠠᠭᠤᠯᠢ ᠪᠣᠯᠤᠭ᠍ᠰᠠᠨ᠎ᠤ ᠬᠤᠪᠢ᠎ᠳᠤ᠂ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠵᠤ᠂ ᠰᠠᠢᠲᠤᠷ ᠤᠬᠠᠭᠤᠯᠵᠤ᠂ ᠰᠠᠢᠲᠤᠷ ᠲᠤᠭᠤᠱᠢᠯᠠᠭᠤᠯᠬᠤ ᠪᠣᠯ ᠮᠠᠨ᠎ᠤ ᠣᠳᠣᠬᠠᠨ᠎ᠤ ᠲᠡᠷᠢᠭᠦᠨ ᠴᠢᠬᠤᠯᠠ ᠤᠯᠤᠰ ᠲᠥᠷᠥ᠎ᠶ᠋ᠢᠨ ᠡᠭᠦᠷᠭᠡ ᠮᠥᠨ᠂ ᠪᠠᠰᠠ ᠴᠤ᠌ ᠡᠷᠳᠡᠮ ᠱᠢᠨᠵᠢᠯᠡᠭᠡᠨ᠎ᠤ ᠪᠠᠢᠭᠤᠯᠤᠯᠲᠠ ᠪᠠ ᠲᠤᠰᠭᠠᠶ ᠮᠡᠷᠭᠡᠵᠢᠯ᠎ᠤᠨ ᠪᠠᠢᠭᠤᠯᠤᠯᠲᠠ᠎ᠶ᠋ᠢᠨ ᠦᠨᠳᠦᠰᠦᠨ ᠵᠢᠷᠤᠮᠯᠠᠯ ᠮᠥᠨ᠃ ᠪᠢᠳᠡ ᠪᠦᠬᠦ᠌ ᠪᠠᠭ᠍ᠰᠢ ᠰᠤᠷᠤᠭ᠍ᠴᠢᠳ᠎ᠤᠨ ᠳᠤᠮᠳᠠ ᠰᠤᠷᠤᠯᠴᠠᠯᠭ᠎ᠠ ᠬᠥᠮᠦᠵᠢᠯ᠎ᠢ ᠥᠷᠨᠢᠭᠦᠯᠵᠦ᠍᠂ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠥᠷᠨᠢᠯᠲᠡ᠎ᠶ᠋ᠢ ᠦᠳᠲᠡᠷ ᠲᠦᠷᠭᠡᠨ ᠪᠤᠢ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠲᠣᠭᠤᠷᠢᠨ᠎ᠳᠤ ᠭᠦᠨᠵᠡᠭᠡᠢ ᠰᠡᠳᠭᠢᠵᠤ᠂ ᠪᠠᠢᠴᠠᠭᠠᠨ ᠰᠤᠳᠤᠯᠤᠯᠲᠠ ᠥᠷᠨᠢᠭᠦᠯᠵᠦ᠍᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠠᠷᠠᠳ ᠲᠦᠮᠡᠨ᠎ᠳᠤ ᠲᠠᠭᠠᠱᠢᠶᠠᠭ᠍ᠳᠠᠭ᠍ᠰᠠᠨ ᠰᠤᠷᠭᠠᠨ ᠬᠥᠮᠦᠵᠢᠯ᠎ᠢ ᠰᠠᠢᠲᠤᠷ ᠡᠷᠬᠢᠯᠡᠵᠦ᠍᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠶᠡᠭᠡ ᠡᠭᠦᠷᠭᠡ᠎ᠶ᠋ᠢ ᠡᠭᠦᠷᠭᠡᠯᠡᠬᠦ᠌ ᠴᠠᠭ ᠦᠶ᠎ᠡ᠎ᠶ᠋ᠢᠨ ᠱᠢᠨ᠎ᠡ ᠬᠥᠮᠦᠨ᠎ᠢ ᠬᠥᠮᠦᠵᠢᠭᠦᠯᠬᠦ᠌ ᠬᠡᠷᠡᠭ᠌ᠲᠡᠢ᠃
(ᠵᠣᠬᠢᠶᠠᠭ᠍ᠴᠢ ᠄ ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ ᠤᠭ᠍ᠰᠠᠭᠠᠲᠠᠨ ᠵᠦᠢ ᠬᠥᠮᠦᠨ ᠵᠦᠢ᠎ᠶ᠋ᠢᠨ ᠳᠡᠭᠡᠳᠦ ᠰᠤᠷᠭᠠᠭᠤᠯᠢ)