ᠮᠠᠨ᠎ᠤ ᠤᠷᠤᠨ 《ᠤᠯᠠᠨ ᠨᠡᠢᠳᠡ᠎ᠶ᠋ᠢᠨ ᠰᠤᠶᠤᠯ᠎ᠤᠨ ᠡᠬᠦᠯᠡ》 ᠎ᠶ᠋ᠢᠨ ᠪᠠᠢᠭᠤᠯᠤᠯᠳᠠ᠎ᠶ᠋ᠢᠨ ᠪᠤᠯᠪᠠᠰᠤᠷᠠᠯ ᠡᠷᠬᠢᠯᠡᠵᠡᠢ
2021-10-08 10:14:48
ᠵᠣᠬᠢᠶᠠᠭ᠍ᠴᠢ᠄
ᠬᠦᠭ᠌ᠵᠢᠯᠳᠦ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ᠎ᠠᠴᠠ ᠭᠤᠤᠯᠯᠠᠨ ᠡᠷᠭᠢᠯᠡᠭ᠌ᠰᠡᠨ ᠥᠪᠥᠷ ᠮᠣᠩᠭᠤᠯ᠎ᠤᠨ ᠳᠤᠮᠳᠠ ᠪᠠᠷᠠᠭᠤᠨ ᠣᠷᠣᠨ᠎ᠤ 2021 ᠣᠨ᠎ᠤ 《ᠣᠯᠠᠨ ᠨᠡᠢᠲᠡ᠎ᠶ᠋ᠢᠨ ᠰᠣᠶᠣᠯ᠎ᠤᠨ ᠡᠭᠦᠯᠡ》 ᠎ᠶ᠋ᠢᠨ ᠪᠠᠢᠭᠤᠯᠤᠯᠲᠠ᠎ᠶ᠋ᠢᠨ ᠪᠤᠯᠪᠠᠰᠤᠷᠠᠯ᠎ᠤᠨ ᠠᠩᠭᠢ ᠬᠥᠬᠡᠬᠤᠲᠠ᠎ᠳᠤ ᠶᠠᠪᠤᠭ᠍ᠳᠠᠵᠤ᠂ ᠪᠥᠬᠦ᠌ ᠣᠷᠣᠨ᠎ᠤ ᠲᠣᠭᠠᠴᠢᠯᠠᠭ᠍ᠰᠠᠨ ᠰᠣᠶᠣᠯ᠎ᠤᠨ ᠣᠷᠳᠣᠨ᠎ᠤ ᠪᠥᠲᠥᠭᠡᠨ ᠪᠠᠢᠭᠤᠯᠤᠯᠲᠠ ᠪᠤᠯᠤᠨ ᠲᠣᠭᠠᠴᠢᠯᠠᠭ᠍ᠰᠠᠨ ᠰᠣᠶᠣᠯ᠎ᠤᠨ ᠣᠷᠳᠣᠨ᠎ᠤ ᠦᠢᠯᠡᠴᠢᠯᠡᠭᠡᠨ᠎ᠤ ᠴᠢᠳᠠᠪᠤᠷᠢ᠎ᠶ᠋ᠢ ᠴᠢᠨᠠᠭ᠍ᠰᠢᠳᠠ ᠳᠡᠭᠡᠭ᠌ᠰᠢᠯᠡᠭᠦᠯᠬᠦ᠌᠎ᠶ᠋ᠢ ᠵᠤᠷᠢᠪᠠ᠃

ᠲᠤᠰᠭᠠᠢ ᠪᠤᠯᠪᠠᠰᠤᠷᠠᠯ᠎ᠤᠨ ᠬᠤᠭᠤᠴᠠᠭᠠᠨ᠎ᠳᠤ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠪᠥᠬᠦ᠌ ᠤᠯᠤᠰ᠎ᠤᠨ ᠣᠯᠠᠨ ᠨᠡᠢᠲᠡ᠎ᠶ᠋ᠢᠨ ᠰᠣᠶᠣᠯ᠎ᠤᠨ ᠬᠥᠭ᠌ᠵᠢᠯᠲᠡ᠎ᠶ᠋ᠢᠨ ᠲᠥᠪ᠎ᠤᠨ ᠦᠨᠳᠦᠰᠦᠨ ᠱᠠᠲᠤᠨ᠎ᠤ ᠦᠢᠯᠡᠴᠢᠯᠡᠭᠡᠨ᠎ᠤ ᠭᠠᠵᠠᠷ᠎ᠤᠨ ᠳᠠᠷᠤᠭ᠎ᠠ ᠴᠧᠨ ᠢ ᠪᠢᠩ᠎ᠢ ᠤᠷᠢᠵᠤ 2021 ᠣᠨ᠎ᠤ ᠲᠥᠪ᠎ᠠᠴᠠ ᠣᠷᠣᠨ ᠨᠤᠲᠤᠭ᠎ᠲᠤ ᠱᠢᠯᠵᠢᠭᠦᠯᠦᠭ᠌ᠰᠡᠨ 《ᠣᠯᠠᠨ ᠨᠡᠢᠲᠡ᠎ᠶ᠋ᠢᠨ ᠰᠣᠶᠣᠯ᠎ᠤᠨ ᠡᠭᠦᠯᠡ》 ᠎ᠶ᠋ᠢᠨ ᠪᠠᠢᠭᠤᠯᠤᠯᠲᠠ᠎ᠶ᠋ᠢᠨ ᠲᠥᠷᠥᠯ ᠵᠦᠢᠯ᠎ᠢ ᠪᠦᠬᠦ᠌ ᠳᠠᠯ᠎ᠠ᠎ᠪᠠᠷ ᠲᠠᠨᠢᠯᠴᠠᠭᠤᠯᠪᠠ᠃ ᠴᠧᠨ ᠢ ᠪᠢᠩ ᠡᠩ ᠲᠡᠷᠢᠬᠦᠨ᠎ᠳᠤ ᠪᠥᠬᠦ᠌ ᠠᠷᠠᠳ᠎ᠲᠤ ᠰᠤᠶᠤᠯ ᠤᠷᠠᠯᠢᠭ᠎ᠢ ᠲᠦᠭᠡᠮᠡᠯᠵᠢᠭᠦᠯᠬᠦ᠌ ᠭᠤᠤᠯᠯᠠᠬᠤ ᠴᠢᠳᠠᠮᠵᠢ᠎ᠶ᠋ᠢ ᠲᠠᠨᠢᠯᠴᠠᠭᠤᠯᠤᠭ᠍ᠰᠠᠨ᠎ᠤ ᠲᠠᠷᠠᠭ᠎ᠠ ᠪᠥᠬᠦ᠌ ᠠᠷᠠᠳ᠎ᠲᠤ ᠰᠤᠶᠤᠯ ᠤᠷᠠᠯᠢᠭ᠎ᠢ ᠲᠦᠭᠡᠮᠡᠯᠵᠢᠭᠦᠯᠬᠦ᠌ ᠡᠬᠢ ᠪᠠᠶᠠᠯᠢᠭ᠎ᠤᠨ ᠬᠥᠮᠥᠷᠭᠡ᠎ᠶ᠋ᠢᠨ ᠪᠠᠢᠭᠤᠯᠤᠯᠳᠠ᠂ ᠦᠨᠳᠦᠰᠦᠨ ᠱᠠᠲᠤᠨ᠎ᠤ ᠪᠥᠬᠦ᠌ ᠠᠷᠠᠳ᠎ᠲᠤ ᠰᠤᠶᠤᠯ ᠤᠷᠠᠯᠢᠭ᠎ᠢ ᠲᠦᠭᠡᠮᠡᠯᠵᠢᠭᠦᠯᠬᠦ᠌ ᠦᠢᠯᠡᠴᠢᠯᠡᠭᠡ ᠵᠡᠷᠭᠡ ᠲᠠᠯ᠎ᠠ᠎ᠪᠠᠷ ᠨᠠᠷᠢᠨ ᠲᠠᠢᠯᠤᠮᠵᠢ ᠬᠢᠭ᠌ᠰᠡᠨ ᠪᠥᠭᠡᠳ ᠦᠵᠡᠯ ᠤᠬᠠᠮᠰᠠᠷ᠎ᠤᠨ ᠬᠡᠯᠪᠡᠷᠢ᠎ᠶ᠋ᠢ ᠵᠥᠪ ᠡᠵᠡᠮᠳᠡᠬᠦ᠌᠎ᠶ᠋ᠢ ᠴᠢᠬᠤᠯᠠᠴᠢᠯᠠᠵᠠᠢ᠃ ᠡᠬᠦᠨ᠎ᠠᠴᠠ ᠭᠠᠳᠠᠨ᠎ᠠ ᠪᠠᠰᠠ 《ᠬᠥᠳᠡᠭᠡ ᠲᠣᠰᠭᠤᠨ᠎ᠤ ᠰᠦᠯᠵᠢᠶᠡᠨ ᠤᠳᠤᠳ》 ᠎ᠤᠨ ᠱᠢᠷᠢᠰ ᠠᠵᠢᠯᠯᠠᠭ᠎ᠠ᠎ᠶ᠋ᠢ ᠲᠠᠨᠢᠯᠴᠠᠭᠤᠯᠵᠤ᠂ ᠪᠥᠬᠦ᠌ ᠤᠯᠤᠰ᠎ᠤᠨ ᠡᠯ᠎ᠡ ᠭᠠᠵᠠᠷ᠎ᠤᠨ᠎ᠬᠢᠨ ᠳᠡᠯᠭᠡᠷᠡᠭᠦᠯᠦᠯᠲᠡ᠎ᠳᠤ ᠢᠳᠡᠪᠬᠢᠲᠡᠶ ᠣᠷᠣᠯᠴᠠᠬᠤ᠎ᠶ᠋ᠢ ᠵᠣᠷᠢᠭ᠍ᠵᠢᠭᠤᠯᠪᠠ᠃

ᠲᠤᠰᠭᠠᠢ ᠪᠣᠯᠪᠠᠰᠤᠷᠠᠯ᠎ᠤᠨ ᠬᠤᠭᠤᠴᠠᠭᠠᠨ᠎ᠳᠤ ᠪᠠᠰᠠ ᠤᠯᠤᠰ᠎ᠤᠨ 《ᠣᠯᠠᠨ ᠨᠡᠢᠲᠡ᠎ᠶ᠋ᠢᠨ ᠰᠣᠶᠣᠯ᠎ᠤᠨ ᠡᠭᠦᠯᠡ》 ᠎ᠶ᠋ᠢᠨ ᠪᠠᠢᠭᠤᠯᠤᠮᠵᠢ᠎ᠳᠤ ᠳᠠᠩᠰᠠᠯᠠᠭᠤᠯᠬᠤ ᠵᠢᠴᠢ 《ᠤᠷ᠎ᠠ ᠠᠪᠢᠶᠠᠰ ᠰᠤᠷᠬᠤ》 ᠪᠠᠭ᠍ᠰᠢ᠎ᠶ᠋ᠢᠨ ᠡᠩᠨᠡᠭᠡ 《ᠡᠬᠦᠯᠡᠨ ᠪᠠᠢᠭᠤᠯᠤᠮᠵᠢ》 ᠎ᠳᠤ ᠨᠤᠲᠤᠭ᠍ᠰᠢᠬᠤ ᠪᠠ ᠬᠢᠴᠢᠶᠡᠯ ᠭᠤᠶᠤᠴᠢᠯᠠᠨ ᠮᠡᠳᠡᠭᠦᠯᠬᠦ᠌ ᠳᠠᠯ᠎ᠠ᠎ᠪᠠᠷ ᠳᠠᠨᠢᠯᠴᠠᠭᠤᠯᠵᠦ᠍᠂ ᠥᠪᠥᠷ ᠮᠣᠩᠭᠤᠯ᠎ᠤᠨ 《ᠤᠯᠠᠨ ᠨᠡᠢᠳᠡ᠎ᠶ᠋ᠢᠨ ᠰᠣᠶᠣᠯ᠎ᠤᠨ ᠡᠭᠦᠯᠡ》 ᠎ᠶ᠋ᠢᠨ ᠡᠯ᠎ᠡ ᠵᠦᠢᠯ᠎ᠤᠨ ᠴᠢᠳᠠᠮᠵᠢ ᠵᠢᠴᠢ ᠪᠣᠳᠠᠲᠠᠶ ᠬᠡᠷᠡᠭ᠌ᠯᠡᠯᠲᠡ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2021 ᠣᠨ᠎ᠤ 《ᠤᠯᠠᠨ ᠨᠡᠢᠳᠡ᠎ᠶ᠋ᠢᠨ ᠰᠣᠶᠣᠯ᠎ᠤᠨ ᠡᠭᠦᠯᠡ》 ᠎ᠶ᠋ᠢᠨ ᠲᠥᠷᠥᠯ ᠵᠦᠢᠯ᠎ᠢ ᠬᠡᠷᠡᠭ᠌ᠵᠢᠭᠦᠯᠬᠦ᠌ ᠲᠥᠰᠦᠯ ᠵᠡᠷᠭᠡ᠎ᠶ᠋ᠢᠨ ᠲᠤᠬᠠᠶ ᠲᠠᠢᠯᠤᠮᠵᠢ ᠬᠢᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号