ᠪᠦᠵᠢᠭ᠌ᠳᠦ ᠵᠦᠴᠦᠭᠡ 《ᠮᠤᠷᠢᠲᠦ ᠴᠡᠷᠢᠭ》 ᠱᠠᠩᠨᠠᠯ ᠲᠤᠰᠪᠠ
2021-10-08 10:15:02
ᠵᠣᠬᠢᠶᠠᠭ᠍ᠴᠢ᠄
ᠬᠦᠭ᠌ᠵᠢᠯᠳᠦ
ᠣᠩᠱᠢᠭ᠍ᠰᠠᠨ ᠣᠳᠠᠭ᠎ᠠ᠄
★★★☆☆

ᠤᠷᠴᠢᠮᠬᠠᠨ ᠦᠨᠳᠤᠷᠯᠡᠭ᠌ᠰᠡᠨ ᠵᠢᠷᠭᠤᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠴᠦᠬᠡᠨ ᠲᠤᠭᠠᠳᠦ ᠦᠨᠳᠦᠰᠦᠳᠡᠨ᠎ᠤ ᠤᠷᠠᠨ ᠰᠠᠢᠬᠠᠨ᠎ᠤ ᠦᠵᠡᠬᠦᠯᠭᠡ᠎ᠳᠤ ᠦᠪᠦᠷ ᠮᠤᠩᠭᠤᠯ᠎ᠤᠨ ᠤᠷᠠᠯᠢᠭ ᠵᠦᠴᠦᠭᠡ᠎ᠶ᠋ᠢᠨ ᠬᠦᠷᠢᠶᠡᠯᠡᠩ᠎ᠤᠨ ᠵᠤᠬᠢᠶᠠᠨ ᠪᠦᠳᠦᠭᠡᠭ᠌ᠰᠡᠨ ᠪᠦᠵᠢᠭ᠌ᠳᠦ ᠵᠦᠴᠦᠭᠡ 《ᠮᠤᠷᠢᠲᠦ ᠴᠡᠷᠢᠭ》 ᠎ᠨᠢ 《ᠤᠷᠠᠯᠢᠭ᠎ᠤᠨ ᠦᠵᠡᠬᠦᠯᠬᠡ᠎ᠶ᠋ᠢᠨ ᠱᠠᠩᠨᠠᠯ》 ᠎ᠢ ᠲᠤᠰᠤᠭ᠍ᠰᠠᠨ ᠪᠠᠢᠨ᠎ᠠ᠃

ᠲᠤᠰ ᠵᠦᠴᠦᠭᠡ ᠪᠤᠯ ᠲᠤᠮᠳᠠᠳᠦ ᠤᠯᠤᠰ᠎ᠤᠨ ᠬᠠᠮᠤᠭ᠎ᠤᠨ ᠠᠩᠬᠠᠨ᠎ᠤ ᠮᠤᠷᠢᠲᠦ ᠴᠡᠷᠢᠭ᠎ᠤᠨ ᠭᠤᠤᠯ ᠰᠡᠳᠦᠪᠳᠦ ᠲᠤᠮᠤ ᠬᠡᠯᠪᠡᠷᠢ᠎ᠶ᠋ᠢᠨ ᠪᠦᠵᠢᠭ᠌ᠳᠦ ᠵᠦᠴᠦᠭᠡ ᠪᠠᠢᠵᠦ᠍᠂ 2017 ᠤᠨ᠎ᠳᠤ ᠤᠯᠤᠰ᠎ᠤᠨ ᠤᠷᠠᠯᠢᠭ᠎ᠤᠨ ᠰᠠᠭᠤᠷᠢ ᠮᠦᠩᠬᠦᠨ᠎ᠤ ᠳᠡᠳᠬᠦᠮᠵᠢ᠎ᠶ᠋ᠢ ᠬᠦᠷᠳᠡᠨ᠂ 2019 ᠤᠨ᠎ᠤ 8 ᠰᠠᠷ᠎ᠠ᠎ᠶ᠋ᠢᠨ 19 ᠎ᠤ ᠡᠳᠤᠷ ᠠᠩᠬᠠᠨ᠎ᠤ ᠲᠤᠭ᠍ᠯᠠᠯᠳᠠ᠎ᠪᠠᠨ ᠬᠢᠵᠦ᠍᠂ ᠵᠢᠯ ᠭᠠᠷᠤᠢ᠎ᠶ᠋ᠢᠨ ᠪᠤᠯᠪᠠᠰᠤᠷᠠᠯ ᠵᠠᠰᠠᠯᠳᠠ᠎ᠪᠠᠷ ᠳᠠᠮᠵᠢᠨ 2020 ᠤᠨ᠎ᠤ 9 ᠰᠠᠷ᠎ᠠ᠎ᠳᠤ ᠦᠵᠡᠭ᠌ᠴᠢᠳ᠎ᠲᠠᠢ᠎ᠪᠠᠨ ᠳᠠᠬᠢᠨ ᠵᠤᠯᠭᠠᠪᠠ; ᠡᠨᠡ ᠵᠢᠯ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ 《ᠤᠳᠤ ᠦᠶ᠎ᠠ᠎ᠶ᠋ᠢᠨ ᠱᠢᠯᠢᠳᠡᠭ ᠪᠦᠵᠢᠭ᠌ᠳᠦ ᠵᠦᠴᠦᠭᠡ᠎ᠶ᠋ᠢᠨ ᠲᠤᠭ᠍ᠯᠠᠯᠳᠠ᠎ᠶ᠋ᠢᠨ ᠤᠯᠠᠷᠢᠯ》 ᠎ᠳᠤ ᠰᠤᠩᠭᠤᠭ᠍ᠳᠠᠭ᠍ᠰᠠᠨ ᠪᠦᠬᠡᠳ ᠠᠷᠪᠠᠨ ᠬᠤᠶᠠᠳᠤᠭᠠᠷ ᠬᠤᠭᠤᠴᠠᠭᠠᠨ᠎ᠤ ᠲᠤᠮᠳᠠᠳᠦ ᠤᠯᠤᠰ᠎ᠤᠨ ᠪᠦᠵᠢᠭ᠎ᠤᠨ 《ᠯᠢᠡᠭ᠌ᠬᠤ᠎ᠠ》 ᠱᠠᠩᠨᠠᠯ ᠪᠤᠯᠤᠨ 2020 ᠤᠨ᠎ᠤ ᠲᠤᠮᠳᠠᠳᠦ ᠤᠯᠤᠰ᠎ᠤᠨ ᠬᠡᠪᠯᠡᠯ᠎ᠤᠨ ᠡᠷᠬᠡ᠎ᠶ᠋ᠢᠨ ᠬᠠᠮᠤᠭ᠎ᠤᠨ ᠰᠤᠳᠤᠨ ᠠᠭᠤᠯᠭ᠎ᠠ ᠪᠦᠬᠦᠢ ᠵᠤᠬᠢᠶᠠᠨ ᠪᠦᠳᠦᠭᠡᠯᠬᠡ᠎ᠶ᠋ᠢᠨ ᠱᠠᠩᠨᠠᠯ ᠵᠡᠷᠭᠡ᠎ᠶ᠋ᠢ ᠬᠦᠷᠳᠡᠭ᠌ᠰᠡᠨ ᠪᠠᠢᠨ᠎ᠠ᠃

ᠲᠤᠰ ᠵᠦᠴᠦᠭᠡ᠎ᠨᠢ ᠦᠪᠦᠷ ᠮᠤᠩᠭᠤᠯ᠎ᠤᠨ ᠮᠤᠷᠢᠲᠦ ᠴᠡᠷᠢᠭ᠎ᠤᠨ ᠬᠤᠪᠢᠰᠭᠠᠯ᠎ᠤᠨ ᠢᠯᠠᠯᠳᠠ᠎ᠶ᠋ᠢᠨ ᠲᠦᠯᠦᠭᠡ ᠲᠡᠮᠡᠴᠡᠭ᠌ᠰᠡᠨ ᠡᠷᠡᠰ ᠬᠠᠳᠠᠨ ᠵᠤᠷᠢᠭ ᠰᠠᠨᠠᠭ᠎ᠠ᠂ ᠳᠠᠯ᠎ᠠ ᠨᠤᠲᠤᠭ᠎ᠤᠨ ᠬᠦᠪᠡᠬᠦᠳ ᠦᠬᠢᠳ᠎ᠤᠨ ᠡᠷᠡᠯᠬᠡᠭ ᠵᠤᠷᠢᠭ᠂ ᠦᠨᠡᠨᠴᠢ ᠰᠡᠳᠭᠢᠯ ᠵᠢᠴᠢ ᠬᠦᠮᠦᠨ ᠴᠢᠨᠡᠷ᠎ᠤᠨ ᠭᠤᠸ᠎ᠠ ᠰᠠᠢᠬᠠᠨ᠂ ᠲᠦᠮᠡᠨ ᠪᠤᠳᠠᠰ ᠡᠶ᠎ᠡ ᠵᠤᠬᠢᠴᠠᠩᠭᠤᠢ᠂ ᠬᠦᠮᠦᠨ ᠲᠦᠷᠦᠯᠬᠢᠳᠡᠨ ᠡᠩᠬᠡ ᠳᠠᠢᠪᠤᠩ ᠤᠷᠤᠱᠢᠨ ᠲᠤᠭ᠍ᠳᠠᠨᠢᠬᠤ ᠬᠦᠰᠡᠯ ᠮᠦᠷᠦᠭᠡᠳᠦᠯ᠎ᠢ ᠳᠠᠢᠰᠠᠨ᠎ᠠ ᠢᠯᠡᠷᠡᠬᠦᠯᠦᠭ᠌ᠰᠡᠨ ᠪᠠᠢᠳᠠᠭ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号