ᠳᠤᠮᠳᠠᠳᠤ᠎ᠶ᠋ᠢᠨ ᠰᠣᠶᠣᠯ᠎ᠤᠨ ᠲᠤᠬᠠᠢ ᠬᠠᠮᠲᠤ᠎ᠶ᠋ᠢᠨ ᠲᠠᠨᠢᠯᠲᠠ᠎ᠶ᠋ᠢ ᠴᠢᠩᠭᠠᠳᠭᠠᠵᠤ ᠰᠡᠷᠭᠦᠨ ᠮᠠᠨᠳᠤᠯᠲᠠ᠎ᠶ᠋ᠢᠨ ᠠᠤᠭ᠎ᠠ ᠬᠦᠴᠦᠨ᠎ᠢ ᠨᠢᠭ᠍ᠲᠠᠷᠠᠭᠤᠯᠤᠶ᠎ᠠ
2021-10-08 10:15:44
ᠵᠣᠬᠢᠶᠠᠭ᠍ᠴᠢ᠄
ᠬᠤ᠌ ᠴᠢᠩ ᠬᠤᠢ
ᠣᠩᠱᠢᠭ᠍ᠰᠠᠨ ᠣᠳᠠᠭ᠎ᠠ᠄
★★★☆☆

ᠭᠤᠣᠯ ᠰᠠᠨᠠᠭᠤᠯᠤᠮᠵᠢ

● ᠦᠨᠳᠦᠰᠦᠲᠡᠨ᠎ᠨᠦᠭᠦᠳ᠎ᠤᠨ ᠰᠣᠶᠣᠯ ᠪᠤᠯ ᠢᠭ᠍ᠴᠤ ᠰᠠᠬᠤᠯᠢᠭ ᠰᠠᠯᠠᠭ᠎ᠠ ᠨᠠᠮᠠᠭ᠎ᠠ᠂ ᠳᠤᠮᠳᠠᠳᠤ᠎ᠶ᠋ᠢᠨ ᠰᠣᠶᠣᠯ ᠪᠤᠯ ᠬᠦᠳᠡᠷ ᠵᠤᠵᠠᠭᠠᠨ ᠡᠰᠢ ᠦᠨᠳᠦᠰᠦ ᠮᠦᠨ᠂ ᠡᠨᠡ ᠪᠣᠯ ᠳᠤᠮᠳᠠᠳᠤ᠎ᠶ᠋ᠢᠨ ᠦᠨᠳᠦᠰᠦᠲᠡᠨ᠎ᠤ ᠦᠶ᠎ᠡ᠎ᠶ᠋ᠢᠨ ᠦᠶ᠎ᠡ᠎ᠳᠤ ᠣᠷᠣᠱᠢᠨ ᠲᠣᠭ᠍ᠲᠠᠨᠢᠬᠤ ᠬᠥᠳᠡᠯᠭᠡᠭ᠌ᠴᠢ ᠬᠦᠴᠦᠨ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠲᠠᠨᠢᠯᠲᠠ᠂ ᠳᠤᠮᠳᠠᠳᠤ᠎ᠶ᠋ᠢᠨ ᠦᠨᠳᠦᠰᠦᠲᠡᠨ᠎ᠤ ᠵᠣᠷᠢᠭ ᠰᠠᠨᠠᠭᠠᠨ᠎ᠤ ᠠᠮᠢᠨ ᠰᠤᠳᠠᠰᠤ ᠮᠥᠨ

● ᠦᠨᠳᠦᠰᠦᠲᠡᠨ᠎ᠨᠦᠭᠦᠳ ᠰᠣᠶᠣᠯ᠎ᠤᠨ ᠲᠠᠯ᠎ᠠ᠎ᠪᠠᠷ ᠬᠠᠷᠢᠯᠴᠠᠨ ᠬᠦᠨᠳᠦᠳᠭᠡᠵᠦ᠍᠂ ᠬᠠᠷᠢᠯᠴᠠᠨ ᠪᠠᠭ᠍ᠠᠷᠬᠠᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ ᠲᠣᠯᠢᠯᠠᠭ᠍ᠰᠠᠨ᠎ᠠᠴᠠ ᠰᠠᠶᠢ ᠭᠤᠢᠳᠠ ᠰᠠᠢᠬᠠᠨ ᠳᠤᠮᠳᠠᠳᠤ᠎ᠶ᠋ᠢᠨ ᠰᠣᠶᠣᠯ ᠪᠣᠢ ᠪᠣᠯᠤᠭ᠍ᠰᠠᠨ ᠶᠤᠮ

● ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠳᠤᠮᠳᠠᠳᠤ᠎ᠶ᠋ᠢᠨ ᠰᠣᠶᠣᠯ᠎ᠤᠨ ᠲᠤᠬᠠᠢ ᠬᠠᠮᠲᠤ᠎ᠶ᠋ᠢᠨ ᠲᠠᠨᠢᠯᠲᠠ᠎ᠶ᠋ᠢ ᠴᠢᠩᠭᠠᠳᠭᠠᠵᠤ᠂ ᠱᠢᠨ᠎ᠡ ᠴᠠᠭ ᠦᠶ᠎ᠡ᠎ᠳᠤ ᠳᠤᠮᠳᠠᠳᠤ᠎ᠶ᠋ᠢᠨ ᠰᠣᠶᠣᠯ᠎ᠤᠨ ᠤᠳᠤᠮᠱᠢᠯ᠎ᠢ ᠤᠯᠠᠮᠵᠢᠯᠠᠵᠤ᠂ ᠳᠤᠮᠳᠠᠳᠤ᠎ᠶ᠋ᠢᠨ ᠰᠣᠶᠣᠯ᠎ᠤᠨ ᠠᠮᠢᠨ ᠰᠤᠳᠠᠰᠤ᠎ᠶ᠋ᠢ ᠱᠢᠮᠡᠵᠢᠭᠦᠯᠦᠨ᠂ ᠳᠤᠮᠳᠠᠳᠤ᠎ᠶ᠋ᠢᠨ ᠪᠣᠯᠪᠠᠰᠤᠨ᠎ᠤ ᠰᠦᠷ ᠵᠢᠪᠬᠤᠭ᠎ᠠ᠎ᠶ᠋ᠢ ᠬᠠᠷᠠᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠣᠶᠣᠯ᠎ᠤᠨ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ 


ᠰᠣᠶᠣᠯ ᠪᠣᠯ ᠦᠨᠳᠦᠰᠦᠲᠡᠨ᠎ᠤ ᠠᠮᠢᠨ ᠰᠤᠳᠠᠰᠤ ᠮᠥᠨ᠂ ᠮᠦᠨ ᠴᠦ᠍ ᠠᠷᠠᠳ ᠲᠦᠮᠡᠨ᠎ᠤ ᠤᠶᠤᠨ ᠰᠠᠨᠠᠭᠠᠨ᠎ᠤ ᠭᠡᠷ ᠣᠷᠣᠨ ᠮᠥᠨ᠃ ᠳᠤᠮᠳᠠᠳᠤ᠎ᠶ᠋ᠢᠨ ᠦᠨᠳᠦᠰᠦᠲᠡᠨ᠎ᠨᠦᠭᠦᠳ ᠡᠭᠡ ᠣᠷᠣᠨ᠎ᠤ᠎ᠪᠠᠨ ᠦᠵᠡᠰᠭᠦᠯᠡᠩᠲᠦ ᠰᠠᠢᠬᠠᠨ ᠠᠭᠤᠯᠠ ᠤᠰᠤ᠂ ᠥᠷᠭᠡᠨ ᠠᠭᠤᠳᠠᠮ ᠨᠤᠲᠤᠭ ᠳᠡᠪᠢᠰᠭᠡᠷ᠎ᠢ ᠬᠠᠮᠲᠤ᠎ᠪᠠᠷ ᠨᠡᠭᠡᠭᠡᠨ ᠬᠥᠭ᠌ᠵᠢᠭᠦᠯᠵᠦ᠍᠂ ᠳᠤᠮᠳᠠᠳᠤ ᠤᠯᠤᠰ᠎ᠤᠨ ᠪᠤᠭᠤᠷᠤᠯ ᠲᠡᠦᠬᠡ᠂ ᠭᠡᠷᠡᠯ ᠰᠠᠴᠤᠷᠠᠩᠭᠤᠢ ᠰᠣᠶᠣᠯ᠎ᠢ ᠬᠠᠮᠲᠤ᠎ᠪᠠᠷ ᠡᠭᠦᠳᠦᠨ ᠪᠦᠲᠦᠭᠡᠭ᠌ᠰᠡᠨ ᠶᠤᠮ᠃

ᠦᠨᠳᠦᠰᠦᠲᠡᠨ᠎ᠨᠦᠭᠦᠳ᠎ᠤᠨ ᠱᠢᠯᠢᠳᠡᠭ ᠤᠯᠠᠮᠵᠢᠯᠠᠯᠲᠤ ᠰᠣᠶᠣᠯ ᠪᠣᠯ ᠴᠥᠮ ᠳᠤᠮᠳᠠᠳᠤ᠎ᠶ᠋ᠢᠨ ᠰᠣᠶᠣᠯ᠎ᠤᠨ ᠪᠦᠷᠢᠯᠳᠦᠬᠦᠨ ᠬᠡᠰᠡᠭ ᠮᠥᠨ

ᠦᠨᠳᠦᠰᠦᠲᠡᠨ ᠨᠢᠭᠡᠪᠦᠷᠢ᠎ᠶ᠋ᠢᠨ ᠰᠣᠶᠣᠯ᠎ᠨᠢ ᠭᠤᠤᠯ ᠭᠤᠷᠤᠬ᠎ᠠ ᠱᠢᠭ᠋᠎ᠢᠶᠠᠷ ᠳᠤᠮᠳᠠᠳᠤ᠎ᠶ᠋ᠢᠨ ᠰᠣᠶᠣᠯ ᠭᠡᠬᠦ᠌ ᠡᠨᠡ ᠬᠦ᠌ ᠣᠢᠯᠤᠨ ᠳᠠᠪᠠᠯᠭᠠᠯᠠᠭ᠍ᠰᠠᠨ ᠶᠡᠭᠡ ᠭᠤᠣᠯ ᠮᠥᠷᠡᠨ᠎ᠢ ᠪᠦᠷᠢᠯᠳᠦᠭᠦᠯᠵᠡᠢ᠃ ᠮᠠᠨ᠎ᠤ ᠤᠯᠤᠰ᠎ᠤᠨ ᠡᠯ᠎ᠡ ᠦᠨᠳᠦᠰᠦᠲᠡᠨ ᠱᠢᠯᠦᠭ᠌ᠯᠡᠯᠲᠦ ᠨᠣᠮ᠂ ᠴᠥ᠎ᠶ᠋ᠢᠨ ᠤᠶᠠᠩᠭ᠎ᠠ᠂ ᠬᠠᠨ᠎ᠤ ᠮᠠᠭ᠍ᠲᠠᠭᠠᠯ᠂ ᠲᠠᠩ᠎ᠤᠨ ᠱᠢᠯᠦᠭ᠂ ᠰᠦᠩ᠎ᠤᠨ ᠳᠠᠭᠤᠯᠠᠯ᠂ ᠶᠤᠸᠠᠨ᠎ᠤ ᠳᠠᠭᠤᠤᠷᠢᠯᠢᠭ᠂ ᠮᠢᠩ ᠴᠢᠩ᠎ᠤᠨ ᠦᠯᠢᠭᠡᠷ᠎ᠤᠨ ᠵᠤᠬᠢᠶᠠᠯ ᠵᠡᠷᠭᠡ ᠠᠭᠤᠤ ᠶᠡᠭᠡ ᠪᠦᠲᠦᠭᠡᠯ᠎ᠢ ᠵᠣᠬᠢᠶᠠᠨ ᠪᠦᠲᠦᠭᠡᠵᠦ᠍᠂ ᠡᠯ᠎ᠡ ᠦᠨᠳᠦᠰᠦᠲᠡᠨ᠎ᠤ ᠦᠢᠯᠡᠳᠪᠦᠷᠢᠯᠡᠯ ᠠᠮᠢᠳᠤᠷᠠᠯ᠎ᠤᠨ ᠳᠦᠷᠰᠦ ᠪᠠᠢᠳᠠᠯ᠎ᠢ ᠠᠮᠢᠳᠤᠯᠢᠭ ᠵᠢᠷᠤᠭ᠍ᠯᠠᠭ᠍ᠰᠠᠨ ᠪᠠᠢᠨ᠎ᠠ᠃ 《ᠱᠢᠯᠦᠭ᠌ᠯᠡᠯᠲᠦ ᠨᠣᠮ》 ᠪᠣᠯ ᠡᠯ᠎ᠡ ᠭᠠᠵᠠᠷ᠎ᠤᠨ ᠦᠨᠳᠦᠰᠦᠲᠡᠨ᠎ᠨᠦᠭᠦᠳ᠎ᠤᠨ ᠱᠢᠯᠦᠭ᠎ᠤᠨ ᠶᠡᠷᠦᠩᠬᠡᠶ ᠲᠡᠭᠦᠪᠦᠷᠢ ᠮᠦᠨ᠂ 《ᠴᠥ᠎ᠶ᠋ᠢᠨ ᠤᠶᠠᠩᠭ᠎ᠠ》 ᠎ᠶ᠋ᠢ ᠴᠥ ᠤᠯᠤᠰ᠎ᠤᠨ ᠠᠷᠠᠳ᠎ᠤᠨ ᠳᠠᠭᠤᠤ᠎ᠪᠠᠷ ᠲᠣᠯᠢ ᠪᠣᠯᠭᠠᠨ ᠵᠣᠬᠢᠶᠠᠨ ᠪᠦᠲᠦᠭᠡᠭ᠌ᠰᠡᠨ ᠶᠤᠮ᠂ ᠶᠤᠸᠠᠨ᠎ᠤ ᠳᠠᠭᠤᠤᠷᠢᠯᠢᠬ᠎ᠤᠨ ᠪᠠᠳᠠᠷᠠᠯ ᠬᠦᠭ᠌ᠵᠢᠯᠲᠡ᠎ᠳᠤ ᠡᠯ᠎ᠡ ᠦᠨᠳᠦᠰᠦᠲᠡᠨ᠎ᠤ ᠣᠯᠠᠨ ᠲᠠᠯ᠎ᠠ᠎ᠶ᠋ᠢᠨ ᠬᠤᠪᠢ ᠨᠡᠮᠡᠷᠢ ᠪᠠᠭ᠍ᠲᠠᠵᠤ ᠪᠠ ᠵᠢᠳᠠᠭ᠃ ᠡᠯ᠎ᠡ ᠦᠨᠳᠦᠰᠦᠲᠡᠨ ᠭᠡᠰᠡᠷ᠂ ᠮᠠᠨᠠᠰ᠂ ᠵᠠᠩᠭᠠᠷ ᠵᠡᠷᠭᠡ ᠰᠡᠳᠭᠢᠯ ᠳᠣᠭ᠍ᠳᠣᠯᠤᠭᠤᠯᠤᠮ᠎ᠠ ᠠᠭᠤᠤ ᠶᠡᠭᠡ ᠲᠤᠤᠯᠢᠰ᠎ᠢ ᠤᠯᠠᠮᠵᠢᠯᠠᠨ ᠵᠠᠯᠭᠠᠮᠵᠢᠯᠠᠵᠤ᠂ 《ᠭᠤᠷᠪᠠᠨ ᠶᠡᠭᠡ ᠪᠠᠭᠠᠲᠤᠷᠯᠢᠭ ᠲᠤᠤᠯᠢ》 ᠳᠤᠮᠳᠠᠳᠤ ᠤᠯᠤᠰ᠎ᠤᠨ ᠤᠳᠭ᠎ᠠ ᠵᠣᠬᠢᠶᠠᠯ᠎ᠤᠨ ᠲᠡᠦᠬᠡ᠎ᠶ᠋ᠢᠨ ᠲᠤᠤᠯᠢ᠎ᠶ᠋ᠢᠨ ᠬᠤᠭᠤᠰᠣᠨ᠎ᠢ ᠨᠥᠬᠦᠪᠥᠷᠢᠯᠡᠵᠡᠢ᠃ ᠦᠨᠳᠦᠰᠦᠲᠡᠨ᠎ᠨᠦᠭᠦᠳ ᠲᠦᠮᠡᠨ ᠭᠠᠵᠠᠷ᠎ᠤᠨ ᠤᠷᠳᠤ ᠴᠠᠭᠠᠨ ᠬᠡᠷᠡᠮ᠂ ᠳ᠋ᠦ᠋ ᠵᠢᠶᠠᠩ ᠶᠠᠨ ᠬᠠᠱᠢᠯᠭ᠎ᠠ᠂ ᠶᠡᠭᠡ ᠲᠠᠲᠠᠮᠠᠯ ᠭᠤᠣᠯ᠂ ᠬᠠᠭᠠᠨ᠎ᠤ ᠣᠷᠳᠣᠨ᠂ ᠪᠤᠳᠠᠯᠠ ᠣᠷᠳᠣᠨ᠂ ᠳᠠᠯᠳᠠ ᠰᠤᠪᠠᠭ ᠵᠡᠷᠭᠡ ᠠᠭᠤᠤ ᠶᠡᠭᠡ ᠪᠠᠷᠢᠯᠭ᠎ᠠ᠎ᠶ᠋ᠢ ᠪᠦᠲᠦᠭᠡᠨ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠲᠠᠪᠤᠨ ᠮᠢᠩᠭᠠᠨ ᠵᠢᠯ᠎ᠤᠨ ᠭᠡᠷᠡᠯ ᠰᠠᠴᠤᠷᠠᠩᠭᠤᠢ ᠲᠡᠦᠬᠡ᠎ᠶ᠋ᠢ ᠲᠡᠮᠳᠡᠭ᠌ᠯᠡᠵᠦ᠍᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ᠎ᠶ᠋ᠢ ᠭᠡᠷᠡᠴᠢᠯᠡᠪᠡ᠃ ᠶᠦᠨᠨᠠᠨ᠎ᠤ ᠯᠢᠵᠢᠶᠠᠩ᠎ᠤᠨ ᠡᠷᠲᠡᠨ᠎ᠤ ᠬᠤᠳᠠ᠂ ᠶᠤᠸᠠᠨ᠎ᠤ ᠳᠡᠭᠡᠳᠦ ᠨᠡᠢᠰᠯᠡᠯ᠎ᠤᠨ ᠪᠠᠭᠤᠷᠢ᠂ ᠬᠠᠨᠢ᠎ᠶ᠋ᠢᠨ ᠱᠠᠲᠤᠨ ᠲᠠᠷᠢᠶ᠎ᠠ ᠵᠡᠷᠭᠡ᠎ᠪᠠᠷ ᠲᠥᠯᠥᠭᠡᠯᠡᠭᠦᠯᠦᠭ᠌ᠰᠡᠨ ᠳᠡᠯᠡᠬᠡᠢ᠎ᠶ᠋ᠢᠨ ᠰᠣᠶᠣᠯ᠎ᠤᠨ ᠥᠪ᠂ ᠬᠤᠲᠣᠩ ᠦᠨᠳᠦᠰᠦᠲᠡᠨ᠎ᠤ ᠬᠤᠸᠠᠷ᠂ ᠮᠣᠩᠭᠤᠯ ᠦᠨᠳᠦᠰᠦᠲᠡᠨ᠎ᠤ ᠤᠷᠳᠤ᠎ᠶ᠋ᠢᠨ ᠳᠠᠭᠤᠤ᠂ ᠤᠢᠭᠤᠷ ᠦᠨᠳᠦᠰᠦᠲᠡᠨ᠎ᠤ ᠮᠦᠺᠠᠮ ᠤᠷᠠᠯᠢᠭ ᠵᠡᠷᠭᠡ᠎ᠪᠠᠷ ᠲᠥᠯᠥᠭᠡᠯᠡᠭᠦᠯᠦᠭ᠌ᠰᠡᠨ ᠳᠡᠯᠡᠬᠡᠢ᠎ᠶ᠋ᠢᠨ ᠪᠣᠳᠠᠰ᠎ᠤᠨ ᠪᠤᠰᠤ ᠰᠣᠶᠣᠯ᠎ᠤᠨ ᠥᠪ᠎ᠨᠢ ᠴᠥᠮ ᠳᠤᠮᠳᠠᠳᠤ᠎ᠶ᠋ᠢᠨ ᠰᠣᠶᠣᠯ᠎ᠤᠨ ᠤᠬᠢ ᠰᠣᠳᠣ ᠪᠣᠯᠬᠤ ᠶᠤᠮ᠃ ᠳᠤᠮᠳᠠᠳᠤ᠎ᠶ᠋ᠢᠨ ᠰᠣᠶᠣᠯ ᠪᠣᠯ ᠦᠨᠳᠦᠰᠦᠲᠡᠨ᠎ᠨᠦᠭᠦᠳ᠎ᠤᠨ ᠰᠣᠶᠣᠯ᠎ᠤᠨ ᠴᠤᠭ᠍ᠯᠠᠷᠠᠯ ᠪᠣᠯᠬᠤ᠎ᠪᠠᠷ ᠪᠠᠷᠠᠬᠤ ᠦᠭᠡᠢ ᠪᠠᠰᠠ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠂ 56 ᠦᠨᠳᠦᠰᠦᠲᠡᠨ᠎ᠤ ᠪᠠᠲᠤ ᠪᠠᠬᠢ ᠤᠶᠤᠨ ᠰᠠᠨᠠᠭᠠᠨ᠎ᠤ ᠬᠤᠯᠪᠣᠭᠠᠰᠤ ᠭᠡᠵᠦ᠍ ᠬᠡᠯᠡᠵᠦ᠍ ᠪᠣᠯᠤᠨ᠎ᠠ᠃

ᠤᠷᠲᠤ ᠤᠳᠠᠭᠠᠨ ᠲᠡᠦᠬᠡᠨ ᠶᠠᠪᠤᠴᠠ᠎ᠳᠤ᠂ ᠡᠯ᠎ᠡ ᠦᠨᠳᠦᠰᠦᠲᠡᠨ ᠴᠥᠮ ᠳᠤᠮᠳᠠᠳᠤ᠎ᠶ᠋ᠢᠨ ᠰᠣᠶᠣᠯ᠎ᠤᠨ ᠪᠦᠷᠢᠯᠳᠦᠯ ᠬᠥᠭ᠌ᠵᠢᠯᠲᠡ᠎ᠳᠤ ᠴᠢᠬᠤᠯᠠ ᠬᠤᠪᠢ ᠨᠡᠮᠡᠷᠢ ᠦᠵᠡᠭᠦᠯᠵᠡᠢ᠃ ᠦᠨᠳᠦᠰᠦᠲᠡᠨ᠎ᠨᠦᠭᠦᠳ᠎ᠤᠨ ᠰᠣᠶᠣᠯ ᠪᠤᠯ ᠢᠭ᠍ᠴᠤ ᠰᠠᠬᠤᠯᠢᠭ ᠰᠠᠯᠠᠭ᠎ᠠ ᠨᠠᠮᠠᠭ᠎ᠠ᠂ ᠳᠤᠮᠳᠠᠳᠤ᠎ᠶ᠋ᠢᠨ ᠰᠣᠶᠣᠯ ᠪᠤᠯ ᠬᠦᠳᠡᠷ ᠵᠤᠵᠠᠭᠠᠨ ᠡᠰᠢ ᠦᠨᠳᠦᠰᠦ ᠮᠦᠨ᠂ ᠡᠨᠡ ᠪᠣᠯ ᠳᠤᠮᠳᠠᠳᠤ᠎ᠶ᠋ᠢᠨ ᠦᠨᠳᠦᠰᠦᠲᠡᠨ᠎ᠤ ᠦᠶ᠎ᠡ᠎ᠶ᠋ᠢᠨ ᠦᠶ᠎ᠡ ᠣᠷᠣᠱᠢᠨ ᠲᠣᠭ᠍ᠲᠠᠨᠢᠬᠤ ᠬᠥᠳᠡᠯᠭᠡᠬᠦ᠌ ᠬᠦᠴᠦᠨ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠲᠠᠨᠢᠯᠲᠠ᠂ ᠳᠤᠮᠳᠠᠳᠤ᠎ᠶ᠋ᠢᠨ ᠦᠨᠳᠦᠰᠦᠲᠡᠨ᠎ᠤ ᠵᠣᠷᠢᠭ ᠰᠠᠨᠠᠭᠠᠨ᠎ᠤ ᠠᠮᠢᠨ ᠰᠤᠳᠠᠰᠤ ᠮᠥᠨ᠃ ᠪᠢᠳᠠ ᠳᠤᠮᠳᠠᠳᠤ᠎ᠶ᠋ᠢᠨ ᠰᠣᠶᠣᠯ᠎ᠢ ᠰᠠᠢᠲᠤᠷ ᠬᠠᠮᠠᠭᠠᠯᠠᠵᠤ ᠬᠥᠭ᠌ᠵᠢᠭᠦᠯᠤᠨ ᠪᠠᠳᠠᠷᠠᠭᠤᠯᠵᠤ᠂ ᠳᠤᠮᠳᠠᠳᠤ᠎ᠶ᠋ᠢᠨ ᠰᠣᠶᠣᠯ᠎ᠤᠨ ᠨᠢᠭ᠍ᠲᠠᠷᠠᠯ᠎ᠤᠨ ᠬᠦᠴᠦᠨ᠂ ᠨᠥᠯᠥᠭᠡᠯᠡᠬᠦ᠌ ᠬᠦᠴᠦᠨ᠂ ᠦᠷᠢᠰᠦᠯᠳᠦᠬᠦ᠌ ᠬᠦᠴᠦᠨ᠎ᠢ ᠰᠠᠢᠲᠤᠷ ᠴᠢᠩᠭᠠᠳᠭᠠᠬᠤ ᠬᠡᠷᠡᠭ᠌ᠲᠡᠢ᠃

ᠦᠨᠳᠦᠰᠦᠲᠡᠨ᠎ᠨᠦᠭᠦᠳ᠎ᠤᠨ ᠰᠣᠶᠣᠯ ᠬᠠᠷᠢᠯᠴᠠᠨ ᠠᠭᠤᠰᠤᠯᠴᠠᠵᠤ ᠠᠤᠭ᠎ᠠ ᠰᠤᠳᠤᠨ ᠳᠤᠮᠳᠠᠳᠤ᠎ᠶ᠋ᠢᠨ ᠰᠣᠶᠣᠯ᠎ᠢ ᠪᠦᠷᠢᠯᠳᠦᠭᠦᠯᠵᠡᠢ

ᠳᠤᠮᠳᠠᠳᠤ᠎ᠶ᠋ᠢᠨ ᠰᠣᠶᠣᠯ ᠪᠦᠬᠦᠨ᠎ᠢ ᠠᠪᠴᠤ᠌ ᠪᠠ ᠵᠢᠳᠠᠭ᠎ᠢ ᠬᠠᠳᠠᠭᠠᠯᠠᠬᠤ ᠪᠠᠭ᠍ᠲᠠᠭᠠᠮᠵᠢᠲᠦ ᠴᠢᠨᠠᠷ᠎ᠲᠠᠢ ᠪᠤᠯᠬᠤᠷ ᠭᠤᠢᠳᠠ ᠰᠠᠢᠬᠠᠨ᠂ ᠳᠡᠯᠭᠡᠷ ᠭᠦᠨᠵᠡᠭᠡᠢ ᠪᠠᠢᠳᠠᠭ; ᠳᠤᠮᠳᠠᠳᠤ᠎ᠶ᠋ᠢᠨ ᠰᠤᠶᠤᠯ ᠦᠨᠳᠦᠰᠦᠲᠡᠨ᠎ᠨᠦᠭᠦᠳ᠎ᠤᠨ ᠰᠣᠶᠣᠯ ᠬᠠᠷᠢᠯᠴᠠᠨ ᠲᠤᠯᠢᠯᠠᠵᠤ ᠠᠭᠤᠰᠤᠯᠴᠠᠨ ᠨᠡᠪᠲᠡᠷᠡᠯᠴᠡᠬᠦ᠌ ᠳᠤᠲᠤᠭᠠᠳᠤ ᠴᠢᠨᠠᠷ᠎ᠲᠠᠢ ᠪᠤᠯᠬᠤᠷ ᠴᠡᠴᠡᠭ᠌ᠯᠡᠨ ᠬᠥᠭ᠌ᠵᠢᠵᠦ᠍ ᠪᠠ ᠵᠢᠳᠠᠭ᠃ ᠲᠡᠦᠬᠡ᠎ᠶ᠋ᠢᠨ ᠤᠷᠳᠤ ᠬᠠᠭᠤᠳᠠᠰᠤ᠎ᠶ᠋ᠢ ᠳᠡᠯᠭᠡᠬᠦ᠌᠎ᠳᠤ ᠵᠤᠤ ᠤᠯᠤᠰ᠎ᠤᠨ ᠡᠦ ᠯᠢᠩ ᠸᠠᠩ᠎ᠤᠨ ᠮᠤᠷᠢᠨ ᠳᠡᠭᠡᠷ᠎ᠡ᠎ᠠᠴᠠ ᠬᠠᠷᠪᠤᠵᠤ ᠨᠠᠮᠨᠠᠬᠤ ᠊ᠦᠭᠡᠷᠡᠴᠢᠯᠡᠯᠲᠡ᠎ᠠᠴᠠ ᠤᠮᠠᠷᠠᠲᠤ ᠸᠧᠢ ᠤᠯᠤᠰ᠎ᠤᠨ ᠱᠢᠶᠤᠤ ᠸᠧᠨ ᠳ᠋ᠢ ᠬᠠᠭᠠᠨ᠎ᠤ ᠬᠢᠲᠠᠳᠴᠢᠯᠠᠬᠤ ᠥᠭᠡᠷᠡᠴᠢᠯᠡᠯᠲᠡ ᠬᠦᠷᠲᠡᠯ᠎ᠡ; 《ᠯᠦᠸᠧᠶᠠᠩ᠎ᠤᠨ ᠠᠢᠯ ᠪᠣᠯᠭᠠᠨ ᠬᠤ᠌᠎ᠶ᠋ᠢᠨ ᠬᠦᠭ᠌ᠵᠢᠮ ᠰᠤᠷᠤᠭ᠍ᠰᠠᠨ》 ᠎ᠠᠴᠠ 《ᠲᠦᠮᠡᠨ ᠭᠠᠵᠠᠷ᠎ᠤᠨ ᠴᠢᠶᠠᠩ ᠦᠨᠳᠦᠰᠦᠲᠡᠨ ᠪᠦᠬᠦᠨ᠎ᠢᠶᠠᠷ᠎ᠢᠶᠠᠨ ᠬᠢᠲᠠᠳ ᠳᠠᠭᠤᠤ ᠰᠤᠷᠤᠭ᠍ᠰᠠᠨ》 ᠬᠦᠷᠲᠡᠯ᠎ᠡ; ᠬᠢᠯᠢ ᠬᠢᠵᠠᠭᠠᠷ᠎ᠤᠨ ᠦᠨᠳᠦᠰᠦᠲᠡᠨ᠎ᠤ 《ᠬᠦᠷᠮ᠎ᠡ ᠬᠡᠲᠦᠷᠴᠦ᠍ ᠪᠠᠩᠵᠠᠯ ᠡᠮᠦᠰᠭᠦ》᠂ 《ᠢᠷᠠᠭᠤ ᠳᠠᠭᠤᠤ ᠪᠢᠴᠢᠭ᠎ᠤᠨ ᠬᠥᠮᠦᠨ᠎ᠤ ᠬᠤᠪᠴᠠᠰᠤ》 ᠎ᠶ᠋ᠢ ᠬᠡᠷᠡᠭ᠌ᠯᠡᠵᠦ᠍ ᠰᠤᠷᠤᠭ᠍ᠰᠠᠨ᠎ᠠᠴᠠ ᠳᠤᠮᠳᠠᠳᠤ ᠣᠷᠣᠨ᠎ᠳᠤ 《ᠬᠦᠷᠮ᠎ᠡ ᠬᠡᠲᠦᠷᠴᠦ᠍ ᠦᠮᠦᠳᠦ ᠡᠮᠦᠰᠭᠦ》᠂ ᠬᠤ᠌᠎ᠶ᠋ᠢᠨ ᠬᠦᠷᠮ᠎ᠡ ᠬᠤ᠌᠎ᠶ᠋ᠢᠨ ᠮᠠᠯᠠᠭᠠᠢ ᠳᠡᠯᠭᠡᠷᠡᠭ᠌ᠰᠡᠨ ᠵᠢᠴᠢ ᠦᠨᠦᠳᠦᠷ᠎ᠤᠨ ᠭᠠᠵᠠᠷ ᠪᠤᠯᠭᠠᠨ᠎ᠳᠤ ᠬᠠᠷᠠᠭ᠍ᠳᠠᠬᠤ ᠠᠷᠰᠯᠠᠨ ᠪᠦᠵᠢᠭ᠂ ᠬᠤᠭᠤᠷ᠂ ᠮᠠᠨᠵᠦ᠍ ᠳᠡᠪᠡᠯ ᠵᠡᠷᠭᠡ ᠬᠦᠷᠲᠡᠯ᠎ᠡ ᠦᠨᠳᠦᠰᠦᠲᠡᠨ᠎ᠨᠦᠭᠦᠳ᠎ᠤᠨ ᠰᠤᠶᠤᠯ᠎ᠤᠨ ᠬᠠᠷᠢᠯᠴᠠᠨ ᠲᠤᠯᠢᠳᠠᠯ ᠠᠭᠤᠰᠤᠯᠴᠠᠯ ᠨᠡᠪᠲᠡᠷᠡᠯᠴᠡᠯ᠎ᠢ ᠢᠯᠡᠷᠡᠭᠦᠯᠦᠭ᠌ᠰᠡᠨ ᠪᠠᠢᠨ᠎ᠠ᠃ ᠦᠨᠳᠦᠰᠦᠲᠡᠨ᠎ᠨᠦᠭᠦᠳ ᠬᠠᠷᠢᠯᠴᠠᠨ ᠰᠤᠷᠤᠯᠴᠠᠵᠤ᠂ ᠬᠠᠷᠢᠯᠴᠠᠨ ᠲᠤᠯᠢᠳᠠᠵᠤ᠂ ᠬᠡᠨ ᠠᠯᠢᠨ᠎ᠠᠴᠠ᠎ᠪᠠᠨ ᠰᠠᠯᠵᠤ ᠴᠢᠳᠠᠬᠤ ᠦᠭᠡᠢ ᠪᠤᠯᠵᠤ᠂ ᠨᠡᠢᠲᠡᠯᠢᠭ ᠴᠢᠨᠠᠷ ᠶᠠᠪᠤᠬᠤ ᠲᠤᠳᠤᠮ ᠣᠯᠠᠱᠢᠷᠠᠵᠤ᠂ ᠵᠥᠷᠢᠶᠡᠲᠦ ᠴᠢᠨᠠᠷ ᠶᠠᠪᠤᠬᠤ ᠲᠤᠳᠤᠮ ᠪᠠᠭᠠᠰᠴᠤ᠌ ᠪᠠᠢᠨ᠎ᠠ᠃

ᠣᠯᠠᠨ᠎ᠤ ᠮᠡᠳᠡᠭᠡᠵᠢ᠎ᠪᠠᠷ᠂ 《ᠮᠣᠩᠭᠤᠯ᠎ᠤᠨ ᠨᠢᠭᠤᠴᠠ ᠲᠣᠪᠴᠢᠶᠠᠨ》 ᠪᠣᠯ ᠮᠣᠩᠭᠤᠯ ᠦᠨᠳᠦᠰᠦᠲᠡᠨ᠎ᠤ ᠣᠲᠣ ᠬᠠᠳᠠᠭᠠᠯᠠᠭ᠍ᠳᠠᠵᠤ ᠪᠠᠢᠭ᠎ᠠ ᠬᠠᠮᠤᠭ ᠡᠷᠲᠡᠨ᠎ᠤ ᠲᠡᠦᠬᠡ ᠤᠳᠭ᠎ᠠ ᠵᠣᠬᠢᠶᠠᠯ᠎ᠤᠨ ᠰᠤᠳᠤᠷ ᠪᠢᠴᠢᠭ ᠪᠣᠯᠤᠨ᠎ᠠ᠂ ᠲᠡᠭᠦᠨ᠎ᠤ ᠠᠩᠬᠠᠨ᠎ᠤ ᠮᠣᠩᠭᠤᠯ ᠥᠰᠥᠭ᠎ᠤᠨ ᠣᠭ ᠵᠣᠬᠢᠶᠠᠯ᠎ᠨᠢ ᠠᠯᠢ ᠡᠷᠲᠡ ᠭᠡᠭᠡᠭ᠌ᠳᠡᠵᠤ᠂ ᠣᠲᠣ ᠮᠠᠨ᠎ᠤ ᠤᠩᠱᠢᠵᠤ ᠪᠠ ᠵᠢᠭ᠎ᠠ᠎ᠨᠢ ᠬᠢᠲᠠᠳ ᠥᠰᠥᠭ᠎ᠤᠨ ᠠᠪᠢᠶ᠎ᠠ᠎ᠪᠠᠷ ᠠᠪᠢᠶᠠᠴᠢᠯᠠᠨ ᠪᠢᠴᠢᠭ᠌ᠰᠡᠨ ᠮᠣᠩᠭᠤᠯ ᠬᠡᠯᠡᠨ᠎ᠤ ᠳᠡᠪᠲᠡᠷ ᠪᠤᠯᠤᠨ᠎ᠠ᠂ 《ᠮᠣᠩᠭᠤᠯ᠎ᠤᠨ ᠨᠢᠭᠤᠴᠠ ᠲᠣᠪᠴᠢᠶᠠᠨ》 ᠪᠣᠯ ᠮᠣᠩᠭᠤᠯ ᠬᠢᠲᠠᠳ ᠰᠣᠶᠣᠯ᠎ᠤᠨ ᠰᠣᠯᠢᠯᠴᠠᠭᠠᠨ᠎ᠤ ᠬᠤᠷᠢᠶᠠᠩᠭᠤᠢ ᠪᠤᠯᠤᠨ᠎ᠠ᠃ ᠠᠳᠠᠯᠢ ᠪᠤᠰᠤ ᠦᠨᠳᠦᠰᠦᠲᠡᠨ᠎ᠤ ᠬᠤᠭᠤᠷᠣᠨᠳᠣᠬᠢ ᠰᠣᠶᠣᠯ᠎ᠤᠨ ᠮᠦᠷᠭᠦᠯᠳᠦᠯ᠎ᠠᠴᠠ ᠦᠪᠡᠷᠮᠢᠴᠠ ᠰᠠ ᠵᠢᠬᠠᠨ ᠰᠤᠳᠤᠨ ᠵᠦᠢᠯ ᠴᠤᠯᠭᠤᠷᠠᠵᠦ᠍᠂ ᠮᠠᠩᠬᠠᠨ ᠠᠶᠠᠯᠭᠤ ᠪᠣᠯ ᠳᠠᠷᠤᠢ ᠡᠭᠦᠨ᠎ᠤ ᠲᠣᠳᠣ ᠵᠢᠱ᠌ᠢᠶ᠎ᠡ ᠪᠣᠯᠬᠤ ᠶᠤᠮ᠃ ᠡᠯ᠎ᠡ ᠦᠨᠳᠦᠰᠦᠲᠡᠨ᠎ᠤ ᠰᠣᠶᠣᠯ ᠰᠣᠯᠪᠢᠴᠠᠨ ᠭᠡᠷᠡᠯᠲᠦᠵᠦ᠍᠂ ᠳᠤᠮᠳᠠᠳᠤ᠎ᠶ᠋ᠢᠨ ᠰᠣᠶᠣᠯ ᠶᠠᠪᠤᠬᠤ ᠲᠤᠳᠤᠮ ᠱᠢᠨᠡᠳᠴᠦ᠍ ᠪᠠᠢᠨ᠎ᠠ᠃

ᠰᠣᠶᠣᠯ᠎ᠤᠨ ᠰᠣᠯᠢᠯᠴᠠᠭ᠎ᠠ ᠶᠡᠷᠦ᠎ᠠᠴᠠ ᠳᠠᠩ ᠴᠢᠭ᠌ᠯᠡᠯ᠎ᠤᠨ ᠪᠢᠰᠢ᠂ ᠶᠠᠭ ᠦᠨᠳᠦᠰᠦᠲᠡᠨ᠎ᠨᠦᠭᠦᠳ ᠰᠣᠶᠣᠯ᠎ᠤᠨ ᠲᠠᠯ᠎ᠠ᠎ᠪᠠᠷ ᠬᠠᠷᠢᠯᠴᠠᠨ ᠬᠦᠨᠳᠦᠳᠭᠡᠵᠦ᠍᠂ ᠬᠠᠷᠢᠯᠴᠠᠨ ᠪᠠᠭ᠍ᠠᠷᠬᠠᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ ᠲᠣᠯᠢᠯᠠᠭ᠍ᠰᠠᠨ᠎ᠠᠴᠠ ᠰᠠᠶᠢ ᠠᠤᠭ᠎ᠠ ᠰᠤᠳᠤᠨ ᠳᠤᠮᠳᠠᠳᠤ᠎ᠶ᠋ᠢᠨ ᠰᠣᠶᠣᠯ ᠪᠤᠢ ᠪᠣᠯᠤᠭ᠍ᠰᠠᠨ ᠶᠤᠮ᠃ ᠵᠦᠪᠬᠡᠨ ᠬᠠᠷᠢᠯᠴᠠᠨ ᠰᠣᠯᠢᠯᠴᠠᠵᠤ ᠬᠠᠷᠢᠯᠴᠠᠨ ᠲᠣᠯᠢᠯᠠᠪᠠᠯ ᠰᠠᠢ ᠨᠢᠭᠡ ᠵᠦᠢᠯ᠎ᠤᠨ ᠰᠣᠶᠣᠯ ᠠᠮᠢᠵᠢᠷᠠᠯ᠎ᠤᠨ ᠬᠦᠴᠦᠨ᠎ᠢᠶᠠᠷ ᠪᠢᠯᠬᠠᠵᠤ ᠴᠢᠳᠠᠨ᠎ᠠ᠃ ᠦᠨᠳᠦᠰᠦᠲᠡᠨ᠎ᠨᠦᠭᠦᠳ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠳᠤᠮᠳᠠ ᠳᠤᠮᠳᠠᠳᠤ᠎ᠶ᠋ᠢᠨ ᠰᠣᠶᠣᠯ᠎ᠢ ᠬᠠᠮᠲᠤ᠎ᠪᠠᠷ ᠡᠭᠦᠳᠦᠨ ᠪᠦᠲᠦᠭᠡᠵᠦ᠍᠂ ᠳᠤᠮᠳᠠᠳᠤ᠎ᠶ᠋ᠢᠨ ᠪᠣᠯᠪᠠᠰᠤᠨ ᠡᠭᠦᠨ᠎ᠠᠴᠠ ᠪᠣᠯᠵᠤ ᠥᠨᠢ ᠤᠳᠠᠭᠠᠨ ᠪᠠᠭᠤᠷᠠᠰᠢ ᠦᠭᠡᠢ ᠬᠥᠭ᠌ᠵᠢᠨ ᠪᠤᠵᠠᠭᠠᠢᠷᠠᠬᠤ ᠶᠤᠮ᠃

ᠰᠣᠶᠣᠯ᠎ᠤᠨ ᠬᠠᠮᠲᠤ᠎ᠶ᠋ᠢᠨ ᠲᠠᠨᠢᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠤ ᠨᠢᠭ᠍ᠲᠠᠷᠠᠯ᠎ᠤᠨ ᠬᠦᠴᠦᠨ᠎ᠢ ᠴᠢᠩᠭᠠᠳᠭᠠᠶ᠎ᠠ

ᠬᠠᠮᠲᠤ᠎ᠶ᠋ᠢᠨ ᠲᠠᠨᠢᠯᠲᠠ ᠪᠣᠯ ᠪᠦᠯᠬᠦᠮᠳᠡᠯ᠎ᠤᠨ ᠰᠠᠭᠤᠷᠢ ᠮᠥᠨ᠂ ᠬᠠᠮᠲᠤ᠎ᠶ᠋ᠢᠨ ᠲᠠᠨᠢᠯᠲᠠ ᠦᠭᠡᠢ ᠪᠣᠯ ᠪᠦᠯᠬᠦᠮᠳᠡᠯ ᠵᠦᠪᠬᠡᠨ ᠦᠨᠳᠦᠰᠦ ᠦᠭᠡᠢ ᠮᠣᠳᠣ ᠠᠳᠠᠯᠢ᠃ ᠳᠤᠮᠳᠠᠳᠤ᠎ᠶ᠋ᠢᠨ ᠦᠨᠳᠦᠰᠦᠲᠡᠨ᠎ᠤ ᠶᠡᠭᠡ ᠪᠦᠯᠬᠦᠮᠳᠡᠯ᠎ᠢ ᠴᠢᠩᠭᠠᠳᠭᠠᠬᠤ᠎ᠶ᠋ᠢᠨ ᠠᠯᠤᠰ ᠬᠡᠳᠦ᠎ᠶ᠋ᠢᠨ ᠪᠠ ᠦᠨᠳᠦᠰᠦᠨ ᠵᠦᠢᠯ ᠪᠣᠯ ᠰᠣᠶᠣᠯ᠎ᠤᠨ ᠬᠠᠮᠲᠤ᠎ᠶ᠋ᠢᠨ ᠲᠠᠨᠢᠯᠲᠠ᠎ᠶ᠋ᠢ ᠴᠢᠩᠭᠠᠳᠭᠠᠬᠤ ᠶᠠᠪᠤᠳᠠᠯ ᠪᠣᠯᠤᠨ᠎ᠠ᠂ ᠰᠣᠶᠣᠯ᠎ᠤᠨ ᠬᠠᠮᠲᠤ᠎ᠶ᠋ᠢᠨ ᠲᠠᠨᠢᠯᠲᠠ ᠪᠣᠯ ᠬᠠᠮᠤᠭ᠎ᠤᠨ ᠭᠦᠨ ᠳᠠᠪᠬᠤᠷᠭ᠎ᠠ᠎ᠶ᠋ᠢᠨ ᠬᠠᠮᠲᠤ᠎ᠶ᠋ᠢᠨ ᠲᠠᠨᠢᠯᠲᠠ ᠮᠥᠨ᠃ ᠰᠣᠶᠣᠯ᠎ᠤᠨ ᠬᠠᠮᠲᠤ᠎ᠶ᠋ᠢᠨ ᠲᠠᠨᠢᠯᠲᠠ᠎ᠶ᠋ᠢᠨ ᠠᠰᠠᠭᠤᠳᠠᠯ᠎ᠢ ᠱᠢᠢᠳᠪᠦᠷᠢᠯᠡᠴᠢᠬᠡᠪᠡᠯ ᠠᠭᠤᠤ ᠶᠡᠭᠡ ᠡᠬᠡ ᠤᠯᠤᠰ᠂ ᠳᠤᠮᠳᠠᠳᠤ᠎ᠶ᠋ᠢᠨ ᠦᠨᠳᠦᠰᠦᠲᠡᠨ᠂ ᠳᠤᠮᠳᠠᠳᠤ᠎ᠶ᠋ᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠲᠤᠬᠠᠢ ᠬᠠᠮᠲᠤ᠎ᠶ᠋ᠢᠨ ᠲᠠᠨᠢᠯᠲᠠ ᠰᠠᠶᠢ ᠪᠠᠬᠢᠵᠢᠵᠦ᠍ ᠴᠢᠳᠠᠨ᠎ᠠ᠃ ᠭᠠᠭ᠍ᠴᠠ ᠬᠦ᠌ ᠰᠣᠶᠣᠯ᠎ᠤᠨ ᠬᠠᠮᠲᠤ᠎ᠶ᠋ᠢᠨ ᠲᠠᠨᠢᠯᠲᠠ᠎ᠲᠠᠢ ᠪᠤᠯᠪᠠᠯ ᠰᠠᠶᠢ ᠰᠡᠳᠭᠢᠯ ᠨᠢᠭᠡᠳᠴᠤ᠌᠂ ᠳᠤᠮᠳᠠᠳᠤ᠎ᠶ᠋ᠢᠨ ᠦᠨᠳᠦᠰᠦᠲᠡᠨ᠎ᠤ ᠨᠢᠭ᠍ᠲᠠᠷᠠᠯ᠎ᠤᠨ ᠬᠦᠴᠦᠨ᠎ᠢ ᠴᠢᠩᠭᠠᠳᠭᠠᠵᠤ ᠴᠢᠳᠠᠨ᠎ᠠ; ᠭᠠᠭ᠍ᠴᠠ ᠬᠦ᠌ ᠳᠤᠮᠳᠠᠳᠤ᠎ᠶ᠋ᠢᠨ ᠰᠣᠶᠣᠯ᠎ᠤᠨ ᠦᠨᠳᠦᠰᠦ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠰᠡᠳᠭᠢᠯ᠎ᠳᠤ ᠭᠦᠨ ᠦᠨᠳᠦᠰᠦᠯᠡᠵᠦ᠍ ᠴᠢᠳᠠᠪᠠᠯ ᠦᠨᠳᠦᠰᠦᠲᠡᠨ᠎ᠨᠦᠭᠦᠳ᠎ᠤᠨ ᠰᠣᠶᠣᠯ ᠰᠠᠶᠢ ᠡᠯᠪᠡᠭ ᠱᠢᠮ᠎ᠡ᠎ᠶ᠋ᠢ ᠱᠢᠩᠭᠡᠭᠡᠡ ᠦᠷᠭᠦᠯᠵᠢᠯᠡᠨ ᠬᠥᠭ᠌ᠵᠢᠵᠦ᠍ ᠴᠢᠳᠠᠨ᠎ᠠ᠃

ᠪᠢᠳᠡ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠳᠤᠮᠳᠠᠳᠤ᠎ᠶ᠋ᠢᠨ ᠰᠣᠶᠣᠯ᠎ᠤᠨ ᠬᠠᠮᠲᠤ᠎ᠶ᠋ᠢᠨ ᠲᠠᠨᠢᠯᠲᠠ᠎ᠶ᠋ᠢ ᠴᠢᠩᠭᠠᠳᠭᠠᠵᠤ᠂ ᠱᠢᠨ᠎ᠡ ᠴᠠᠭ ᠦᠶ᠎ᠡ᠎ᠳᠤ ᠳᠤᠮᠳᠠᠳᠤ᠎ᠶ᠋ᠢᠨ ᠰᠣᠶᠣᠯ᠎ᠤᠨ ᠤᠳᠤᠮᠱᠢᠯ᠎ᠢ ᠤᠯᠠᠮᠵᠢᠯᠠᠵᠤ᠂ ᠳᠤᠮᠳᠠᠳᠤ᠎ᠶ᠋ᠢᠨ ᠰᠣᠶᠣᠯ᠎ᠤᠨ ᠠᠮᠢᠨ ᠰᠤᠳᠠᠰᠤ᠎ᠶ᠋ᠢ ᠤᠮᠳᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠣᠶᠣᠯ᠎ᠤᠨ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ᠃ ᠦᠨᠳᠦᠰᠦᠲᠡᠨ᠎ᠨᠦᠭᠦᠳ᠎ᠤᠨ ᠰᠡᠳᠭᠢᠯ᠎ᠢ ᠨᠢᠭ᠍ᠲᠠᠷᠠᠭᠤᠯᠵᠤ᠂ ᠤᠶᠤᠨ ᠰᠠᠨᠠᠭᠠᠨ᠎ᠤ ᠲᠠᠯ᠎ᠠ᠎ᠪᠠᠷ ᠬᠠᠷᠢᠯᠴᠠᠨ ᠲᠦᠱᠢᠯᠴᠡᠵᠦ᠍᠂ ᠦᠨᠳᠦᠰᠦᠲᠡᠨ᠎ᠨᠦᠭᠦᠳ᠎ᠤᠨ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌᠎ᠶ᠋ᠢ ᠠᠬᠢᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠤ ᠪᠠᠭ᠍ᠲᠠᠭᠠᠮᠵᠢᠲᠤ ᠴᠢᠨᠠᠷ᠎ᠢᠶᠠᠷ ᠨᠡᠩ ᠴᠢᠩᠭ᠎ᠠ᠂ ᠨᠢᠭ᠍ᠲᠠᠷᠠᠯ᠎ᠤᠨ ᠬᠦᠴᠦᠨ᠎ᠢᠶᠠᠷ ᠨᠡᠩ ᠶᠡᠭᠡ ᠬᠤᠪᠢ ᠵᠠᠶᠠᠭᠠᠨ᠎ᠤ ᠬᠠᠮᠲᠤ ᠴᠣᠭ᠍ᠴᠠ᠎ᠶ᠋ᠢ ᠪᠠ ᠵᠢᠭᠤᠯᠬᠤ᠎ᠶ᠋ᠢ ᠠᠬᠢᠭᠤᠯᠬᠤ ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ ᠨᠢᠭᠡ ᠭᠡᠷ᠎ᠤᠨ ᠬᠥᠮᠦᠨ ᠮᠡᠲᠦ ᠳᠣᠲᠣᠨᠣ ᠪᠦᠯᠭᠦᠮᠳᠡᠨ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠎ᠶ᠋ᠢ ᠬᠠᠮᠲᠤ᠎ᠪᠠᠷ ᠲᠡᠷᠭᠡᠯᠱᠢᠭᠦᠯᠦᠨ᠎ᠡ᠃ ᠨᠡᠢᠭᠡᠮ ᠵᠢᠷᠤᠮᠳᠦ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠤ ᠦᠨᠳᠦᠰᠦᠲᠡᠨ᠎ᠨᠦᠭᠦᠳ ᠭᠠᠷ ᠭᠠᠷ᠎ᠢᠶᠠᠨ ᠬᠤᠯᠪᠣᠨ ᠮᠥᠷᠥ᠍ ᠵᠡᠷᠭᠡᠴᠡᠨ ᠬᠠᠮᠲᠤ᠎ᠪᠠᠷ ᠴᠢᠷᠮᠠᠢᠨ ᠲᠡᠮᠡᠴᠡᠬᠦ᠌᠎ᠶ᠋ᠢ ᠱᠠᠭᠠᠷᠳᠠᠨ᠎ᠠ᠃

ᠨᠡᠢᠭᠡᠮ ᠵᠢᠷᠤᠮ᠎ᠤᠨ ᠭᠤᠣᠯᠯᠠᠭ᠍ᠴᠢ ᠦᠷᠳᠡᠭ᠎ᠤᠨ ᠦᠵᠡᠯᠲᠡ᠎ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠂ ᠬᠤᠪᠢᠰᠭᠠᠯᠲᠤ ᠰᠣᠶᠣᠯ ᠪᠣᠯᠤᠨ ᠨᠡᠢᠭᠡᠮ ᠵᠢᠷᠤᠮ᠎ᠤᠨ ᠲᠡᠷᠢᠭᠦᠨ᠎ᠤ ᠰᠣᠶᠣᠯ᠎ᠤᠨ ᠬᠥᠮᠦᠵᠢᠯ᠎ᠢ ᠴᠢᠩᠭᠠᠳᠭᠠᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠦᠳᠤᠯᠤᠨ ᠵᠢᠯᠣᠭᠤᠳᠴᠤ᠌ ᠵᠥᠪ ᠡᠬᠡ ᠤᠷᠤᠨᠴᠢ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠱᠢᠨ᠎ᠤ ᠦᠵᠡᠯᠲᠡ᠎ᠶ᠋ᠢ ᠪᠠᠲᠤ ᠪᠤᠢ ᠪᠣᠯᠭᠠᠬᠤ᠎ᠨᠢ ᠦᠨᠳᠦᠰᠦᠲᠡᠨ᠎ᠨᠦᠭᠦᠳ᠎ᠤᠨ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠲᠦᠢᠯ᠎ᠤᠨ ᠴᠢᠬᠤᠯᠠ ᠶᠤᠮ᠃

ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠳᠤᠮᠳᠠᠳᠤ᠎ᠶ᠋ᠢᠨ ᠰᠣᠶᠣᠯ᠎ᠤᠨ ᠬᠠᠮᠲᠤ᠎ᠶ᠋ᠢᠨ ᠲᠠᠨᠢᠯᠲᠠ᠎ᠶ᠋ᠢ ᠨᠡᠮᠡᠭ᠌ᠳᠡᠭᠦᠯᠬᠦ᠌᠎ᠳᠤ᠂ ᠪᠢᠳᠡ ᠳᠤᠮᠳᠠᠳᠤ᠎ᠶ᠋ᠢᠨ ᠰᠣᠶᠣᠯ᠎ᠤᠨ ᠥᠪᠡᠷᠮᠢᠴᠡ ᠷᠢᠳᠢ ᠱᠢᠳᠢ ᠪᠠ ᠱᠢᠯᠢᠳᠡᠭ ᠣᠨᠴᠠᠯᠢᠭ᠎ᠢ ᠭᠦᠨᠵᠡᠭᠡᠢ ᠠᠭᠤᠳᠠᠯᠵᠤ᠂ ᠰᠣᠶᠣᠯ᠎ᠢᠶᠠᠷ ᠬᠥᠮᠦᠨ᠎ᠢ ᠤᠬᠠᠭᠠᠷᠠᠭᠤᠯᠵᠤ᠂ ᠰᠣᠶᠣᠯ᠎ᠢᠶᠠᠷ ᠬᠥᠮᠦᠨ᠎ᠢ ᠬᠥᠮᠦᠵᠢᠭᠦᠯᠵᠦ᠍᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠳᠤ ᠰᠣᠶᠣᠯ᠎ᠤᠨ ᠬᠥᠭ᠌ᠵᠢᠯᠲᠡ᠎ᠶ᠋ᠢᠨ ᠦᠷ᠎ᠡ ᠪᠦᠲᠦᠮᠵᠢ᠎ᠶ᠋ᠢ ᠨᠡᠩ ᠰᠠ᠊ ᠎ᠶ᠋ᠢᠨ ᠡᠳ᠋ᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌ ᠴᠠᠭ ᠦᠶ᠎ᠡ᠎ᠶ᠋ᠢᠨ ᠬᠠᠮᠤᠭ᠎ᠤᠨ ᠬᠦᠴᠦᠷᠬᠡᠭ ᠳᠠᠭᠤᠨ᠎ᠢ ᠴᠢᠪᠬᠠᠳᠠᠬᠤ ᠬᠡᠷᠡᠭ᠌ᠲᠡᠢ᠃

(ᠵᠤᠬᠢᠶᠠᠬ᠍ᠴᠢ᠎ᠶ᠋ᠢᠨ ᠪᠠ ᠵᠢᠭᠤᠯᠭ᠎ᠠ᠄ ᠥᠪᠦᠷ ᠮᠤᠩᠭᠤᠯ᠎ᠤᠨ ᠨᠠᠮ᠎ᠤᠨ ᠰᠤᠷᠭᠠᠭᠤᠯᠢ᠂ ᠥᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠳᠤᠮᠳᠠᠳᠤ ᠤᠯᠤᠰ᠎ᠤᠨ ᠤᠨᠴᠠᠯᠢᠬ᠎ᠲᠠᠢ ᠨᠡ ᠵᠢᠭᠡᠮ ᠵᠢᠷᠤᠮ᠎ᠤᠨ ᠤᠨᠤᠯ᠎ᠤᠨ ᠱᠢᠰᠲ᠋ᠧᠮ᠎ᠤᠨ ᠰᠤᠳᠤᠯᠭᠠᠨ᠎ᠤ ᠲᠦᠪ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号