ᠭᠤᠣᠯ ᠰᠠᠨᠠᠭᠤᠯᠤᠮᠵᠢ
● ᠤᠯᠤᠰ᠎ᠤᠨ ᠳᠣᠲᠣᠭᠠᠳᠤ᠎ᠶ᠋ᠢᠨ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠡᠭᠦᠳᠦᠯᠲᠡ ᠪᠣᠯᠤᠭ᠍ᠰᠠᠨ᠎ᠤ ᠬᠤᠪᠢ᠎ᠳᠤ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠨᠢ ᠨᠠᠮ ᠪᠠ ᠤᠯᠤᠰ᠎ᠤᠨ ᠪᠦᠬᠦ᠌ ᠲᠠᠯ᠎ᠠ᠎ᠶ᠋ᠢᠨ ᠠᠵᠢᠯ᠎ᠤᠨ ᠤᠷᠤᠭ᠍ᠰᠢᠲᠠᠢ ᠬᠥᠭ᠌ᠵᠢᠬᠦ᠌᠎ᠶ᠋ᠢ ᠠᠬᠢᠭᠤᠯᠬᠤ ᠴᠢᠬᠤᠯᠠ ᠪᠠᠲᠤᠯᠠᠭ᠎ᠠ ᠪᠣᠯᠤᠭ᠍ᠰᠠᠨ ᠪᠠᠢᠨ᠎ᠠ
● ᠳᠤᠮᠳᠠᠳᠤ ᠤᠯᠤᠰ᠎ᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠ ᠵᠢᠭᠤᠯᠤᠯ ᠪᠣᠯ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ ᠬᠢᠭᠡᠳ ᠳᠤᠮᠳᠠᠳᠤ ᠤᠯᠤᠰ᠎ᠤᠨ ᠦᠨᠳᠦᠰᠦᠲᠡᠨ᠎ᠤ ᠬᠠᠷᠢᠴᠠᠭᠠᠨ᠎ᠤ ᠲᠡᠦᠬᠡᠨ ᠣᠨᠴᠠᠯᠢᠭ᠎ᠲᠠᠢ ᠬᠠᠷᠢᠯᠴᠠᠨ ᠤᠶᠠᠯᠳᠤᠭ᠍ᠰᠠᠨ ᠪᠦᠲᠦᠭᠡᠭ᠌ᠳᠡᠬᠦᠨ ᠮᠥᠨ᠂ ᠳᠤᠮᠳᠠᠳᠤ ᠤᠯᠤᠰ᠎ᠤᠨ ᠦᠨᠳᠦᠰᠦᠲᠡᠨ᠎ᠤ ᠬᠠᠷᠢᠴᠠᠭᠠᠨ᠎ᠤ ᠲᠡᠦᠬᠡᠨ ᠬᠥᠭ᠌ᠵᠢᠯᠲᠡ᠎ᠶ᠋ᠢᠨ ᠵᠠᠢᠯᠠᠰᠢ ᠦᠭᠡᠢ ᠰᠣᠩᠭᠤᠯᠲᠠ ᠮᠥᠨ
● ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠨᠢᠭᠡᠳᠦᠯ ᠪᠠ ᠥᠪᠡᠷᠲᠡᠭᠡᠨ ᠵᠠᠰᠠᠬᠤ᠎ᠶ᠋ᠢ ᠤᠶᠠᠯᠳᠤᠭᠤᠯᠬᠤ᠂ ᠦᠨᠳᠦᠰᠦᠲᠡᠨ᠎ᠤ ᠬᠦᠴᠦᠨ ᠵᠦᠢᠯ ᠪᠠ ᠣᠷᠣᠨ ᠪᠦᠰᠡ᠎ᠶ᠋ᠢᠨ ᠬᠦᠴᠦᠨ ᠵᠦᠢᠯ᠎ᠢ ᠤᠶᠠᠯᠳᠤᠭᠤᠯᠬᠤ᠎ᠶ᠋ᠢ ᠪᠡᠶᠡᠯᠡᠭᠦᠯᠦᠨ᠎ᠡ
● ᠵᠦᠪᠬᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠡᠷᠡᠰ ᠭᠤᠢᠪᠢᠰᠢ ᠦᠭᠡᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠵᠠᠮ᠎ᠢᠶᠠᠷ ᠵᠠᠮᠨᠠᠬᠤ᠎ᠶ᠋ᠢ ᠪᠠᠷᠢᠮᠲᠠᠯᠠᠵᠤ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠪᠠᠯ ᠥᠪᠥᠷ ᠮᠣᠩᠭᠤᠯ ᠭᠡᠷᠡᠯ ᠰᠠᠴᠤᠷᠠᠩᠭᠤᠢ ᠥᠨᠥᠳᠦᠷ ᠪᠠ ᠨᠡᠩ ᠰᠠ᠊ ᠶ᠋ᠢᠨ ᠰᠠᠢᠬᠠᠨ ᠢᠷᠡᠭᠡᠳᠦᠢ᠎ᠲᠠᠢ ᠪᠤᠯᠵᠤ ᠴᠢᠳᠠᠨ᠎ᠠ
ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠ ᠵᠢᠭᠤᠯᠤᠯ ᠪᠣᠯ ᠨᠠᠮ᠎ᠤᠨ ᠦᠨᠳᠦᠰᠦᠲᠡᠨ᠎ᠤ ᠲᠦᠷᠦ᠎ᠶ᠋ᠢᠨ ᠪᠤᠳᠤᠯᠭ᠎ᠠ᠎ᠶ᠋ᠢᠨ ᠡᠬᠢ ᠡᠭᠦᠰᠦᠯ ᠮᠥᠨ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠬᠡᠷᠡᠭ᠌ᠵᠢᠭᠦᠯᠬᠦ᠌᠎ᠶ᠋ᠢᠨ ᠤᠭ ᠰᠠᠨᠠᠭ᠎ᠠ᠂ ᠪᠠᠷᠢᠮᠲᠠᠯᠠᠬᠤ ᠦᠨᠳᠦᠰᠦᠯᠡᠯ᠂ ᠲᠡᠭᠦᠯᠳᠡᠷᠵᠢᠭᠦᠯᠬᠦ᠌ ᠬᠠᠷᠠᠯᠲᠠ ᠪᠣᠯ ᠳᠠᠷᠤᠢ ᠤᠯᠤᠰ ᠣᠷᠣᠨ᠎ᠤ ᠨᠢᠭᠡᠳᠦᠯ᠂ ᠦᠨᠳᠦᠰᠦᠲᠡᠨ᠎ᠤ ᠪᠦᠯᠬᠦᠮᠳᠡᠯ᠎ᠢ ᠬᠠᠮᠠᠭᠠᠯᠠᠬᠤ᠎ᠳᠤ ᠣᠷᠣᠱᠢᠨ᠎ᠠ᠃ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ ᠪᠣᠯ ᠮᠠᠨ᠎ᠤ ᠤᠯᠤᠰ᠎ᠤᠨ ᠦᠨᠳᠦᠰᠦᠨ ᠤᠯᠤᠰ ᠲᠦᠷᠦ᠎ᠶ᠋ᠢᠨ ᠪᠠᠢᠭᠤᠯᠤᠯ ᠮᠥᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠤᠨ ᠴᠢᠬᠤᠯᠠ ᠠᠭᠤᠯᠭ᠎ᠠ ᠪᠠ ᠲᠦᠷᠢᠮ᠎ᠤᠨ ᠪᠠᠲᠤᠯᠠᠭ᠎ᠠ ᠮᠥᠨ᠃ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠨᠢ ᠮᠠᠨ᠎ᠤ ᠤᠯᠤᠰ᠎ᠤᠨ ᠤᠯᠤᠰ᠎ᠤᠨ ᠪᠠᠢᠳᠠᠯ᠎ᠲᠠᠢ ᠨᠡᠢᠴᠡᠵᠦ᠍᠂ ᠤᠯᠤᠰ ᠣᠷᠣᠨ᠎ᠤ ᠨᠢᠭᠡᠳᠦᠯ᠂ ᠨᠤᠲᠤᠭ ᠳᠡᠪᠢᠰᠭᠡᠷ᠎ᠤᠨ ᠪᠦᠷᠢᠨ ᠪᠦᠲᠦᠨ ᠪᠠᠢᠬᠤ᠎ᠶ᠋ᠢ ᠬᠠᠮᠠᠭᠠᠯᠠᠬᠤ᠂ ᠦᠨᠳᠦᠰᠦᠲᠡᠨ᠎ᠤ ᠡᠷᠬᠡ ᠲᠡᠭ᠌ᠰᠢ ᠪᠦᠯᠬᠦᠮᠳᠡᠯ᠎ᠢ ᠬᠠᠮᠠᠭᠠᠯᠠᠬᠤ᠂ ᠦᠨᠳᠦᠰᠦᠲᠡᠨ᠎ᠤ ᠣᠷᠣᠨ᠎ᠤ ᠬᠥᠭ᠌ᠵᠢᠯᠲᠡ᠎ᠶ᠋ᠢ ᠠᠬᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠤ ᠨᠢᠭ᠍ᠲᠠᠷᠠᠯ᠎ᠤᠨ ᠬᠦᠴᠦᠨ᠎ᠢ ᠴᠢᠩᠭᠠᠳᠭᠠᠬᠤ ᠵᠡᠷᠭᠡ ᠲᠠᠯ᠎ᠠ᠎ᠪᠠᠷ ᠴᠥᠮ ᠴᠢᠬᠤᠯᠠ ᠦᠢᠯᠡᠳᠦᠯ ᠦᠵᠡᠭᠦᠯᠦᠭ᠌ᠰᠡᠨ᠎ᠢ ᠦᠢᠯᠡᠳᠦᠯᠭᠡ ᠭᠡᠷᠡᠴᠢᠯᠡᠵᠡᠢ᠃
ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠ ᠵᠢᠭᠤᠯᠤᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠯᠤᠰ᠎ᠤᠨ ᠳᠣᠲᠣᠭᠠᠳᠤ᠎ᠶ᠋ᠢᠨ ᠦᠨᠳᠦᠰᠦᠲᠡᠨ᠎ᠤ ᠠᠰᠠᠭᠤᠳᠠᠯ᠎ᠢ ᠱᠢᠶ᠋ᠳᠪᠦᠷᠢᠯᠡᠭ᠌ᠰᠡᠨ ᠡᠭᠦᠳᠦᠯᠲᠡ ᠮᠥᠨ
ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ᠎ᠤ ᠳᠠᠷᠠᠭ᠎ᠠ ᠦᠨᠳᠦᠰᠦᠲᠡᠨ᠎ᠤ ᠠᠰᠠᠭᠤᠳᠠᠯ᠎ᠢ ᠮᠠᠰᠢ ᠴᠢᠬᠤᠯᠠᠴᠢᠯᠠᠨ᠂ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠵᠠᠮ᠎ᠢ ᠬᠠᠯᠠᠱᠢᠷᠠᠯ ᠦᠭᠡᠢ ᠡᠷᠢᠯᠬᠢᠯᠡᠭ᠌ᠰᠡᠭᠡᠷ ᠢᠷᠡᠵᠡᠢ᠃ ᠬᠠᠢᠨ ᠰᠦᠪᠡᠭ᠌ᠴᠢᠯᠡᠬᠦ᠂ ᠲᠣᠭ᠍ᠲᠠᠭᠠᠬᠤ᠂ ᠳᠠᠬᠢᠨ ᠬᠠᠢᠨ ᠰᠦᠪᠡᠭ᠌ᠴᠢᠯᠡᠬᠦ᠂ ᠳᠠᠬᠢᠨ ᠲᠣᠭ᠍ᠲᠠᠭᠠᠬᠤ ᠶᠠᠪᠤᠴᠠ᠎ᠶ᠋ᠢ ᠥᠩᠭᠡᠷᠡᠭᠡᠭᠡᠳ᠂ ᠳᠤᠮᠳᠠᠳᠤ ᠤᠯᠤᠰ᠎ᠤᠨ ᠡᠪ ᠬᠠᠮᠲᠤ ᠨᠠᠮ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠢ ᠳᠤᠮᠳᠠᠳᠤ ᠤᠯᠤᠰ᠎ᠤᠨ ᠦᠨᠳᠦᠰᠦᠲᠡᠨ᠎ᠤ ᠠᠰᠠᠭᠤᠳᠠᠯ᠎ᠤᠨ ᠪᠣᠳᠠᠲᠤ ᠪᠠᠢᠳᠠᠯ᠎ᠲᠠᠢ ᠪᠦᠲᠦᠭᠡᠯᠴᠢ᠎ᠪᠠᠷ ᠤᠶᠠᠯᠳᠤᠭᠤᠯᠵᠤ᠂ ᠨᠠᠮ᠎ᠤᠨ ᠦᠨᠳᠦᠰᠦᠲᠡᠨ᠎ᠤ ᠣᠨᠣᠯ ᠪᠠ ᠦᠨᠳᠦᠰᠦᠲᠡᠨ᠎ᠤ ᠲᠥᠷᠥ᠎ᠶ᠋ᠢᠨ ᠪᠣᠳᠣᠯᠭ᠎ᠠ᠎ᠶ᠋ᠢ ᠲᠣᠭ᠍ᠲᠠᠭᠠᠵᠤ᠂ ᠦᠨᠳᠦᠰᠦᠲᠡᠨ᠎ᠨᠦᠭᠦᠳ ᠡᠷᠬᠡ ᠲᠡᠭ᠌ᠰᠢ ᠪᠠᠢᠬᠤ᠎ᠶ᠋ᠢ ᠤᠯᠤᠰ ᠪᠠᠢᠭᠤᠯᠬᠤ ᠦᠨᠳᠦᠰᠦᠨ ᠵᠠᠷᠴᠢᠮ᠎ᠤᠨ ᠨᠢᠭᠡ ᠪᠣᠯᠭᠠᠵᠤ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠲᠣᠭ᠍ᠲᠠᠭᠠᠭ᠍ᠰᠠᠨ ᠪᠠᠢᠨ᠎ᠠ᠃ ᠤᠯᠤᠰ᠎ᠤᠨ ᠦᠨᠳᠦᠰᠦᠨ ᠤᠯᠤᠰ ᠲᠦᠷᠦ᠎ᠶ᠋ᠢᠨ ᠪᠠᠢᠭᠤᠯᠤᠯ᠎ᠤᠨ ᠨᠢᠭᠡ ᠪᠣᠯᠤᠭ᠍ᠰᠠᠨ᠎ᠤ ᠬᠤᠪᠢ᠎ᠳᠤ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ ᠪᠣᠯ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠤᠯᠠᠨ ᠨᠠᠮ᠎ᠤᠨ ᠬᠠᠮᠲᠤᠷᠠᠨ ᠠᠵᠢᠯᠯᠠᠬᠤ ᠪᠠ ᠤᠯᠤᠰ ᠲᠦᠷᠦ᠎ᠶ᠋ᠢᠨ ᠵᠥᠪᠯᠡᠯᠭᠡ ᠬᠢᠬᠦ᠌ ᠪᠠᠢᠭᠤᠯᠤᠯ᠂ ᠦᠨᠳᠦᠰᠦᠨ ᠱᠠᠲᠤᠨ᠎ᠤ ᠤᠯᠠᠨ ᠲᠦᠮᠡᠨ᠎ᠤ ᠥᠪᠡᠷᠲᠡᠭᠡᠨ ᠵᠠᠰᠠᠬᠤ ᠪᠠᠢᠭᠤᠯᠤᠯ᠎ᠲᠠᠢ ᠵᠡᠷᠭᠡᠴᠡᠭ᠌ᠰᠡᠨ ᠨᠢᠭᠡᠨ ᠤᠯᠤᠰ ᠲᠦᠷᠦ᠎ᠶ᠋ᠢᠨ ᠪᠠᠢᠭᠤᠯᠤᠯ ᠮᠥᠨ᠃ ᠮᠠᠨ᠎ᠤ ᠨᠠᠮ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠ ᠵᠢᠭᠤᠯᠤᠯᠢ ᠬᠡᠷᠡᠭ᠌ᠵᠢᠭᠦᠯᠦᠭ᠌ᠰᠡᠨ᠎ᠨᠢ ᠤᠯᠤᠰ ᠣᠷᠣᠨ᠎ᠤ ᠪᠦᠯᠬᠦᠮᠳᠡᠯ ᠨᠢᠭᠡᠳᠦᠯ᠎ᠢ ᠪᠠᠲᠤᠯᠠᠭ᠍ᠰᠠᠨ ᠮᠥᠷᠲᠡᠭᠡᠨ ᠪᠠᠰᠠ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠷᠬᠡ ᠮᠡᠳᠡᠵᠦ᠍ ᠡᠵᠡᠨ ᠰᠠᠭᠤᠬᠤ᠎ᠶ᠋ᠢ ᠪᠡᠶᠡᠯᠡᠭᠦᠯᠪᠡ᠃ ᠮᠠᠨ᠎ᠤ ᠤᠯᠤᠰ᠎ᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠯᠠᠨ ᠦᠨᠳᠦᠰᠦᠲᠡᠨ᠎ᠲᠠᠢ ᠤᠯᠤᠰ᠎ᠤᠨ ᠤᠯᠤᠰ ᠲᠦᠷᠦ᠎ᠶ᠋ᠢᠨ ᠪᠠᠢᠭᠤᠯᠤᠯ᠎ᠤᠨ ᠠᠰᠠᠭᠤᠳᠠᠯ ᠳᠡᠭᠡᠷᠡᠬᠢ ᠨᠢᠭᠡᠨ ᠠᠭᠤᠤ ᠶᠡᠭᠡ ᠡᠭᠦᠳᠦᠯᠲᠡ ᠮᠥᠨ᠂ ᠢᠯᠡ ᠲᠣᠳᠣ ᠳᠤᠮᠳᠠᠳᠤ ᠤᠯᠤᠰ᠎ᠤᠨ ᠣᠨᠴᠠᠯᠢᠭ᠎ᠲᠠᠢ᠃ ᠨᠢᠭᠡᠳᠦᠭ᠌ᠰᠡᠨ ᠣᠯᠠᠨ ᠦᠨᠳᠦᠰᠦᠲᠡᠨ᠎ᠲᠠᠢ ᠤᠯᠤᠰ ᠪᠣᠯᠤᠭ᠍ᠰᠠᠨ᠎ᠤ ᠬᠤᠪᠢ᠎ᠳᠤ᠂ ᠦᠨᠳᠦᠰᠦᠲᠡᠨ᠎ᠤ ᠪᠦᠯᠬᠦᠮᠳᠡᠯ ᠪᠣᠯ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠮᠢᠨ ᠰᠤᠳᠠᠰᠤ ᠮᠥᠨ᠂ ᠦᠨᠳᠦᠰᠦᠲᠡᠨ᠎ᠤ ᠪᠦᠯᠬᠦᠮᠳᠡᠯ᠎ᠢ ᠴᠢᠩᠭᠠᠳᠭᠠᠬᠤ᠎ᠶ᠋ᠢᠨ ᠦᠨᠳᠦᠰᠦ᠎ᠨᠢ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌᠎ᠳᠤ ᠪᠠᠢᠨ᠎ᠠ᠃ ᠤᠯᠤᠰ᠎ᠤᠨ ᠳᠣᠲᠣᠭᠠᠳᠤ᠎ᠶ᠋ᠢᠨ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠡᠭᠦᠳᠦᠯᠲᠡ ᠪᠣᠯᠤᠭ᠍ᠰᠠᠨ᠎ᠤ ᠬᠤᠪᠢ᠎ᠳᠤ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠨᠢ ᠨᠠᠮ ᠪᠣᠯᠤᠨ ᠤᠯᠤᠰ᠎ᠤᠨ ᠪᠦᠬᠦ᠌ ᠲᠠᠯ᠎ᠠ᠎ᠶ᠋ᠢᠨ ᠠᠵᠢᠯ᠎ᠤᠨ ᠤᠷᠤᠭ᠍ᠰᠢᠲᠠᠢ ᠬᠥᠭ᠌ᠵᠢᠬᠦ᠌᠎ᠶ᠋ᠢ ᠠᠬᠢᠭᠤᠯᠬᠤ ᠴᠢᠬᠤᠯᠠ ᠪᠠᠲᠤᠯᠠᠭ᠎ᠠ ᠪᠣᠯᠤᠭ᠍ᠰᠠᠨ ᠪᠠᠢᠨ᠎ᠠ᠃ ᠱᠢᠨ᠎ᠡ ᠲᠡᠦᠬᠡᠨ ᠨᠥᠬᠦᠴᠡᠯ ᠳᠣᠣᠷ᠎ᠠ᠂ ᠦᠨᠳᠦᠰᠦᠲᠡᠨ᠎ᠨᠦᠭᠦᠳ᠎ᠤᠨ ᠶᠡᠭᠡ ᠪᠦᠯᠬᠦᠮᠳᠡᠯ᠎ᠤᠨ ᠲᠤᠭ᠎ᠢ ᠥᠨᠳᠥᠷ ᠮᠠᠨᠳᠤᠭᠤᠯᠵᠤ᠂ ᠨᠠᠮ᠎ᠤᠨ ᠦᠨᠳᠦᠰᠦᠲᠡᠨ᠎ᠤ ᠲᠦᠷᠦ᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠤᠯᠠᠮ ᠨᠢᠭᠡ ᠠᠯᠬᠤᠮ ᠪᠠᠷᠢᠮᠲᠠᠯᠠᠨ ᠲᠡᠭᠦᠯᠳᠡᠷᠵᠢᠭᠦᠯᠵᠦ᠍᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠢᠯᠠᠭᠠᠭ᠍ᠳᠠᠬᠤᠨ᠎ᠢ ᠦᠢᠯᠡᠳᠦᠯᠭᠡᠵᠢᠭᠦᠯᠦᠨ᠂ ᠡᠭᠡ ᠤᠯᠤᠰ᠎ᠤᠨ ᠤᠮᠠᠷᠠᠲᠤ᠎ᠶ᠋ᠢᠨ ᠠᠮᠤᠷ ᠲᠣᠭ᠍ᠲᠠᠭᠤᠨ᠎ᠤ ᠬᠠᠯᠬᠠᠪᠴᠢ᠎ᠶ᠋ᠢ ᠨᠡᠩ ᠪᠠᠲᠤ ᠪᠠᠬᠢ ᠪᠣᠯᠭᠠᠨ ᠪᠦᠳᠦᠭᠡᠨ ᠪᠠᠢᠭᠤᠯᠬᠤ ᠬᠡᠷᠡᠭ᠌ᠲᠡᠢ᠃
ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠ ᠵᠢᠭᠤᠯᠤᠯᠢ ᠬᠡᠷᠡᠭ᠌ᠵᠢᠭᠦᠯᠬᠦ᠌ ᠪᠣᠯ ᠮᠠᠨ᠎ᠤ ᠤᠯᠤᠰ᠎ᠤᠨ ᠨᠢᠭᠡᠳᠦᠭ᠌ᠰᠡᠨ ᠣᠯᠠᠨ ᠦᠨᠳᠦᠰᠦᠲᠡᠨ᠎ᠲᠠᠢ ᠤᠯᠤᠰ᠎ᠤᠨ ᠲᠡᠦᠬᠡᠨ ᠬᠥᠭ᠌ᠵᠢᠯᠲᠡ᠎ᠶ᠋ᠢᠨ ᠵᠠᠢᠯᠠᠰᠢ ᠦᠭᠡᠢ ᠰᠤᠩᠭᠤᠯᠲᠠ ᠮᠥᠨ
ᠳᠤᠮᠳᠠᠳᠤ᠎ᠶ᠋ᠢᠨ ᠦᠨᠳᠦᠰᠦᠲᠡᠨ ᠤᠷᠳᠤ ᠤᠳᠠᠭᠠᠨ ᠬᠥᠭ᠌ᠵᠢᠯᠲᠡ᠎ᠶ᠋ᠢᠨ ᠲᠡᠦᠬᠡᠨ ᠶᠠᠪᠤᠴᠠ᠎ᠳᠤ 《ᠤᠯᠠᠨ ᠡᠱᠢᠴᠢᠯᠡᠭ᠌ᠰᠡᠨ ᠨᠢᠭᠡ ᠴᠤᠬ᠍ᠴᠠ》 ᠶ᠋ᠢᠨ ᠶᠡᠷᠦᠩᠬᠡᠢ ᠪᠠᠢᠷᠢᠱᠢᠯ᠎ᠢ ᠪᠦᠷᠢᠯᠳᠦᠭᠦᠯᠵᠡᠢ᠃ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ ᠪᠣᠯ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠪᠠᠷ ᠴᠣᠭ᠍ᠴᠠᠯᠠᠨ ᠪᠠᠢᠭᠤᠯᠤᠭ᠍ᠰᠠᠨ ᠤᠯᠠᠨ ᠦᠨᠳᠦᠰᠦᠲᠡᠨ᠎ᠲᠠᠢ ᠨᠢᠭᠡᠳᠦᠭ᠌ᠰᠡᠨ ᠤᠯᠤᠰ ᠪᠤᠯᠤᠨ᠎ᠠ᠂ ᠳᠤᠮᠳᠠᠳᠤ᠎ᠶ᠋ᠢᠨ ᠦᠨᠳᠦᠰᠦᠲᠡᠨ᠎ᠤ ᠶᠡᠭᠡ ᠭᠡᠷ ᠪᠦᠯᠢ ᠳᠣᠲᠣᠷ᠎ᠠ ᠦᠨᠳᠦᠰᠦᠲᠡᠨ᠎ᠨᠦᠭᠦᠳ ᠵᠢᠷᠭᠠᠯ ᠵᠣᠪᠠᠯᠠᠩ᠎ᠢᠶᠠᠨ ᠬᠠᠮᠲᠤᠳᠭᠠᠵᠤ᠂ ᠢᠷᠡᠭᠤ ᠠᠯᠳᠠᠷ ᠢᠴᠢᠭᠦᠷᠢ ᠭᠤᠳᠤᠮᠱᠢᠬᠢᠶᠠᠨ ᠬᠠᠮᠲᠤᠳᠭᠠᠵᠤ᠂ ᠦᠬᠦᠵᠦ᠍ ᠰᠡᠭᠡᠬᠦ᠌᠎ᠪᠠᠨ ᠬᠠᠮᠲᠤᠳᠭᠠᠵᠤ᠂ ᠬᠤᠪᠢ ᠵᠠᠶᠠᠭ᠎ᠠ᠎ᠪᠠᠨ ᠬᠠᠮᠲᠤᠳᠭᠠᠵᠤ ᠪᠠ ᠵᠢᠨ᠎ᠠ᠂ ᠳᠤᠮᠳᠠᠳᠤ᠎ᠶ᠋ᠢᠨ ᠦᠨᠳᠦᠰᠦᠲᠡᠨ᠎ᠤ ᠪᠦᠯᠬᠦᠮᠳᠡᠯ ᠨᠢᠭᠡᠳᠦᠯ᠎ᠢ ᠬᠥᠭᠡᠭᠡᠴᠡᠯᠳᠦᠬᠦ᠌ ᠳᠣᠲᠣᠭᠠᠳᠤ ᠬᠥᠳᠡᠯᠭᠡᠬᠦ᠌ ᠬᠦᠴᠦᠨ ᠪᠣᠯ ᠡᠯ᠎ᠡ ᠦᠨᠳᠦᠰᠦᠲᠡᠨ᠎ᠤ ᠪᠦᠯᠬᠦᠮᠳᠡᠯ ᠠᠭᠤᠰᠤᠯᠴᠠᠯ᠂ ᠤᠯᠠᠨ ᠡᠱᠢᠴᠢᠯᠡᠭ᠌ᠰᠡᠨ ᠨᠢᠭᠡ ᠴᠣᠭ᠍ᠴᠠ᠎ᠶ᠋ᠢᠨ ᠡᠬᠢ ᠰᠤᠷᠪᠤᠯᠵᠢ ᠮᠥᠨ᠃ ᠤᠯᠠᠨ ᠦᠨᠳᠦᠰᠦᠲᠡᠨ᠎ᠲᠠᠢ ᠤᠯᠤᠰ᠎ᠲᠤ ᠠᠪᠴᠤ᠌ ᠬᠡᠯᠡᠪᠡᠯ᠂ ᠦᠨᠳᠦᠰᠦᠲᠡᠨ᠎ᠤ ᠠᠰᠠᠭᠤᠳᠠᠯ᠎ᠢ ᠵᠥᠪ ᠣᠨᠣᠪᠴᠢᠲᠠᠢ ᠲᠠᠨᠢᠵᠤ ᠱᠢᠢᠳᠪᠦᠷᠢᠯᠡᠵᠦ᠍ ᠴᠢᠳᠠᠬᠤ ᠡᠰᠡᠬᠦ᠌ ᠪᠣᠯ ᠮᠠᠨᠳᠤᠵᠤ ᠪᠠᠭᠤᠷᠠᠬᠤ ᠪᠠ ᠤᠷᠤᠱᠢᠵᠤ ᠮᠥᠬᠦᠬᠦ᠌ᠲᠠᠢ ᠬᠤᠯᠪᠣᠭ᠍ᠳᠠᠬᠤ ᠠᠰᠠᠭᠤᠳᠠᠯ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠤᠨ ᠤᠭ ᠶᠤᠰᠤ᠎ᠶ᠋ᠢ ᠮᠠᠨ᠎ᠤ ᠤᠯᠤᠰ᠎ᠤᠨ ᠦᠨᠳᠦᠰᠦᠲᠡᠨ᠎ᠤ ᠠᠰᠠᠭᠤᠳᠠᠯ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠢ ᠨᠡᠭᠡᠭᠡᠭ᠌ᠰᠡᠨ ᠪᠠᠢᠨ᠎ᠠ᠂ ᠡᠭᠦᠨ᠎ᠳᠤ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠬᠡᠷᠡᠭ᠌ᠵᠢᠭᠦᠯᠬᠦ᠌᠎ᠶ᠋ᠢ ᠪᠠᠭ᠍ᠲᠠᠭᠠᠨ᠎ᠠ᠃
ᠳᠤᠮᠳᠠᠳᠤ ᠤᠯᠤᠰ᠎ᠤᠨ ᠡᠪ ᠬᠠᠮᠲᠤ ᠨᠠᠮ 1921 ᠣᠨ᠎ᠳᠤ ᠪᠠᠢᠭᠤᠯᠤᠭ᠍ᠳᠠᠭ᠍ᠰᠠᠨ᠎ᠠᠴᠠ ᠨᠠᠭᠠᠰᠢ᠂ ᠳᠤᠮᠳᠠᠳᠤ ᠤᠯᠤᠰ᠎ᠤᠨ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠢ ᠢᠳᠡᠪᠬᠢᠲᠡᠢ ᠰᠦᠪᠡᠭ᠌ᠴᠢᠯᠡᠵᠦ᠍᠂ ᠵᠣᠬᠢᠬᠤ ᠬᠡᠪᠴᠢᠶᠡᠨ᠎ᠳᠤ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ᠎ᠶ᠋ᠢ ᠦᠢᠯᠡᠳᠦᠯᠭᠡᠵᠢᠭᠦᠯᠵᠦ᠍᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠱᠢᠨ᠎ᠡ ᠠᠷᠠᠳᠴᠢᠯᠠᠭ᠍ᠰᠠᠨ ᠬᠤᠪᠢᠰᠭᠠᠯ᠎ᠤᠨ ᠢᠯᠠᠯᠲᠠ᠎ᠶ᠋ᠢ ᠣᠯᠵᠠᠢ᠃ 1949 ᠣᠨ᠎ᠤ 9 ᠰᠠᠷ᠎ᠠ᠎ᠳᠤ᠂ ᠱᠢᠨ᠎ᠡ ᠳᠤᠮᠳᠠᠳᠤ ᠤᠯᠤᠰ ᠪᠠᠢᠭᠤᠯᠤᠭ᠍ᠳᠠᠬᠤ᠎ᠠᠴᠠ ᠡᠮᠦᠨᠡᠬᠡᠨ ᠬᠤᠷᠠᠯᠳᠤᠭᠤᠯᠤᠭ᠍ᠰᠠᠨ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠨᠠᠭᠤᠯᠭ᠎ᠠ᠎ᠶ᠋ᠢ ᠦᠨᠳᠦᠰᠦᠯᠡᠨ᠂ ᠡᠯ᠎ᠡ ᠦᠨᠳᠦᠰᠦᠲᠡᠨ᠂ ᠡᠯ᠎ᠡ ᠨᠠᠮ ᠪᠦᠯᠦᠭ᠎ᠤᠨ ᠲᠥᠯᠥᠭᠡᠯᠡᠭ᠌ᠴᠢᠳ ᠬᠠᠮᠲᠤ᠎ᠪᠠᠷ ᠵᠥᠪᠳᠡᠯᠴᠡᠨ ᠲᠣᠭ᠍ᠲᠠᠭᠠᠵᠤ᠂ ᠨᠢᠭᠡᠳᠦᠭ᠌ᠰᠡᠨ ᠤᠯᠠᠨ ᠦᠨᠳᠦᠰᠦᠲᠡᠨ᠎ᠲᠠᠢ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠢ ᠪᠠᠢᠭᠤᠯᠬᠤ᠎ᠶ᠋ᠢᠨ ᠬᠠᠮᠲᠤ ᠲᠤᠬᠠᠢ᠎ᠶ᠋ᠢᠨ ᠦᠶ᠎ᠡ᠎ᠶ᠋ᠢᠨ ᠲᠦᠷ ᠴᠠᠭ᠎ᠤᠨ ᠦᠨᠳᠦᠰᠦᠨ ᠬᠠᠤᠯᠢ᠎ᠶ᠋ᠢᠨ ᠱᠢᠨᠵᠢ ᠴᠢᠨᠠᠷᠲᠠᠢ 《ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠬᠤᠷᠠᠯ᠎ᠤᠨ ᠬᠠᠮᠲᠤ᠎ᠶ᠋ᠢᠨ ᠬᠥᠲᠥᠯᠪᠦᠷᠢ》 ᠶ᠋ᠢ ᠪᠠᠲᠤᠯᠠᠪᠠ᠃ ᠡᠨᠡ ᠬᠥᠲᠥᠯᠪᠦᠷᠢ᠎ᠳᠤ ᠱᠢᠨ᠎ᠡ ᠳᠤᠮᠳᠠᠳᠤ ᠤᠯᠤᠰ᠎ᠤᠨ ᠦᠨᠳᠦᠰᠦᠲᠡᠨ᠎ᠤ ᠲᠦᠷᠦ᠎ᠶ᠋ᠢᠨ ᠪᠤᠳᠤᠯᠭ᠎ᠠ᠎ᠶ᠋ᠢ ᠲᠤᠰᠭᠠᠢᠯᠠᠨ ᠲᠣᠳᠣᠷᠬᠠᠢᠯᠠᠨ ᠥᠭᠦᠯᠡᠭ᠌ᠰᠡᠨ ᠪᠥᠭᠡᠳ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ᠎ᠶ᠋ᠢ ᠤᠯᠤᠰ᠎ᠤᠨ ᠦᠨᠳᠦᠰᠦᠨ ᠲᠦᠷᠦ᠎ᠶ᠋ᠢᠨ ᠪᠤᠳᠤᠯᠭ᠎ᠠ ᠪᠣᠯᠭᠠᠨ ᠲᠣᠭ᠍ᠲᠠᠭᠠᠪᠠ᠃ ᠱᠢᠨ᠎ᠡ ᠳᠤᠮᠳᠠᠳᠤ ᠤᠯᠤᠰ ᠡᠨᠡ ᠬᠦ᠌ ᠴᠢᠬᠤᠯᠠ ᠶᠡᠭᠡ ᠲᠡᠦᠬᠡ᠎ᠶ᠋ᠢᠨ ᠰᠣᠩᠭᠤᠯᠲᠠ᠎ᠶ᠋ᠢ ᠬᠢᠭ᠌ᠰᠡᠨ᠎ᠨᠢ ᠭᠤᠣᠯᠳᠠᠭᠤ ᠳᠤᠮᠳᠠᠳᠤ ᠤᠯᠤᠰ᠎ᠤᠨ ᠤᠯᠤᠰ᠎ᠤᠨ ᠪᠠᠢᠳᠠᠯ᠎ᠠᠴᠠ ᠱᠢᠯᠲᠠᠭᠠᠯᠠᠭ᠍ᠳᠠᠭ᠍ᠰᠠᠨ ᠶᠤᠮ᠃ ᠳᠤᠮᠳᠠᠳᠤ ᠤᠯᠤᠰ᠎ᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠ ᠵᠢᠭᠤᠯᠤᠯ ᠪᠣᠯ ᠮᠠᠷᠺᠰ᠎ᠤᠨ ᠦᠵᠡᠯ᠎ᠤᠨ ᠦᠨᠳᠦᠰᠦᠲᠡᠨ᠎ᠤ ᠤᠨᠤᠯ᠎ᠢ ᠳᠤᠮᠳᠠᠳᠤ ᠤᠯᠤᠰ᠎ᠤᠨ ᠦᠨᠳᠦᠰᠦᠲᠡᠨ᠎ᠤ ᠬᠠᠷᠢᠴᠠᠭᠠᠨ᠎ᠤ ᠲᠡᠦᠬᠡᠨ ᠣᠨᠴᠠᠯᠢᠭ᠎ᠲᠠᠢ ᠤᠶᠠᠯᠳᠤᠭᠤᠯᠤᠭ᠍ᠰᠠᠨ ᠪᠦᠲᠦᠭᠡᠭ᠌ᠳᠡᠬᠦᠨ ᠮᠥᠨ᠂ ᠳᠤᠮᠳᠠᠳᠤ ᠤᠯᠤᠰ᠎ᠤᠨ ᠦᠨᠳᠦᠰᠦᠲᠡᠨ᠎ᠤ ᠬᠠᠷᠢᠴᠠᠭᠠᠨ᠎ᠤ ᠲᠡᠦᠬᠡᠨ ᠬᠥᠭ᠌ᠵᠢᠯᠲᠡ᠎ᠶ᠋ᠢᠨ ᠵᠠᠢᠯᠠᠰᠢ ᠦᠭᠡᠢ ᠰᠣᠩᠭᠤᠯᠲᠠ ᠮᠥᠨ᠃
ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ᠎ᠶ᠋ᠢ ᠪᠠᠷᠢᠮᠲᠠᠯᠠᠨ ᠲᠡᠭᠦᠯᠳᠡᠷᠵᠢᠭᠦᠯᠬᠦ᠌᠎ᠳᠤ ᠡᠷᠬᠡᠪᠰᠢ 《ᠬᠤᠶᠠᠷ᠎ᠢ ᠤᠶᠠᠯᠳᠤᠭᠤᠯᠬᠤ》 ᠶ᠋ᠢ ᠪᠠᠷᠢᠮᠲᠠᠯᠠᠬᠤ ᠬᠡᠷᠡᠭ᠌ᠲᠡᠢ
ᠶᠡᠷᠦᠩᠬᠡᠢ ᠱᠦᠵᠢ ᠰᠢ᠎ᠶ᠋ᠢᠨ ᠫᠢᠩ᠄ 《ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠨᠢᠭᠡᠳᠦᠯ ᠪᠠ ᠥᠪᠡᠷᠲᠡᠭᠡᠨ ᠵᠠᠰᠠᠬᠤ᠎ᠶ᠋ᠢ ᠤᠶᠠᠯᠳᠤᠭᠤᠯᠵᠤ᠂ ᠦᠨᠳᠦᠰᠦᠲᠡᠨ᠎ᠤ ᠬᠦᠴᠦᠨ ᠵᠦᠢᠯ ᠪᠠ ᠣᠷᠣᠨ ᠪᠦᠰᠡ᠎ᠶ᠋ᠢᠨ ᠬᠦᠴᠦᠨ ᠵᠦᠢᠯ᠎ᠢ ᠤᠶᠠᠯᠳᠤᠭᠤᠯᠬᠤ ᠬᠡᠷᠡᠭ᠌ᠲᠡᠢ》 ᠭᠡᠵᠦ᠍ ᠵᠢᠭᠠᠵᠦ᠍ ᠭᠠᠷᠭᠠᠭ᠍ᠰᠠᠨ ᠪᠠ ᠵᠢᠨ᠎ᠠ᠃ ᠡᠨᠡ ᠬᠦ᠌ ᠴᠢᠬᠤᠯᠠ ᠨᠤᠲᠠᠯᠠᠯᠲᠠ᠎ᠨᠢ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ ᠮᠠᠨ᠎ᠤ ᠤᠯᠤᠰ᠎ᠤᠨ ᠨᠢᠭᠡᠨ ᠦᠨᠳᠦᠰᠦᠨ ᠤᠯᠤᠰ ᠲᠦᠷᠦ᠎ᠶ᠋ᠢᠨ ᠪᠠᠢᠭᠤᠯᠤᠯ ᠪᠣᠯᠤᠭ᠍ᠰᠠᠨ᠎ᠤ ᠬᠤᠪᠢ᠎ᠳᠤ᠂ ᠮᠠᠨ᠎ᠤ ᠤᠯᠤᠰ᠎ᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠤᠨ ᠴᠢᠬᠤᠯᠠ ᠠᠭᠤᠯᠭ᠎ᠠ᠎ᠶ᠋ᠢ ᠬᠠᠷᠠᠭᠤᠯᠵᠤ᠂ ᠮᠠᠨ᠎ᠤ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠨᠡᠩ ᠰᠠᠢᠲᠤᠷ ᠪᠠᠷᠢᠮᠲᠠᠯᠠᠨ ᠲᠡᠭᠦᠯᠳᠡᠷᠵᠢᠭᠦᠯᠬᠦ᠌᠎ᠳᠤ ᠦᠨᠳᠦᠰᠦᠨ ᠵᠢᠷᠤᠮᠯᠠᠯ ᠬᠠᠩᠭᠠᠭ᠍ᠰᠠᠨ ᠪᠠᠢᠨ᠎ᠠ᠃ ᠨᠢᠭᠡ᠎ᠳᠤ᠂ ᠨᠢᠭᠡᠳᠦᠯ ᠪᠠ ᠥᠪᠡᠷᠲᠡᠭᠡᠨ ᠵᠠᠰᠠᠬᠤ᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠬᠤ ᠬᠡᠷᠡᠭ᠌ᠲᠡᠢ᠃ ᠪᠦᠯᠬᠦᠮᠳᠡᠯ ᠨᠢᠭᠡᠳᠦᠯ ᠪᠣᠯ ᠤᠯᠤᠰ ᠣᠷᠣᠨ᠎ᠤ ᠬᠠᠮᠤᠭ᠎ᠤᠨ ᠳᠡᠭᠡᠳᠦ ᠠᠱᠢᠭ ᠲᠤᠰᠠ ᠮᠥᠨ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠶ᠋ᠢᠨ ᠠᠱᠢᠭ ᠲᠤᠰᠠ ᠮᠥᠨ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ᠎ᠶ᠋ᠢ ᠬᠡᠷᠡᠭ᠌ᠵᠢᠭᠦᠯᠬᠦ᠌᠎ᠶ᠋ᠢᠨ ᠤᠷᠢᠲᠠᠯ ᠪᠠ ᠰᠠᠭᠤᠷᠢ ᠮᠥᠨ᠃ ᠤᠯᠤᠰ ᠣᠷᠣᠨ᠎ᠤ ᠪᠦᠯᠬᠦᠮᠳᠡᠯ ᠨᠢᠭᠡᠳᠦᠯ ᠪᠠᠢᠬᠤ ᠦᠭᠡᠢ ᠪᠣᠯ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ᠎ᠶ᠋ᠢ ᠶᠠᠷᠢᠬᠤ᠎ᠶ᠋ᠢᠨ ᠠᠷᠭ᠎ᠠ ᠦᠭᠡᠢ᠃ ᠡᠭᠦᠨ᠎ᠤ ᠬᠠᠮᠲᠤ᠌᠂ ᠤᠯᠤᠰ᠎ᠤᠨ ᠬᠠᠤᠯᠢ ᠴᠠᠭᠠᠵᠠ ᠪᠠ ᠵᠠᠰᠠᠭ᠎ᠤᠨ ᠵᠠᠷᠯᠢᠭ᠎ᠢ ᠬᠡᠷᠡᠭ᠌ᠵᠢᠭᠦᠯᠬᠦ᠌᠎ᠶ᠋ᠢ ᠦᠨᠡᠨ ᠬᠦ᠌ ᠪᠠᠲᠤᠯᠠᠭ᠍ᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠭᠠᠵᠠᠷ ᠣᠷᠣᠨ᠎ᠤ ᠥᠪᠡᠷᠲᠡᠭᠡᠨ ᠵᠠᠰᠠᠬᠤ ᠡᠷᠬᠡ᠎ᠪᠠᠨ ᠬᠡᠷᠡᠭ᠌ᠵᠢᠭᠦᠯᠬᠦ᠌᠎ᠶ᠋ᠢ ᠬᠠᠤᠯᠢ ᠶᠣᠰᠣᠭᠠᠷ ᠪᠠᠲᠤᠯᠠᠵᠤ᠂ ᠥᠪᠡᠷᠲᠡᠭᠡᠨ ᠵᠠᠰᠠᠬᠤ ᠭᠠᠵᠠᠷ ᠣᠷᠣᠨ᠎ᠳᠤ ᠣᠨᠴᠠᠭᠠᠢ ᠳᠡᠮᠵᠢᠯᠭᠡ ᠦᠵᠡᠭᠦᠯᠵᠦ᠍᠂ ᠥᠪᠡᠷᠲᠡᠭᠡᠨ ᠵᠠᠰᠠᠬᠤ ᠭᠠᠵᠠᠷ ᠣᠷᠣᠨ᠎ᠤ ᠣᠨᠴᠠᠭᠠᠢ ᠠᠰᠠᠭᠤᠳᠠᠯ᠎ᠢ ᠰᠠᠢᠲᠤᠷ ᠱᠢᠢᠳᠪᠦᠷᠢᠯᠡᠬᠦ᠌ ᠬᠡᠷᠡᠭ᠌ᠲᠡᠢ᠃ ᠬᠤᠶᠠᠷ᠎ᠲᠤ᠌᠂ ᠦᠨᠳᠦᠰᠦᠲᠡᠨ᠎ᠤ ᠬᠦᠴᠦᠨ ᠵᠦᠢᠯ ᠪᠠ ᠣᠷᠣᠨ ᠪᠦᠰᠡ᠎ᠶ᠋ᠢᠨ ᠬᠦᠴᠦᠨ ᠵᠦᠢᠯ᠎ᠢ ᠤᠶᠠᠯᠳᠤᠭᠤᠯᠬᠤ᠎ᠶ᠋ᠢ ᠪᠠᠷᠢᠮᠲᠠᠯᠠᠬᠤ ᠭᠡᠷᠡᠭ᠌ᠲᠡᠢ᠃ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ᠎ᠳᠤ ᠦᠨᠳᠦᠰᠦᠲᠡᠨ᠎ᠤ ᠬᠦᠴᠦᠨ ᠵᠦᠢᠯ᠎ᠢ ᠪᠠᠭ᠍ᠲᠠᠭᠠᠬᠤ ᠮᠥᠷᠲᠡᠭᠡᠨ ᠪᠠᠰᠠ ᠣᠷᠣᠨ ᠪᠦᠰᠡ᠎ᠶ᠋ᠢᠨ ᠬᠦᠴᠦᠨ ᠵᠦᠢᠯ᠎ᠢ ᠪᠠᠭ᠍ᠲᠠᠭᠠᠨ᠎ᠠ᠃ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ᠎ᠨᠢ ᠶᠠᠮᠠᠷ ᠨᠢᠭᠡᠨ ᠦᠨᠳᠦᠰᠦᠲᠡᠨ᠎ᠤ ᠭᠠᠭ᠍ᠴᠠᠭᠠᠷ ᠡᠳ᠋ᠯᠡᠬᠦ᠌ ᠥᠪᠡᠷᠲᠡᠭᠡᠨ ᠵᠠᠰᠠᠬᠤ ᠶᠠᠪᠤᠳᠠᠯ ᠪᠢᠰᠢ᠂ ᠦᠨᠳᠦᠰᠦᠲᠡᠨ᠎ᠤ ᠥᠪᠡᠷᠲᠡᠭᠡᠨ ᠵᠠᠰᠠᠬᠤ ᠭᠠᠵᠠᠷ ᠣᠷᠣᠨ᠎ᠨᠢ ᠨᠡᠩ ᠴᠤ᠌ ᠶᠠᠮᠠᠷ ᠨᠢᠭᠡᠨ ᠦᠨᠳᠦᠰᠦᠲᠡᠨ᠎ᠤ ᠭᠠᠭ᠍ᠴᠠᠭᠠᠷ ᠦᠮᠴᠢᠯᠡᠬᠦ᠌ ᠭᠠᠵᠠᠷ ᠣᠷᠣᠨ ᠪᠢᠰᠢ ᠶᠤᠮ᠃ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠣᠯ ᠳᠤᠮᠳᠠᠳᠤ ᠤᠯᠤᠰ᠎ᠤᠨ ᠦᠨᠳᠦᠰᠦᠲᠡᠨ᠎ᠤ ᠠᠰᠠᠭᠤᠳᠠᠯ᠎ᠢ ᠱᠢᠶ᠋ᠳᠪᠦᠷᠢᠯᠡᠬᠦ᠌ ᠲᠡᠦᠬᠡᠨ ᠰᠣᠩᠭᠤᠯᠲᠠ ᠮᠥᠨ᠂ ᠦᠨᠳᠦᠰᠦᠲᠡᠨ᠎ᠨᠦᠭᠦᠳ᠎ᠤᠨ ᠪᠦᠯᠬᠦᠮᠳᠡᠯ ᠪᠠ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠦᠨᠳᠦᠰᠦᠲᠡᠨ᠎ᠨᠦᠭᠦᠳ᠎ᠤᠨ ᠴᠡᠴᠡᠭ᠌ᠯᠡᠯ ᠬᠥᠭ᠌ᠵᠢᠯ᠎ᠢ ᠠᠬᠢᠭᠤᠯᠬᠤ ᠪᠦᠲᠦᠮᠵᠢᠲᠡᠶ ᠠᠷᠭ᠎ᠠ ᠵᠠᠮ ᠮᠥᠨ᠂ ᠤᠯᠤᠰ ᠣᠷᠣᠨ᠎ᠤ ᠲᠣᠭ᠍ᠲᠠᠭᠤᠨ ᠪᠠ ᠨᠢᠭᠡᠳᠦᠯ᠎ᠢ ᠬᠠᠮᠠᠭᠠᠯᠠᠬᠤ ᠴᠢᠬᠤᠯᠠ ᠪᠠᠲᠤᠯᠠᠭ᠎ᠠ ᠮᠥᠨ᠃ ᠮᠠᠨ᠎ᠤ ᠤᠯᠤᠰ᠎ᠤᠨ ᠦᠨᠳᠦᠰᠦᠲᠡᠨ᠎ᠤ ᠥᠪᠡᠷᠲᠡᠭᠡᠨ ᠵᠠᠰᠠᠬᠤ ᠭᠠᠵᠠᠷ ᠣᠷᠣᠨ ᠪᠤᠯ ᠴᠥᠮ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷᠠᠬᠢ ᠭᠠᠵᠠᠷ ᠣᠷᠣᠨ ᠪᠠ ᠵᠢᠵᠤ᠂ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠳᠡᠪᠢᠰᠭᠡᠷ ᠮᠥᠨ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠪᠠᠷ ᠥᠮᠴᠢᠯᠡᠬᠦ᠌ ᠭᠠᠵᠠᠷ ᠣᠷᠣᠨ ᠮᠥᠨ᠃ ᠦᠨᠳᠦᠰᠦᠲᠡᠨ᠎ᠤ ᠥᠪᠡᠷᠲᠡᠭᠡᠨ ᠵᠠᠰᠠᠬᠤ ᠭᠠᠵᠠᠷ ᠣᠷᠣᠨ᠎ᠳᠤ ᠦᠨᠳᠦᠰᠦᠲᠡᠨ᠎ᠨᠦᠭᠦᠳ ᠡᠷᠬᠡ ᠲᠡᠭ᠌ᠰᠢ ᠬᠠᠤᠯᠢ ᠴᠠᠭᠠᠵᠠ᠎ᠶ᠋ᠢᠨ ᠪᠠᠢᠷᠢ ᠰᠠᠭᠤᠷᠢ᠎ᠶ᠋ᠢ ᠡᠳ᠋ᠯᠡᠵᠦ᠍᠂ ᠡᠯ᠎ᠡ ᠵᠦᠢᠯ᠎ᠤᠨ ᠠᠵᠢᠯ ᠦᠢᠯᠡᠰ᠎ᠢ ᠬᠠᠮᠲᠤ᠎ᠪᠠᠷ ᠴᠤᠭ᠍ᠴᠠᠯᠠᠨ᠂ ᠥᠭᠡᠷᠡᠴᠢᠯᠡᠯᠲᠡ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠨ᠎ᠡ᠃
ᠥᠪᠥᠷ ᠮᠣᠩᠭᠤᠯ᠎ᠤᠨ ᠥᠷᠨᠢᠩᠭᠦᠢ ᠬᠥᠭ᠌ᠵᠢᠯᠲᠡ᠎ᠨᠢ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠤᠨ ᠲᠡᠷᠢᠭᠦᠨ᠎ᠤ ᠴᠢᠨᠠᠷ ᠪᠠ ᠵᠥᠪ ᠣᠨᠣᠪᠴᠢᠲᠤ ᠴᠢᠨᠠᠷ᠎ᠢ ᠬᠠᠷᠠᠭᠤᠯᠪᠠ
ᠥᠪᠥᠷ ᠮᠣᠩᠭᠤᠯ᠎ᠤᠨ ᠬᠤᠪᠢᠰᠭᠠᠯᠲᠤ ᠲᠡᠮᠡᠴᠡᠯ ᠪᠣᠯ ᠳᠤᠮᠳᠠᠳᠤ ᠤᠯᠤᠰ᠎ᠤᠨ ᠬᠤᠪᠢᠰᠭᠠᠯ᠎ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠥᠪᠥᠷ ᠮᠣᠩᠭᠤᠯ᠎ᠤᠨ ᠡᠯ᠎ᠡ ᠦᠨᠳᠦᠰᠦᠲᠡᠨ᠎ᠤ ᠠᠷᠠᠳ ᠲᠦᠮᠡᠨ ᠴᠢᠯᠥᠭᠡᠯᠡᠯᠲᠡ᠎ᠪᠠᠨ ᠡᠷᠢᠯᠬᠢᠯᠡᠬᠦ᠌᠎ᠶ᠋ᠢᠨ ᠲᠥᠯᠥᠭᠡ᠂ ᠪᠦᠯᠬᠦᠮᠳᠡᠨ ᠨᠢᠭᠡᠳᠴᠦ᠍᠂ ᠴᠢᠰᠤ ᠤᠷᠤᠰᠭᠠᠨ ᠲᠡᠮᠡᠴᠡᠵᠦ᠍᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠵᠠᠮ᠎ᠢᠶᠠᠷ ᠵᠠᠮᠨᠠᠨ᠂ 1947 ᠣᠨ᠎ᠤ 5 ᠰᠠᠷ᠎ᠠ᠎ᠶ᠋ᠢᠨ 1 ᠤ ᠡᠳᠦᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ᠎ᠢ ᠪᠠᠢᠭᠤᠯᠪᠠ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ ᠪᠠᠢᠭᠤᠯᠤᠭ᠍ᠳᠠᠭ᠍ᠰᠠᠨ᠎ᠨᠢ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠪᠦᠯᠬᠦᠮᠳᠡᠯ᠎ᠢ ᠪᠠᠬᠢᠵᠢᠭᠦᠯᠵᠦ᠍᠂ ᠡᠭᠡ ᠣᠷᠣᠨ᠎ᠤ ᠨᠢᠭᠡᠳᠦᠯ᠎ᠢ ᠬᠠᠮᠠᠭᠠᠯᠠᠨ᠂ ᠦᠨᠳᠦᠰᠦᠲᠡᠨ᠎ᠨᠦᠭᠦᠳ᠎ᠤᠨ ᠥᠪᠡᠷᠲᠡᠭᠡᠨ ᠵᠠᠰᠠᠬᠤ᠎ᠶ᠋ᠢ ᠬᠡᠷᠡᠭ᠌ᠵᠢᠭᠦᠯᠬᠦ᠌᠎ᠳᠤ ᠨᠢᠭᠡᠨ ᠲᠤᠬ ᠪᠤᠯᠵᠠᠢ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠦᠨᠳᠦᠰᠦᠲᠡᠨ᠎ᠤ ᠪᠦᠯᠬᠦᠮᠳᠡᠯ᠎ᠤᠨ ᠢᠷᠠᠭᠤ ᠠᠯᠳᠠᠷᠲᠤ ᠤᠯᠠᠮᠵᠢᠯᠠᠯ᠎ᠲᠠᠢ ᠪᠠᠢᠵᠤ᠂ ᠶᠡᠷᠦᠩᠬᠡᠢ ᠰᠠᠢᠳ ᠵᠧᠦ ᠧᠨ ᠯᠠᠢ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠬᠡᠮᠡᠬᠦ᠌ ᠢᠷᠡᠭᠤ ᠠᠯᠳᠠᠷ ᠬᠦᠷᠲᠡᠭᠡᠵᠡᠢ᠃ ᠤᠷᠲᠤ ᠬᠤᠭᠤᠴᠠᠭᠠᠨ᠎ᠤ ᠲᠤᠷᠰᠢ᠂ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠦᠨᠳᠦᠰᠦᠲᠡᠨ᠎ᠤ ᠪᠦᠯᠬᠦᠮᠳᠡᠯ᠎ᠢ ᠨᠢᠳᠦᠨ ᠴᠡᠴᠡᠭᠡᠢ᠎ᠪᠠᠨ ᠱᠢᠭ ᠬᠠᠢᠷᠠᠯᠠᠨ ᠬᠠᠮᠠᠭᠠᠯᠠᠵᠤ᠂ ᠦᠨᠳᠦᠰᠦᠲᠡᠨ᠎ᠤ ᠪᠦᠯᠬᠦᠮᠳᠡᠯ᠎ᠢ ᠠᠮᠢ ᠨᠠᠰᠤ᠎ᠪᠠᠨ ᠱᠢᠭ᠋ ᠨᠠᠨᠳᠢᠩᠨᠠᠵᠤ᠂ ᠡᠷᠬᠡ ᠲᠡᠭ᠌ᠰᠢ᠂ ᠪᠦᠯᠬᠦᠮᠳᠡᠯ᠎ᠲᠠᠢ᠂ ᠬᠠᠷᠢᠯᠴᠠᠨ ᠬᠠᠪᠰᠤᠷᠤᠯᠴᠠᠭ᠍ᠰᠠᠨ᠂ ᠡᠶ᠎ᠡ ᠵᠣᠬᠢᠴᠠᠩᠭᠤᠢ ᠨᠡᠢᠭᠡᠮ ᠵᠢᠷᠤᠮ᠎ᠤᠨ ᠦᠨᠳᠦᠰᠦᠲᠡᠨ᠎ᠤ ᠬᠠᠷᠢᠴᠠᠭ᠎ᠠ᠎ᠶ᠋ᠢ ᠲᠠᠰᠤᠷᠠᠯᠲᠠ ᠦᠭᠡᠢ ᠪᠠᠬᠢᠵᠢᠭᠦᠯᠦᠨ ᠬᠥᠭ᠌ᠵᠢᠭᠦᠯᠪᠡ᠃ 70 ᠭᠠᠷᠤᠶ ᠵᠢᠯ᠎ᠤᠨ ᠲᠤᠷᠰᠢ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠤᠯᠤᠰ᠎ᠠᠴᠠ ᠦᠨᠳᠦᠰᠦᠲᠡᠨ᠎ᠤ ᠭᠠᠵᠠᠷ ᠣᠷᠣᠨ᠎ᠳᠤ ᠣᠯᠭᠤᠭ᠍ᠰᠠᠨ ᠡᠵᠡᠨ ᠮᠡᠳᠡᠬᠦ᠌ ᠡᠷᠬᠡ ᠪᠠ ᠡᠯ᠎ᠡ ᠵᠦᠶ᠋ᠯ᠎ᠤᠨ ᠲᠥᠷᠥ᠎ᠶ᠋ᠢᠨ ᠪᠣᠳᠣᠯᠭ᠎ᠠ᠎ᠶ᠋ᠢ ᠭᠦᠶ᠋ᠴᠡᠳ᠂ ᠠᠮᠢᠳᠤᠯᠢᠭ᠂ ᠰᠠᠢᠲᠤᠷ ᠬᠡᠷᠡᠭ᠌ᠯᠡᠵᠦ᠍᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠬᠠᠤᠯᠢ᠎ᠶ᠋ᠢᠨ ᠢᠵᠢ ᠪᠥᠷᠢᠳᠦᠭ᠌ᠰᠡᠨ ᠬᠠᠤᠯᠢ ᠲᠣᠭ᠍ᠲᠠᠭᠠᠯ᠎ᠤᠨ ᠱᠢᠰᠲ᠋ᠧᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠦᠨᠳᠦᠰᠦᠲᠡᠨ᠎ᠤ ᠪᠦᠯᠬᠦᠮᠳᠡᠯ᠂ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠂ ᠨᠡᠢᠭᠡᠮ᠎ᠤᠨ ᠲᠣᠭ᠍ᠲᠠᠭᠤᠨ ᠤᠯᠤᠰ ᠲᠥᠷᠥ᠎ᠶ᠋ᠢᠨ ᠪᠠᠢᠳᠠᠯ᠎ᠢ ᠪᠠᠲᠤᠯᠠᠵᠤ᠂ ᠬᠤᠲᠠ ᠬᠥᠳᠡᠭᠡ᠎ᠶ᠋ᠢᠨ ᠳᠦᠷᠰᠦ ᠪᠠᠢᠳᠠᠯ᠎ᠳᠤ ᠲᠩᠷᠢ ᠭᠠᠵᠠᠷ᠎ᠢ ᠳᠣᠩᠰᠣᠯᠭᠠᠮ᠎ᠠ ᠬᠤᠪᠢᠷᠠᠯᠲᠠ ᠭᠠᠷᠴᠠᠶ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠥᠷᠨᠢᠩᠭᠦᠢ ᠬᠥᠭ᠌ᠵᠢᠯᠲᠡ᠎ᠨᠢ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠤᠨ ᠲᠡᠷᠢᠭᠦᠨ᠎ᠤ ᠴᠢᠨᠠᠷ ᠪᠠ ᠵᠥᠪ ᠣᠨᠣᠪᠴᠢᠲᠤ ᠴᠢᠨᠠᠷ᠎ᠢ ᠬᠠᠷᠠᠭᠤᠯᠵᠠᠢ᠃ ᠥᠪᠥᠷ ᠮᠣᠩᠭᠤᠯ᠎ᠤᠨ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠠᠭᠤᠤ ᠶᠡᠭᠡ ᠦᠢᠯᠡᠳᠦᠯᠭᠡ ᠪᠠ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠪᠣᠯ ᠮᠠᠨ᠎ᠤ ᠤᠯᠤᠰ᠎ᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠤᠨ ᠠᠮᠵᠢᠯᠲᠠ᠎ᠲᠠᠢ ᠦᠢᠯᠡᠳᠦᠯᠭᠡ ᠮᠥᠨ᠂ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠠᠭ᠍ᠲᠠᠭᠠᠭ᠍ᠰᠠᠨ ᠪᠦᠬᠦ᠌ ᠤᠯᠤᠰ᠎ᠤᠨ ᠠᠷᠠᠳ ᠲᠦᠮᠡᠨ᠎ᠤ ᠬᠠᠮᠲᠤ᠎ᠪᠠᠷ ᠪᠦᠯᠬᠦᠮᠳᠡᠨ ᠲᠡᠮᠡᠴᠡᠵᠦ᠍᠂ ᠬᠠᠮᠲᠤ᠎ᠪᠠᠷ ᠴᠡᠴᠡᠭ᠌ᠯᠡᠨ ᠬᠥᠭ᠌ᠵᠢᠭ᠌ᠰᠡᠨ ᠠᠭᠤᠤ ᠶᠡᠭᠡ ᠦᠷ᠎ᠡ ᠪᠦᠲᠦᠭᠡᠯ ᠮᠥᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠥᠪᠥᠷ ᠮᠣᠩᠭᠤᠯ᠎ᠳᠠᠬᠢ ᠠᠭᠤᠤ ᠶᠡᠭᠡ ᠢᠯᠠᠯᠲᠠ᠎ᠶ᠋ᠢᠨ ᠦᠷ᠎ᠡ ᠪᠦᠲᠦᠭᠡᠯ ᠮᠥᠨ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠬᠡᠷᠡᠭ᠌ᠵᠢᠭᠦᠯᠬᠦ᠌ ᠪᠣᠯ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ ᠮᠥᠨ ᠭᠡᠳᠡᠭ᠎ᠢ ᠭᠦᠢᠴᠡᠳ ᠭᠡᠷᠡᠴᠢᠯᠡᠪᠡ᠃
ᠭᠠᠭ᠍ᠴᠠ ᠬᠦ᠌ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠡᠷᠡᠰ ᠭᠤᠢᠪᠢᠰᠢ ᠦᠭᠡᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠵᠠᠮ᠎ᠢᠶᠠᠷ ᠵᠠᠮᠨᠠᠬᠤ᠎ᠶ᠋ᠢ ᠪᠠᠷᠢᠮᠲᠠᠯᠠᠵᠤ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠪᠠᠯ ᠥᠪᠥᠷ ᠮᠣᠩᠭᠤᠯ ᠰᠠᠶᠢ ᠭᠡᠷᠡᠯ ᠰᠠᠴᠤᠷᠠᠩᠭᠤᠢ ᠥᠨᠥᠳᠦᠷ ᠪᠠ ᠨᠡᠩ ᠰᠠ᠊ ᠶ᠋ᠢᠨ ᠰᠠᠢᠬᠠᠨ ᠢᠷᠡᠭᠡᠳᠦᠢ᠎ᠲᠠᠢ ᠪᠤᠯᠵᠤ ᠴᠢᠳᠠᠨ᠎ᠠ ᠭᠡᠳᠡᠭ᠎ᠢ ᠦᠢᠯᠡᠳᠦᠯᠭᠡ ᠭᠦᠢᠴᠡᠳ ᠭᠡᠷᠡᠴᠢᠯᠡᠵᠠᠢ᠃ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠢᠮᠠᠭ᠍ᠲᠠ ᠭᠤᠢᠪᠢᠰᠢ ᠦᠭᠡᠢ᠎ᠪᠠᠷ ᠪᠠᠷᠢᠮᠲᠠᠯᠠᠨ ᠲᠡᠭᠦᠯᠳᠡᠷᠵᠢᠭᠦᠯᠵᠦ᠍᠂ ᠦᠨᠳᠦᠰᠦᠲᠡᠨ᠎ᠤ ᠪᠦᠯᠬᠦᠮᠳᠡᠯ᠎ᠤᠨ ᠢᠷᠠᠭᠤ ᠠᠯᠳᠠᠷᠲᠤ ᠤᠯᠠᠮᠵᠢᠯᠠᠯ᠎ᠢ ᠦᠷᠭᠦᠯᠵᠢᠯᠡᠨ ᠪᠠᠷᠢᠮᠲᠠᠯᠠᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ ᠡᠷᠬᠢᠮ ᠳᠡᠭᠡᠳᠦ ᠢᠷᠠᠭᠤ ᠠᠯᠳᠠᠷ᠎ᠢᠶᠠᠨ ᠨᠠᠨᠳᠢᠩᠨᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌᠎ᠳᠤ ᠰᠡᠳᠭᠢᠯ᠎ᠢᠶᠠᠨ ᠨᠢᠭᠡᠳᠭᠡᠨ ᠬᠦᠴᠦ᠎ᠪᠠᠨ ᠬᠠᠮᠲᠤᠳᠭᠠᠬᠤ ᠬᠡᠷᠡᠭ᠌ᠲᠡᠢ᠃
(ᠵᠤᠬᠢᠶᠠᠬ᠍ᠴᠢ᠎ᠶ᠋ᠢᠨ ᠪᠠ ᠵᠢᠭᠤᠯᠭ᠎ᠠ᠄ ᠥᠪᠦᠷ ᠮᠤᠩᠭᠤᠯ᠎ᠤᠨ ᠡᠳ᠋᠎ᠤᠨ ᠵᠠᠰᠠᠭ ᠠᠵᠤ ᠠᠬᠤᠢ᠎ᠶ᠋ᠢᠨ ᠶᠡᠭᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠤᠨ ᠳᠡᠭᠡᠳᠦ ᠰᠤᠷᠭᠠᠭᠤᠯᠢ)