ᠭᠡᠷᠡᠯ᠎ᠲᠠᠢ ᠭᠠᠵᠠᠷ ᠪᠠᠶᠠᠵᠢᠯ᠎ᠤᠨ ᠵᠠᠮ ᠲᠠᠷᠳᠠᠩ
2021-10-08 10:16:54
ᠵᠣᠬᠢᠶᠠᠭ᠍ᠴᠢ᠄
ᠬᠤᠩ ᠶᠠᠨ ᠱᠢᠤᠢ ᠶᠤᠸᠠᠢ ᠳᠠᠭᠤᠯᠠ᠎ᠶ᠋ᠢᠨ ᠴᠢᠤᠸᠠᠨ
ᠣᠩᠱᠢᠭ᠍ᠰᠠᠨ ᠣᠳᠠᠭ᠎ᠠ᠄
★★★☆☆

ᠨᠢᠭᠡ ᠵᠦᠢᠯ᠎ᠤᠨ ᠲᠣᠰᠭᠤᠨ᠎ᠢ ᠬᠥᠮᠦᠰ 《ᠬᠤᠭᠤᠰᠣᠨ ᠲᠣᠰᠭᠤᠨ》 ᠭᠡᠳᠡᠭ᠂ ᠲᠣᠰᠭᠤᠨ᠎ᠤ ᠢᠳᠡᠷ ᠵᠠᠯᠠᠭᠤ ᠬᠥᠳᠡᠯᠮᠦᠷᠢ ᠬᠦᠴᠦ᠍ ᠬᠤᠲᠠ᠎ᠳᠤ ᠣᠷᠣᠵᠤ ᠬᠦᠴᠦ᠍ ᠶᠠᠪᠤᠭ᠍ᠰᠠᠨ᠎ᠠᠴᠠ ᠶᠡᠭᠡ ᠬᠡᠮᠵᠢᠶᠡᠨ᠎ᠤ ᠲᠠᠷᠢᠶᠠᠨ ᠭᠠᠵᠠᠷ ᠠᠲᠠᠷᠱᠢᠪᠠ; ᠨᠢᠭᠡ ᠵᠦᠢᠯ᠎ᠤᠨ ᠠᠵᠤ ᠦᠢᠯᠡᠰ᠎ᠢ ᠬᠦᠮᠦᠰ 《ᠬᠡᠷᠡᠯᠴᠢ ᠴᠡᠨᠡᠭ》 ᠭᠡᠳᠡᠭ᠂ ᠲᠡᠷᠡ᠎ᠨᠢ ᠪᠠᠢᠭᠠᠯᠢᠯᠢᠭ ᠪᠥᠭᠡᠳ ᠣᠷᠴᠢᠨ ᠲᠤᠭᠤᠷᠢᠨ᠎ᠢ ᠬᠠᠮᠠᠭᠠᠯᠠᠵᠤ᠂ ᠭᠠᠭ᠍ᠴᠠ ᠤᠳᠠᠭ᠎ᠠ ᠪᠠᠯᠠ ᠣᠷᠣᠭᠤᠯᠪᠠᠯ ᠣᠷᠳᠣ ᠬᠤᠭᠤᠴᠠᠭᠠᠨ᠎ᠤ ᠴᠢᠨᠠᠷᠲᠠᠶ ᠠᠱᠢᠭ ᠣᠷᠣᠯᠭ᠎ᠠ ᠣᠯᠵᠤ ᠴᠢᠳᠠᠳᠠᠭ᠃


QQ图片20211008101127.png


《ᠬᠡᠷᠡᠯᠴᠢ ᠴᠡᠨᠡᠭ》 ᠎ᠨᠢ 《ᠬᠤᠭᠤᠰᠣᠨ ᠲᠣᠰᠭᠤᠨ》 ᠎ᠳᠤ ᠣᠷᠣᠭ᠍ᠰᠠᠨ᠎ᠠᠴᠠ ᠪᠣᠯᠵᠣ᠂ ᠬᠠᠴᠢᠨ ᠭᠠᠢᠬᠠᠯᠲᠠᠶ ᠤᠴᠢᠷ ᠡᠭᠦᠰᠴᠡᠶ᠄ ᠠᠲᠠᠷᠱᠢᠭ᠍ᠰᠠᠨ ᠭᠠᠵᠠᠷ ᠱᠢᠷᠣᠶ᠎ᠶ᠋ᠢᠨ ᠡᠬᠢ ᠪᠠᠶᠠᠯᠢᠭ ᠠᠱᠢᠬ᠍ᠯᠠᠭ᠍ᠳᠠᠵᠤ᠂ ᠲᠣᠰᠭᠤᠨ᠎ᠤ ᠬᠠᠮᠲᠤ᠎ᠶ᠋ᠢᠨ ᠠᠵᠤ ᠠᠬᠤᠶ ᠥᠷᠭᠡᠵᠢᠨ᠂ ᠲᠣᠰᠭᠤᠨ᠎ᠳᠤ ᠦᠯᠡᠳᠡᠵᠤ ᠬᠤᠴᠤᠷᠤᠭ᠍ᠰᠠᠨ ᠲᠣᠰᠭᠤᠨ᠎ᠤ ᠠᠷᠠᠳ ᠲᠦᠱᠢᠭ᠎ᠲᠠᠢ ᠪᠣᠯᠵᠣ᠂ ᠮᠠᠷᠲᠠᠭ᠍ᠳᠠᠭ᠍ᠰᠠᠨ ᠬᠥᠳᠡᠭᠡ ᠲᠣᠰᠭᠤᠨ ᠳᠠᠬᠢᠨ ᠱᠢᠨ᠎ᠡ ᠠᠮᠢᠵᠢᠷᠠᠯ᠎ᠤᠨ ᠬᠦᠴᠦᠨ᠎ᠢᠶᠠᠷ ᠪᠢᠯᠬᠠᠵᠠᠢ᠃ ᠲᠦᠮᠡᠳ ᠵᠡᠭᠦᠨ ᠬᠤᠱᠢᠭᠤᠨ᠎ᠤ ᠱᠠᠨ ᠳ᠋ᠠᠢ ᠪᠠᠯᠭᠠᠰᠤᠨ᠎ᠤ ᠭᠦᠩ ᠪᠦ᠋ ᠲᠣᠰᠭᠤᠨ ᠪᠣᠯ ᠳᠠᠷᠤᠶ 《ᠬᠡᠷᠡᠯᠴᠢ ᠴᠡᠨᠡᠭ》 ᠪᠣᠯᠤᠨ 《ᠬᠤᠭᠤᠰᠣᠨ ᠲᠣᠰᠭᠤᠨ》 ᠎ᠢ ᠤᠶᠠᠯᠳᠤᠭᠤᠯᠤᠭᠠᠳ ᠠᠮᠵᠢᠯᠲᠠ ᠣᠯᠤᠭ᠍ᠰᠠᠨ ᠨᠡᠢᠲᠡᠯᠢᠭ ᠬᠡᠷᠡᠭ᠎ᠤᠨ ᠵᠢᠱ᠌ᠢᠶ᠎ᠡ ᠪᠣᠯᠤᠨ᠎ᠠ᠃

《ᠬᠡᠷᠡᠯᠴᠢ ᠴᠡᠨᠡᠭ᠎ᠤᠨ ᠠᠵᠤ ᠦᠢᠯᠡᠰ᠎ᠨᠢ ᠣᠷᠴᠢᠨ ᠠᠬᠤᠶ᠎ᠶ᠋ᠢ ᠬᠠᠮᠠᠭᠠᠯᠠᠭ᠍ᠰᠠᠨ᠎ᠢᠶᠠᠷ ᠪᠠᠷᠠᠬᠤ ᠥᠬᠡᠶ ᠪᠠᠰᠠ ᠦᠷ᠎ᠡ ᠪᠦᠲᠦᠮᠵᠢ᠎ᠪᠠᠷ ᠦᠨᠳᠦᠷ ᠪᠠᠢᠵᠤ᠂ ᠤᠯᠠᠨ᠎ᠤ ᠬᠦᠷᠢᠶᠡᠯᠡᠯ᠎ᠢ ᠤᠯᠳᠠᠭ》 ᠭᠡᠵᠦ᠍ ᠷᠧᠨ ᠴᠦᠨ ᠮᠧᠶ ᠬᠡᠯᠡᠪᠡ᠃ 2018 ᠣᠨ᠎ᠤ 9 ᠰᠠᠷ᠎ᠠ᠎ᠳᠤ᠂ ᠭᠦᠩ ᠪᠦ᠋ ᠲᠣᠰᠭᠤᠨ᠎ᠤ᠎ᠬᠢᠨ ᠲᠣᠰᠭᠤᠨ᠎ᠤ ᠠᠷᠠᠳ᠎ᠤᠨ ᠵᠥᠪᠯᠡᠯ᠎ᠤᠨ ᠡᠭᠦᠳᠡᠨ ᠡᠮᠦᠨᠡᠬᠢ ᠰᠤᠯᠠ ᠭᠠᠵᠠᠷ᠎ᠲᠤ 60.18 ᠺᠢᠯᠦᠸᠠᠲ᠎ᠤᠨ ᠬᠡᠷᠡᠯᠴᠢ ᠴᠡᠨᠡᠭ᠎ᠤᠨ ᠴᠠᠬᠢᠯᠭᠠᠨ ᠭᠠᠷᠭᠠᠬᠤ ᠲᠥᠬᠦᠭᠡᠷᠦᠮᠵᠢ ᠤᠭ᠍ᠰᠠᠷᠠᠵᠤ᠂ ᠰᠦᠯᠵᠢᠶᠡᠨ᠎ᠳᠤ ᠤᠷᠤᠭ᠍ᠰᠠᠨ᠎ᠤ ᠳᠠᠷᠠᠭ᠎ᠠ 2.3 ᠲᠦᠮᠡ ᠭᠠᠷᠤᠶ ᠲᠥᠭᠦᠷᠢᠭ᠎ᠤᠨ ᠣᠷᠣᠯᠭ᠎ᠠ ᠤᠯᠪᠠ᠃

ᠰᠦᠯᠵᠢᠶᠡᠨ᠎ᠳᠤ ᠤᠷᠤᠭ᠍ᠰᠠᠨ᠎ᠨᠢ ᠳᠠᠷᠤᠶ ᠭᠦᠩ ᠪᠦ᠋ ᠲᠣᠰᠭᠤᠨ᠎ᠤ ᠭᠠᠷᠭᠠᠭ᠍ᠰᠠᠨ ᠴᠠᠬᠢᠯᠭᠠᠨ ᠡᠨᠧᠷᠭᠢ᠎ᠨᠢ ᠵᠣᠭᠤᠰ ᠪᠤᠯᠵᠤ ᠬᠤᠪᠢᠷᠠᠭ᠍ᠰᠠᠨ᠎ᠢ ᠬᠠᠷᠠᠭᠤᠯᠵᠤ ᠪᠤᠢ᠃ ᠭᠦᠩ ᠪᠦ᠋ ᠲᠣᠰᠭᠤᠨ ᠤᠯᠤᠰ᠎ᠤᠨ ᠴᠠᠬᠢᠯᠭᠠᠨ ᠰᠦᠯᠵᠢᠶ᠎ᠡ᠎ᠲᠠᠢ ᠵᠥᠪᠳᠡᠯᠴᠡᠬᠡᠷ ᠲᠣᠭ᠍ᠲᠠᠵᠤ᠂ ᠬᠡᠷᠡᠯᠴᠢ ᠴᠡᠨᠡᠭ᠎ᠤᠨ ᠭᠠᠷᠭᠠᠭ᠍ᠰᠠᠨ ᠴᠠᠬᠢᠯᠭᠠᠨ᠎ᠨᠢ ᠴᠠᠬᠢᠯᠭᠠᠨ ᠬᠤᠪᠢᠰᠭᠠᠭᠤᠷ᠎ᠤᠨ ᠭᠤᠭ᠍ᠴᠤᠭ᠎ᠠ᠎ᠪᠠᠷ ᠳᠡᠮᠵᠢᠨ ᠤᠯᠤᠰ᠎ᠤᠨ ᠴᠠᠬᠢᠯᠭᠠᠨ ᠰᠦᠯᠵᠢᠶ᠎ᠡ᠎ᠳᠤ ᠳᠠᠮᠵᠢᠭᠤᠯᠤᠭ᠍ᠳᠠᠵᠤ᠂ 8% ᠎ᠶ᠋ᠢᠨ ᠠᠱᠢᠭ ᠣᠷᠣᠯᠭ᠎ᠠ᠎ᠶ᠋ᠢ ᠲᠣᠰᠭᠤᠨ᠎ᠳᠤ ᠪᠤᠴᠠᠭᠠᠨ ᠥᠭ᠌ᠴᠦ᠂ ᠲᠣᠰᠭᠤᠨ᠎ᠤ ᠬᠠᠮᠲᠤ᠎ᠶ᠋ᠢᠨ ᠬᠥᠷᠥᠩᠭᠡ ᠪᠤᠯᠭᠠᠳᠠᠭ᠃

《ᠢᠮᠠᠭᠠᠨ ᠮᠢᠬ᠎ᠠ ᠬᠠᠯᠠᠭᠤᠨ ᠳᠡᠭᠡᠷ᠎ᠡ᠎ᠪᠠᠨ》 ᠭᠡᠳᠡᠭ᠌ᠴᠢᠯᠡᠨ ᠠᠱᠢᠭ ᠬᠤᠨᠵᠢᠪᠤᠷᠢ ᠣᠯᠤᠭ᠍ᠰᠠᠨ ᠭᠦᠩ ᠪᠦ᠋ ᠲᠣᠰᠭᠤᠨ᠎ᠤ ᠠᠷᠠᠳ᠂ ᠱᠠᠨ ᠳ᠋ᠠᠢ ᠪᠠᠯᠭᠠᠰᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠬᠦᠴᠦᠲᠡᠶ ᠳᠡᠮᠵᠢᠯᠭᠡ ᠳᠤᠤᠷ᠎ᠠ᠂ ᠶᠠᠳᠠᠭᠤ᠎ᠶ᠋ᠢ ᠲᠡᠳᠬᠦᠬᠦ᠌ ᠲᠤᠰᠭᠠᠶ ᠪᠠᠯᠠ ᠮᠥᠩᠭᠦ᠎ᠶ᠋ᠢ ᠢᠳᠡᠪᠬᠢᠲᠡᠶ ᠲᠡᠮᠡᠴᠡᠨ ᠤᠯᠵᠤ᠂ 2019 ᠣᠨ᠎ᠳᠤ ᠤᠤᠯ᠎ᠤᠨ ᠳ᠋ᠠ ᠳ᠋ᠠᠢ ᠦᠢᠯᠡᠴᠢᠯᠡᠭᠡᠨ᠎ᠤ ᠲᠥᠪ᠎ᠤᠨ ᠠᠯᠪᠠᠨ ᠠᠰᠠᠷ᠎ᠤᠨ ᠠᠷᠤ᠎ᠳᠠᠬᠢ ᠠᠲᠠᠷ ᠭᠠᠵᠠᠷ᠎ᠲᠤ ᠪᠠᠰᠠ 170 ᠺᠢᠯᠦᠸᠠᠲ᠎ᠤᠨ ᠬᠡᠷᠡᠯᠴᠢ ᠴᠡᠨᠡᠭ᠎ᠢᠶᠠᠷ ᠴᠠᠬᠢᠯᠭᠠᠨ ᠭᠠᠷᠭᠠᠬᠤ ᠲᠥᠬᠦᠭᠡᠷᠦᠮᠵᠢ ᠵᠢᠴᠢ ᠢᠵᠢ ᠪᠥᠷᠢᠳᠦᠭ᠌ᠰᠡᠨ ᠬᠦᠴᠦᠳᠡᠯ ᠥᠭᠡᠷᠡᠴᠢᠯᠡᠭ᠌ᠴᠢ᠎ᠶ᠋ᠢ ᠤᠭ᠍ᠰᠠᠷᠠᠨ᠂ ᠲᠣᠰ ᠵᠢᠯ᠎ᠤᠨ ᠡᠴᠦᠰ᠎ᠲᠤ ᠳᠠᠷᠤᠶ ᠴᠠᠬᠢᠯᠭᠠᠨ ᠭᠠᠷᠭᠠᠵᠤ ᠰᠦᠯᠵᠢᠶ᠎ᠡ᠎ᠳᠤ ᠣᠷᠣᠭᠤᠯᠬᠤ᠎ᠶ᠋ᠢ ᠪᠡᠶᠡᠯᠡᠭᠦᠯᠦᠭ᠌ᠰᠡᠨ ᠪᠥᠭᠡᠳ 9 ᠲᠦᠮᠡ ᠭᠠᠷᠤᠶ ᠲᠥᠭᠦᠷᠢᠭ᠎ᠤᠨ ᠠᠱᠢᠭ ᠬᠤᠨᠵᠢᠪᠤᠷᠢ ᠣᠯᠵᠠᠶ᠃ ᠡᠨᠡ ᠵᠣᠭᠤᠰ᠎ᠤᠨ ᠣᠯᠠᠩᠬᠢ᠎ᠶ᠋ᠢ᠎ᠨᠢ ᠭᠠᠴᠠᠭᠠᠨ᠎ᠤ ᠠᠷᠠᠳ᠎ᠤᠨ ᠵᠥᠪᠯᠡᠯ ᠠᠱᠢᠭ ᠬᠤᠪᠢᠶᠠᠬᠤ ᠬᠡᠯᠪᠡᠷᠢ᠎ᠪᠠᠷ 71 ᠶᠠᠳᠠᠭᠤ᠎ᠠᠴᠠ ᠠᠩᠭᠢᠵᠢᠷᠠᠭ᠍ᠰᠠᠨ ᠡᠷᠦᠬᠡ᠎ᠶ᠋ᠢᠨ ᠺᠠᠷᠲ᠎ᠲᠤ ᠱᠢᠭᠤᠳ ᠣᠷᠣᠭᠤᠯᠵᠤ᠂ ᠡᠷᠦᠬᠡ ᠪᠦᠷᠢ᠎ᠳᠤ 1000 ᠲᠥᠭᠦᠷᠢᠭ ᠨᠤᠭ᠍ᠳᠠᠳᠠᠭ᠃ ᠡᠭᠦᠨ᠎ᠠᠴᠠ ᠰᠡᠭᠦᠯᠡᠷ᠂ ᠭᠦᠩ ᠪᠦ᠋ ᠲᠣᠰᠭᠤᠨ᠎ᠤ ᠬᠡᠷᠡᠯᠴᠢ ᠴᠡᠨᠡᠭ᠎ᠤᠨ ᠠᠵᠤ ᠦᠢᠯᠡᠰ ᠲᠠᠰᠤᠷᠠᠯᠲᠠ ᠥᠬᠡᠶ ᠲᠠᠰ ᠳᠡᠪᠱᠢᠵᠦ᠍᠂ 2020 ᠣᠨ᠎ᠳᠤ ᠲᠣᠰᠭᠤᠨ᠎ᠳᠤ ᠪᠠᠰᠠ 400 ᠺᠢᠯᠦᠸᠠᠲ᠎ᠤᠨ ᠬᠡᠷᠡᠯᠴᠢ ᠴᠡᠨᠡᠭ᠎ᠤᠨ ᠴᠠᠬᠢᠯᠭᠠᠨ ᠭᠠᠷᠭᠠᠬᠤ ᠲᠥᠬᠦᠭᠡᠷᠦᠮᠵᠢ ᠨᠡᠮᠡᠭ᠌ᠳᠡᠵᠦ᠍᠂ ᠲᠤᠰ ᠵᠢᠯ᠎ᠤᠨ ᠠᠱᠢᠭ ᠣᠷᠣᠯᠭ᠎ᠠ᠎ᠨᠢ 14 ᠲᠦᠮᠡ ᠭᠠᠷᠤᠶ ᠪᠣᠯᠵᠣ ᠨᠡᠮᠡᠭ᠌ᠳᠡᠪᠡ᠃

ᠲᠣᠰᠭᠤᠨ᠎ᠤ ᠬᠠᠮᠲᠤ ᠨᠡᠢᠲᠡ ᠵᠣᠭᠤᠰ᠎ᠲᠠᠢ ᠪᠤᠯᠵᠤ᠂ ᠤᠯᠠᠮ᠎ᠠᠴᠠ ᠤᠯᠠᠮ ᠶᠡᠭᠡ ᠦᠢᠯᠡᠳᠦᠯ ᠪᠠᠳᠠᠷᠠᠭᠤᠯᠬᠤ ᠪᠣᠯᠵᠠᠶ᠃ ᠭᠦᠩ ᠪᠦ᠋ ᠲᠣᠰᠭᠤᠨ᠎ᠤ ᠭᠠᠵᠠᠷ᠎ᠤᠨ ᠪᠠᠢᠴᠠ᠎ᠨᠢ ᠬᠤᠲᠣᠭᠤᠷ᠂ ᠪᠣᠷᠣᠭᠠᠨ ᠤᠷᠤᠪᠠᠯ ᠠᠮᠠᠷᠬᠠᠨ ᠤᠰᠤ ᠲᠤᠨᠤᠳᠠᠭ᠃ ᠡᠨᠡ ᠵᠢᠯ ᠲᠣᠰᠭᠤᠨ᠎ᠠᠴᠠ ᠨᠢᠭᠡ ᠪᠦᠯᠦᠭ ᠵᠣᠭᠤᠰ ᠭᠠᠷᠭᠠᠵᠤ ᠤᠰᠤ ᠭᠠᠳᠠᠭ᠍ᠰᠢᠯᠠᠭᠤᠯᠬᠤ ᠢᠨᠵᠧᠨᠧᠷᠢᠩ᠎ᠢ ᠡᠬᠢᠯᠡᠭᠦᠯᠵᠦ᠍᠂ ᠲᠣᠰᠭᠤᠨ᠎ᠤ ᠠᠷᠠᠳ᠎ᠤᠨ ᠠᠮᠢᠳᠤᠷᠠᠯ᠎ᠤᠨ ᠶᠡᠭᠡ ᠠᠰᠠᠭᠤᠳᠠᠯ᠎ᠢ ᠱᠢᠢᠳᠪᠦᠷᠢᠯᠡᠪᠡ᠃

ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠲᠤᠷᠱᠢᠯᠲᠠ᠎ᠶ᠋ᠢᠨ ᠲᠣᠰᠭᠤᠨ ᠪᠣᠯᠤᠭ᠍ᠰᠠᠨ᠎ᠤ ᠬᠤᠪᠢ᠎ᠳᠤ᠂ ᠲᠣᠰᠭᠤᠨ᠎ᠤ᠎ᠬᠢᠨ ᠨᠡᠭᠦᠷᠡᠰᠦ᠎ᠶ᠋ᠢ ᠴᠠᠬᠢᠯᠭᠠᠨ ᠪᠣᠯᠭᠠᠨ ᠥᠭᠡᠷᠡᠴᠢᠯᠡᠬᠦ᠌ ᠤᠯᠤᠰ᠎ᠤᠨ ᠲᠥᠷᠥ᠎ᠶ᠋ᠢᠨ ᠪᠣᠳᠣᠯᠭ᠎ᠠ᠎ᠶ᠋ᠢ ᠢᠳᠡᠪᠬᠢᠲᠡᠶ ᠴᠤᠤᠷᠢᠶᠠᠳᠤᠨ ᠳᠠᠭᠠᠵᠤ᠂ ᠣᠳᠣᠬᠠᠨ᠎ᠳᠤ ᠶᠠᠭ ᠪᠠᠢᠳᠠᠯ᠎ᠢ ᠣᠢᠯᠠᠭᠠᠬᠤ ᠠᠵᠢᠯ ᠬᠢᠵᠦ᠍ ᠪᠤᠢ᠂ ᠳᠠᠷᠤᠶ ᠲᠣᠰᠭᠤᠨ᠎ᠤ ᠠᠷᠠᠳ᠎ᠤᠨ ᠬᠡᠷ᠎ᠤᠨ ᠣᠷᠣᠶ ᠳᠡᠭᠡᠷ᠎ᠡ ᠬᠡᠷᠡᠯ ᠸᠤᠯᠲ᠎ᠤᠨ ᠳ᠋ᠢᠶᠠᠨ ᡂᠢ᠎ᠶ᠋ᠢᠨ ᠬᠠᠪᠲᠠᠰᠤ ᠤᠭ᠍ᠰᠠᠷᠠᠵᠤ᠂ ᠭᠠᠷᠭᠠᠭ᠍ᠰᠠᠨ ᠴᠠᠬᠢᠯᠭᠠᠨ᠎ᠨᠢ ᠬᠡᠷ ᠳᠣᠲᠤᠷᠠᠬᠢ ᠴᠠᠬᠢᠯᠭᠠᠨ᠎ᠢ ᠬᠠᠩᠭᠠᠬᠤ᠎ᠪᠠᠷ ᠪᠠᠷᠠᠬᠤ ᠥᠬᠡᠶ ᠪᠠᠰᠠ ᠢᠯᠡᠭᠦᠴᠡ ᠴᠠᠬᠢᠯᠭᠠᠨ᠎ᠢ ᠬᠤᠳᠠᠯᠳᠤᠨ᠂ ᠬᠤᠤᠰ ᠦᠷ᠎ᠡ ᠠᠱᠢᠭ᠎ᠢ ᠡᠭᠦᠳᠬᠦ᠌ ᠪᠣᠯᠤᠨ᠎ᠠ᠃ ᠣᠳᠣᠬᠠᠨ᠎ᠳᠤ ᠨᠢᠭᠡᠨᠲᠡ ᠲᠣᠰᠭᠤᠨ᠎ᠤ 10 ᠡᠷᠦᠬᠡ ᠬᠡᠯᠡᠯᠴᠡᠭᠡᠷ ᠲᠣᠭ᠍ᠲᠠᠵᠤ᠂ ᠬᠤᠢᠱᠢᠳᠠ ᠪᠥᠬᠦ᠌ ᠲᠣᠰᠭᠤᠨ᠎ᠢᠶᠠᠷ᠎ᠢᠶᠠᠨ ᠦᠷᠭᠦᠯᠵᠢᠯᠡᠨ ᠠᠬᠢᠭᠤᠯᠵᠤ᠂ ᠪᠥᠬᠦ᠌ ᠲᠣᠰᠭᠤᠨ᠎ᠢᠶᠠᠷ᠎ᠢᠶᠠᠨ ᠠᠷᠢᠭᠤᠨ ᠴᠡᠪᠡᠷ ᠳᠤᠯᠠᠭᠠᠯᠠᠭ᠎ᠠ ᠬᠠᠩᠭᠠᠬᠤ᠎ᠶ᠋ᠢ ᠪᠡᠶᠡᠯᠡᠭᠦᠯᠬᠦ᠌᠎ᠪᠠᠷ ᠪᠤᠢ᠃

ᠬᠡᠷᠡᠯᠴᠢ ᠴᠡᠨᠡᠭ᠎ᠤᠨ ᠠᠵᠤ ᠦᠢᠯᠡᠰ᠎ᠤᠨ ᠬᠥᠭ᠌ᠵᠢᠯᠲᠡ᠎ᠳᠤ ᠲᠦᠱᠢᠭ᠌ᠯᠡᠨ᠂ ᠲᠣᠰᠭᠤᠨ ᠴᠤ᠌ ᠱᠢᠨ᠎ᠡ ᠳᠦᠷᠰᠦ ᠪᠠᠢᠳᠠᠯ᠎ᠲᠠᠢ ᠪᠤᠯᠤᠭ᠍ᠰᠠᠨ᠎ᠢᠶᠠᠷ ᠪᠠᠷᠠᠬᠤ ᠥᠬᠡᠶ ᠪᠠᠰᠠ ᠲᠠᠷᠢᠶᠠᠯᠠᠩ᠎ᠤᠨ ᠺᠣᠮᠫᠠᠨᠢ᠎ᠶ᠋ᠢᠨ ᠪᠠᠯᠠ ᠣᠷᠣᠭᠤᠯᠤᠯᠲᠠ᠎ᠶ᠋ᠢ ᠴᠤ᠌ ᠲᠠᠲᠠᠪᠠ᠃ ᠮᠧᠩ ᠱᠢᠶᠠᠩ ᠬᠦ᠋ ᠲᠠᠷᠢᠶᠠᠯᠠᠩ᠎ᠤᠨ ᠬᠥᠭ᠌ᠵᠢᠯᠲᠡ᠎ᠶ᠋ᠢᠨ ᠬᠢᠵᠠᠭᠠᠷᠲᠤ ᠺᠣᠮᠫᠠᠨᠢ ᠪᠣᠯ ᠳᠠᠷᠤᠶ ᠡᠭᠦᠨ᠎ᠤ ᠳᠣᠲᠣᠷᠠᠬᠢ ᠨᠢᠭᠡ᠎ᠨᠢ ᠪᠣᠯᠤᠨ᠎ᠠ᠃ ᠲᠤᠰ ᠺᠣᠮᠫᠠᠨᠢ᠎ᠶ᠋ᠢᠨ ᠬᠠᠷᠢᠭᠤᠴᠠᠯᠭᠠᠲᠠᠨ ᠹᠦ᠋ ᠬᠠᠢ ᠯᠦᠩ᠄ 《ᠱᠠᠨ ᠳ᠋ᠠᠢ ᠪᠠᠯᠭᠠᠰᠤᠨ᠎ᠤ ᠨᠠᠮ᠎ᠤᠨ ᠬᠤᠷᠢᠶ᠎ᠠ᠎ᠶ᠋ᠢᠨ ᠨᠠᠮ᠎ᠤᠨ ᠪᠠᠢᠭᠤᠯᠤᠯᠲᠠ᠎ᠪᠠᠷ ᠮᠦᠭᠦ᠌ ᠲᠠᠷᠢᠬᠤ ᠠᠵᠤ ᠦᠢᠯᠡᠰ᠎ᠤᠨ ᠬᠥᠭ᠌ᠵᠢᠯᠲᠡ᠎ᠶ᠋ᠢ ᠬᠦᠳᠦᠯᠥᠨ ᠳᠠᠭᠠᠭᠤᠯᠬᠤ ᠲᠤᠬᠢᠷᠠᠭᠤᠯᠤᠯᠳᠠ ᠶᠣᠰᠣᠭᠠᠷ᠂ ᠪᠢ ᠭᠦᠩ ᠪᠦ᠋ ᠲᠣᠰᠭᠤᠨ᠎ᠳᠠᠭᠠᠨ 24 ᠲᠤᠮᠤ ᠬᠦᠯᠡᠮᠵᠢ ᠪᠠᠢᠭᠤᠯᠵᠤ ᠦᠨᠦᠷᠲᠦ ᠮᠦᠬᠦ᠌ ᠲᠠᠷᠢᠪᠠ᠂ ᠣᠳᠣᠬᠠᠨ᠎ᠳᠤ ᠨᠢᠭᠡᠨᠲᠡ 20 ᠲᠦᠮᠡᠨ ᠪᠠᠭᠠᠨᠠᠴᠢᠷ ᠤᠷᠤᠭᠤᠯᠤᠭ᠍ᠰᠠᠨ ᠪᠤᠯᠬᠤᠷ ᠡᠨᠡ ᠵᠢᠯ᠎ᠤᠨ ᠠᠱᠢᠭ ᠣᠷᠣᠯᠭ᠎ᠠ ᠯᠠᠪ ᠮᠠᠭᠤ ᠦᠭᠡᠢ᠃ ᠲᠤᠭ᠍ᠲᠠᠭ᠍ᠰᠠᠨ ᠶᠣᠰᠣᠭᠠᠷ᠂ ᠮᠥᠭᠦ᠌ ᠳᠠᠷᠢᠭᠠᠳ ᠣᠯᠤᠭ᠍ᠰᠠᠨ ᠠᠱᠢᠭ ᠣᠷᠣᠯᠭ᠎ᠠ᠎ᠶ᠋ᠢᠨ 6% ᠎ᠶ᠋ᠢ ᠭᠦᠩ ᠪᠦ᠋ ᠲᠤᠰᠭᠤᠨ᠎ᠤ ᠠᠷᠠᠳ᠎ᠤᠨ ᠵᠥᠪᠯᠡᠯ᠎ᠳᠤ ᠲᠤᠱᠢᠶᠠᠨ᠎ᠠ》 ᠭᠡᠪᠡ᠃

ᠱᠠᠨ ᠳ᠋ᠠᠢ ᠪᠠᠯᠭᠠᠰᠤᠨ᠎ᠤ ᠨᠠᠮ᠎ᠤᠨ ᠬᠤᠷᠢᠶᠠᠨ᠎ᠤ ᠱᠦᠵᠢ ᠯᠢ ᠶᠤᠸᠠᠢ ᠴᠢᠩ ᠰᠤᠷᠪᠤᠯᠵᠢᠯᠠᠭ᠍ᠴᠢ᠎ᠳᠤ ᠬᠡᠯᠡᠬᠦ᠌᠎ᠳᠡᠭᠡᠨ᠂ ᠬᠡᠷᠡᠯᠴᠢ ᠴᠡᠨᠡᠭ᠎ᠤᠨ ᠠᠵᠤ ᠦᠢᠯᠡᠰ᠎ᠢ ᠬᠥᠭ᠌ᠵᠢᠭᠦᠯᠦᠭ᠌ᠰᠡᠨ᠎ᠠᠴᠠ ᠪᠣᠯᠵᠣ᠂ ᠭᠦᠩ ᠪᠦ᠋ ᠲᠣᠰᠭᠤᠨ᠎ᠨᠢ ᠦᠢᠯᠡᠳᠪᠦᠷᠢᠯᠡᠯ᠎ᠤᠨ ᠡᠬᠢ ᠪᠠᠶᠠᠯᠢᠭ᠎ᠤᠨ ᠴᠢᠳᠠᠪᠤᠷᠢ᠎ᠲᠠᠢ ᠪᠣᠯᠵᠣ᠂ ᠲᠠᠰᠤᠷᠠᠰᠢ ᠦᠭᠡᠢ ᠴᠠᠬᠢᠯᠭᠠᠨ ᠭᠦᠶᠦᠳᠡᠯ᠎ᠨᠢ ᠡᠨᠡ ᠭᠠᠵᠠᠷ᠎ᠲᠤ ᠬᠡᠷᠡᠭ᠌ᠯᠡᠵᠤ ᠪᠠᠷᠠᠰᠢ ᠥᠬᠡᠶ ᠡᠨᠧᠷᠭᠢ ᠬᠠᠩᠭᠠᠵᠤ᠂ ᠬᠡᠷᠡᠯᠴᠢ ᠴᠡᠨᠡᠭ᠎ᠤᠨ ᠬᠠᠪᠲᠠᠰᠤ᠎ᠨᠤᠭᠤᠳ᠎ᠨᠢ ᠶᠠᠭ ᠯᠠ ᠵᠢᠵᠢᠭ ᠨᠠᠷᠠ ᠱᠢᠭ᠋᠎ᠢᠶᠠᠷ ᠭᠦᠩ ᠪᠦ᠋ ᠲᠣᠰᠭᠤᠨ᠎ᠤ ᠢᠷᠡᠭᠡᠳᠦᠶ᠎ᠶ᠋ᠢ ᠭᠡᠷᠡᠯᠲᠦᠭᠦᠯᠦᠭ᠌ᠰᠡᠨ ᠪᠠᠢᠨ᠎ᠠ ᠭᠡᠵᠡᠶ᠃

ᠬᠦᠩ ᠪᠦ᠋ ᠲᠣᠰᠭᠤᠨ᠎ᠤ ᠳᠠᠭᠠᠭᠤᠯᠭ᠎ᠠ ᠳᠤᠤᠷ᠎ᠠ᠂ ᠲᠦᠮᠡᠳ ᠵᠡᠭᠦᠨ ᠬᠤᠱᠢᠭᠤᠨ᠎ᠤ 8 ᠲᠣᠰᠭᠤᠨ ᠬᠡᠷᠡᠯᠴᠢ ᠴᠡᠨᠡᠭ᠎ᠤᠨ ᠲᠥᠷᠥᠯ ᠵᠦᠢᠯ᠎ᠢ ᠡᠬᠢᠯᠡᠭᠦᠯᠪᠡ᠃ ᠲᠦᠮᠡᠳ᠎ᠤᠨ ᠲᠠᠯ᠎ᠠ ᠨᠤᠲᠤᠭ᠎ᠲᠤ ᠠᠵᠤ ᠦᠢᠯᠡᠰ ᠬᠥᠭ᠌ᠵᠢᠨ ᠴᠡᠴᠡᠭ᠌ᠯᠡᠵᠦ᠍᠂ ᠬᠥᠳᠡᠭᠡ ᠲᠣᠰᠭᠤᠨ ᠴᠤ᠌ ᠣᠷᠣᠱᠢᠨ ᠰᠠᠭᠤᠷᠢᠱᠢᠬᠤ᠎ᠳᠤ ᠲᠣᠬᠢᠷᠠᠮᠵᠢᠲᠠᠶ᠂ ᠲᠠᠷᠢᠶᠠᠴᠢᠳ ᠴᠢᠨᠡᠭᠡᠯᠢᠭ᠌ᠵᠢᠭ᠌ᠰᠡᠨ ᠣᠳᠣᠬᠢᠴᠢᠯᠠᠭ᠍ᠰᠠᠨ ᠬᠡᠷᠡᠯᠴᠢ ᠴᠡᠨᠡᠭ᠎ᠤᠨ ᠲᠣᠰᠭᠤᠨ ᠬᠥᠭ᠌ᠵᠢᠨ ᠮᠠᠨᠳᠤᠵᠤ᠂ ᠬᠡᠷᠡᠯᠴᠢ ᠴᠡᠨᠡᠭ᠎ᠤᠨ ᠠᠵᠤ ᠦᠢᠯᠡᠰ᠎ᠨᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠢᠳᠡᠪᠬᠢᠲᠡᠶ ᠦᠢᠯᠡᠳᠦᠯ ᠦᠵᠡᠭᠦᠯᠵᠦ᠍ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号