ᠲᠦᠪᠡᠳ ᠬᠠᠰᠢ 《ᠪᠠᠶᠠᠵᠢᠯ᠎ᠤᠨ ᠵᠢᠮᠢᠰ》 ᠪᠤᠯᠪᠠ
2021-10-08 10:16:49
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

ᠬᠥᠳᠡᠭᠡ ᠨᠤᠳᠤᠭ᠎ᠤᠨ ᠨᠠᠢ᠍ᠮᠠᠳᠤᠭᠠᠷ ᠰᠠᠷ᠎ᠠ ᠪᠣᠯ ᠡᠯᠪᠡᠭ ᠬᠤᠷᠢᠶᠠᠯᠲᠠ᠎ᠶ᠋ᠢᠨ ᠤᠯᠠᠷᠢᠯ᠃ ᠤᠯᠠᠭᠠᠨᠬᠠᠳᠠ ᠬᠤᠳᠠ᠎ᠶ᠋ᠢᠨ ᠬᠡᠱᠢᠭ᠌ᠳᠡᠨ ᠬᠤᠱᠢᠭᠤᠨ᠎ᠤ ᠸᠠᠨ ᠾᠧ ᠶᠦᠩ ᠪᠠᠯᠭᠠᠰᠤᠨ᠎ᠤ ᠶᠦᠩ ᠮᠢᠩ ᠲᠣᠰᠭᠤᠨ᠎ᠤ ᠠᠵᠤ ᠦᠢᠯᠡᠰ᠎ᠤᠨ ᠬᠦᠷᠢᠶᠡᠯᠡᠩ᠎ᠳᠤ ᠶᠠᠭᠠᠷᠠᠯᠲᠠᠢ ᠪᠠᠢᠳᠠᠯ ᠢᠯᠡᠷᠡᠵᠦ᠍᠂ ᠭᠠᠯ ᠤᠯᠠᠭᠠᠨ ᠲᠦᠪᠡᠳ ᠬᠠᠰᠢ᠎ᠨᠢ ᠵᠠᠯ᠎ᠠ ᠨᠠᠮᠠᠭ᠎ᠠ᠎ᠪᠠᠨ ᠲᠠᠭᠠᠭᠠᠵᠤ ᠶᠠᠳᠠᠨ ᠰᠠᠭᠤᠵᠤ᠂ ᠦᠵᠡᠭ᠌ᠰᠡᠨ ᠤᠯᠠᠨ᠎ᠤ ᠪᠠᠭ᠍ᠠᠷᠬᠠᠯ᠎ᠢ ᠳᠠᠳᠠᠨ᠎ᠠ᠃ 

《ᠡᠨᠡ ᠵᠢᠯ᠎ᠤᠨ ᠲᠠᠷᠢᠭ᠍ᠰᠠᠨ ᠲᠥᠪᠡᠳ ᠬᠠᠰᠢ᠎ᠶ᠋ᠢᠨ ᠤᠷᠭᠤᠴᠠ ᠰᠠᠢᠨ ᠪᠠᠢᠨ᠎ᠠ᠂ ᠵᠠᠬ᠎ᠠ ᠳᠡᠯᠭᠡᠭᠦᠷ᠎ᠤᠨ ᠦᠨ᠎ᠡ ᠬᠠᠩᠰᠢ ᠴᠤ᠌ ᠮᠠᠰᠢ ᠰᠠᠢᠨ᠂ ᠡᠬᠢᠯᠡᠵᠤ ᠲᠡᠭᠦᠭ᠌ᠰᠡᠨ᠎ᠠᠴᠠ ᠨᠠᠭᠠᠰᠢ ᠨᠢᠭᠡᠨᠲᠡ 24 ᠲᠣᠨ ᠬᠤᠳᠠᠯᠳᠤᠴᠢᠬᠠᠵᠠᠶ᠂ ᠲᠡᠬᠦᠬᠡᠳᠦᠢ᠎ᠨᠢ ᠨᠡᠯᠢᠶᠡᠳ ᠤᠯᠠᠨ ᠪᠠᠢᠨ᠎ᠠ》 ᠬᠡᠵᠦ᠍ ᠰᠡᠷᠢᠬᠦᠨ ᠬᠦᠯᠡᠮᠵᠢ᠎ᠳᠤ ᠲᠥᠪᠡᠳ ᠬᠠᠰᠢ ᠲᠡᠭᠦᠵᠦ᠍ ᠪᠠᠢᠭ᠍ᠰᠠᠨ ᠯᠢᠦ ᠬᠦᠶ ᠶᠢᠦ ᠪᠠᠶᠠᠷᠳᠠᠢᠬᠠᠨ ᠬᠡᠯᠡᠨ᠎ᠠ᠃ 

ᠡᠨᠡ ᠵᠢᠯ᠂ ᠯᠢᠦ ᠬᠦᠢ ᠶᠢᠥ ᠠᠵᠤ ᠦᠢᠯᠡᠰ᠎ᠤᠨ ᠬᠦᠷᠢᠶᠡᠯᠡᠩ᠎ᠳᠤ ᠨᠡᠢᠳᠡ 25 ᠰᠡᠷᠢᠬᠦᠨ ᠬᠦᠯᠡᠮᠵᠢ ᠲᠥᠪᠡᠳ ᠬᠠᠰᠢ ᠲᠠᠷᠢᠵᠦ᠍᠂ ᠬᠦᠯᠡᠮᠵᠢ ᠪᠦᠷᠢ᠎ᠶ᠋ᠢᠨ ᠭᠠᠷᠤᠯᠲᠠ᠎ᠨᠢ 14000 ᠵᠢᠩ ᠱᠢᠬᠠᠮ᠎ᠳᠤ ᠬᠦᠷᠴᠦ᠍᠂ ᠬᠤᠳᠠᠯᠳᠤᠭᠠᠴᠢᠨ ᠵᠢᠩ ᠪᠦᠷᠢ᠎ᠳᠡᠭᠡᠨ ᠳᠤᠮᠳᠠᠴᠢ᠎ᠪᠠᠷ 2.4 ᠲᠥᠭᠦᠷᠢᠭ᠎ᠤᠨ ᠦᠨ᠎ᠡ᠎ᠪᠠᠷ ᠬᠤᠳᠠᠯᠳᠤᠨ ᠠᠪᠴᠤ᠌᠂ ᠨᠢᠭᠡ ᠬᠦᠯᠠᠮᠵᠢ᠎ᠶ᠋ᠢᠨ ᠵᠢᠯ᠎ᠤᠨ ᠠᠱᠢᠭ ᠣᠷᠣᠯᠭ᠎ᠠ᠎ᠨᠢ ᠪᠠᠷᠤᠭ 3 ᠲᠦᠮᠡᠨ ᠲᠥᠭᠦᠷᠢᠭ᠎ᠠᠴᠠ ᠳᠡᠭᠡᠭ᠌ᠰᠢ ᠬᠦᠷᠪᠡ᠃ 《ᠡᠨᠡ ᠵᠢᠯ᠎ᠤᠨ ᠲᠠᠷᠢᠭ᠍ᠰᠠᠨ ᠲᠦᠪᠡᠳ ᠬᠠᠰᠢ᠎ᠶ᠋ᠢ ᠦᠵᠡᠬᠦ᠌᠎ᠳᠤ ᠶᠠᠯᠢᠮ ᠦᠭᠡᠢ ᠪᠣᠯᠪᠠᠴᠤ᠌ ᠡᠳᠡᠭᠡᠷ ᠲᠦᠪᠡᠳ ᠬᠠᠰᠢ᠎ᠨᠢ ᠨᠢᠭᠡᠨᠲᠡ ᠭᠤᠸᠠᠩᠳᠦ᠋ᠩ᠂ ᠱᠧᠨᠵᠧᠨ᠎ᠤ ᠬᠤᠭᠤᠯᠠᠨ ᠱᠢᠷᠡᠭᠡᠨ᠎ᠳᠤ 〈ᠰᠠᠭᠠᠳᠠᠵᠤ〉᠂ ᠵᠠᠷᠢᠮ᠎ᠨᠢ ᠪᠠᠰᠠ ᠭᠠᠳᠠᠭᠠᠳᠤ᠎ᠳᠤ ᠭᠠᠷᠴᠤ᠌ ᠶᠠᠫᠣᠨ᠎ᠳᠤ ᠪᠣᠷᠣᠯᠠᠭᠤᠯᠤᠭ᠍ᠳᠠᠵᠤ ᠪᠠᠢᠨ᠎ᠠ᠂ ᠡᠨᠡ ᠵᠢᠯ ᠨᠠᠭᠠᠳᠤ ᠵᠠᠬ᠎ᠠ᠎ᠳᠠᠭᠠᠨ 50 ᠭᠠᠷᠤᠢ ᠲᠦᠮᠡᠨ ᠲᠥᠭᠦᠷᠢᠭ᠎ᠤᠨ ᠴᠡᠪᠡᠷ ᠣᠷᠣᠯᠭ᠎ᠠ ᠣᠯᠤᠨ᠎ᠠ᠂ ᠲᠠᠷᠠᠭ᠎ᠠ ᠵᠢᠯ ᠪᠠᠰᠠ ᠦᠷᠭᠦᠯᠵᠢᠯᠡᠨ ᠬᠡᠪᠴᠢᠶ᠎ᠡ᠎ᠪᠠᠨ ᠥᠷᠭᠡᠳᠭᠡᠨ᠎ᠡ》 ᠭᠡᠵᠦ᠍ ᠯᠢᠦ ᠬᠦᠢ ᠶᠢᠦ ᠢᠳᠡᠬᠡᠯ ᠲᠡᠬᠦᠯᠳᠡᠷ ᠶᠠᠷᠢᠵᠤ ᠪᠠᠢᠯ᠎ᠠ᠃ 

ᠯᠢᠦ ᠬᠦᠶ ᠶᠢᠦ᠎ᠶ᠋ᠢᠨ ᠤᠳᠤ᠎ᠶ᠋ᠢᠨ ᠰᠠᠢᠨ ᠠᠮᠢᠳᠤᠷᠠᠯ᠎ᠨᠢ ᠸᠠᠨ ᠾᠧ ᠶᠦᠩ ᠪᠠᠯᠭᠠᠰᠤᠨ᠎ᠤ ᠨᠠᠮ᠎ᠤᠨ ᠬᠤᠷᠢᠶ᠎ᠠ ᠵᠠᠰᠠᠭ᠎ᠤᠨ ᠣᠷᠳᠣᠨ᠎ᠤ ᠤᠢ᠍ᠢᠷ᠎ᠠ᠎ᠶ᠋ᠢᠨ ᠵᠢᠯ᠎ᠳᠤ 《ᠠᠵᠤ ᠦᠢᠯᠡᠰ᠎ᠢ ᠬᠦᠭ᠌ᠵᠢᠬᠦᠯᠬᠦ᠌》 ᠵᠠᠩᠭᠢᠯᠠᠭ᠎ᠠ᠎ᠶ᠋ᠢ ᠴᠢᠩᠭ᠎ᠠ ᠠᠳᠭᠤᠵᠤ᠂ ᠲᠠᠷᠢᠶᠠᠯᠠᠩ᠎ᠢᠶᠠᠷ ᠭᠤᠣᠯ ᠪᠣᠯᠭᠠᠨ᠂ ᠵᠠᠬ᠎ᠠ ᠳᠡᠯᠭᠡᠭᠦᠷ᠎ᠢᠶᠠᠷ ᠤᠳᠤᠷᠢᠳᠤᠮᠵᠢ ᠪᠣᠯᠭᠠᠵᠤ᠂ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌᠎ᠪᠠᠷ ᠬᠠᠷᠠᠯᠲᠠ ᠪᠣᠯᠭᠠᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠵᠤ᠂  ᠬᠡᠪᠴᠢᠶ᠎ᠡ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠵᠦ᠍ ᠦᠷ᠎ᠡ ᠠᠱᠢᠭ᠎ᠢ ᠨᠡᠮᠡᠭ᠌ᠳᠡᠭᠦᠯᠬᠦ᠌》 ᠱᠠᠭᠠᠷᠳᠠᠯᠭ᠎ᠠ ᠶᠣᠰᠣᠭᠠᠷ᠂ ᠠᠵᠤ ᠦᠢᠯᠡᠰ᠎ᠤᠨ ᠪᠦᠲᠦᠴᠡ᠎ᠶ᠋ᠢᠨ ᠳᠤᠬᠢᠷᠠᠭᠤᠯᠤᠯᠳᠠ ᠬᠢᠵᠦ᠍᠂ ᠬᠦᠯᠡᠮᠵᠢ᠎ᠶ᠋ᠢᠨ ᠢᠳᠡᠱᠢᠨ ᠨᠣᠭᠤᠭᠠᠨ᠎ᠤ ᠠᠵᠤ ᠦᠢᠯᠡᠰ᠎ᠢ ᠶᠡᠭᠡ᠎ᠪᠠᠷ ᠬᠥᠭ᠌ᠵᠢᠭᠦᠯᠵᠦ᠍᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠬᠦ᠌᠎ᠶ᠋ᠢ ᠠᠬᠢᠭᠤᠯᠵᠤ᠂ ᠲᠠᠷᠢᠶᠠᠴᠢᠨ ᠡᠷᠦᠬᠡ᠎ᠶ᠋ᠢᠨ ᠭᠠᠷᠤᠯᠲᠠ᠎ᠶ᠋ᠢ ᠨᠡᠮᠡᠭ᠌ᠳᠡᠭᠦᠯᠵᠦ᠍ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠪᠦᠲᠦᠮᠵᠢᠲᠡᠢ ᠳᠠᠢᠴᠢᠯᠠᠭ᠍ᠰᠠᠨ᠎ᠤ ᠠᠴᠢ ᠳᠤᠰᠠ ᠪᠤᠯᠤᠨ᠎ᠠ᠃ 

ᠠᠵᠤ ᠦᠢᠯᠡᠰ᠎ᠤᠨ ᠪᠦᠲᠦᠴᠡ᠎ᠳᠤ ᠲᠣᠬᠢᠷᠠᠭᠤᠯᠤᠯᠲᠠ ᠬᠢᠬᠦ᠌᠎ᠪᠠᠷ ᠳᠠᠮᠵᠢᠭᠠᠳ᠂ ᠲᠤᠬᠠᠶ᠎ᠶ᠋ᠢᠨ ᠭᠠᠵᠠᠷ᠎ᠲᠤ ᠱᠢᠨ᠎ᠡ ᠬᠥᠭ᠌ᠵᠢᠯᠲᠡ᠎ᠶ᠋ᠢᠨ ᠰᠡᠳᠭᠢᠮᠵᠢ᠎ᠶ᠋ᠢ ᠠᠪᠴᠢᠷᠠᠭ᠍ᠰᠠᠨ ᠪᠠᠢᠨ᠎ᠠ᠃ ᠭᠠᠵᠠᠷ ᠱᠢᠷᠣᠶ᠎ᠶ᠋ᠢ ᠡᠷᠭᠢᠯᠲᠡ᠎ᠳᠤ ᠣᠷᠣᠭᠤᠯᠵᠦ᠍ ᠰᠤᠯᠠ ᠪᠠᠢᠬᠤ ᠭᠠᠵᠠᠷ ᠱᠢᠷᠣᠶ᠎ᠶ᠋ᠢ ᠠᠱᠢᠬ᠍ᠯᠠᠬᠤ᠎ᠶ᠋ᠢᠨ ᠬᠠᠮᠲᠤ ᠪᠠᠰᠠ ᠶᠡᠭᠡ ᠬᠡᠮᠵᠢᠶᠡᠨ᠎ᠤ ᠠᠵᠢᠯ᠎ᠤᠨ ᠪᠠᠢᠷᠢ ᠬᠠᠩᠭᠠᠭ᠍ᠰᠠᠨ ᠪᠠᠢᠨ᠎ᠠ᠃ ᠬᠠᠪᠤᠷ᠎ᠤᠨ ᠠᠳᠠᠷ ᠬᠠᠭᠠᠯᠪᠤᠷᠢᠯᠠᠬᠤ᠂ ᠲᠠᠷᠢᠶ᠎ᠠ ᠲᠠᠷᠢᠬᠤ᠎ᠠᠴᠠ ᠵᠤᠨ᠎ᠤ ᠡᠪᠡᠰᠦ ᠠᠷᠢᠯᠭᠠᠬᠤ᠂ ᠰᠠᠯᠠᠭ᠎ᠠ ᠨᠠᠮᠠᠭ᠎ᠠ᠎ᠶ᠋ᠢ ᠵᠠᠰᠠᠬᠤ ᠬᠦᠷᠲᠡᠯ᠎ᠡ᠂ ᠲᠠᠬᠢᠭᠠᠳ ᠨᠠᠮᠤᠷ᠎ᠤᠨ ᠲᠡᠭᠦᠬᠦ᠂ ᠲᠡᠷᠭᠡᠨ᠎ᠳᠤ ᠲᠡᠭᠡᠭᠡᠬᠦ᠌ ᠬᠦᠷᠲᠡᠯ᠎ᠡ ᠴᠥᠮ ᠤᠷᠳᠤ ᠬᠤᠭᠤᠴᠠᠭ᠎ᠠ᠎ᠪᠠᠷ ᠬᠥᠳᠡᠯᠮᠦᠷᠢ ᠬᠦᠴᠦ᠍ ᠬᠡᠷᠡᠭ᠌ᠰᠡᠵᠦ᠍᠂ ᠬᠥᠮᠦᠨ ᠪᠦᠷᠢ ᠡᠳᠦᠷ᠎ᠲᠤ 150 ᠲᠥᠭᠦᠷᠢᠭ ᠣᠯᠳᠠᠭ᠃ ᠠᠷᠠᠳ ᠤᠯᠠᠨ ᠬᠡᠷ᠎ᠤᠨ ᠡᠭᠦᠳᠡᠨ᠎ᠳᠡᠭᠡᠨ ᠬᠢᠯᠪᠠᠷᠬᠠᠨ ᠵᠣᠭᠤᠰ ᠤᠯᠬᠤ ᠠᠵᠢᠯ᠎ᠢ ᠬᠢᠵᠦ᠍᠂ ᠠᠵᠢᠯᠴᠢ ᠬᠤᠶᠠᠷ ᠭᠠᠷ᠎ᠢᠶᠠᠷ᠎ᠢᠶᠠᠨ ᠰᠠᠢᠨ ᠰᠠᠢᠬᠠᠨ ᠠᠮᠢᠳᠤᠷᠠᠯ᠎ᠢᠶᠠᠨ ᠴᠤᠭ᠍ᠴᠠᠯᠠᠵᠤ ᠴᠢᠳᠠᠬᠤ ᠪᠤᠯᠵᠠᠢ᠃ 

ᠳᠠᠷᠠᠭᠠᠴᠢ᠎ᠶ᠋ᠢᠨ ᠠᠯᠬᠤᠮ᠎ᠳᠤ᠂ ᠸᠠᠨ ᠾᠧ ᠶᠦᠩ ᠪᠠᠯᠭᠠᠰᠤ᠎ᠶ᠋ᠢᠨ᠎ᠬᠢᠨ ᠶᠠᠰᠤ ᠴᠢᠨᠠᠷ᠎ᠢᠶᠠᠷ ᠬᠥᠳᠡᠭᠡ ᠠᠵᠤ ᠠᠬᠤᠢ᠎ᠶ᠋ᠢ ᠬᠥᠭ᠌ᠵᠢᠭᠦᠯᠬᠦ᠂ ᠲᠦᠷᠦᠯ ᠲᠡᠮᠳᠡᠭ᠎ᠢᠶᠠᠷ ᠬᠥᠳᠡᠭᠡ ᠠᠵᠤ ᠠᠬᠤᠢ᠎ᠶ᠋ᠢ ᠬᠦᠴᠦᠷᠬᠡᠭ᠌ᠵᠢᠭᠦᠯᠬᠦ᠂ ᠤᠨᠴᠠᠯᠢᠭ᠍ᠳᠤ ᠲᠠᠷᠢᠮᠠᠯ᠎ᠢᠶᠠᠷ ᠲᠠᠷᠢᠶᠠᠴᠢᠨ᠎ᠢ ᠪᠠᠶᠠᠵᠢᠭᠤᠯᠬᠤ᠎ᠪᠠᠷ ᠭᠤᠣᠯ ᠵᠣᠷᠢᠯᠲᠠ᠎ᠪᠠᠨ ᠪᠣᠯᠭᠠᠬᠤ᠎ᠶ᠋ᠢ ᠦᠷᠭᠦᠯᠵᠢᠯᠡᠨ ᠪᠠᠷᠢᠮᠲᠠᠯᠠᠵᠤ᠂ ᠤᠳᠤ ᠦᠶ᠎ᠡ᠎ᠶ᠋ᠢᠨ ᠱᠢᠨ᠎ᠡ ᠬᠥᠳᠡᠭᠡ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠵᠠᠭ᠍ᠪᠤᠷ᠎ᠢ ᠢᠳᠡᠪᠬᠢᠲᠡᠢ ᠰᠦᠪᠡᠭ᠌ᠴᠢᠯᠡᠵᠦ᠍᠂ ᠠᠵᠤ ᠦᠢᠯᠡᠰ᠎ᠤᠨ ᠪᠦᠲᠦᠴᠡ᠎ᠳᠤ ᠲᠤᠬᠢᠷᠠᠭᠤᠯᠤᠯᠳᠠ ᠬᠢᠵᠦ᠍᠂ ᠬᠥᠳᠡᠭᠡ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠪᠦᠬᠦ᠌ ᠬᠦᠴᠦᠨ᠎ᠢᠶᠠᠷ ᠠᠬᠢᠭᠤᠯᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠶᠠᠪᠤᠴᠠ᠎ᠳᠤ ᠠᠵᠤ ᠦᠢᠯᠡᠰ᠎ᠤᠨ ᠰᠠᠭᠤᠷᠢ᠎ᠶ᠋ᠢ ᠰᠠᠢᠲᠤᠷ ᠲᠠᠯᠪᠢᠬᠤ᠎ᠪᠠᠷ ᠪᠤᠢ᠃

ᠣᠷᠴᠢᠭᠤᠯᠤᠭ᠍ᠴᠢ᠄ ᠸᠠᠩ ᠲᠠᠨ᠎ᠠ
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠢᠶ᠎ᠡ ᠪᠦᠬᠦᠢ ᠰᠣᠨᠢᠨ
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号