ᠮᠠᠨ᠎ᠤ ᠤᠷᠤᠨ ᠵᠠᠮ ᠬᠠᠷᠢᠯᠴᠠᠭ᠎ᠠ ᠲᠡᠭᠡᠭᠡᠪᠤᠷᠢ᠎ᠶ᠋ᠢᠨ ᠪᠦᠲᠦᠭᠡᠨ ᠪᠠᠢᠭᠤᠯᠤᠯᠲᠠ᠎ᠳᠤ ᠦᠷᠬᠦᠯᠵᠢᠯᠡᠨ ᠬᠦᠴᠦᠨ ᠨᠡᠮᠡᠷᠢᠯᠡᠵᠦ᠍ ᠪᠤᠢ
2021-10-08 10:16:29
ᠵᠣᠬᠢᠶᠠᠭ᠍ᠴᠢ᠄
ᠼᠠᠢ ᠬᠤᠨᠭ᠌
ᠣᠩᠱᠢᠭ᠍ᠰᠠᠨ ᠣᠳᠠᠭ᠎ᠠ᠄
★★★☆☆

ᠥᠪᠥᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠠᠴᠠ ᠣᠢᠯᠠᠭᠠᠭ᠍ᠰᠠᠨ᠎ᠢᠶᠠᠷ᠂ ᠮᠠᠨ᠎ᠤ ᠤᠷᠤᠨ 1 — 7 ᠰᠠᠷ᠎ᠠ᠎ᠳᠤ ᠵᠠᠰᠠᠮᠠᠯ ᠵᠠᠮ᠂ ᠤᠰᠤᠨ ᠵᠠᠮ᠎ᠤᠨ ᠵᠠᠮ ᠬᠠᠷᠢᠯᠴᠠᠭ᠎ᠠ ᠲᠡᠭᠡᠭᠡᠪᠦᠷᠢ᠎ᠳᠤ 110.7 ᠳ᠋ᠦᠩᠱᠢᠭᠤᠷ ᠲᠥᠭᠦᠷᠢᠭ᠎ᠤᠨ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ᠎ᠶ᠋ᠢ ᠪᠡᠶᠡᠯᠡᠭᠦᠯᠵᠦ᠍᠂ ᠲᠦᠷᠭᠡᠨ᠎ᠤ ᠵᠠᠰᠠᠮᠠᠯ ᠵᠠᠮ᠎ᠤᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠳᠤ 54.2 ᠳ᠋ᠦᠩᠱᠢᠭᠤᠷ ᠲᠥᠭᠦᠷᠢᠭ᠎ᠤᠨ ᠪᠠᠯᠠ ᠣᠷᠣᠭᠤᠯᠤᠯᠲᠠ᠎ᠶ᠋ᠢ ᠪᠡᠶᠡᠯᠡᠭᠦᠯᠪᠡ; ᠭᠤᠣᠯ ᠱᠤᠭᠤᠮ᠎ᠤᠨ ᠵᠠᠰᠠᠮᠠᠯ ᠵᠠᠮ᠎ᠤᠨ ᠲᠣᠣᠷ᠎ᠢ ᠦᠭᠡᠷᠡᠴᠢᠯᠡᠨ ᠪᠠᠢᠭᠤᠯᠬᠤ ᠲᠥᠷᠦᠯ ᠵᠦᠢᠯ᠎ᠳᠤ 36.1 ᠳ᠋ᠦᠩᠱᠢᠭᠤᠷ ᠲᠥᠭᠦᠷᠢᠭ᠎ᠤᠨ ᠪᠡᠯᠡ ᠣᠷᠣᠭᠤᠯᠤᠯᠲᠠ᠎ᠶ᠋ᠢ ᠪᠡᠶᠡᠯᠡᠭᠦᠯᠵᠡᠢ; ᠲᠡᠭᠡᠭᠡᠪᠦᠷᠢ᠎ᠶ᠋ᠢᠨ ᠥᠷᠲᠡᠭᠡ ᠲᠠᠯᠠᠪᠤᠷ᠎ᠤᠨ ᠲᠥᠷᠥᠯ ᠵᠦᠢᠯ᠎ᠳᠤ 2.5 ᠳ᠋ᠦᠩᠱᠢᠭᠤᠷ ᠲᠥᠭᠦᠷᠢᠭ᠎ᠤᠨ ᠪᠠᠯᠠ ᠣᠷᠣᠭᠤᠯᠤᠯᠲᠠ᠎ᠶ᠋ᠢ ᠪᠡᠶᠡᠯᠡᠭᠦᠯᠪᠡ; ᠬᠥᠳᠡᠭᠡ ᠲᠣᠰᠭᠤᠨ᠎ᠤ ᠵᠠᠰᠠᠮᠠᠯ ᠵᠠᠮ᠎ᠤᠨ ᠲᠥᠷᠥᠯ ᠵᠦᠢᠯ ᠵᠢᠴᠢ ᠪᠤᠰᠤᠳ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠳᠤ 17.9 ᠳ᠋ᠦᠩᠱᠢᠭᠤᠷ ᠲᠥᠭᠦᠷᠢᠭ᠎ᠤᠨ ᠪᠠᠯᠠ ᠣᠷᠣᠭᠤᠯᠤᠯᠲᠠ᠎ᠶ᠋ᠢ ᠪᠡᠶᠡᠯᠡᠭᠦᠯᠪᠡ᠃

ᠣᠢᠯᠠᠭᠠᠭ᠍ᠰᠠᠨ᠎ᠢᠶᠠᠷ᠂ ᠡᠨᠡ ᠵᠢᠯ ᠥᠪᠥᠷ ᠮᠣᠩᠭᠤᠯ ᠵᠠᠰᠠᠮᠠᠯ ᠵᠠᠮ᠂ ᠤᠰᠤᠨ ᠵᠠᠮ᠎ᠤᠨ ᠵᠠᠮ ᠲᠡᠭᠡᠭᠡᠪᠦᠷᠢ᠎ᠳᠤ 320 ᠳ᠋ᠦᠩᠱᠢᠭᠤᠷ ᠲᠥᠭᠦᠷᠢᠭ᠎ᠠᠴᠠ ᠲᠡᠭᠡᠭ᠌ᠰᠢᠬᠢ ᠲᠣᠭ᠍ᠲᠠᠮᠠᠯ ᠬᠥᠷᠥᠩᠭᠡ᠎ᠶ᠋ᠢᠨ ᠪᠠᠯᠠ ᠤᠷᠤᠭᠤᠯᠤᠨ᠂ ᠵᠠᠰᠠᠮᠠᠯ ᠵᠠᠮ᠎ᠤᠨ ᠪᠥᠲᠥᠭᠡᠨ ᠪᠠᠢᠭᠤᠯᠤᠯᠲᠠ᠎ᠶ᠋ᠢᠨ ᠬᠡᠪᠴᠢᠶ᠎ᠡ᠎ᠶ᠋ᠢ 1.3 ᠲᠦᠮᠡᠨ ᠺᠢᠯᠣᠮᠧᠲᠷ ᠪᠡᠶᠡᠯᠡᠭᠦᠯᠵᠦ᠍᠂ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠎ᠢ 7000 ᠺᠢᠯᠣᠮᠧᠲᠷ ᠪᠥᠲᠥᠭᠡᠨ ᠪᠠᠢᠭᠤᠯᠬᠤ᠎ᠪᠠᠷ ᠴᠢᠷᠮᠠᠢᠵᠤ ᠪᠤᠢ᠃ ᠭᠤᠤᠯᠳᠠᠯᠭ᠎ᠠ᠎ᠲᠠᠢ ᠠᠵᠢᠯ ᠲᠦᠷᠦᠯ᠎ᠳᠤ᠂ ᠨᠢᠭᠡ᠎ᠳᠤ᠂ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠡᠭᠦᠷᠭᠡ᠎ᠶ᠋ᠢ ᠨᠠᠢᠳᠠᠪᠤᠷᠢᠵᠢᠭᠤᠯᠤᠨ᠎ᠠ᠃ ᠡᠭᠦᠨ᠎ᠳᠤ᠂ ᠲᠦᠷᠭᠡᠨ᠎ᠤ ᠵᠠᠰᠠᠮᠠᠯ ᠵᠠᠮ᠎ᠤᠨ ᠪᠦᠲᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠤᠨ᠂ ᠤᠯᠤᠰ᠎ᠤᠨ ᠲᠦᠷᠭᠡᠨ᠎ᠤ ᠵᠠᠰᠠᠮᠠᠯ ᠵᠠᠮ᠎ᠤᠨ ᠲᠣᠣᠷ ᠰᠦᠯᠵᠢᠶ᠎ᠡ᠎ᠶ᠋ᠢᠨ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠤ ᠨᠡᠪᠲᠡᠷᠡᠭᠦᠯᠬᠦ᠌᠎ᠪᠠᠷ ᠪᠠᠢᠭ᠎ᠠ ᠵᠠᠮ᠎ᠤᠨ ᠬᠡᠰᠡᠭ᠎ᠢ ᠡᠮᠬᠢ ᠵᠢᠷᠤᠮ᠎ᠲᠠᠢ᠎ᠪᠠᠷ ᠨᠡᠪᠲᠡᠷᠡᠭᠦᠯᠦᠨ᠎ᠡ; ᠡᠩ᠎ᠤᠨ ᠤᠯᠤᠰ᠎ᠤᠨ ᠳᠡᠰ᠂ ᠮᠤᠵᠢ᠎ᠶ᠋ᠢᠨ ᠳᠡᠰ᠎ᠤᠨ ᠭᠤᠣᠯ ᠱᠤᠭᠤᠮ᠎ᠤᠨ ᠳᠡᠰ ᠳᠡᠪᠱᠢᠬᠦ᠌᠎ᠶ᠋ᠢ ᠠᠬᠢᠭᠤᠯᠵᠤ᠂ ᠭᠤᠣᠯ ᠱᠤᠭᠤᠮ᠎ᠤᠨ ᠲᠣᠣᠷ᠎ᠤᠨ ᠨᠡᠪᠲᠡᠷᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠂ ᠬᠢᠯᠢ ᠳᠠᠭᠠᠤ ᠵᠠᠰᠠᠮᠠᠯ ᠵᠠᠮ᠎ᠤᠨ ᠪᠦᠲᠦᠭᠡᠨ ᠪᠠᠢᠭᠤᠯᠤᠯᠲᠠ᠎ᠶ᠋ᠢ ᠲᠦᠯᠬᠢᠨ ᠠᠬᠢᠭᠤᠯᠤᠨ᠎ᠠ; ᠲᠡᠭᠡᠭᠡᠪᠦᠷᠢ᠎ᠶ᠋ᠢᠨ ᠲᠠᠯᠠᠪᠤᠷ ᠥᠷᠲᠡᠭᠡᠨ᠎ᠤ ᠪᠦᠲᠦᠭᠡᠨ ᠪᠠᠢᠭᠤᠯᠤᠯᠲᠠ᠎ᠶ᠋ᠢ ᠲᠦᠯᠬᠢᠨ ᠠᠬᠢᠭᠤᠯᠵᠤ᠂ ᠶᠡᠷᠦᠩᠬᠡᠢᠯᠡᠭ᠌ᠰᠡᠨ ᠵᠠᠮ ᠬᠠᠷᠢᠯᠴᠠᠭᠠᠨ᠎ᠤ ᠬᠦᠢᠰᠦ᠂ ᠠᠶᠠᠨᠴᠢᠨ᠎ᠤ ᠲᠡᠭᠡᠭᠡᠪᠦᠷᠢ᠎ᠶ᠋ᠢᠨ ᠲᠠᠯᠠᠪᠤᠷ ᠦᠷᠳᠡᠭᠡ᠂ ᠬᠤᠳᠠ᠎ᠶ᠋ᠢᠨ ᠤᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠲᠠᠯᠠᠪᠤᠷ ᠦᠷᠳᠡᠭᠡ ᠵᠡᠷᠭᠡ᠎ᠶ᠋ᠢᠨ ᠶᠡᠷᠦᠩᠬᠡᠢᠯᠡᠭ᠌ᠰᠡᠨ ᠨᠡᠭᠡᠭᠡᠨ ᠬᠥᠭ᠌ᠵᠢᠭᠦᠯᠦᠯᠲᠡ᠎ᠶ᠋ᠢ ᠠᠬᠢᠭᠤᠯᠤᠨ᠎ᠠ᠃ ᠬᠤᠶᠠᠷ᠎ᠲᠤ᠌᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠲᠤᠯᠤᠯᠲᠠ᠎ᠶ᠋ᠢᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠬᠦ᠌᠎ᠶ᠋ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭᠠᠭᠤᠯᠬᠤ᠎ᠶ᠋ᠢ ᠠᠬᠢᠭᠤᠯᠤᠨ᠎ᠠ᠃ ᠡᠭᠦᠨ᠎ᠳᠤ᠂ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠎ᠤᠨ ᠬᠥᠭ᠌ᠵᠢᠯᠲᠡ᠎ᠶ᠋ᠢᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠂ ᠵᠠᠮ ᠬᠠᠷᠢᠯᠴᠠᠭᠠᠨ᠎ᠤ ᠲᠥᠷᠥᠯ ᠵᠦᠢᠯ᠎ᠢ ᠲᠣᠰᠭᠤᠨ ᠪᠠ ᠡᠷᠦᠬᠡ᠎ᠳᠤ ᠣᠷᠣᠭᠤᠯᠬᠤ ᠲᠡᠢᠰᠢ ᠢᠯᠡᠭᠦᠬᠡᠨ ᠬᠡᠯᠪᠠᠢᠯᠭᠡᠬᠦ᠌᠎ᠶ᠋ᠢ ᠠᠬᠢᠭᠤᠯᠵᠤ᠂ ᠵᠢᠭᠤᠯᠴᠢᠯᠠᠯ᠎ᠤᠨ ᠵᠠᠮ᠂ ᠠᠵᠤ ᠦᠢᠯᠡᠰ᠎ᠤᠨ ᠵᠠᠮ᠂ ᠬᠢᠯᠢ ᠳᠠᠭᠠᠤ ᠠᠢᠯ ᠲᠣᠰᠭᠤᠨ᠎ᠳᠤ ᠵᠠᠰᠠᠮᠠᠯ ᠵᠠᠮ ᠨᠡᠪᠲᠡᠷᠡᠭᠦᠯᠬᠦ᠌ ᠵᠡᠷᠭᠡ ᠪᠦᠲᠦᠭᠡᠨ ᠪᠠᠢᠭᠤᠯᠤᠯᠲᠠ᠎ᠶ᠋ᠢ ᠡᠮᠬᠢ ᠵᠢᠷᠤᠮ᠎ᠲᠠᠢ ᠵᠠᠪᠤᠭ᠍ᠳᠠᠭᠤᠯᠤᠨ᠂ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠎ᠤᠨ ᠳᠡᠰ ᠳᠡᠪᠱᠢᠬᠦ᠌᠎ᠶ᠋ᠢ ᠲᠦᠷᠭᠡᠳᠭᠡᠨ᠎ᠡ; 《ᠳᠥᠷᠪᠡᠨ ᠰᠠᠢᠨ ᠬᠥᠳᠡᠭᠡ ᠲᠣᠰᠭᠤᠨ᠎ᠤ ᠵᠠᠮ》 ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠎ᠤᠨ ᠠᠮᠵᠢᠯᠲᠠ ᠪᠦᠲᠦᠮᠵᠢ᠎ᠶ᠋ᠢᠨ ᠬᠠᠮᠢᠶᠠᠷᠤᠯᠲᠠ᠎ᠶ᠋ᠢ ᠬᠢᠨᠠᠨ ᠱᠢᠯᠭᠠᠬᠤ ᠲᠣᠭ᠍ᠲᠠᠴᠠ᠎ᠶ᠋ᠢ ᠪᠠᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠎ᠤᠨ 《ᠵᠠᠮ᠎ᠤᠨ ᠳᠠᠷᠤᠭ᠎ᠠ᠎ᠶ᠋ᠢᠨ ᠲᠦᠷᠢᠮ》 ᠎ᠢ ᠪᠥᠬᠦ᠌ ᠲᠠᠯ᠎ᠠ᠎ᠪᠠᠷ ᠬᠡᠷᠡᠭ᠌ᠵᠢᠭᠦᠯᠦᠨ᠂ 《ᠦᠵᠡᠰᠭᠦᠯᠡᠩᠲᠦ ᠰᠠᠢᠬᠠᠨ ᠬᠥᠳᠡᠭᠡ ᠲᠣᠰᠭᠤᠨ᠎ᠤ ᠵᠠᠮ》 ᠎ᠤᠨ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ᠎ᠡ; ᠬᠤᠲᠠ ᠬᠥᠳᠡᠭᠡ᠎ᠶ᠋ᠢᠨ ᠵᠠᠮ ᠲᠡᠭᠡᠭᠡᠪᠦᠷᠢ᠎ᠶ᠋ᠢᠨ ᠨᠢᠭᠡ ᠴᠣᠭ᠍ᠴᠠᠵᠢᠭ᠍ᠰᠠᠨ ᠬᠥᠭ᠌ᠵᠢᠯᠲᠡ᠎ᠶ᠋ᠢ ᠠᠬᠢᠭᠤᠯᠤᠨ᠂ ᠱᠢᠶᠠᠩ ᠪᠠᠯᠭᠠᠰᠤ ᠪᠠ ᠬᠦᠳᠡᠭᠡ ᠲᠣᠰᠭᠤᠨ᠎ᠳᠤ ᠠᠶᠠᠨᠴᠢᠳ᠎ᠤᠨ ᠲᠡᠷᠭᠡ ᠨᠡᠪᠲᠡᠷᠡᠭ᠌ᠰᠡᠨ ᠦᠷ᠎ᠡ ᠪᠦᠲᠦᠭᠡᠯ᠎ᠢ ᠪᠠᠬᠢᠵᠢᠭᠦᠯᠦᠨ ᠦᠷᠭᠡᠳᠭᠡᠵᠦ᠍᠂ ᠱᠢᠶᠠᠨ ᠱᠢᠶᠠᠩ ᠲᠣᠰᠭᠤᠨ ᠭᠤᠷᠪᠠᠨ ᠱᠠᠲᠤᠨ᠎ᠤ ᠬᠥᠳᠡᠭᠡ ᠲᠣᠰᠭᠤᠨ᠎ᠤ ᠪᠠᠷᠠᠭᠠᠨ᠎ᠤ ᠬᠦᠢᠯᠭᠡᠭᠡ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠂ ᠱᠢᠶᠠᠩ ᠪᠠᠯᠭᠠᠰᠤ᠎ᠶ᠋ᠢᠨ ᠲᠡᠭᠡᠭᠡᠪᠦᠷᠢ᠎ᠶ᠋ᠢᠨ ᠦᠢᠯᠡᠴᠢᠯᠡᠭᠡᠨ᠎ᠤ ᠥᠷᠲᠡᠭᠡ᠎ᠶ᠋ᠢᠨ ᠠᠷᠠᠯᠵᠢᠶ᠎ᠠ ᠬᠤᠳᠠᠯᠳᠤᠭ᠎ᠠ᠂ ᠪᠠᠷᠠᠭᠠᠨ᠎ᠤ ᠬᠦᠢᠯᠭᠡᠭᠡ᠂ ᠱᠢᠤᠳᠠᠨ᠎ᠤ ᠲᠦᠷᠭᠡᠨ ᠬᠦᠷᠭᠡᠯᠲᠡ ᠵᠡᠷᠭᠡ᠎ᠶ᠋ᠢ ᠥᠷᠭᠡᠳᠭᠡᠬᠦ᠌᠎ᠶ᠋ᠢ ᠬᠥᠲᠥᠯᠥᠨ ᠵᠢᠯᠣᠭᠤᠳᠤᠨ᠎ᠠ᠃

ᠡᠨᠡ ᠵᠢᠯ᠎ᠠᠴᠠ ᠨᠠᠭᠠᠰᠢ᠂ ᠪᠥᠬᠦ᠌ ᠣᠷᠣᠨ᠎ᠤ 《ᠳᠥᠷᠪᠡᠨ ᠰᠠᠢᠨ ᠬᠥᠳᠡᠭᠡ ᠲᠣᠰᠭᠤᠨ᠎ᠤ ᠵᠠᠮ》 ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠬᠤ᠎ᠶ᠋ᠢᠨ ᠲᠦᠯᠦᠭᠡ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠤᠨ ᠮᠠᠯᠵᠢᠬᠤ ᠣᠷᠣᠨ᠎ᠤ ᠲᠢᠩᠬᠢᠮ᠂ ᠶᠠᠳᠠᠭᠤ᠎ᠶ᠋ᠢ ᠲᠡᠳᠬᠦᠬᠦ᠌ ᠠᠯᠪᠠᠨ ᠬᠡᠷ᠎ᠲᠠᠢ ᠬᠠᠮᠲᠤᠷᠠᠨ ᠬᠤᠯᠪᠣᠭ᠍ᠳᠠᠯ ᠪᠥᠬᠦᠶ ᠪᠢᠴᠢᠭ ᠮᠠᠲ᠋ᠧᠷᠢᠶᠠᠯ᠎ᠤᠨ ᠱᠠᠭᠠᠷᠳᠠᠯᠭ᠎ᠠ ᠶᠤᠰᠤᠭᠠᠷ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠬᠢᠨᠠᠨ ᠵᠢᠯᠣᠭᠤᠳᠴᠤ᠌ ᠱᠢᠯᠭᠠᠨ ᠦᠨᠡᠯᠡᠬᠦ᠌ ᠲᠥᠰᠦᠯ᠎ᠤᠨ ᠲᠣᠬᠢᠷᠠᠭᠤᠯᠤᠯᠲᠠ ᠪᠠᠢᠷᠢᠯᠠᠭᠤᠯᠤᠯᠲᠠ᠎ᠲᠠᠢ ᠤᠶᠠᠯᠳᠤᠭᠤᠯᠤᠨ᠂ ᠪᠥᠬᠦ᠌ ᠣᠷᠣᠨ᠎ᠤ ᠬᠡᠪᠴᠢᠶᠡᠨ᠎ᠳᠤ 《ᠳᠥᠷᠪᠡᠨ ᠰᠠᠢᠨ ᠬᠥᠳᠡᠭᠡ ᠲᠣᠰᠭᠤᠨ᠎ᠤ ᠵᠠᠮ》 ᠎ᠤᠨ ᠪᠥᠲᠥᠭᠡᠨ ᠪᠠᠢᠭᠤᠯᠤᠯᠲᠠ ᠵᠢᠴᠢ ᠵᠠᠮ ᠬᠠᠷᠢᠯᠴᠠᠭ᠎ᠠ᠎ᠪᠠᠷ ᠶᠠᠳᠠᠭᠤ᠎ᠶ᠋ᠢ ᠲᠡᠳᠬᠦᠬᠦ᠌᠎ᠶ᠋ᠢ ᠬᠢᠨᠠᠨ ᠵᠢᠯᠣᠭᠤᠳᠴᠤ᠌ ᠱᠢᠯᠭᠠᠨ ᠦᠨᠡᠯᠡᠬᠦ᠌ ᠠᠵᠢᠯ᠎ᠢ ᠥᠷᠨᠢᠭᠦᠯᠪᠡ᠃ ᠡᠭᠦᠨ᠎ᠳᠤ᠂ ᠤᠯᠠᠭᠠᠨᠬᠠᠳᠠ ᠬᠤᠲᠠ᠂ ᠣᠷᠳᠣᠰ ᠬᠤᠲᠠ᠎ᠶ᠋ᠢ ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ ᠪᠦᠯᠦᠭ᠎ᠤᠨ 《ᠳᠦᠷᠪᠡᠨ ᠰᠠᠢᠨ ᠬᠦᠳᠡᠭᠡ ᠲᠤᠰᠭᠤᠨ᠎ᠤ ᠵᠠᠮ》 ᠎ᠤᠨ ᠵᠢᠱ᠌ᠢᠶ᠎ᠡ ᠦᠵᠡᠭᠦᠯᠬᠦ᠌ ᠠᠢᠮᠠᠭ ᠬᠤᠲᠠ᠎ᠪᠠᠷ ᠲᠤᠭ᠍ᠲᠠᠭᠠᠵᠤ᠂ ᠤᠲᠤᠭ ᠬᠤᠱᠢᠭᠤ᠂ ᠪᠠᠭᠠᠷᠢᠨ ᠪᠠᠷᠠᠭᠤᠨ ᠬᠤᠱᠢᠭᠤ᠂ ᠬᠤᠷᠴᠢᠨ ᠲᠤᠭᠤᠷᠢᠭ ᠵᠡᠷᠭᠡ 15 ᠬᠤᠱᠢᠭᠤ ᠱᠢᠶᠠᠨ᠎ᠢ ᠦᠪᠡᠷᠲᠡᠭᠡᠨ ᠵᠠᠰᠠᠬᠤ ᠤᠷᠤᠨ᠎ᠤ ᠳᠦᠷᠪᠡᠳᠦᠭᠡᠷ ᠪᠦᠯᠦᠭ 《ᠳᠦᠷᠪᠡᠨ ᠰᠠᠢᠨ ᠬᠦᠳᠡᠭᠡ ᠲᠤᠰᠭᠤᠨ᠎ᠤ ᠵᠠᠮ》 ᠎ᠤᠨ ᠵᠢᠱ᠌ᠢᠶ᠎ᠡ ᠦᠵᠡᠭᠦᠯᠬᠦ᠌ ᠬᠤᠱᠢᠭᠤ ᠱᠢᠶᠠᠨ᠎ᠢᠶᠠᠷ ᠲᠤᠭ᠍ᠲᠠᠭᠠᠪᠠ᠃ ᠣᠳᠣᠬᠠᠨ ᠪᠣᠯᠲᠠᠯ᠎ᠠ᠂ ᠮᠠᠨ᠎ᠤ ᠤᠷᠤᠨ᠎ᠳᠤ ᠤᠯᠤᠰ᠎ᠤᠨ ᠲᠠᠰ᠎ᠤᠨ 《ᠳᠥᠷᠪᠡᠨ ᠰᠠᠢᠨ ᠬᠥᠳᠡᠭᠡ ᠲᠣᠰᠭᠤᠨ᠎ᠤ ᠵᠠᠮ》 ᠎ᠤᠨ ᠵᠢᠱ᠌ᠢᠶ᠎ᠡ ᠦᠵᠡᠭᠦᠯᠬᠦ᠌ ᠬᠤᠱᠢᠭᠤ ᠱᠢᠶᠠᠨ ᠨᠡᠢᠲᠡ 8᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ 《ᠳᠥᠷᠪᠡᠨ ᠰᠠᠢᠨ ᠬᠥᠳᠡᠭᠡ ᠲᠣᠰᠭᠤᠨ᠎ᠤ ᠵᠠᠮ》 ᠎ᠤᠨ ᠵᠢᠱ᠌ᠢᠶ᠎ᠡ ᠦᠵᠡᠭᠦᠯᠬᠦ᠌ ᠠᠢᠮᠠᠭ ᠬᠤᠲᠠ 2᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ 《ᠳᠥᠷᠪᠡᠨ ᠰᠠᠢᠨ ᠬᠥᠳᠡᠭᠡ ᠲᠣᠰᠭᠤᠨ᠎ᠤ ᠵᠠᠮ》 ᠎ᠤᠨ ᠵᠢᠱ᠌ᠢᠶ᠎ᠡ ᠦᠵᠡᠭᠦᠯᠬᠦ᠌ ᠬᠤᠱᠢᠭᠤ ᠱᠢᠶᠠᠨ 30 ᠪᠠᠢᠵᠤ᠂ ᠪᠥᠬᠦ᠌ ᠣᠷᠣᠨ᠎ᠤ 《ᠳᠥᠷᠪᠡᠨ ᠰᠠᠢᠨ ᠬᠥᠳᠡᠭᠡ ᠲᠣᠰᠭᠤᠨ᠎ᠤ ᠵᠠᠮ》 ᠎ᠤᠨ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠶ ᠠᠬᠢᠭᠤᠯᠬᠤ᠎ᠳᠤ ᠵᠢᠱ᠌ᠢᠶ᠎ᠡ ᠦᠵᠡᠭᠦᠯᠵᠦ᠍ ᠬᠥᠲᠥᠯᠦᠨ ᠳᠠᠭᠠᠭᠤᠯᠬᠤ ᠦᠢᠯᠡᠳᠦᠯ ᠦᠵᠡᠭᠦᠯᠵᠦ᠍ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号