ᠬᠢᠩᠭᠠᠨ᠎ᠤ ᠡᠬᠡ ᠭᠠᠵᠠᠷ᠎ᠲᠤ ᠲᠤᠲᠤᠷᠭ᠎ᠠ ᠬᠠᠯᠢᠭᠤᠷᠠᠨ ᠳᠠᠪᠠᠯᠭᠠᠯᠠᠨ᠎ᠠ
2021-10-08 10:17:30
ᠵᠣᠬᠢᠶᠠᠭ᠍ᠴᠢ᠄
ᠬᠤᠷᠴᠠ ᠭᠤᠣ ᠮᠢᠨ ᠨᠠ
ᠣᠩᠱᠢᠭ᠍ᠰᠠᠨ ᠣᠳᠠᠭ᠎ᠠ᠄
★★★☆☆

ᠪᠠᠰᠠ ᠨᠢᠭᠡ ᠵᠢᠯ᠎ᠤᠨ ᠡᠯᠪᠡᠭ ᠬᠤᠷᠢᠶᠠᠯᠲᠠ᠎ᠶ᠋ᠢᠨ ᠤᠯᠠᠷᠢᠯ ᠪᠤᠯᠬᠤ᠎ᠪᠠᠷ᠂ ᠬᠢᠩᠭᠠᠨ᠎ᠤ ᠡᠬᠡ ᠭᠠᠵᠠᠷ᠎ᠲᠤ ᠪᠠᠶᠠᠷ ᠪᠠᠶᠠᠰᠤᠯ᠎ᠢᠶᠠᠷ ᠪᠢᠯᠬᠠᠨ᠎ᠠ᠃ ᠬᠦᠰᠡᠯ ᠡᠷᠡᠮᠡᠯᠵᠡᠯ ᠪᠢᠯᠬᠠᠭ᠍ᠰᠠᠨ ᠲᠠᠷᠢᠶᠠᠨ ᠭᠠᠵᠠᠷ᠎ᠲᠤ᠌᠂ ᠠᠯᠳᠠᠨ ᠱᠢᠷᠭᠠᠯ ᠲᠤᠲᠤᠷᠭ᠎ᠠ᠎ᠶ᠋ᠢᠨ ᠲᠦᠷᠦᠭᠦᠦ ᠰᠠᠯᠬᠢᠨ᠎ᠤ ᠠᠶ᠎ᠠ᠎ᠪᠠᠷ ᠨᠠᠢᠭᠤᠨ᠂ ᠥᠷᠥᠮᠡᠨ ᠱᠢᠷᠭᠠᠯ ᠡᠷᠳᠡᠨᠢ ᠱᠢᠰᠢ ᠡᠬᠡ ᠭᠠᠵᠠᠷ᠎ᠢ ᠴᠢᠮᠡᠭ᠌ᠯᠡᠵᠥ᠍᠂ ᠪᠤᠯᠪᠠᠰᠤᠷᠠᠬ᠍ᠰᠠᠨ ᠵᠢᠮᠢᠰ ᠰᠠᠯᠠᠭ᠎ᠠ ᠨᠠᠮᠠᠭ᠎ᠠ ᠳᠦᠬᠦᠷᠡᠩ ᠡᠯᠬᠦᠭ᠌ᠳᠡᠵᠥ᠍ ᠁ ᠬᠥᠳᠡᠭᠡ ᠲᠣᠰᠭᠤᠨ᠎ᠤ ᠡᠯᠪᠡᠭ ᠬᠤᠷᠢᠶᠠᠯᠲᠠ᠎ᠶ᠋ᠢᠨ ᠱᠢᠨ᠎ᠡ ᠵᠢᠷᠤᠭ ᠬᠢᠩᠭᠠᠨ᠎ᠤ ᠡᠬᠡ ᠭᠠᠵᠠᠷ᠎ᠲᠤ ᠳᠡᠯᠭᠡᠭ᠌ᠳᠡᠨ᠎ᠡ᠃

ᠤᠢ᠍ᠢᠷ᠎ᠡ᠎ᠶ᠋ᠢᠨ ᠵᠢᠯ᠎ᠳᠤ᠂ ᠤᠯᠠᠭᠠᠨᠬᠤᠲᠠ᠎ᠶ᠋ᠢᠨ᠎ᠬᠢᠨ ᠢᠯᠠᠯᠲᠠ ᠪᠠᠯᠭᠠᠰᠤᠨ᠎ᠤ ᠲᠠᠷᠢᠶᠠᠨ ᠭᠠᠵᠠᠷ᠎ᠲᠤ ᠬᠢᠩᠭᠠᠨ ᠲᠤᠲᠤᠷᠭ᠎ᠠ᠎ᠶ᠋ᠢ ᠲᠣᠭᠤᠷᠢᠨ ᠦᠵᠡᠬᠦ᠌ ᠵᠢᠭᠤᠯᠴᠢᠯᠠᠯ᠎ᠤᠨ ᠭᠠᠵᠠᠷ ᠪᠠᠢᠭᠤᠯᠵᠤ᠂ ᠲᠠᠷᠢᠶᠠᠨ ᠭᠠᠵᠠᠷ᠎ᠢ ᠴᠡᠴᠡᠷᠯᠢᠭ ᠪᠣᠯᠭᠠᠨ ᠬᠤᠪᠢᠷᠠᠭᠤᠯᠵᠥ᠍᠂ ᠲᠠᠷᠢᠶᠠᠯᠠᠬᠤ ᠣᠷᠣᠨ᠎ᠢ ᠦᠵᠡᠮᠵᠢ᠎ᠶ᠋ᠢᠨ ᠣᠷᠣᠨ ᠪᠣᠯᠭᠠᠵᠤ᠂ ᠬᠥᠳᠡᠭᠡ ᠲᠣᠰᠭᠤᠨ᠎ᠤ ᠵᠢᠭᠤᠯᠴᠢᠯᠠᠯ᠎ᠤᠨ 《ᠺᠠᠷᠲᠯᠠᠬᠤ》 ᠭᠠᠵᠠᠷ᠎ᠢ ᠪᠠᠢᠭᠤᠯᠪᠠ᠃

ᠢᠯᠠᠯᠲᠠ ᠪᠠᠯᠭᠠᠰᠤᠨ᠎ᠤ ᠮᠠᠨᠳᠤᠯ᠎ᠠ ᠣᠪᠣᠭ᠎ᠠ ᠠᠭᠤᠯᠠᠨ ᠳᠡᠭᠡᠷ᠎ᠡ᠎ᠠᠴᠠ ᠪᠠᠷᠠᠯᠠᠪᠠᠯ᠂ ᠶᠡᠭᠡ ᠬᠡᠮᠵᠢᠶᠡᠨ᠎ᠤ ᠠᠯᠲᠠᠨ ᠱᠢᠷᠭᠠᠯ ᠲᠤᠲᠤᠷᠭ᠎ᠠ ᠨᠢᠳᠦᠨ᠎ᠳᠤ ᠲᠣᠳᠣᠷᠠᠵᠤ᠂ ᠦᠩᠬᠡ ᠢᠯᠭᠠᠷᠠᠬ᠍ᠰᠠᠨ ᠤᠰᠤᠨ ᠲᠤᠲᠤᠷᠭ᠎ᠠ᠎ᠶ᠋ᠢᠨ ᠦᠵᠡᠮᠵᠢ᠎ᠨᠢ ᠢᠯᠡ ᠲᠣᠳᠣ ᠪᠥᠭᠡᠳ ᠣᠨᠴᠠᠭᠠᠶ ᠥᠵᠡᠭ᠌ᠳᠠᠯ ᠪᠤᠯᠵᠥ᠍ ᠮᠠᠰᠢ ᠣᠯᠠᠨ ᠵᠢᠭᠤᠯᠴᠢᠯᠠᠬ᠍ᠰᠠᠳ᠎ᠢ ᠳᠠᠳᠠᠵᠥ᠍ ᠬᠡᠷᠡᠯ ᠵᠢᠷᠤᠭ ᠲᠠᠲᠠᠭᠤᠯᠤᠨ ᠳᠤᠷᠠᠰᠭᠠᠯ ᠦᠯᠡᠳᠡᠭᠡᠵᠡᠶ᠃

ᠳᠡᠮᠡᠶ ᠬᠤᠯᠠ ᠥᠬᠡᠶ ᠲᠤᠲᠤᠷᠭ᠎ᠠ᠎ᠶ᠋ᠢᠨ ᠲᠠᠷᠢᠶᠠᠨ᠎ᠳᠤ᠂ ᠬᠡᠳᠦᠨ ᠲᠣᠮᠣ ᠬᠡᠯᠪᠡᠷᠢ᠎ᠶ᠋ᠢᠨ ᠬᠠᠳᠤᠵᠤ ᠬᠤᠷᠢᠶᠠᠬᠤ ᠮᠠᠱᠢᠨ ᠶᠠᠭᠠᠷᠠᠯᠲᠠᠶ ᠠᠵᠢᠯᠯᠠᠵᠤ᠂ ᠲᠠᠷᠢᠶᠠᠨ ᠭᠠᠵᠠᠷ᠎ᠲᠤ ᠡᠯᠪᠡᠭ ᠬᠤᠷᠢᠶᠠᠯᠲᠠ᠎ᠶ᠋ᠢᠨ ᠪᠠᠶᠠᠷ᠎ᠤᠨ ᠳᠠᠭᠤᠤ ᠬᠠᠩᠬᠢᠨᠠᠭᠤᠯᠤᠨ᠎ᠠ᠃


QQ截图20211003105746.png

      

                ᠲᠤᠲᠤᠷᠭ᠎ᠠ᠎ᠶ᠋ᠢᠨ ᠳᠠᠪᠠᠯᠭᠠᠨ

QQ截图20211003105815.png


                            ᠳᠤᠳᠤᠷᠭ᠎ᠠ᠎ᠶ᠋ᠢᠨ ᠳᠠᠷᠢᠶᠠᠴᠢᠨ᠎ᠤ ᠪᠠᠶᠠᠰᠤᠯ


QQ截图20211003105800.png


                             ᠶᠠᠭᠠᠷᠠᠯᠲᠠᠶ ᠬᠠᠳᠤᠵᠤ ᠬᠤᠷᠢᠶᠠᠬᠤ ᠮᠠᠱᠢᠨ

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号