ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠨᠠᠮ᠎ᠤᠨ ᠦᠨᠳᠦᠰᠦᠲᠡᠨ᠎ᠤ ᠠᠵᠢᠯ᠎ᠤᠨ ᠪᠦᠬᠦ᠌ ᠶᠠᠪᠤᠴᠠ᠎ᠳᠤ ᠲᠤᠭᠤᠱᠢᠯᠠᠭᠤᠯᠤᠨ᠎ᠠ
2021-10-09 10:51:45
ᠵᠣᠬᠢᠶᠠᠭ᠍ᠴᠢ᠄
ᠯᠢᠦ ᠱᠢᠶᠠᠩ ᠫᠢᠩ
ᠣᠩᠱᠢᠭ᠍ᠰᠠᠨ ᠣᠳᠠᠭ᠎ᠠ᠄
★★★☆☆

— ᠪᠤᠭᠤᠲᠤ ᠬᠤᠳᠠ᠎ᠶ᠋ᠢᠨ ᠦᠨᠳᠦᠰᠦᠲᠡᠨ᠎ᠤ ᠬᠡᠷᠡᠭ ᠡᠷᠬᠢᠯᠡᠬᠦ᠌ ᠵᠥᠪᠯᠡᠯ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠡᠷᠬᠢᠯᠡᠭ᠌ᠴᠢ ᠸᠠᠩ ᠬᠤᠸᠠ᠎ᠶ᠋ᠢ ᠰᠤᠷᠪᠤᠯᠵᠢᠯᠠᠬ᠍ᠰᠠᠨ᠎ᠨᠢ 


9 ᠰᠠᠷ᠎ᠠ᠎ᠶ᠋ᠢᠨ 23 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠦᠨᠳᠦᠰᠦᠲᠡᠨ᠎ᠤ ᠠᠵᠢᠯ᠎ᠤᠨ ᠬᠤᠷᠠᠯ ᠬᠥᠬᠡᠬᠤᠲᠠ᠎ᠳᠤ ᠬᠤᠷᠠᠯᠳᠤᠪᠠ᠃ ᠬᠤᠷᠠᠯ᠎ᠠᠴᠠ ᠶᠡᠷᠦᠩᠬᠡᠶ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠱᠢᠨ᠎ᠡ ᠠᠶᠠᠨ᠎ᠳᠤ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠴᠢᠬᠤᠯᠠ ᠶᠡᠭᠡ ᠠᠴᠢ ᠬᠤᠯᠪᠣᠭ᠍ᠳᠠᠯ᠎ᠢ ᠭᠦᠨᠵᠡᠭᠡᠶ ᠲᠣᠳᠣᠷᠬᠠᠢᠯᠠᠨ ᠥᠭᠦᠯᠡᠵᠦ᠍᠂ ᠱᠢᠨ᠎ᠡ ᠴᠠᠭ ᠦᠶ᠎ᠡ᠎ᠶ᠋ᠢᠨ ᠮᠠᠨ᠎ᠤ ᠣᠷᠣᠨ᠎ᠤ ᠦᠨᠳᠦᠰᠦᠲᠡᠨ᠎ᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠬᠤ ᠲᠤᠬᠠᠢ ᠲᠣᠳᠣᠷᠬᠠᠶ ᠱᠠᠭᠠᠷᠳᠠᠯᠭ᠎ᠠ ᠳᠤᠷᠠᠳᠴᠠᠶ᠃ ᠣᠢᠷ᠎ᠠ᠎ᠳᠤ ᠪᠤᠭᠤᠲᠤ ᠬᠤᠲᠠ᠎ᠶ᠋ᠢᠨ᠎ᠬᠢᠨ ᠲᠤᠰ ᠤᠳᠠᠭᠠᠨ᠎ᠤ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠲᠤᠭᠤᠱᠢᠯᠠᠭᠤᠯᠤᠨ ᠨᠠᠢᠳᠠᠪᠤᠷᠢᠵᠢᠭᠤᠯᠤᠬ᠍ᠰᠠᠨ ᠲᠤᠬᠠᠶ ᠰᠤᠷᠪᠤᠯᠵᠢᠯᠠᠭ᠍ᠴᠢ ᠪᠤᠭᠤᠲᠤ ᠬᠤᠳᠠ᠎ᠶ᠋ᠢᠨ ᠦᠨᠳᠦᠰᠦᠲᠡᠨ᠎ᠤ ᠬᠡᠷᠡᠭ ᠡᠷᠬᠢᠯᠡᠬᠦ᠌ ᠵᠥᠪᠯᠡᠯ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠡᠷᠬᠢᠯᠡᠭ᠌ᠴᠢ ᠸᠠᠩ ᠬᠤᠸᠠ᠎ᠶ᠋ᠢ ᠲᠤᠰᠭᠠᠢᠯᠠᠨ ᠰᠤᠷᠪᠤᠯᠵᠢᠯᠠᠪᠠ᠃ 

ᠰᠤᠷᠪᠤᠯᠵᠢᠯᠠᠭ᠍ᠴᠢ᠄ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢᠨ ᠲᠤᠬᠠᠶ ᠲᠠᠨ᠎ᠤ ᠲᠠᠨᠢᠯᠲᠠ ᠪᠣᠯᠤᠨ ᠲᠥᠷᠥᠭ᠌ᠳᠡᠯ᠎ᠢᠶᠠᠨ ᠶᠠᠷᠢᠭᠠᠳ ᠦᠭ᠌ᠬᠦᠨ᠎ᠠ ᠤᠤ? 

ᠸᠠᠩ ᠬᠤᠸᠠ᠄ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠪᠦᠷᠢᠨ ᠪᠦᠲᠦᠨ᠂ ᠵᠦᠪ ᠣᠨᠣᠪᠴᠢᠲᠠᠶ᠂ ᠪᠥᠬᠦ᠌ ᠲᠠᠯ᠎ᠠ᠎ᠪᠠᠷ ᠰᠤᠷᠤᠯᠴᠠᠨ ᠲᠤᠭᠤᠱᠢᠯᠠᠭᠤᠯᠬᠤ ᠪᠣᠯ ᠮᠠᠨ᠎ᠤ ᠬᠤᠢᠱᠢᠳᠠ᠎ᠶ᠋ᠢᠨ ᠬᠡᠰᠡᠭ ᠬᠤᠭᠤᠴᠠᠭᠠᠨ᠎ᠤ ᠴᠢᠬᠤᠯᠠ ᠤᠯᠤᠰ ᠲᠥᠷᠥ᠎ᠶ᠋ᠢᠨ ᠡᠭᠦᠷᠭᠡ ᠪᠣᠯᠤᠨ᠎ᠠ᠃ ᠬᠤᠷᠠᠯ᠎ᠤᠨ ᠳᠠᠷᠠᠭ᠎ᠠ᠂ ᠪᠤᠭᠤᠲᠤ ᠬᠤᠳᠠ᠎ᠳᠤ ᠦᠳᠲᠠᠷ ᠲᠦᠷᠭᠡᠨ᠎ᠢᠶᠠᠷ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠬᠠᠯᠠᠭᠤᠨ ᠥᠷᠨᠢᠯᠲᠡ ᠭᠠᠷᠭᠠᠪᠠ᠃ ᠰᠤᠷᠤᠯᠴᠠᠯᠭ᠎ᠠ᠎ᠪᠠᠷ ᠳᠠᠮᠵᠢᠨ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠲᠡᠦᠬᠡᠨ ᠣᠷᠣᠨ ᠪᠠᠢᠷᠢ᠂ ᠴᠢᠬᠤᠯᠠ ᠡᠭᠦᠷᠭᠡ᠂ ᠠᠵᠢᠯ᠎ᠤᠨ ᠭᠤᠣᠯ ᠱᠢᠵᠢᠮ᠂ ᠳᠦᠷᠢᠮ᠎ᠤᠨ ᠪᠠᠲᠤᠯᠠᠭ᠎ᠠ᠂ ᠪᠡᠶᠡᠯᠡᠭᠦᠯᠬᠦ᠌ ᠠᠷᠭ᠎ᠠ ᠬᠡᠯᠪᠡᠷᠢ ᠵᠢᠴᠢ ᠵᠥᠪ ᠣᠨᠣᠪᠴᠢᠲᠠᠢ ᠳᠤᠮᠳᠠᠳᠤ᠎ᠶ᠋ᠢᠨ ᠦᠨᠳᠦᠰᠦᠲᠡᠨ᠎ᠤ ᠲᠡᠦᠬᠡ᠎ᠶ᠋ᠢᠨ ᠦᠵᠡᠯᠲᠡ ᠪᠠ ᠦᠨᠳᠦᠰᠦᠲᠡᠨ᠎ᠤ ᠠᠵᠢᠯ᠎ᠤᠨ ᠠᠷᠭ᠎ᠠ᠎ᠶ᠋ᠢᠨ ᠤᠨᠤᠯ᠎ᠢ ᠣᠨᠣᠪᠴᠢᠲᠠᠢ ᠡᠵᠡᠮᠱᠢᠵᠦ᠍᠂ ᠤᠬᠠᠮᠰᠠᠷ᠎ᠠᠴᠠ᠎ᠪᠠᠨ ᠬᠠᠮᠤᠭ᠎ᠤᠨ ᠱᠢᠨ᠎ᠡ ᠦᠵᠡᠯ ᠰᠠᠨᠠᠭ᠎ᠠ ᠤᠨᠤᠯ᠎ᠢᠶᠠᠷ ᠲᠠᠷᠢᠬᠢ ᠲᠣᠯᠣᠭᠠᠢ᠎ᠪᠠᠨ ᠵᠡᠪᠰᠡᠭ᠌ᠯᠡᠵᠦ᠍᠂ ᠦᠢᠯᠡᠳᠦᠯᠭᠡ᠎ᠪᠠᠨ ᠵᠢᠯᠤᠭᠤᠳᠤᠭᠤᠯᠵᠤ᠂ ᠠᠵᠢᠯ᠎ᠢᠶᠠᠨ ᠠᠬᠢᠭᠤᠯᠵᠤ ᠪᠤᠢ᠃ 

ᠰᠤᠷᠪᠤᠯᠵᠢᠯᠠᠭ᠍ᠴᠢ᠄ ᠪᠤᠭᠤᠲᠤ ᠬᠤᠳᠠ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠲᠤᠭᠤᠱᠢᠯᠠᠭᠤᠯᠤᠨ ᠨᠠᠢᠳᠠᠪᠤᠷᠢᠵᠢᠭᠤᠯᠤᠭ᠍ᠰᠠᠨ ᠪᠤᠢ? 

ᠸᠠᠩ ᠬᠤᠸᠠ᠄ ᠪᠤᠭᠤᠲᠤ ᠬᠤᠲᠠ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠠᠵᠢᠯ᠎ᠤᠨ ᠱᠢᠨ᠎ᠡ ᠣᠨᠴᠠᠯᠢᠭ᠂ ᠱᠢᠨ᠎ᠡ ᠱᠠᠭᠠᠷᠳᠠᠯᠭ᠎ᠠ᠂ ᠱᠢᠨ᠎ᠡ ᠡᠭᠦᠷᠭᠡ ᠬᠠᠷᠢᠭᠤᠴᠠᠯᠭ᠎ᠠ᠎ᠶ᠋ᠢ ᠣᠨᠣᠪᠴᠢᠲᠠᠶ ᠡᠵᠡᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠡᠭᠦᠷᠭᠡ ᠴᠢᠳᠠᠪᠬᠢ ᠲᠤᠱᠢᠶᠠᠯ ᠬᠠᠷᠢᠭᠤᠴᠠᠯᠭ᠎ᠠ᠎ᠶ᠋ᠢ ᠭᠤᠤᠯ ᠱᠢᠵᠢᠮ ᠲᠡᠢᠰᠢ ᠱᠢᠯᠢᠳᠡᠭ᠌ᠵᠢᠭᠦᠯᠵᠦ᠍᠂ ᠠᠵᠢᠯ᠎ᠤᠨ ᠠᠷᠭ᠎ᠠ ᠬᠡᠮᠵᠢᠶ᠎ᠡ᠎ᠶ᠋ᠢ ᠭᠤᠤᠯ ᠱᠢᠵᠢᠮ ᠲᠡᠢᠰᠢ ᠲᠥᠪᠯᠡᠷᠡᠭᠦᠯᠵᠦ᠍᠂ ᠠᠵᠢᠯᠲᠠᠨ᠎ᠤ ᠬᠦᠴᠦᠨ᠎ᠢ ᠭᠤᠤᠯ ᠱᠢᠵᠢᠮ ᠲᠡᠢᠰᠢ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠨᠠᠮ᠎ᠤᠨ ᠦᠨᠳᠦᠰᠦᠲᠡᠨ᠎ᠤ ᠠᠵᠢᠯ᠎ᠤᠨ ᠪᠥᠬᠦ᠌ ᠶᠠᠪᠤᠴᠠ᠂ ᠡᠯ᠎ᠡ ᠲᠠᠯ᠎ᠠ᠎ᠳᠤ ᠲᠤᠭᠤᠱᠢᠯᠠᠭᠤᠯᠪᠠ᠃ 

ᠲᠣᠭ᠍ᠲᠠᠴᠠ᠎ᠶ᠋ᠢᠨ ᠪᠠᠢᠭᠤᠯᠤᠯᠲᠠ᠎ᠶ᠋ᠢ ᠠᠳᠭᠤᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠣᠬᠢᠶᠠᠨ ᠪᠠᠢᠭᠤᠯᠤᠯᠲᠠ᠎ᠶ᠋ᠢᠨ ᠰᠠᠭᠤᠷᠢ᠎ᠶ᠋ᠢ ᠪᠠᠬᠢᠵᠢᠭᠦᠯᠦᠨ᠎ᠡ᠃ ᠨᠢᠭᠡ᠎ᠳᠤ ᠵᠣᠬᠢᠶᠠᠨ ᠪᠠᠢᠭᠤᠯᠵᠤ ᠤᠳᠤᠷᠢᠳᠭᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠦᠨ᠎ᠡ᠃ ᠪᠦᠬᠦ᠌ ᠲᠠᠯ᠎ᠠ᠎ᠶ᠋ᠢ ᠶᠡᠷᠦᠩᠬᠡᠢᠯᠡᠨ ᠡᠵᠡᠮᠳᠡᠬᠦ᠂ ᠡᠯ᠎ᠡ ᠲᠠᠯ᠎ᠠ᠎ᠶ᠋ᠢ ᠵᠣᠬᠢᠴᠠᠭᠤᠯᠬᠤ ᠨᠠᠮ᠎ᠤᠨ ᠭᠤᠣᠯᠯᠠᠭ᠍ᠴᠢ ᠤᠳᠤᠷᠢᠳᠭᠤ ᠦᠢᠯᠡᠳᠦᠯ᠎ᠢ ᠪᠠᠳᠠᠷᠠᠭᠤᠯᠵᠤ᠂ ᠨᠠᠮ᠎ᠤᠨ ᠬᠤᠷᠢᠶ᠎ᠠ ᠨᠢᠭᠡᠳᠦᠯᠲᠡᠢ ᠤᠳᠤᠷᠢᠳᠭᠤ᠂ ᠵᠠᠰᠠᠭ᠎ᠤᠨ ᠣᠷᠳᠣᠨ ᠬᠠᠤᠯᠢ ᠶᠣᠰᠣᠭᠠᠷ ᠬᠠᠮᠢᠶᠠᠷᠬᠤ᠂ ᠨᠢᠭᠡᠳᠦᠮᠡᠯ ᠹᠷᠣᠨᠲ᠎ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠂ ᠡᠯ᠎ᠡ ᠰᠠᠯᠠᠭ᠎ᠠ ᠮᠥᠴᠢᠷ ᠬᠦᠴᠦ᠎ᠪᠠᠨ ᠬᠠᠮᠲᠤᠳᠭᠠᠨ ᠬᠠᠮᠲᠤᠷᠠᠯᠴᠠᠬᠤ᠂ ᠪᠦᠬᠦ᠌ ᠨᠡᠢᠭᠡᠮ᠎ᠢᠶᠠᠷ᠎ᠢᠶᠠᠨ ᠬᠠᠮᠲᠤ᠎ᠪᠠᠷ ᠣᠷᠣᠯᠴᠠᠬᠤ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠪᠠᠢᠷᠢᠱᠢᠯ᠎ᠢ ᠲᠡᠭᠦᠯᠳᠡᠷᠵᠢᠭᠦᠯᠦᠨ᠎ᠡ᠃ ᠬᠤᠱᠢᠭᠤ ᠱᠢᠶᠠᠨ ᠲᠣᠭᠤᠷᠢᠭ᠂ ᠱᠢᠶᠠᠩ ᠪᠠᠯᠭᠠᠰᠤ ᠵᠡᠭᠡᠯᠢ ᠭᠤᠳᠤᠮᠵᠢ᠂ ᠭᠠᠴᠠᠭ᠎ᠠ ᠲᠣᠰᠭᠤᠨ ᠨᠡᠢᠭᠡᠮ ᠲᠣᠭᠤᠷᠢᠭ᠎ᠤᠨ ᠦᠨᠳᠦᠰᠦᠲᠡᠨ᠎ᠤ ᠠᠵᠢᠯ᠎ᠤᠨ 《ᠭᠤᠷᠪᠠᠨ ᠱᠠᠲᠤᠨ᠎ᠤ ᠲᠤᠤᠷᠵᠢᠭᠤᠯᠤᠯᠳᠠ》 ᠎ᠶ᠋ᠢᠨ ᠱᠢᠰᠲ᠋ᠧᠮ᠎ᠢ ᠪᠦᠷᠢᠨᠱᠢᠭᠦᠯᠵᠦ᠍᠂ ᠦᠨᠳᠦᠰᠦᠲᠡᠨ᠎ᠤ ᠠᠵᠢᠯ᠎ᠤᠨ ᠬᠦᠴᠦᠨ᠎ᠢ ᠪᠦᠷᠢᠨ ᠭᠦᠢᠴᠡᠳ ᠴᠢᠩᠭ᠎ᠠ ᠲᠣᠬᠢᠷᠠᠭᠤᠯᠤᠨ᠎ᠠ᠃ ᠦᠨᠳᠦᠰᠦᠲᠡᠨ᠎ᠤ ᠬᠡᠷᠡᠭ ᠡᠷᠭᠢᠯᠡᠬᠦ᠌ ᠵᠥᠪᠯᠡᠯ᠎ᠤᠨ ᠭᠡᠱᠢᠭᠦᠨ᠎ᠤ ᠲᠦᠷᠢᠮ᠎ᠤᠨ ᠦᠢᠯᠡᠳᠣᠯ᠎ᠢ ᠭᠦᠢᠴᠡᠳ ᠪᠠᠳᠠᠷᠠᠭᠤᠯᠵᠤ᠂ ᠦᠨᠳᠦᠰᠦᠲᠡᠨ᠎ᠤ ᠠᠵᠢᠯ᠎ᠤᠨ ᠬᠠᠷᠢᠭᠤᠴᠠᠯᠭ᠎ᠠ᠎ᠶ᠋ᠢ ᠪᠥᠬᠦ᠌ ᠨᠡᠢᠭᠡᠮ᠎ᠤᠨ ᠡᠯ᠎ᠡ ᠠᠵᠢᠯ ᠲᠥᠷᠥᠯ ᠡᠯ᠎ᠡ ᠬᠦᠷᠢᠶ᠎ᠡ ᠴᠠᠷᠠᠭ᠎ᠠ ᠡᠯ᠎ᠡ ᠰᠠᠯᠠᠭ᠎ᠠ ᠮᠥᠴᠢᠷ᠎ᠲᠤ ᠪᠦᠷᠬᠦᠭᠦᠯᠦᠨ᠎ᠡ᠃ ᠬᠤᠶᠠᠷ᠎ᠲᠤ ᠬᠢᠨᠠᠯᠲᠠ ᠲᠠᠯᠪᠢᠵᠤ ᠱᠢᠯᠭᠠᠨ ᠦᠨᠡᠯᠡᠬᠦ᠌ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠦᠨ᠎ᠡ᠃ ᠦᠨᠳᠦᠰᠦᠲᠡᠨ᠎ᠤ ᠠᠵᠢᠯ᠎ᠢ ᠪᠤᠭᠤᠲᠤ ᠬᠤᠲᠠ᠎ᠶ᠋ᠢᠨ ᠨᠠᠮ᠎ᠤᠨ ᠬᠤᠷᠢᠶ᠎ᠠ ᠵᠠᠰᠠᠭ᠎ᠤᠨ ᠣᠷᠳᠣᠨ᠎ᠤ ᠣᠨ᠎ᠤ ᠱᠠᠯᠠᠪᠳᠠᠭᠤᠯᠤᠨ ᠪᠠᠢᠴᠠᠭᠠᠬᠤ ᠲᠥᠯᠥᠪᠯᠡᠭᠡ᠎ᠳᠤ ᠣᠷᠣᠭᠤᠯᠵᠤ᠂ ᠡᠯ᠎ᠡ ᠱᠠᠲᠤᠨ᠎ᠤ ᠨᠠᠮ᠎ᠤᠨ ᠬᠤᠷᠢᠶᠠᠨ᠎ᠤ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢᠨ ᠨᠠᠷᠢᠨ ᠲᠠᠩᠰᠠ᠂ ᠤᠯᠤᠰ ᠲᠥᠷᠥ᠎ᠶ᠋ᠢᠨ ᠬᠢᠨᠠᠯᠲᠠ ᠲᠠᠯᠪᠢᠬᠤ ᠡᠬᠡ ᠲᠠᠩᠰᠠ ᠵᠢᠴᠢ ᠴᠠᠬ᠍ᠳᠠᠨ ᠪᠠᠢᠴᠠᠭᠠᠵᠤ ᠬᠢᠨᠠᠯᠲᠠ ᠲᠠᠯᠪᠢᠬᠤ ᠬᠡᠪᠴᠢᠶᠡᠨ᠎ᠳᠤ ᠣᠷᠣᠭᠤᠯᠵᠤ᠂ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ ᠪᠠ ᠡᠯ᠎ᠡ ᠱᠠᠲᠤᠨ᠎ᠤ ᠤᠯᠤᠰ ᠲᠥᠷᠥ᠎ᠶ᠋ᠢᠨ ᠵᠥᠪᠯᠡᠯᠭᠡᠨ᠎ᠤ ᠪᠠᠢᠴᠠᠭᠠᠨ ᠰᠤᠳᠤᠯᠵᠤ ᠱᠢᠨᠵᠢᠯᠡᠨ ᠪᠠᠢᠴᠠᠭᠠᠬᠤ ᠠᠵᠢᠯ᠎ᠳᠤ ᠣᠷᠣᠭᠤᠯᠵᠤ᠂ ᠱᠠᠲᠤ ᠱᠠᠲᠤ᠎ᠪᠠᠷ ᠳᠠᠷᠤᠯᠲᠠ ᠥᠭ᠌ᠴᠦ᠂ ᠱᠠᠲᠤ ᠱᠠᠲᠤ᠎ᠪᠠᠷ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠤ᠂ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠤᠨ᠎ᠠ᠃ ᠭᠤᠷᠪᠠ᠎ᠳᠤ ᠶᠡᠷᠦᠩᠬᠡᠢᠯᠡᠨ ᠰᠤᠳᠤᠯᠤᠨ ᠮᠠᠭᠠᠳᠯᠠᠬᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠦᠨ᠎ᠡ᠃ 《ᠲᠦᠷᠪᠡᠨ ᠬᠠᠷᠢᠴᠠᠭ᠎ᠠ》 ᠎ᠶ᠋ᠢ ᠣᠨᠣᠪᠴᠢᠲᠠᠢ ᠡᠵᠡᠮᠳᠡᠵᠦ᠍᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ᠎ᠶ᠋ᠢᠨ ᠬᠠᠤᠯᠢᠵᠢᠯᠳᠠ ᠪᠠ ᠣᠳᠣᠬᠢᠴᠢᠯᠠᠯᠲᠠ᠎ᠶ᠋ᠢᠨ ᠲᠦᠪᠱᠢᠨ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠮᠤᠷ ᠲᠦᠪᠱᠢᠨ᠎ᠤ ᠬᠤᠷᠢᠭ᠎ᠠ ᠱᠤᠭᠤᠮ᠎ᠢ ᠪᠠᠲᠤ ᠰᠠᠬᠢᠨ᠎ᠠ᠃ ᠳᠥᠷᠪᠡ᠎ᠳᠤ ᠬᠥᠳᠡᠯᠦᠩᠭᠦᠶ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠦᠨ᠎ᠡ᠃ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠨᠢᠭᠡᠴᠢ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠨᠢᠭᠡᠨᠲᠡ ᠨᠡᠷᠡᠢᠳᠦᠭ᠌ᠰᠡᠨ ᠵᠢᠱ᠌ᠢᠶ᠎ᠡ ᠦᠵᠡᠭᠦᠯᠬᠦ᠌ ᠨᠢᠭᠡᠴᠢ᠎ᠳᠠᠬᠢ ᠪᠠᠢᠩᠭᠤᠵᠢᠭ᠍ᠰᠠᠨ ᠪᠠᠢᠴᠠᠭᠠᠯᠲᠠ ᠪᠠ ᠵᠢᠯᠣᠭᠤᠳᠣᠯᠭ᠎ᠠ᠎ᠶ᠋ᠢ ᠤᠯᠠᠮ ᠴᠢᠨᠠᠭ᠍ᠰᠢᠳᠠ ᠴᠢᠩᠭᠠᠳᠭᠠᠨ᠂ 《ᠬᠠᠷᠢᠮᠠᠬᠠᠢ ᠴᠢᠨᠠᠷᠲᠠᠢ》 ᠠᠵᠢᠯ᠎ᠤᠨ ᠲᠣᠭ᠍ᠲᠠᠴᠠ᠎ᠶ᠋ᠢ ᠪᠣᠶ ᠪᠣᠯᠭᠠᠵᠤ᠂ ᠡᠯ᠎ᠡ ᠱᠠᠲᠤᠨ᠎ᠤ ᠵᠢᠱ᠌ᠢᠶ᠎ᠡ ᠦᠵᠡᠭᠦᠯᠬᠦ᠌ ᠨᠢᠭᠡᠴᠢ᠎ᠶ᠋ᠢᠨ ᠵᠥᠪ ᠴᠢᠭ᠌ᠯᠡᠯ᠎ᠢ ᠢᠮᠠᠭ᠍ᠲᠠ ᠪᠠᠷᠢᠮᠲᠠᠯᠠᠬᠤ᠂ ᠡᠭᠦᠳᠦᠨ ᠪᠠᠢᠭᠤᠯᠬᠤ ᠭᠤᠤᠯ ᠱᠤᠭᠤᠮ᠎ᠢ ᠳᠣᠪᠤᠢᠯᠭᠠᠬᠤ᠂ ᠠᠭᠤᠯᠤᠭ᠍ᠳᠠᠬᠤᠨ᠎ᠢ ᠲᠠᠰᠤᠷᠠᠯᠲᠠ ᠥᠬᠡᠶ ᠭᠦᠨᠵᠡᠭᠡᠢᠷᠡᠭᠦᠯᠬᠦ᠂ ᠱᠠᠯᠠᠪᠳᠠᠭᠤᠯᠤᠨ ᠪᠠᠢᠴᠠᠭᠠᠬᠤ᠎ᠶ᠋ᠢ ᠴᠢᠩᠭᠠᠳᠭᠠᠬᠤ᠂ ᠦᠷᠭᠦᠯᠵᠢᠯᠡᠨ ᠲᠠᠰ ᠳᠡᠪᠱᠢᠭᠦᠯᠬᠦ᠌᠎ᠶ᠋ᠢ ᠠᠬᠢᠭᠤᠯᠵᠤ᠂ ᠰᠠᠢᠨ ᠰᠠᠢᠬᠠᠨ ᠬᠥᠭ᠌ᠵᠢᠯᠲᠡ᠎ᠲᠠᠢ ᠪᠠᠢᠩᠭᠤᠵᠢᠭ᠍ᠰᠠᠨ ᠡᠭᠦᠳᠦᠨ ᠪᠠᠢᠭᠤᠯᠬᠤ ᠪᠠᠢᠷᠢᠱᠢᠯ᠎ᠢ ᠪᠣᠶ ᠪᠣᠯᠭᠠᠨ᠎ᠠ᠃ ᠲᠠᠪᠤ᠎ᠳᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠣᠭ᠍ᠲᠠᠴᠠ᠎ᠶ᠋ᠢ ᠪᠠᠢᠭᠤᠯᠤᠨ ᠲᠡᠭᠦᠯᠳᠡᠷᠵᠢᠭᠦᠯᠵᠦ᠍᠂ ᠦᠨᠳᠦᠰᠦᠲᠡᠨ᠎ᠤ ᠬᠡᠷᠡᠭ ᠶᠠᠪᠤᠳᠠᠯ᠎ᠢ ᠵᠠᠰᠠᠬᠤ ᠴᠢᠳᠠᠪᠤᠷᠢ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠦᠨ᠎ᠡ᠃ ᠡᠯ᠎ᠡ ᠱᠠᠲᠤᠨ᠎ᠤ ᠨᠠᠮ᠎ᠤᠨ ᠭᠡᠱᠢᠭᠦᠨ ᠺᠠᠳ᠋ᠷᠴᠤᠳ᠂ ᠦᠨᠳᠦᠰᠦᠲᠡᠨ᠎ᠤ ᠠᠵᠢᠯ᠎ᠤᠨ ᠺᠠᠳ᠋ᠷᠴᠤᠳ᠂ ᠦᠨᠳᠦᠰᠦᠲᠡᠨ᠎ᠤ ᠠᠵᠢᠯ᠎ᠤᠨ ᠲᠤᠰᠠᠯᠠᠭ᠍ᠴᠢ᠎ᠳᠤ ᠴᠢᠭ᠌ᠯᠡᠭᠦᠯᠬᠦ᠌ ᠴᠢᠨᠠᠷᠲᠠᠶ ᠪᠣᠯᠪᠠᠰᠤᠷᠠᠯ᠎ᠢ ᠱᠢᠰᠲ᠋ᠧᠮ᠎ᠲᠠᠢ ᠥᠷᠨᠢᠭᠦᠯᠵᠦ᠍᠂ ᠦᠨᠳᠦᠰᠦᠲᠡᠨ᠎ᠤ ᠶᠠᠪᠤᠳᠠᠯ᠎ᠢ ᠬᠠᠤᠯᠢ ᠶᠣᠰᠣᠭᠠᠷ ᠵᠠᠰᠠᠬᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠠ᠃ 

ᠤᠬᠠᠭᠤᠯᠭ᠎ᠠ ᠬᠥᠮᠦᠵᠢᠯ᠎ᠢ ᠠᠳᠭᠤᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠦᠵᠡᠯ ᠰᠠᠨᠠᠭᠠᠨ᠎ᠤ ᠰᠠᠭᠤᠷᠢ᠎ᠶ᠋ᠢ ᠨᠢᠭ᠍ᠲᠠᠷᠠᠭᠤᠯᠤᠨ᠎ᠠ᠃ ᠪᠥᠬᠦ᠌ ᠲᠠᠯ᠎ᠠ᠎ᠶ᠋ᠢᠨ᠂ ᠣᠯᠠᠨ ᠠᠷᠭ᠎ᠠ ᠵᠠᠮ᠂ ᠪᠣᠰᠤᠭ᠎ᠠ ᠴᠣᠭ᠍ᠴᠠᠲᠤ ᠦᠨᠳᠦᠰᠦᠲᠡᠨ᠎ᠤ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠬᠤ ᠱᠢᠨ᠎ᠡ ᠪᠠᠢᠷᠢᠱᠢᠯ᠎ᠢ ᠪᠠᠢᠭᠤᠯᠵᠤ᠂ 《ᠦᠨᠳᠦᠰᠦᠲᠡᠨ᠎ᠤ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠬᠤ ᠰᠠᠷ᠎ᠠ》 《ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠠᠵᠢᠯᠯᠠᠭ᠎ᠠ᠎ᠶ᠋ᠢᠨ ᠰᠠᠷ᠎ᠠ》 ᠵᠡᠷᠭᠡ ᠠᠵᠢᠯᠯᠠᠭ᠎ᠠ᠎ᠶ᠋ᠢᠨ ᠠᠭᠤᠯᠭ᠎ᠠ᠎ᠶ᠋ᠢ ᠪᠠᠶᠠᠯᠢᠭ᠍ᠵᠢᠭᠤᠯᠤᠨ᠂ ᠨᠠᠮ ᠪᠠ ᠤᠯᠤᠰ᠎ᠤᠨ ᠦᠨᠳᠦᠰᠦᠲᠡᠨ᠎ᠤ ᠲᠥᠷᠥ᠎ᠶ᠋ᠢᠨ ᠪᠣᠳᠣᠯᠭ᠎ᠠ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢᠴᠢ 《ᠦᠨᠳᠦᠰᠦᠨ ᠬᠠᠤᠯᠢ》 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠬᠠᠤᠯᠢ》 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠢᠭᠡᠳᠦᠮᠡᠯ ᠹᠷᠣᠨᠲ᠎ᠤᠨ ᠠᠵᠢᠯ᠎ᠤᠨ ᠲᠦᠷᠢᠮ》 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠲᠦᠷᠢᠮ》 ᠵᠡᠷᠭᠡ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠪᠠᠢᠩᠭᠤᠵᠢᠭᠤᠯᠤᠨ ᠰᠤᠷᠤᠯᠴᠠᠨ ᠤᠬᠠᠭᠤᠯᠤᠨ᠎ᠠ᠃ 《ᠢᠨᠲ᠋ᠧᠷ ᠰᠦᠯᠵᠢᠶ᠎ᠡ + ᠦᠨᠳᠦᠰᠦᠲᠡᠨ᠎ᠤ ᠪᠦᠯᠬᠦᠮᠳᠡᠯ》 ᠎ᠤᠨ ᠠᠵᠢᠯᠯᠠᠭ᠎ᠠ᠎ᠶ᠋ᠢ ᠭᠦᠨᠵᠡᠭᠡᠢ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠤᠨᠤᠯ᠎ᠤᠨ ᠱᠢᠨ᠎ᠡ ᠡᠭᠦᠳᠦᠯᠲᠡ᠎ᠶ᠋ᠢᠨ ᠦᠷ᠎ᠡ ᠪᠦᠲᠦᠭᠡᠯ ᠪᠠ ᠳᠤᠮᠳᠠᠳᠤ᠎ᠶ᠋ᠢᠨ ᠱᠢᠯᠢᠳᠡᠭ ᠰᠣᠶᠣᠯ᠎ᠤᠨ ᠪᠦᠲᠦᠭᠡᠭ᠌ᠳᠡᠬᠦᠨ᠎ᠤ ᠰᠦᠯᠵᠢᠶᠡᠨ ᠳᠡᠭᠡᠷ᠎ᠡ ᠤᠯᠠᠮᠵᠢᠯᠠᠨ ᠲᠠᠷᠬᠠᠭᠠᠬᠤ ᠬᠡᠪᠴᠢᠶ᠎ᠠ᠎ᠶ᠋ᠢ ᠥᠷᠭᠡᠳᠭᠡᠨ᠂  ᠴᠣᠣᠷᠢᠶ᠎ᠠ᠂ ᠥᠨᠥᠳᠦᠷ᠎ᠤᠨ ᠲᠦᠷᠦᠭᠦᠦ ᠵᠤᠷᠪᠤᠰ᠂ ᠵᠢᠷᠭᠢᠶ᠎ᠡ᠎ᠶ᠋ᠢᠨ ᠤᠯᠠᠨ ᠨᠡᠢᠲᠡ᠎ᠶ᠋ᠢᠨ ᠲᠡᠪᠴᠡᠩ ᠵᠡᠷᠭᠡ ᠱᠢᠨ᠎ᠡ ᠵᠠᠭᠤᠴᠢᠯᠠᠭᠤᠷ᠎ᠢ ᠭᠦᠢᠴᠡᠳ ᠠᠱᠢᠬ᠍ᠯᠠᠨ᠂ ᠢᠨᠲ᠋ᠧᠷ ᠰᠦᠯᠵᠢᠶ᠎ᠡ᠎ᠶ᠋ᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠤᠨ ᠬᠠᠮᠤᠭ᠎ᠤᠨ ᠶᠡᠭᠡ ᠨᠡᠮᠡᠭ᠌ᠳᠡᠯᠳᠦ ᠭᠡᠮᠵᠢᠭ᠌ᠳᠡᠯ ᠪᠣᠯᠭᠠᠨ᠎ᠠ᠃ 

ᠡᠭᠦᠳᠦᠨ ᠪᠠᠢᠭᠤᠯᠬᠤ ᠠᠵᠢᠯᠯᠠᠭ᠎ᠠ᠎ᠶ᠋ᠢ ᠠᠳᠭᠤᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠴᠢᠶᠠᠯᠠᠭ᠍ᠴᠢ᠎ᠶ᠋ᠢᠨ ᠰᠠᠭᠤᠷᠢ᠎ᠶ᠋ᠢ ᠪᠠᠶᠠᠯᠢᠭ᠍ᠵᠢᠭᠤᠯᠤᠨ᠎ᠠ᠃ 《ᠴᠢᠨᠡᠭᠡᠯᠢᠭ ᠨᠡᠢᠭᠡᠮ᠎ᠢ ᠪᠥᠲᠥᠭᠡᠨ ᠪᠠᠢᠭᠤᠯᠬᠤ᠎ᠳᠤ ᠢᠵᠢᠯ ᠠᠯᠬᠤᠮ᠎ᠲᠠᠢ ᠪᠠᠢᠯᠭᠠᠬᠤ᠂ ᠣᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠠᠳᠠᠯᠢ ᠴᠢᠨᠠᠷ ᠴᠢᠨᠰᠠᠭ᠎ᠠ᠎ᠲᠠᠢ ᠪᠠᠢᠯᠭᠠᠬᠤ᠂ ᠬᠠᠤᠯᠢᠵᠢᠯ᠎ᠤᠨ ᠪᠠᠲᠤᠯᠠᠭ᠎ᠠ᠎ᠳᠤ ᠠᠳᠠᠯᠢ ᠡᠷᠬᠡ᠎ᠲᠠᠢ ᠪᠠᠢᠯᠭᠠᠬᠤ᠂ ᠦᠨᠳᠦᠰᠦᠲᠡᠨ᠎ᠤ ᠪᠦᠯᠬᠦᠮᠳᠡᠯ᠎ᠢ ᠰᠡᠳᠭᠢᠯ ᠨᠢᠭᠡᠲᠡᠶ ᠪᠠᠢᠯᠭᠠᠬᠤ᠂ ᠨᠡᠢᠭᠡᠮ᠎ᠤᠨ ᠡᠶ᠎ᠡ ᠵᠣᠬᠢᠴᠠᠯ᠎ᠢ ᠬᠠᠮᠲᠤ᠎ᠪᠠᠷ ᠡᠭᠦᠳᠬᠦ᠌》 ᠎ᠪᠠᠷ ᠬᠠᠷᠠᠯᠲᠠ ᠪᠣᠯᠭᠠᠵᠤ᠂ 《ᠭᠤᠤᠯᠳᠠᠯᠭ᠎ᠠ᠎ᠨᠢ ᠡᠩ᠎ᠤᠨ ᠴᠠᠭ᠎ᠲᠤ ᠪᠠᠢᠬᠤ᠂ ᠭᠤᠤᠯᠳᠠᠯᠭ᠎ᠠ᠎ᠨᠢ ᠰᠡᠳᠭᠢᠯ᠎ᠢᠶᠠᠨ ᠰᠣᠯᠢᠯᠴᠠᠬᠤ᠎ᠳᠤ ᠪᠠᠢᠬᠤ᠂ ᠭᠤᠤᠯᠳᠠᠯᠭ᠎ᠠ᠎ᠨᠢ ᠠᠵᠢᠯᠯᠠᠭ᠎ᠠ᠎ᠳᠤ ᠪᠠᠢᠬᠤ᠂ ᠭᠤᠤᠯᠳᠠᠯᠭ᠎ᠠ᠎ᠨᠢ ᠦᠨᠳᠦᠰᠦᠨ ᠱᠠᠲᠤᠨ᠎ᠳᠤ ᠪᠠᠢᠬᠤ》 ᠣᠨᠣᠯ᠎ᠢ ᠪᠠᠷᠢᠮᠲᠠᠯᠠᠵᠤ᠂ ᠰᠣᠶᠣᠯ ᠢᠷᠭᠡᠨᠱᠢᠵᠢᠬᠦ᠂ ᠪᠣᠳᠠᠲᠤ ᠴᠣᠭ᠍ᠴᠠᠵᠢᠬᠤ᠂ ᠣᠯᠠᠨ ᠲᠦᠮᠡᠨᠴᠢᠯᠡᠬᠦ᠌ ᠶᠡᠷᠦᠩᠬᠡᠶ ᠱᠠᠭᠠᠷᠳᠠᠯᠭ᠎ᠠ ᠶᠣᠰᠣᠭᠠᠷ᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠤᠨ ᠭᠦᠨᠵᠡᠭᠡᠢᠷᠡᠨ ᠥᠷᠭᠡᠵᠢᠬᠦ᠌᠎ᠶ᠋ᠢ ᠠᠬᠢᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠤᠨ ᠬᠢᠷᠢ ᠬᠡᠮᠵᠢᠶ᠎ᠡ᠎ᠶ᠋ᠢ ᠦᠷᠭᠦᠯᠵᠢᠯᠡᠨ ᠳᠡᠭᠡᠭ᠌ᠰᠢᠯᠡᠭᠦᠯᠦᠨ᠎ᠡ᠃ ᠨᠢᠭᠡ᠎ᠳᠤ ᠳᠡᠰ ᠳᠠᠪᠬᠤᠷᠭ᠎ᠠ ᠬᠤᠪᠢᠶᠠᠭ᠍ᠰᠠᠨ᠂ ᠬᠦᠷᠢᠶ᠎ᠡ ᠴᠠᠷᠠᠭ᠎ᠠ ᠬᠤᠪᠢᠶᠠᠭ᠍ᠰᠠᠨ᠂ ᠡᠲᠡᠭᠡᠳ ᠬᠤᠪᠢᠶᠠᠭ᠍ᠰᠠᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠱᠢᠨ᠎ᠡ ᠪᠠᠢᠷᠢᠱᠢᠯ᠎ᠢ ᠬᠦᠴᠦᠯᠡᠨ ᠪᠠᠢᠭᠤᠯᠤᠨ᠎ᠠ᠃ ᠭᠤᠤᠯᠳᠤ᠎ᠪᠠᠷ ᠬᠦᠴᠦᠲᠡᠢ ᠠᠬᠢᠭᠤᠯᠬᠤ᠂ ᠬᠥᠨᠳᠡᠯᠡᠨ᠎ᠢᠶᠠᠷ ᠬᠠᠮᠵᠢᠯᠴᠠᠨ ᠠᠬᠢᠭᠤᠯᠬᠤ᠂ ᠰᠠᠯᠠᠭ᠎ᠠ ᠮᠥᠴᠢᠷ ᠵᠡᠷᠭᠡ᠎ᠪᠠᠷ ᠠᠳᠭᠤᠨ ᠬᠠᠮᠲᠤ᠎ᠪᠠᠷ ᠤᠷᠤᠭ᠍ᠰᠢᠯᠠᠬᠤ ᠠᠷᠭ᠎ᠠ᠎ᠶ᠋ᠢ ᠠᠪᠴᠤ᠌᠂ ᠡᠭᠦᠳᠦᠨ ᠪᠠᠢᠭᠤᠯᠬᠤ ᠠᠵᠢᠯ᠎ᠤᠨ ᠠᠭᠤᠰᠤᠯᠴᠠᠨ ᠬᠥᠭ᠌ᠵᠢᠬᠦ᠂ ᠢᠵᠢᠯᠢ ᠳᠠᠪᠳᠠᠮᠵᠢ᠎ᠪᠠᠷ ᠬᠥᠭ᠌ᠵᠢᠬᠦ᠌᠎ᠶ᠋ᠢ ᠭᠦᠨᠵᠡᠭᠡᠢ ᠠᠬᠢᠭᠤᠯᠤᠨ᠎ᠠ᠃ ᠬᠤᠶᠠᠷ᠎ᠲᠤ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠬᠥᠮᠦᠵᠢᠭᠦᠯᠵᠦ᠍ ᠪᠠᠢᠭᠠᠳ 《ᠭᠤᠷᠪᠠᠨ ᠰᠠᠯᠵᠤ ᠴᠢᠳᠠᠬᠤ ᠥᠬᠡᠶ》 ᠦᠵᠡᠯ ᠰᠠᠨᠠᠭ᠎ᠠ᠎ᠶ᠋ᠢ ᠪᠠᠲᠤ ᠪᠠᠬᠢ ᠪᠣᠶ ᠪᠣᠯᠭᠠᠵᠤ᠂ ᠦᠨᠳᠦᠰᠦᠲᠡᠨ᠎ᠨᠦᠭᠦᠳ᠎ᠤᠨ 《ᠪᠦᠯᠬᠦᠮᠳᠡᠨ ᠲᠡᠮᠡᠴᠡᠬᠦ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ》 《ᠶᠠᠪᠤᠯᠴᠠᠭ᠎ᠠ ᠰᠣᠯᠢᠯᠴᠠᠭ᠎ᠠ᠂ ᠬᠠᠮᠲᠤ ᠣᠷᠣᠱᠢᠨ ᠬᠠᠮᠲᠤ᠎ᠪᠠᠷ ᠡᠳ᠋ᠯᠡᠬᠦ᠌》 ᠵᠡᠷᠭᠡ ᠠᠮᠢᠳᠤᠷᠠᠯ᠎ᠤᠨ ᠪᠣᠳᠠᠲᠤ ᠥᠩᠭᠡᠷᠡᠯᠲᠡ᠎ᠶ᠋ᠢ ᠭᠦᠨᠵᠡᠭᠡᠶ ᠠᠭᠤᠳᠠᠯᠤᠨ᠂ ᠱᠢᠭᠢᠳᠭᠡᠯᠳᠦ ᠮᠠᠶᠢᠭ᠎ᠤᠨ ᠨᠡᠢᠭᠡᠮ᠎ᠤᠨ ᠪᠦᠲᠦᠴᠡ ᠪᠠ ᠨᠡᠢᠭᠡᠮ ᠲᠣᠭᠤᠷᠢᠭ᠎ᠤᠨ ᠣᠷᠴᠢᠨ ᠲᠣᠭᠤᠷᠢᠨ᠎ᠢ ᠪᠠᠢᠭᠤᠯᠬᠤ᠎ᠶ᠋ᠢ ᠠᠬᠢᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ᠎ᠶ᠋ᠢ ᠡᠳᠦᠷ ᠲᠤᠲᠤᠮ᠎ᠤᠨ ᠪᠣᠯᠭᠠᠵᠤ᠂ ᠪᠠᠢᠩᠭᠤᠵᠢᠭᠤᠯᠤᠨ᠎ᠠ᠃ ᠭᠤᠷᠪᠠ᠎ᠳᠤ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠱᠢᠯᠢᠳᠡᠭ ᠬᠥᠮᠦᠵᠢᠯ᠎ᠤᠨ ᠰᠠᠭᠤᠷᠢᠨ᠎ᠢ ᠴᠢᠷᠮᠠᠢᠨ ᠪᠠᠢᠭᠤᠯᠵᠤ᠂ 《ᠤᠯᠠᠭᠠᠨ ᠠᠨᠠᠷ᠎ᠤᠨ ᠭᠡᠷ ᠣᠷᠣᠨ》 ᠎ᠤ ᠪᠦᠳᠦᠭᠡᠨ ᠪᠠᠢᠭᠤᠯᠤᠯᠲᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠳᠤ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠴᠢᠬᠤᠯᠠ ᠠᠴᠢ ᠬᠤᠯᠪᠣᠭ᠍ᠳᠠᠯ᠎ᠢ ᠦᠨᠡᠨ ᠬᠦ᠌ ᠮᠡᠳᠡᠷᠡᠭᠦᠯᠦᠨ᠎ᠡ᠃ 

ᠦᠢᠯᠡᠴᠢᠯᠡᠭᠡ ᠬᠠᠮᠢᠶᠠᠷᠤᠯᠲᠠ᠎ᠶ᠋ᠢ ᠠᠳᠭᠤᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠨᠡᠢᠭᠡᠮ᠎ᠤᠨ ᠰᠠᠭᠤᠷᠢ᠎ᠶ᠋ᠢ ᠴᠢᠩᠭᠠᠳᠭᠠᠨ᠎ᠠ᠃ ᠨᠡᠢᠭᠡᠮ ᠲᠣᠭᠤᠷᠢᠭ᠎ᠢᠶᠠᠷ ᠬᠦᠴᠦᠯᠡᠬᠦ᠌ ᠴᠡᠭ ᠪᠣᠯᠭᠠᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠰᠠᠭᠤᠷᠢᠱᠢᠵᠤ ᠬᠠᠮᠲᠤ᠎ᠪᠠᠷ ᠰᠤᠷᠤᠯᠴᠠᠵᠤ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭᠠᠬᠤ ᠨᠡᠢᠭᠡᠮ᠎ᠤᠨ ᠨᠥᠬᠦᠴᠡᠯ᠎ᠢ ᠢᠳᠡᠪᠬᠢᠲᠡᠢ ᠪᠤᠢ ᠪᠣᠯᠭᠠᠵᠤ᠂ ᠣᠷᠣᠨ ᠵᠠᠢ᠎ᠳᠤ ᠱᠢᠭᠢᠳᠭᠡᠵᠦ᠍ ᠪᠠᠢᠭ᠍ᠰᠠᠨ᠎ᠠᠴᠠ ᠠᠵᠤ ᠠᠬᠤᠢ᠂ ᠰᠣᠶᠣᠯ᠂ ᠨᠡᠢᠭᠡᠮ ᠪᠠ ᠰᠡᠳᠭᠢᠴᠡ ᠵᠡᠷᠭᠡ ᠲᠠᠯ᠎ᠠ᠎ᠳᠤ ᠦᠷᠭᠡᠳᠭᠡᠭ᠌ᠰᠡᠨ ᠪᠦᠬᠦ᠌ ᠲᠠᠯ᠎ᠠ᠎ᠳᠤ ᠱᠢᠭᠢᠳᠭᠡᠬᠦ᠌᠎ᠶ᠋ᠢ ᠠᠯᠬᠤᠮ ᠠᠯᠬᠤᠮ᠎ᠢᠶᠠᠷ ᠪᠡᠶᠡᠯᠡᠭᠦᠯᠵᠦ᠍᠂ ᠰᠠᠯᠵᠤ ᠪᠣᠯᠤᠰᠢ ᠦᠭᠡᠢ ᠬᠠᠮᠲᠤ ᠴᠣᠭ᠍ᠴᠠ᠎ᠶ᠋ᠢ ᠪᠦᠷᠢᠯᠳᠦᠭᠦᠯᠦᠨ᠎ᠡ᠃ ᠮᠤᠵᠢ ᠣᠷᠣᠨ ᠠᠯᠤᠰᠯᠠᠭ᠍ᠰᠠᠨ᠂ ᠠᠢᠮᠠᠭ ᠬᠤᠲᠠ ᠠᠯᠤᠰᠯᠠᠭ᠍ᠰᠠᠨ ᠴᠥᠭᠡᠨ ᠲᠣᠭᠠᠲᠤ ᠦᠨᠳᠦᠰᠦᠲᠡᠨ᠎ᠤ ᠨᠡᠭᠦᠳᠡᠯ ᠬᠥᠮᠦᠨ ᠠᠮᠠ᠎ᠶ᠋ᠢᠨ ᠦᠢᠯᠡᠴᠢᠯᠡᠭᠡ ᠬᠠᠮᠢᠶᠠᠷᠤᠯᠲᠠ᠎ᠶ᠋ᠢᠨ ᠬᠠᠮᠲᠤᠷᠠᠯᠴᠠᠭᠠᠨ᠎ᠤ ᠲᠣᠭ᠍ᠲᠠᠴᠠ᠎ᠶ᠋ᠢ ᠪᠠᠢᠭᠤᠯᠬᠤ᠎ᠶ᠋ᠢ ᠴᠢᠩᠭᠠᠳᠭᠠᠵᠤ᠂ ᠡᠯ᠎ᠡ ᠵᠡᠭᠡᠯᠢ ᠭᠤᠳᠤᠮᠵᠢ᠂ ᠨᠡᠢᠭᠡᠮ ᠲᠣᠭᠤᠷᠢᠭ᠎ᠢ ᠵᠣᠬᠢᠴᠠᠭᠤᠯᠤᠨ 《ᠨᠢᠭᠡ ᠦᠷᠳᠡᠭᠡᠴᠢᠯᠡᠭ᠌ᠰᠡᠨ ᠮᠠᠢᠭ》 ᠎ᠤᠨ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠲᠠᠪᠴᠠᠩ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠠᠳᠠᠯᠢ ᠲᠡᠭ᠌ᠰᠢ᠂ ᠨᠠᠷᠢᠨ ᠣᠨᠣᠪᠴᠢᠲᠠᠶ ᠣᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠬᠠᠤᠯᠢ ᠶᠣᠰᠣᠭᠠᠷ ᠬᠠᠩᠭᠠᠨ᠎ᠠ᠃ ᠬᠠᠮᠤᠷᠬᠤ ᠬᠡᠪᠴᠢᠶ᠎ᠡ᠎ᠪᠠᠷ ᠥᠷᠭᠡᠨ᠂ ᠣᠯᠠᠨ ᠲᠦᠮᠡᠨᠴᠢ ᠴᠢᠨᠠᠷ᠎ᠢᠶᠠᠷ ᠴᠢᠩᠭ᠎ᠠ᠂ ᠬᠡᠯᠪᠡᠷᠢ ᠮᠠᠶᠢᠭ ᠣᠯᠠᠨ ᠶᠠᠩᠵᠤ᠎ᠶ᠋ᠢᠨ ᠡᠯ᠎ᠡ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭᠠᠨ᠎ᠤ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠦᠨ᠎ᠡ᠃ 

ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠠᠳᠭᠤᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠳᠠᠰ᠎ᠤᠨ ᠰᠠᠭᠤᠷᠢ᠎ᠶ᠋ᠢ ᠳᠡᠭᠡᠭ᠌ᠰᠢᠯᠡᠭᠦᠯᠦᠨ᠎ᠡ᠃ 《ᠠᠵᠤ ᠦᠢᠯᠡᠰ ᠬᠥᠭ᠌ᠵᠢᠭ᠌ᠰᠡᠨ᠂ ᠠᠮᠢ ᠠᠬᠤᠶ ᠣᠷᠣᠱᠢᠨ ᠰᠠᠭᠤᠬᠤ᠎ᠳᠤ ᠲᠣᠬᠢᠷᠠᠮᠵᠢᠲᠠᠶ᠂ ᠨᠤᠲᠤᠭ᠎ᠤᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠶ᠂ ᠠᠮᠢᠳᠤᠷᠠᠯ ᠪᠠᠶᠠᠨ ᠴᠢᠨᠡᠭᠡᠯᠢᠭ》 ᠪᠠᠢᠬᠤ ᠶᠡᠷᠦᠩᠬᠡᠶ ᠱᠠᠭᠠᠷᠳᠠᠯᠭ᠎ᠠ ᠶᠣᠰᠣᠭᠠᠷ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠠᠬᠢᠵᠢᠭᠦᠯᠦᠨ ᠦᠷᠭᠡᠳᠭᠡᠬᠦ᠌᠎ᠶ᠋ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠯᠤᠭ᠎ᠠ ᠪᠦᠲᠦᠮᠵᠢᠲᠡᠶ ᠵᠣᠯᠭᠠᠭᠤᠯᠬᠤ᠎ᠶ᠋ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠳᠡᠭᠡᠳᠦ ᠱᠠᠲᠤᠨ᠎ᠤ ᠴᠥᠭᠡᠨ ᠲᠣᠭᠠᠲᠤ ᠦᠨᠳᠦᠰᠦᠲᠡᠨ᠎ᠤ ᠬᠥᠭ᠌ᠵᠢᠯᠲᠡ᠎ᠶ᠋ᠢᠨ ᠪᠠᠯᠠ ᠮᠥᠩᠭᠦ᠎ᠶ᠋ᠢ ᠢᠳᠡᠪᠬᠢᠲᠡᠶ ᠭᠤᠶᠤᠴᠢᠯᠡᠨ ᠣᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠮᠤᠭ᠎ᠠᠴᠠ ᠠᠩᠬᠠᠷᠴᠤ᠌ ᠪᠠᠢᠭ᠎ᠠ᠂ ᠬᠠᠮᠤᠭ᠎ᠤᠨ ᠱᠢᠭᠤᠳ᠂ ᠬᠠᠮᠤᠭ᠎ᠤᠨ ᠪᠣᠳᠠᠲᠠᠶ ᠦᠢᠯᠡᠳᠪᠤᠷᠢᠯᠡᠯ ᠠᠮᠢᠳᠤᠷᠠᠯ᠎ᠤᠨ ᠠᠰᠠᠭᠤᠳᠠᠯ᠎ᠢ ᠰᠠᠢᠲᠤᠷ ᠱᠢᠢᠳᠪᠣᠷᠢᠯᠡᠨ᠎ᠡ᠃ ᠠᠷᠠᠳ᠎ᠤᠨ ᠲᠤᠮᠳᠠ ᠠᠷᠠᠯᠵᠢᠶᠠᠯᠠᠬᠤ ᠴᠦᠬᠡᠨ ᠲᠤᠭᠠᠲᠤ ᠦᠨᠳᠦᠰᠦᠲᠡᠨ᠎ᠤ ᠤᠨᠴᠠᠯᠢᠭ᠍ᠲᠤ ᠦᠢᠯᠡᠳᠬᠦᠨ᠎ᠤ ᠠᠵᠤ ᠠᠬᠤᠢᠯᠠᠯ᠎ᠤᠨ ᠬᠦᠦ ᠮᠦᠩᠬᠦ᠌᠎ᠶ᠋ᠢ᠎ᠨᠢ ᠤᠷᠤᠯᠠᠨ ᠦᠭ᠌ᠬᠦ ᠤᠯᠤᠰ᠎ᠤᠨ ᠲᠥᠷᠥ᠎ᠶ᠋ᠢᠨ ᠪᠣᠳᠣᠯᠭ᠎ᠠ᠎ᠶ᠋ᠢ ᠢᠳᠡᠪᠬᠢᠲᠡᠶ ᠨᠠᠢᠳᠠᠪᠤᠷᠢᠵᠢᠭᠤᠯᠵᠤ᠂ ᠦᠨᠳᠦᠰᠦᠲᠡᠨ᠎ᠤ ᠠᠷᠠᠯᠵᠢᠶ᠎ᠠ ᠪᠠ ᠦᠨᠳᠦᠰᠦᠲᠡᠨ᠎ᠤ ᠣᠨᠴᠠ ᠬᠡᠷᠡᠭ᠌ᠴᠡᠭᠡᠲᠦ ᠲᠠᠸᠠᠷ᠎ᠤᠨ ᠠᠵᠤ ᠠᠬᠤᠢᠯᠠᠯ᠎ᠤᠨ ᠬᠡᠪᠴᠢᠶ᠎ᠡ᠎ᠶ᠋ᠢ ᠪᠤᠢᠵᠢᠭᠤᠯᠤᠨ ᠪᠤᠵᠠᠭᠠᠢᠷᠠᠭᠤᠯᠵᠤ᠂ ᠪᠤᠭᠤᠲᠤ᠎ᠶ᠋ᠢᠨ ᠬᠤᠲᠠ᠎ᠶ᠋ᠢᠨ ᠠᠷᠠᠳ᠎ᠤᠨ ᠲᠤᠮᠳᠠ ᠠᠷᠠᠯᠵᠢᠶᠠᠯᠠᠬᠤ ᠴᠦᠬᠡᠨ ᠲᠤᠭᠠᠲᠤ ᠦᠨᠳᠦᠰᠦᠲᠡᠨ᠎ᠤ ᠤᠨᠴᠠᠯᠢᠭ᠍ᠲᠤ ᠦᠢᠯᠡᠳᠬᠦᠨ᠎ᠤ ᠠᠵᠤ ᠠᠬᠤᠢᠯᠠᠯ᠎ᠤᠨ ᠡᠷᠡᠭᠦᠯ᠎ᠢᠶᠠᠷ ᠬᠥᠭ᠌ᠵᠢᠬᠦ᠌᠎ᠶ᠋ᠢ ᠤᠯᠠᠮ ᠴᠢᠨᠠᠭ᠍ᠰᠢᠳᠠ ᠳᠡᠮᠵᠢᠨ᠎ᠡ᠃ ᠬᠢᠯᠢ ᠬᠢᠵᠠᠭᠠᠷ᠎ᠢ ᠪᠠᠬᠢᠵᠢᠭᠦᠯᠦᠨ ᠬᠢᠯᠢ ᠬᠢᠵᠠᠭᠠᠷ᠎ᠢ ᠬᠥᠭ᠌ᠵᠢᠭᠦᠯᠵᠦ᠍ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶ᠋ᠢ ᠭᠦᠨᠵᠡᠭᠡᠢ ᠠᠬᠢᠭᠤᠯᠵᠤ᠂ ᠪᠡᠯᠡ ᠮᠥᠩᠭᠦᠨ᠎ᠤ ᠬᠦᠱᠢᠭᠦᠷᠭᠡ᠎ᠶ᠋ᠢᠨ ᠬᠦᠲᠦᠯᠦᠨ ᠵᠢᠯᠤᠭᠤᠳᠭᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠢᠯᠢ᠎ᠶ᠋ᠢᠨ ᠮᠠᠯᠴᠢᠳ᠎ᠤᠨ ᠦᠢᠯᠡᠳᠪᠦᠷᠢᠯᠡᠯ ᠠᠮᠢᠳᠤᠷᠠᠯ᠎ᠤᠨ ᠰᠠᠭᠤᠷᠢ ᠨᠥᠬᠦᠴᠡᠯ᠎ᠢ ᠲᠠᠰᠤᠷᠠᠯᠲᠠ ᠦᠭᠡᠢ ᠰᠠᠢᠵᠢᠷᠠᠭᠤᠯᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠳᠤ ᠥᠭᠡᠷᠡᠴᠢᠯᠡᠯᠲᠡ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠭᠦᠯᠵᠦ᠍᠂ ᠤᠬᠠᠮᠰᠠᠷ᠎ᠠᠴᠠ᠎ᠪᠠᠨ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠤᠭ᠍ᠴᠢ᠂ ᠠᠬᠢᠭᠤᠯᠤᠭ᠍ᠴᠢ ᠪᠤᠯᠵᠤ᠂ ᠡᠷᠡᠰ ᠭᠤᠢᠪᠢᠰᠢ ᠦᠭᠡᠢ᠎ᠪᠠᠷ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠤᠨ ᠠᠴᠢ᠎ᠳᠤ ᠲᠠᠯᠠᠷᠬᠠᠵᠤ᠂ ᠨᠠᠮ᠎ᠢᠶᠠᠨ ᠳᠠᠭᠠᠨ᠎ᠠ᠃ 


ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号