ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ ᠪᠣᠯᠤᠨ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠠᠴᠠ ᠬᠤᠤᠷ ᠲᠠᠲᠠᠬᠤ᠎ᠶ᠋ᠢ ᠵᠣᠭ᠍ᠰᠣᠭᠠᠬᠤ ᠡᠮᠴᠢᠯᠡᠭᠡᠨ᠎ᠤ ᠨᠢᠭᠡᠴᠢ᠎ᠳᠤ ᠲᠦᠷᠭᠡᠨ ᠠᠪᠤᠷᠠᠯᠲᠠ᠎ᠶ᠋ᠢᠨ ᠲᠡᠷᠭᠡ ᠬᠠᠨᠳᠢᠪᠯᠠᠪᠠ
2021-10-09 10:12:03
ᠵᠣᠬᠢᠶᠠᠭ᠍ᠴᠢ᠄
​ ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠤ ᠵᠢᠷ᠎ᠡ᠎ᠳᠤ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ᠂ ᠤᠯᠠᠭᠠᠨ ᠵᠠᠭᠠᠯᠮᠠ ᠵᠢᠳᠠᠨ᠎ᠤ ᠨᠡᠢᠭᠡᠮᠯᠢᠭ᠎ᠤᠨ᠎ᠬᠢᠨ ᠨᠡᠢᠭᠡᠮ ᠲᠣᠭᠤᠷᠢᠭ᠎ᠲᠤ ᠵᠠᠰᠠᠨ ᠵᠠᠯᠠᠷᠠᠭᠤᠯᠬᠤ ᠡᠲᠡᠭᠡᠳ᠎ᠲᠤ ᠬᠠᠨᠳᠤᠯᠭ᠎ᠠ᠎ᠲᠠᠢ ᠬᠠᠨᠳᠢᠪᠯᠠᠭ᠍ᠰᠠᠨ 2 ᠰᠥᠭᠡᠷᠭᠦ᠌ ᠳᠠᠷᠤᠯᠲᠠᠲᠤ ᠲᠦᠷᠭᠡᠨ ᠠᠪᠤᠷᠠᠯᠳᠠ᠎ᠶ᠋ᠢᠨ ᠲᠡᠷᠭᠡ᠎ᠶ᠋ᠢ ᠥᠪᠥᠷ ᠮᠣᠩᠭᠤᠯ᠎ᠤᠨ ᠬᠤᠶᠠᠳᠤᠭᠠᠷ ᠡᠪᠡᠳᠴᠢᠲᠡᠢ ᠶᠠᠯᠠᠳᠠᠨ᠎ᠤ ᠬᠠᠮᠢᠶᠠᠷᠤᠯᠲᠠ᠎ᠶ᠋ᠢᠨ ᠭᠠᠵᠠᠷ ᠪᠣᠯᠤᠨ ᠥᠪᠥᠷ ᠮᠣᠩᠭᠤᠯ᠎ᠤᠨ ᠠᠯᠪᠠᠳᠠᠯᠭ᠎ᠠ᠎ᠪᠠᠷ ᠲᠤᠰᠠᠭᠠᠷᠯᠠᠵᠤ ᠬᠤᠣᠷ ᠲᠠᠲᠠᠬᠤ᠎ᠶ᠋ᠢ ᠵᠣᠭ᠍ᠰᠣᠭᠠᠬᠤ ᠭᠠᠵᠠᠷ᠎ᠲᠤ ᠲᠤᠬᠢᠷᠠᠭᠤᠯᠤᠨ ᠦᠭ᠌ᠪᠡ᠃

ᠣᠢᠷ᠎ᠠ᠎ᠶ᠋ᠢᠨ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ ᠠᠯᠢ ᠣᠯᠠᠨ ᠵᠥᠪ ᠴᠢᠭ᠌ᠯᠡᠯᠲᠦ ᠲᠥᠷᠥ᠎ᠶ᠋ᠢᠨ ᠪᠣᠳᠣᠯᠭ᠎ᠠ ᠪᠠ ᠠᠷᠭ᠎ᠠ ᠬᠡᠮᠵᠢᠶ᠎ᠡ ᠭᠠᠷᠭᠠᠵᠤ᠂ ᠨᠡᠢᠭᠡᠮ ᠲᠣᠭᠤᠷᠢᠭ᠎ᠲᠤ ᠵᠠᠰᠠᠨ ᠵᠠᠯᠠᠷᠠᠭᠤᠯᠬᠤ ᠡᠲᠡᠭᠡᠳ᠎ᠢ ᠬᠥᠮᠦᠵᠢᠭᠦᠯᠦᠨ ᠵᠢᠯᠣᠭᠤᠳᠭᠤ ᠪᠠ ᠰᠡᠳᠭᠢᠴᠡ᠎ᠶ᠋ᠢᠨ ᠲᠠᠯ᠎ᠠ᠎ᠪᠠᠷ ᠵᠠᠯᠠᠷᠠᠭᠤᠯᠤᠨ ᠵᠠᠰᠠᠬᠤ᠎ᠶ᠋ᠢ ᠴᠢᠩᠭᠠᠳᠭᠠᠵᠤ᠂ ᠲᠡᠳᠡᠨ᠎ᠢ ᠬᠠᠪᠰᠤᠷᠤᠨ ᠵᠥᠪ ᠠᠮᠢᠳᠤᠷᠠᠬᠤᠶ᠎ᠶ᠋ᠢᠨ ᠦᠵᠡᠯᠲᠡ᠂ ᠥᠷᠲᠡᠭ᠎ᠤᠨ ᠦᠵᠡᠯᠲᠡ᠎ᠲᠠᠢ ᠪᠣᠯᠭᠠᠵᠠᠶ᠃ ᠬᠢᠵᠢᠭ᠎ᠤᠨ ᠪᠠᠢᠳᠠᠯ ᠡᠭᠦᠰᠦᠭ᠌ᠰᠡᠨ᠎ᠤ ᠳᠠᠷᠠᠭ᠎ᠠ᠂ ᠪᠥᠬᠦ᠌ ᠣᠷᠣᠨ᠎ᠤ ᠨᠡᠢᠭᠡᠮ ᠲᠣᠭᠤᠷᠢᠭ᠎ᠲᠤ ᠵᠠᠰᠠᠨ ᠵᠠᠯᠠᠷᠠᠭᠤᠯᠬᠤ ᠡᠲᠡᠭᠡᠳ᠎ᠢ ᠢᠳᠡᠪᠬᠢᠲᠡᠶ ᠬᠥᠲᠥᠯᠥᠨ ᠵᠢᠯᠣᠭᠤᠳᠭᠤ ᠪᠠ ᠤᠷᠮᠠᠱᠢᠭᠤᠯᠤᠨ ᠵᠣᠷᠢᠭ᠍ᠵᠢᠭᠤᠯᠵᠤ ᠪᠠᠢᠭᠠᠳ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠳᠤ ᠢᠳᠡᠪᠬᠢᠲᠡᠶ ᠣᠷᠣᠯᠴᠠᠭᠤᠯᠵᠤ᠂ ᠵᠣᠭᠤᠰ ᠮᠥᠩᠭᠦ᠌ ᠡᠳ᠋ ᠪᠣᠳᠠᠰ ᠬᠠᠨᠳᠢᠪᠯᠠᠬᠤ᠂ ᠣᠷᠴᠢᠨ ᠲᠣᠭᠤᠷᠢᠨ᠎ᠢ ᠠᠷᠢᠭᠤᠳᠭᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠪᠣᠳᠠᠲᠤ ᠠᠵᠢᠯᠯᠠᠭ᠎ᠠ᠎ᠪᠠᠷ᠎ᠢᠶᠠᠨ ᠬᠡᠷ ᠣᠷᠣᠨ᠎ᠢᠶᠠᠨ ᠰᠠᠬᠢᠨ ᠬᠠᠮᠠᠭᠠᠯᠠᠵᠤ᠂ ᠨᠡᠢᠭᠡᠮ᠎ᠳᠤ ᠠᠴᠢ ᠬᠠᠷᠢᠭᠤᠯᠠᠭᠤᠯᠪᠠ᠃

ᠪᠦᠷᠢᠳᠭᠡᠯ᠎ᠢ ᠦᠨᠳᠦᠰᠦᠯᠡᠪᠡᠯ᠂ ᠮᠠᠨ᠎ᠤ ᠣᠷᠣᠨ᠎ᠤ ᠨᠡᠢᠭᠡᠮ ᠲᠣᠭᠤᠷᠢᠭ᠎ᠲᠤ ᠵᠠᠰᠠᠨ ᠵᠠᠯᠠᠷᠠᠭᠤᠯᠬᠤ ᠡᠲᠡᠭᠡᠳ ᠬᠢᠵᠢᠭ᠎ᠤᠨ ᠪᠠᠢᠳᠠᠯ᠎ᠳᠤ ᠨᠡᠢᠲᠡ 630 ᠭᠠᠷᠤᠶ ᠲᠦᠮᠡᠨ ᠲᠥᠭᠦᠷᠢᠭ ᠬᠠᠨᠳᠢᠪᠯᠠᠵᠤ᠂ ᠠᠮᠠᠪᠴᠢ᠂ ᠪᠡᠭᠡᠯᠡᠶ ᠵᠡᠷᠭᠡ ᠬᠠᠮᠠᠭᠠᠯᠠᠯᠲᠠ᠎ᠶ᠋ᠢᠨ ᠡᠳ᠋ ᠪᠣᠳᠠᠰ᠎ᠢ 11 ᠲᠦᠮᠡᠨ ᠬᠤᠪᠢ ᠬᠠᠨᠳᠢᠪᠯᠠᠵᠤ᠂ ᠨᠢᠭᠡᠳᠦᠭᠡᠷ ᠹᠷᠣᠨᠲ᠎ᠤᠨ ᠰᠡᠷᠭᠡᠢᠯᠡᠨ ᠡᠵᠡᠮᠳᠡᠬᠦ᠌ ᠠᠵᠢᠯ᠎ᠳᠤ 5000 ᠭᠠᠷᠤᠶ ᠬᠥᠮᠦᠨ ᠤᠳᠠᠭ᠎ᠠ ᠣᠷᠣᠯᠴᠠᠵᠤ᠂ ᠪᠥᠬᠦ᠌ ᠣᠷᠣᠨ᠎ᠤ ᠬᠢᠵᠢᠭ᠎ᠢ ᠰᠡᠷᠭᠡᠢᠯᠡᠬᠦ᠌ ᠡᠳ᠋ ᠪᠣᠳᠠᠰ᠎ᠤᠨ ᠠᠵᠢᠯᠲᠠᠨ ᠬᠦᠷᠦᠯᠴᠡᠬᠦ᠌ ᠥᠬᠡᠶ ᠪᠠᠢᠬᠤ ᠳᠠᠷᠤᠯᠲᠠ᠎ᠶ᠋ᠢ ᠪᠦᠲᠦᠮᠵᠢᠲᠡᠶ ᠨᠠᠮᠳᠠᠭᠤᠯᠵᠤ᠂ ᠪᠥᠬᠦ᠌ ᠣᠷᠣᠨ᠎ᠳᠤ ᠨᠡᠢᠭᠡᠮ ᠲᠣᠭᠤᠷᠢᠭ᠎ᠲᠤ ᠵᠠᠰᠠᠨ ᠵᠠᠯᠠᠷᠠᠭᠤᠯᠬᠤ ᠡᠲᠡᠭᠡᠳ᠎ᠤᠨ ᠬᠢᠵᠢᠭ᠎ᠲᠤ ᠬᠤᠯᠪᠣᠭ᠍ᠳᠠᠭ᠍ᠰᠠᠨ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ ᠨᠢᠭᠡ ᠴᠤ᠌ ᠭᠠᠷᠤᠭ᠎ᠠ ᠦᠭᠡᠢ ᠪᠠ ᠵᠢᠵᠦ᠍᠂ ᠨᠡᠢᠭᠡᠮ ᠲᠣᠭᠤᠷᠢᠭ᠎ᠲᠤ ᠵᠠᠰᠠᠨ ᠵᠠᠯᠠᠷᠠᠭᠤᠯᠬᠤ ᠬᠥᠮᠦᠵᠢᠯ ᠥᠭᠡᠷᠡᠴᠢᠯᠡᠯᠲᠡ᠎ᠶ᠋ᠢᠨ ᠰᠠᠢᠨ ᠦᠷ᠎ᠡ ᠪᠦᠲᠦᠮᠵᠢ᠎ᠶ᠋ᠢ ᠢᠯᠡᠷᠡᠭᠦᠯᠪᠡ᠃

ᠲᠤᠬᠠᠶ᠎ᠶ᠋ᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠠᠴᠠ ᠬᠠᠤᠯᠢ ᠴᠠᠭᠠᠵᠠ᠎ᠶ᠋ᠢᠨ ᠲᠢᠩᠬᠢᠮ᠎ᠳᠤ ᠠᠷᠪᠠᠨ AED ᠮᠠᠱᠢᠨ᠂ ᠨᠢᠭᠡ ᠯᠡ ᠤᠳᠠᠭ᠎ᠠ ᠬᠡᠷᠡᠭ᠌ᠯᠡᠬᠦ᠌ ᠠᠮᠠᠪᠴᠢ 3 ᠲᠦᠮᠡ᠂ 3000 ᠯᠣᠩᠬᠤ ᠠᠷᠢᠭᠤᠳᠭᠠᠬᠤ ᠱᠢᠩᠭᠡᠨ᠂ 100 ᠲᠦᠷᠭᠡᠨ ᠠᠪᠤᠷᠠᠯᠳᠠ᠎ᠶ᠋ᠢᠨ ᠪᠣᠭ᠍ᠴᠣ ᠵᠡᠷᠭᠡ 29.33 ᠲᠦᠮᠡᠨ ᠲᠥᠭᠦᠷᠢᠭ᠎ᠤᠨ ᠶᠡᠷᠦᠩᠬᠡᠶ ᠥᠷᠲᠡᠭ ᠪᠥᠬᠦᠶ ᠬᠢᠵᠢᠭ᠎ᠲᠠᠢ ᠲᠡᠮᠡᠴᠡᠬᠦ᠌ ᠡᠳ᠋ ᠪᠣᠳᠠᠰ ᠬᠠᠨᠳᠢᠪᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号