ᠮᠠᠨ᠎ᠤ ᠤᠷᠤᠨ ᠭᠠᠢᠯᠢ ᠲᠠᠳᠠᠪᠤᠷᠢ᠎ᠶ᠋ᠢᠨ ᠬᠤᠳᠠᠯᠳᠤᠭ᠎ᠠ ᠡᠷᠬᠢᠯᠡᠬᠦ᠌ ᠤᠷᠴᠢᠨ ᠨᠦᠬᠦᠴᠡᠯ᠎ᠢ ᠦᠷᠬᠦᠯᠵᠢᠯᠡᠨ ᠱᠢᠯᠢᠳᠡᠭ᠌ᠵᠢᠬᠦᠯᠵᠤ ᠪᠤᠢ
2021-10-09 09:31:18
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠡᠨᠡ ᠵᠢᠯ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠭᠠᠢᠯᠢ᠎ᠶ᠋ᠢᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠭᠠᠢᠯᠢ ᠲᠠᠲᠠᠪᠤᠷᠢ᠎ᠶ᠋ᠢᠨ ᠲᠣᠮᠣ ᠳ᠋ᠠᠢᠲ᠋ᠠ᠎ᠪᠠᠷ ᠬᠥᠳᠡᠯᠭᠡᠭᠦᠷ ᠪᠣᠯᠭᠠᠵᠤ᠂ ᠨᠢᠭᠡᠨ ᠢᠵᠢ ᠲᠣᠭ᠍ᠲᠠᠴᠠ᠎ᠶ᠋ᠢ ᠪᠠᠢᠭᠤᠯᠵᠤ᠂ ᠭᠤᠷᠪᠠᠨ ᠭᠦᠢᠴᠡᠳᠭᠡᠯ ᠲᠤᠭ᠎ᠠ᠎ᠶ᠋ᠢ ᠱᠢᠯᠢᠳᠡᠭ᠌ᠵᠢᠭᠦᠯᠦᠨ᠂ ᠳᠥᠷᠪᠡᠨ ᠵᠦᠢᠯ᠎ᠤᠨ ᠠᠷᠭ᠎ᠠ ᠬᠡᠮᠵᠢᠶ᠎ᠡ ᠠᠪᠴᠤ᠌᠂ ᠤᠯᠠᠨ ᠵᠦᠢᠯ᠎ᠢ ᠠᠮᠢᠳᠤᠯᠢᠭ᠎ᠢᠶᠠᠷ ᠬᠡᠷᠡᠭ᠌ᠯᠡᠬᠦ᠌᠎ᠪᠠᠷ ᠭᠠᠷᠳᠠᠴᠡ ᠪᠤᠯᠭᠠᠭ᠍ᠰᠠᠨ ᠭᠠᠢᠯᠢ ᠰᠦᠢᠳᠭᠡᠯ᠎ᠤᠨ ᠦᠢᠯᠡᠴᠢᠯᠡᠭᠡᠨ᠎ᠤ ᠵᠠᠭ᠍ᠪᠤᠷ᠎ᠢ ᠴᠤᠭ᠍ᠴᠠᠯᠠᠵᠤ᠂ ᠭᠠᠢᠯᠢ ᠲᠠᠲᠠᠪᠤᠷᠢ᠎ᠶ᠋ᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠭᠠᠢᠯᠢ᠎ᠶ᠋ᠢ ᠪᠠᠭᠠᠰᠭᠠᠵᠤ ᠰᠦᠢᠳᠭᠡᠯ᠎ᠢ ᠪᠠᠭᠤᠷᠠᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠨᠠᠷᠢᠯᠢᠭ ᠣᠨᠣᠴᠠᠲᠠᠶ᠎ᠪᠠᠷ ᠨᠠᠢᠳᠠᠪᠤᠷᠢᠵᠢᠭᠤᠯᠤᠨ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠲᠡᠮᠵᠢᠪᠠ᠃

ᠪᠥᠬᠦ᠌ ᠣᠷᠣᠨ᠎ᠤ ᠡᠯ᠎ᠡ ᠭᠠᠵᠠᠷ᠎ᠤᠨ ᠭᠠᠢᠯᠢ᠎ᠶ᠋ᠢᠨ ᠶᠠᠪᠤᠳᠠᠯ᠎ᠤᠨ ᠪᠠᠢᠭᠤᠯᠭ᠎ᠠ᠎ᠶ᠋ᠢᠨ᠎ᠬᠢᠨ ᠲᠤᠭ᠎ᠠ ᠪᠠᠷᠢᠮᠲᠠ᠎ᠶ᠋ᠢ ᠬᠠᠮᠲᠤ᠎ᠪᠠᠷ ᠡᠳ᠋ᠯᠡᠬᠦ᠌᠎ᠪᠠᠷ ᠰᠠᠭᠤᠷᠢ ᠪᠣᠯᠭᠠᠵᠤ᠂ ᠰᠠᠯᠠᠭ᠎ᠠ ᠮᠥᠴᠢᠷ᠎ᠤᠨ ᠬᠤᠯᠪᠣᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠵᠤ᠂ ᠬᠠᠮᠲᠤ᠎ᠪᠠᠷ ᠵᠦᠪᠳᠡᠨ ᠬᠤᠯᠪᠤᠭᠠᠯᠠᠬᠤ᠂ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠪᠠ ᠭᠠᠢᠯᠢ ᠰᠦᠢᠳᠭᠡᠯ᠎ᠤᠨ ᠬᠠᠮᠵᠢᠯᠴᠠᠭ᠎ᠠ᠎ᠪᠠᠷ ᠲᠤᠬᠠᠶ᠎ᠶ᠋ᠢᠨ ᠭᠠᠵᠠᠷ᠎ᠤᠨ ᠠᠵᠤ ᠠᠬᠤᠶ ᠨᠡᠢᠭᠡᠮ᠎ᠤᠨ ᠬᠥᠭ᠌ᠵᠢᠯᠲᠡ᠎ᠳᠤ ᠨᠡᠢᠴᠡᠭ᠌ᠰᠡᠨ ᠪᠦᠷᠢᠨ ᠲᠥᠬᠦᠷ ᠭᠠᠢᠯᠢ ᠰᠦᠢᠳᠭᠡᠯ᠎ᠤᠨ ᠦᠢᠯᠡᠴᠢᠯᠡᠭᠡᠨ᠎ᠤ ᠲᠣᠭ᠍ᠲᠠᠴᠠ᠎ᠶ᠋ᠢᠨ ᠱᠢᠰᠲ᠋ᠧᠮ᠎ᠢ ᠪᠦᠷᠢᠯᠳᠦᠬᠦᠯᠪᠡ᠃ ᠣᠢᠯᠠᠭᠠᠭ᠍ᠰᠠᠨ᠎ᠢᠶᠠᠷ᠂ ᠥᠪᠡᠷᠳᠡᠭᠡᠨ ᠵᠠᠰᠠᠬᠤ ᠤᠷᠤᠨ᠎ᠤ ᠭᠠᠢᠯᠢ᠎ᠶ᠋ᠢᠨ ᠶᠠᠪᠤᠳᠠᠯ᠎ᠤᠨ ᠰᠠᠯᠠᠭ᠎ᠠ ᠮᠥᠴᠢᠷ ᠪᠣᠯᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠨ᠎ᠬᠢᠨ ᠪᠥᠬᠦ᠌ ᠣᠷᠣᠨ᠎ᠤ ᠠᠵᠤ ᠠᠬᠤᠢᠯᠠᠯ ᠡᠷᠭᠢᠯᠡᠬᠦ᠌ ᠠᠰᠠᠭᠤᠳᠠᠯ᠎ᠢ ᠵᠢᠭ᠍ᠰᠠᠭᠠᠨ ᠪᠠᠢᠴᠠᠭᠠᠬᠤ ᠠᠵᠢᠯ᠎ᠤᠨ ᠳᠤᠭᠤᠢᠯᠠᠩ ᠪᠠᠢᠭᠤᠯᠵᠤ᠂ ᠮᠡᠳᠡᠭᠡ ᠵᠠᠩᠭᠢ ᠰᠣᠯᠢᠯᠴᠠᠬᠤ᠎ᠳᠤ ᠬᠡᠷᠡᠭ᠌ᠰᠡᠬᠦ᠌ ᠴᠠᠭ ᠣᠷᠳᠣ᠂ ᠰᠦᠯᠵᠢᠶᠡᠨ᠎ᠤ ᠲᠤᠭ᠎ᠠ ᠪᠠᠷᠢᠮᠲᠠ᠎ᠶ᠋ᠢᠨ ᠳᠠᠮᠵᠢᠭᠤᠯᠭ᠎ᠠ ᠤᠳᠠᠭᠠᠨ ᠪᠠᠢᠬᠤ ᠵᠡᠷᠭᠡ ᠠᠰᠠᠭᠤᠳᠠᠯ᠎ᠢ ᠡᠷᠢᠨ ᠭᠠᠷᠭᠠᠵᠤ᠂ ᠣᠳᠣᠬᠢᠴᠢᠯᠠᠭ᠍ᠰᠠᠨ ᠮᠡᠷᠭᠡᠵᠢᠯ᠎ᠤᠨ ᠠᠷᠭ᠎ᠠ ᠪᠠᠷᠢᠯ᠎ᠢ ᠬᠡᠷᠡᠭ᠌ᠯᠡᠨ᠂ ᠲᠤᠭ᠎ᠠ ᠪᠠᠷᠢᠮᠲᠠ᠎ᠶ᠋ᠢᠨ ᠮᠡᠳᠡᠭᠡ ᠵᠠᠩᠭᠢ᠎ᠶ᠋ᠢᠨ ᠳᠠᠮᠵᠢᠭᠤᠯᠬᠤ ᠬᠤᠷᠳᠤᠴᠠ᠎ᠶ᠋ᠢ ᠳᠦᠷᠭᠡᠳᠭᠡᠪᠠ᠃ 7 ᠰᠠᠷ᠎ᠠ᠎ᠶ᠋ᠢᠨ 3 ᠎ᠤ ᠡᠳᠦᠷ᠎ᠠᠴᠠ ᠡᠬᠢᠯᠡᠨ᠂ ᠬᠤᠶᠠᠷ ᠰᠠᠯᠠᠭ᠎ᠠ ᠮᠥᠴᠢᠷ᠎ᠤᠨ ᠮᠡᠳᠡᠭᠡ ᠵᠠᠩᠭᠢ᠎ᠶ᠋ᠢᠨ ᠰᠣᠯᠢᠯᠴᠠᠭ᠎ᠠ ᠤᠤᠯ᠎ᠤᠨ 60 ᠮᠢᠨᠦ᠋ᠲ ᠪᠠᠢᠭ᠍ᠰᠠᠨ᠎ᠠᠴᠠ᠎ᠨᠢ 10 ᠮᠢᠨᠦ᠋ᠲ᠎ᠤᠨ ᠳᠣᠲᠣᠷ᠎ᠠ ᠪᠣᠯᠭᠠᠨ ᠪᠣᠭᠤᠨᠢᠰᠭᠠᠵᠤ᠂ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢᠨ ᠬᠦᠯᠢᠶᠡᠬᠦ᠌ ᠴᠠᠭ᠎ᠢ ᠪᠦᠲᠦᠮᠵᠢᠲᠡᠶ ᠪᠠᠭᠠᠰᠭᠠᠪᠠ᠃

ᠭᠠᠢᠯᠢ ᠲᠤᠱᠢᠶᠠᠭ᠍ᠴᠢ᠎ᠶ᠋ᠢᠨ ᠭᠠᠢᠯᠢ ᠲᠤᠱᠢᠶᠠᠵᠤ ᠰᠦᠢᠳᠭᠡᠯ ᠲᠤᠱᠢᠶᠠᠬᠤ ᠳᠤᠮᠳᠠ ᠲᠤᠯᠭᠠᠷᠠᠭ᠍ᠰᠠᠨ ᠬᠦᠴᠢᠷ ᠲᠦᠪᠡᠭ᠌ᠲᠡᠶ ᠠᠰᠠᠭᠤᠳᠠᠯ᠎ᠢ ᠱᠢᠢᠳᠪᠦᠷᠢᠯᠡᠬᠦ᠌᠎ᠶ᠋ᠢᠨ ᠲᠥᠯᠥᠭᠡ᠂ ᠦᠪᠡᠷᠳᠡᠭᠡᠨ ᠵᠠᠰᠠᠬᠤ ᠤᠷᠤᠨ᠎ᠤ ᠭᠠᠢᠯᠢ᠎ᠶ᠋ᠢᠨ ᠲᠣᠪᠴᠢᠶ᠎ᠠ ᠭᠠᠢᠯᠢ ᠰᠦᠢᠳᠭᠡᠯ ᠲᠠᠲᠠᠪᠤᠷᠢᠯᠠᠨ ᠬᠠᠮᠢᠶᠠᠷᠬᠤ ᠠᠰᠠᠭᠤᠳᠠᠯ᠎ᠤᠨ ᠬᠠᠮᠵᠢᠯᠴᠠᠬᠤ ᠠᠵᠢᠯ᠎ᠤᠨ ᠲᠣᠭ᠍ᠲᠠᠴᠠ᠎ᠶ᠋ᠢ ᠪᠠᠢᠭᠤᠯᠪᠠ᠃ ᠲᠣᠰ ᠲᠣᠭ᠍ᠲᠠᠴᠠ᠎ᠶ᠋ᠢ ᠬᠡᠷᠡᠭ᠌ᠵᠢᠭᠦᠯᠦᠭ᠌ᠰᠡᠨ᠎ᠠᠴᠠ ᠨᠠᠭᠠᠰᠢ᠂ ᠪᠦᠬᠦ᠌ ᠤᠷᠤᠨ᠎ᠤ ᠡᠯ᠎ᠡ ᠭᠠᠵᠠᠷ᠎ᠤᠨ ᠭᠠᠢᠯᠢ᠎ᠶ᠋ᠢᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠲᠠᠲᠠᠪᠤᠷᠢᠯᠠᠨ ᠬᠠᠮᠢᠶᠠᠷᠬᠤ ᠦᠢᠯᠡᠴᠢᠯᠡᠭᠡᠨ᠎ᠤ ᠬᠦᠴᠢᠷ ᠲᠦᠪᠡᠭ᠌ᠲᠡᠶ ᠠᠰᠠᠭᠤᠳᠠᠯ᠎ᠢ ᠨᠡᠢᠲᠡ 1200 ᠭᠠᠷᠤᠶ ᠱᠢᠢᠳᠪᠦᠷᠢᠯᠡᠵᠦ᠍᠂ ᠲᠠᠲᠠᠪᠤᠷᠢᠯᠠᠨ ᠬᠠᠮᠢᠶᠠᠷᠬᠤ ᠶᠠᠪᠤᠴᠠ᠎ᠶ᠋ᠢᠨ 28 ᠵᠦᠢᠯ᠎ᠢ ᠱᠢᠯᠢᠳᠡᠭ᠌ᠵᠢᠭᠦᠯᠪᠠ᠃ ᠡᠭᠦᠨ᠎ᠤ ᠬᠠᠮᠲᠤ᠌᠂ ᠭᠠᠢᠯᠢ᠎ᠶ᠋ᠢᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠲᠤᠭ᠎ᠠ ᠪᠠᠷᠢᠮᠲᠠ᠎ᠶ᠋ᠢᠨ ᠬᠡᠷᠡᠭ᠌ᠯᠡᠭᠡᠨ᠎ᠤ ᠪᠠᠢᠳᠠᠯ᠎ᠢ ᠢᠳᠡᠪᠬᠢᠲᠡᠶ ᠥᠷᠭᠡᠳᠭᠡᠵᠦ᠍᠂ ᠭᠠᠢᠯᠢ᠎ᠶ᠋ᠢᠨ ᠶᠠᠪᠤᠳᠠᠯ᠎ᠤᠨ ᠶᠡᠷᠦᠩᠬᠡᠶ ᠲᠣᠪᠴᠢᠶ᠎ᠠ᠎ᠶ᠋ᠢᠨ 《ᠭᠠᠢᠯᠢ ᠭᠦᠢᠴᠡᠳᠭᠡᠬᠦ᠌᠎ᠳᠤ ᠲᠥᠬᠦᠮ ᠦᠵᠡᠭᠦᠯᠬᠦ᠌ ᠤᠷᠢᠬᠠᠨ ᠰᠠᠯᠬᠢ ᠠᠵᠢᠯᠯᠠᠭ᠎ᠠ》 ᠎ᠶ᠋ᠢᠨ 100 ᠦᠢᠯᠡᠴᠢᠯᠡᠭᠡᠨ᠎ᠤ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠬᠤ᠎ᠲᠠᠢ ᠤᠶᠠᠯᠳᠤᠭᠤᠯᠤᠨ᠂ 《ᠰᠦᠯᠵᠢᠶᠡᠨ ᠳᠡᠭᠡᠷ᠎ᠡ ᠭᠦᠢᠴᠡᠳᠭᠡᠬᠦ᠂ ᠴᠠᠭ᠎ᠤᠨ ᠬᠢᠵᠠᠭᠠᠷ᠎ᠢ ᠪᠠᠭᠠᠰᠭᠠᠬᠤ》᠂ 《ᠠᠯᠠᠭᠠᠨ ᠳᠡᠭᠡᠷ᠎ᠡ ᠭᠦᠢᠴᠡᠳᠭᠡᠬᠦ᠂ ᠭᠦᠶᠦᠬᠦ᠌᠎ᠶ᠋ᠢ ᠪᠠᠭᠠᠰᠭᠠᠬᠤ》᠂ 《ᠳᠤᠲᠠᠭᠤᠳᠠᠯ᠎ᠢ᠎ᠨᠢ ᠠᠭᠤᠴᠢᠯᠠᠨ ᠭᠦᠢᠴᠡᠳᠭᠡᠬᠦ᠂ ᠤᠴᠢᠷ ᠶᠠᠪᠤᠳᠠᠯ᠎ᠢ᠎ᠨᠢ ᠪᠠᠭᠠᠰᠭᠠᠬᠤ》᠂ 《ᠲᠠᠨ᠎ᠳᠤ ᠬᠠᠪᠰᠤᠷᠤᠨ ᠭᠦᠢᠴᠡᠳᠭᠡᠬᠦ᠂ ᠥᠪᠡᠷ᠎ᠤᠨ ᠥᠷᠲᠡᠭ᠎ᠢ᠎ᠨᠢ ᠪᠠᠭᠠᠰᠭᠠᠬᠤ》 ᠵᠡᠷᠬᠡ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠠᠷᠠᠳ᠎ᠲᠤ ᠲᠥᠬᠦᠮ ᠦᠵᠡᠭᠦᠯᠬᠦ᠌ ᠤᠯᠠᠨ ᠵᠦᠢᠯ᠎ᠤᠨ ᠠᠷᠭ᠎ᠠ ᠬᠡᠮᠵᠢᠶ᠎ᠠ᠎ᠶ᠋ᠢ ᠬᠡᠷᠡᠭ᠌ᠵᠢᠬᠦᠯᠪᠠ᠃

ᠬᠤᠳᠠᠯᠳᠤᠭ᠎ᠠ ᠡᠷᠬᠢᠯᠡᠬᠦ᠌ ᠤᠷᠴᠢᠨ ᠨᠦᠬᠦᠴᠡᠯ᠎ᠢ ᠱᠢᠯᠢᠳᠡᠭ᠌ᠵᠢᠬᠦᠯᠬᠦ᠌ ᠡᠯ᠎ᠠ ᠵᠦᠢᠯ᠎ᠤᠨ ᠠᠷᠭ᠎ᠠ ᠬᠡᠮᠵᠢᠶ᠎ᠠ᠎ᠶ᠋ᠢᠨ ᠨᠠᠢᠳᠠᠪᠤᠷᠢᠵᠢᠭᠤᠯᠤᠯᠳᠠ᠎ᠶ᠋ᠢ ᠪᠠᠳᠤᠯᠠᠬᠤ᠎ᠶ᠋ᠢᠨ ᠲᠦᠯᠦᠬᠡ᠂ ᠮᠠᠨ᠎ᠤ ᠤᠷᠤᠨ᠎ᠤ ᠭᠠᠢᠯᠢ᠎ᠶ᠋ᠢᠨ ᠶᠠᠪᠤᠳᠠᠯ᠎ᠤᠨ ᠰᠠᠯᠠᠭ᠎ᠠ ᠮᠦᠴᠢᠷ᠎ᠤᠨ᠎ᠬᠢᠨ ᠬᠢᠨᠠᠯᠳᠡ ᠲᠠᠯᠪᠢᠬᠤ ᠠᠷᠭ᠎ᠠ ᠬᠡᠯᠪᠡᠷᠢ᠎ᠪᠠᠨ ᠱᠢᠨᠠᠴᠢᠯᠠᠵᠤ᠂ ᠲᠤᠭ᠎ᠠ ᠪᠠᠷᠢᠮᠳᠠ᠎ᠪᠠᠷ ᠬᠢᠨᠠᠯᠳᠡ ᠲᠠᠯᠪᠢᠵᠤ᠂ ᠤᠯᠠᠨ ᠵᠦᠢᠯ᠎ᠤᠨ ᠠᠷᠭ᠎ᠠ᠎ᠪᠠᠷ ᠭᠠᠷᠳᠠᠴᠡ ᠪᠤᠯᠭᠠᠨ᠂ ᠪᠦᠬᠦ᠌ ᠶᠠᠪᠤᠴᠡ᠎ᠳᠤ ᠬᠢᠨᠠᠯᠳᠠ ᠲᠠᠯᠪᠢᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号