ᠦᠪᠡᠷᠲᠡᠭᠡᠨ ᠵᠠᠰᠠᠬᠤ ᠤᠷᠤᠨ᠎ᠤ ᠵᠡᠮᠳᠡᠭ᠌ᠴᠤᠳ᠎ᠤᠨ ᠬᠤᠯᠪᠤᠭ᠎ᠠ ᠳᠤᠮᠳᠠᠳᠦ᠎ᠶ᠋ᠢᠨ ᠦᠨᠳᠦᠰᠦᠲᠡᠨ᠎ᠤ ᠬᠠᠮᠳᠦ ᠴᠤᠬ᠍ᠴᠠ᠎ᠶ᠋ᠢᠨ ᠤᠬᠠᠮᠰᠠᠷ᠎ᠢ ᠪᠠᠳᠦ ᠴᠤᠬ᠍ᠴᠠᠯᠠᠬᠤ ᠲᠤᠰᠭᠠᠢ ᠰᠡᠲᠤᠪᠲᠤ ᠲᠠᠢᠯᠤᠮᠵᠢ ᠡᠷᠬᠢᠯᠡᠵᠠᠢ
2021-10-09 10:51:49
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠦᠪᠡᠷᠲᠡᠭᠡᠨ ᠵᠠᠰᠠᠬᠤ ᠤᠷᠤᠨ᠎ᠤ ᠵᠡᠮᠳᠡᠭ᠌ᠴᠤᠳ᠎ᠤᠨ ᠬᠤᠯᠪᠤᠭ᠎ᠠ ᠺᠠᠳ᠋ᠷ ᠠᠵᠢᠯᠲᠠᠳ᠎ᠤᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠲᠠᠨᠢᠯᠲᠠ᠎ᠶ᠋ᠢᠨ ᠬᠢᠷᠢ ᠲᠦᠪᠱᠢᠨ᠎ᠢ ᠲᠠᠰᠤᠷᠠᠯᠲᠠ ᠦᠬᠡᠢ ᠳᠡᠭᠡᠭ᠌ᠰᠢᠯᠡᠬᠦᠯᠬᠦ᠌᠎ᠪᠠᠷ ᠵᠤᠷᠢᠯᠭ᠎ᠠ ᠪᠤᠯᠭᠠᠵᠦ᠍᠂ ᠳᠤᠮᠳᠠᠳᠦ᠎ᠶ᠋ᠢᠨ ᠦᠨᠳᠦᠰᠦᠲᠡᠨ᠎ᠤ ᠬᠠᠮᠳᠦ ᠴᠤᠬ᠍ᠴᠠ᠎ᠶ᠋ᠢᠨ ᠤᠬᠠᠮᠰᠠᠷ᠎ᠢ ᠪᠠᠳᠦ ᠴᠤᠬ᠍ᠴᠠᠯᠠᠬᠤ ᠲᠤᠰᠭᠠᠢ ᠰᠡᠳᠦᠪᠲᠦ ᠲᠠᠢᠯᠤᠮᠵᠢ ᠡᠷᠬᠢᠯᠡᠪᠡ᠃ 

ᠲᠠᠢᠯᠤᠮᠵᠢ᠎ᠳᠤ᠂ ᠦᠪᠦᠷ ᠮᠤᠩᠭᠤᠯ᠎ᠤᠨ ᠨᠠᠮ᠎ᠤᠨ ᠰᠤᠷᠭᠠᠭᠤᠯᠢ᠎ᠶ᠋ᠢᠨ ᠦᠨᠳᠦᠰᠦᠲᠡᠨ᠎ᠤ ᠤᠨᠤᠯ ᠬᠢᠭᠡᠳ ᠲᠦᠷᠦ᠎ᠶ᠋ᠢᠨ ᠪᠤᠳᠤᠯᠭ᠎ᠠ᠎ᠶ᠋ᠢᠨ ᠵᠢᠭᠠᠨ ᠰᠤᠳᠤᠯᠬᠤ ᠬᠡᠯᠲᠡᠰ᠎ᠤᠨ ᠫᠷᠦᠹᠧᠰᠰᠤᠷ᠂ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠳᠤᠮᠳᠠᠳᠦ᠎ᠶ᠋ᠢᠨ ᠦᠨᠳᠦᠰᠦᠲᠡᠨ᠎ᠤ ᠬᠠᠮᠳᠦ ᠴᠤᠬ᠍ᠴᠠ᠎ᠶ᠋ᠢᠨ ᠤᠬᠠᠮᠰᠠᠷ᠎ᠢ ᠪᠠᠲᠦ ᠴᠤᠬ᠍ᠴᠠᠯᠠᠬᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠪᠦᠷᠢᠯᠳᠦᠬᠦᠨ ᠬᠤ᠌ ᠴᠢᠩ ᠬᠤᠢ ᠫᠷᠦᠹᠧᠰᠰᠤᠷ᠎ᠢ ᠤᠷᠢᠵᠦ᠍ ᠳᠠᠢᠯᠤᠮᠵᠢ ᠬᠢᠯᠭᠡᠪᠡ᠃ ᠲᠠᠢᠯᠤᠮᠵᠢ᠎ᠨᠢ 《ᠳᠤᠮᠳᠠᠳᠦ᠎ᠶ᠋ᠢᠨ ᠦᠨᠳᠦᠰᠦᠲᠡᠨ᠎ᠤ ᠬᠠᠮᠳᠦ ᠴᠤᠬ᠍ᠴᠠ᠎ᠶ᠋ᠢᠨ ᠤᠬᠠᠮᠰᠠᠷ᠎ᠢ ᠪᠠᠲᠦ ᠴᠤᠬ᠍ᠴᠠᠯᠠᠬᠤ᠎ᠪᠠᠷ ᠭᠤᠤᠯ ᠱᠢᠵᠢᠮ ᠪᠤᠯᠭᠠᠵᠦ᠍ ᠱᠢᠨ᠎ᠡ ᠴᠠᠬ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢᠲᠠᠢ ᠬᠦᠭ᠌ᠵᠢᠯᠲᠡ᠎ᠶ᠋ᠢ ᠠᠬᠢᠭᠤᠯᠤᠶ᠎ᠠ》 ᠭᠡᠬᠦ᠌ ᠰᠡᠳᠦᠪ᠎ᠤᠨ ᠲᠤᠭᠤᠷᠢᠨ᠎ᠳᠤ᠂ ᠳᠤᠮᠳᠠᠳᠦ᠎ᠶ᠋ᠢᠨ ᠦᠨᠳᠦᠰᠦᠲᠡᠨ᠎ᠤ ᠬᠠᠮᠳᠦ ᠴᠤᠬ᠍ᠴᠠ᠎ᠶ᠋ᠢᠨ ᠤᠬᠠᠮᠰᠠᠷ᠎ᠢ ᠪᠠᠲᠦ ᠴᠤᠬ᠍ᠴᠠᠯᠠᠬᠤ᠎ᠶ᠋ᠢᠨ ᠴᠢᠬᠤᠯᠠ ᠶᠡᠭᠡ ᠠᠴᠢ ᠬᠤᠯᠪᠤᠬ᠍ᠳᠠᠯ᠎ᠢ ᠬᠦᠨᠵᠡᠬᠡᠢ ᠮᠥᠷᠲᠡᠬᠡᠨ ᠤᠢ᠍ᠢᠯᠠᠭᠠᠮᠵᠢᠲᠠᠢ ᠲᠠᠢᠯᠪᠤᠷᠢᠯᠠᠵᠦ᠍᠂ ᠱᠢᠨ᠎ᠡ ᠴᠠᠬ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢᠲᠠᠢ ᠬᠦᠭ᠌ᠵᠢᠯᠲᠡ᠎ᠶ᠋ᠢ ᠠᠬᠢᠭᠤᠯᠬᠤ ᠵᠡᠷᠭᠡ ᠠᠭᠤᠯᠭ᠎ᠠ᠎ᠶ᠋ᠢ ᠪᠦᠬᠦ᠌ ᠲᠠᠯ᠎ᠠ᠎ᠪᠠᠷ ᠱᠢᠰᠲ᠋ᠧᠮ᠎ᠲᠠᠢ ᠲᠠᠢᠯᠪᠦᠷᠢᠯᠡᠪᠡ᠃ ᠲᠠᠢᠯᠤᠮᠵᠢ᠎ᠳᠠᠭᠠᠨ᠂ ᠶᠡᠭᠡ ᠬᠡᠮᠵᠢᠶᠡᠨ᠎ᠤ ᠠᠮᠢᠳᠤᠯᠢᠭ᠂ ᠲᠦᠷᠰᠦᠯᠢᠭ ᠭᠡᠷᠡᠭ᠎ᠤᠨ ᠵᠢᠱ᠌ᠢᠶ᠎ᠡ᠎ᠶ᠋ᠢ ᠡᠱᠢᠯᠡᠨ ᠬᠡᠷᠡᠭ᠌ᠯᠡᠵᠦ᠍᠂ ᠦᠨᠳᠦᠰᠦᠲᠡᠨ᠎ᠨᠦᠭᠦᠳ᠎ᠤᠨ ᠬᠤᠭᠤᠷᠤᠨᠳᠤᠬᠢ ᠴᠢᠰᠦ ᠮᠢᠬᠠᠨ᠎ᠤ ᠬᠠᠷᠢᠴᠠᠭ᠎ᠠ᠎ᠶ᠋ᠢ ᠢᠯᠡᠷᠡᠬᠦᠯᠬᠦ᠌᠎ᠪᠠᠷ ᠳᠠᠮᠵᠢᠭᠤᠯᠤᠨ ᠺᠠᠳ᠋ᠷ ᠠᠵᠢᠯᠲᠠᠳ᠎ᠤᠨ ᠳᠤᠮᠳᠠᠳᠦ᠎ᠶ᠋ᠢᠨ ᠦᠨᠳᠦᠰᠦᠲᠡᠨ᠎ᠤ ᠬᠠᠮᠳᠦ ᠴᠤᠬ᠍ᠴᠠ᠎ᠶ᠋ᠢᠨ ᠤᠬᠠᠮᠰᠠᠷ᠎ᠤᠨ ᠲᠤᠬᠠᠢ ᠲᠠᠨᠢᠯᠲᠠ᠎ᠶ᠋ᠢ ᠬᠦᠨᠵᠡᠬᠡᠢᠷᠡᠬᠦᠯᠵᠦ᠍᠂ ᠵᠡᠮᠳᠡᠭ᠌ᠴᠤᠳ᠎ᠤᠨ ᠬᠤᠯᠪᠤᠭ᠎ᠠ᠎ᠶ᠋ᠢᠨ ᠺᠠᠳ᠋ᠷ ᠠᠵᠢᠯᠲᠠᠳ᠎ᠢ ᠬᠦᠲᠦᠯᠦᠨ ᠵᠢᠯᠤᠭᠤᠳᠴᠦ᠍ ᠱᠢᠨ᠎ᠡ ᠴᠠᠬ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠲᠤᠬᠠᠢ ᠨᠡᠩ ᠬᠦᠨᠵᠡᠬᠡᠢ ᠤᠢ᠍ᠢᠯᠠᠭᠠᠯᠲᠠ᠎ᠲᠠᠢ ᠪᠤᠯᠭᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号