ᠬᠣᠷᠴᠢᠨ ᠲᠣᠭᠣᠷᠢᠭ 《 ᠭᠤᠷᠮᠤᠰᠤᠨ ᠡᠷᠴᠢᠮ 》 ᠵᠢᠨᠷ ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠬᠦ᠎ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ ᠪᠤᠢ
2021-11-01 09:29:52
ᠵᠣᠬᠢᠶᠠᠭ᠍ᠴᠢ᠄
​ᠪᠤᠤ ᠴᠢᠩ ᠱᠧᠩ
ᠣᠩᠱᠢᠭ᠍ᠰᠠᠨ ᠣᠳᠠᠭ᠎ᠠ᠄
★★★☆☆

ᠲᠥᠩᠯᠢᠶᠤᠤ ᠬᠤᠲᠠ ᠵᠢᠨ ᠬᠣᠷᠴᠢᠨ ᠲᠣᠭᠣᠷᠢᠭ ᠪᠠᠢ᠌ᠴᠠᠭᠠᠨ ᠰᠤᠳᠤᠯᠤᠯᠲᠠ ᠬᠢᠬᠥ᠌ ᠳ᠋ᠤ ᠬᠥᠨᠴᠡ ᠲᠠᠢ ᠪᠠᠢ᠌ᠬᠤ ᠂ ᠬᠡᠷᠡᠭ᠌ᠵᠢᠭᠥᠯᠬᠥ᠌ ᠳ᠋ᠤ ᠤᠨᠤᠴᠠᠲᠠᠢ ᠪᠠᠢ᠌ᠬᠤ᠂ ᠥᠢᠯᠡᠴᠢᠯᠡᠬᠥ᠌ ᠳ᠋ᠤ ᠬᠠᠯᠠᠮᠵᠢ ᠲᠠᠢ ᠪᠠᠢ᠌ᠬᠤ 《ᠭᠤᠷᠮᠤᠰᠤᠨ ᠡᠷᠴᠢᠮ》 ᠢ᠋ ᠴᠢᠩᠭᠠᠳᠭᠠᠨ᠂ 《ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠬᠦ》 ᠵᠢ ᠭᠦᠨᠵᠡᠭᠡᠢᠷᠡᠭᠦᠯᠦᠨ ᠪᠣᠳᠠᠲᠠᠢᠵᠢᠭᠤᠯᠵᠤ ᠪᠤᠢ ᠃

ᠦᠨᠳᠦᠰᠦᠨ ᠱᠠᠲᠤᠨ᠎ᠳᠤ ᠭᠦᠨᠵᠡᠭᠡᠢᠷᠡᠵᠦ᠍᠂ ᠪᠣᠳᠠᠲᠤ ᠪᠠᠢᠳᠠᠯ᠎ᠢ᠎ᠣᠢᠯᠠᠭᠠᠨ᠂ ᠰᠤᠷᠪᠤᠯᠵᠢᠯᠠᠵᠤ ᠪᠠᠢᠴᠠᠭᠠᠨ ᠰᠤᠳᠤᠯᠤᠯᠲᠠ ᠬᠢᠬᠦ᠌᠎ᠳᠦ ᠭᠦᠨᠴᠡ᠎ᠲᠡᠶ ᠪᠠᠢᠬᠤ᠎ᠶ᠋ᠢ ᠪᠡᠶᠡᠯᠡᠭᠦᠯᠪᠡ᠃ ᠠᠷᠭ᠎ᠠ ᠪᠤᠳᠤᠯᠭ᠎ᠠ ᠎ᠶ᠋ᠢ ᠠᠷᠠᠳ᠎ᠠᠴᠠ ᠠᠰᠠᠭᠤᠬᠤ᠂ ᠬᠡᠷᠡᠭ᠌ᠴᠡᠭᠡ ᠱᠠᠭᠠᠷᠳᠠᠯᠭ᠎ᠠ᠎ᠶ᠋ᠢ ᠠᠷᠠᠳ᠎ᠠᠴᠠ ᠠᠰᠠᠭᠤᠬᠤ᠂ ᠵᠠᠰᠠᠭ᠎ᠤᠨ ᠶᠠᠪᠤᠳᠠᠯ᠎ᠢ ᠠᠷᠠᠳ᠎ᠠᠴᠠ ᠠᠰᠠᠭᠤᠬᠤ 《ᠭᠤᠷᠪᠠ ᠶ᠋ᠢ ᠠᠰᠠᠭᠤᠬᠤ》ᠠᠵᠢᠯᠯᠠᠭ᠎ᠠ ᠎ᠶ᠋ᠢ ᠦᠷᠭᠦᠯᠵᠢᠯᠡᠨ ᠥᠷᠨᠢᠭᠦᠯᠵᠦ᠍᠂᠎ᠨᠠᠮ ᠎ᠤᠨ ᠎ᠭᠡᠱᠢᠭᠦᠨ ᠎ᠤᠳᠤᠷᠢᠳᠭᠤ ᠎ᠺᠠᠳ᠋ᠷ ᠲᠦᠷᠦᠭᠦᠯᠡᠨ᠎ᠡᠮᠥᠨ᠎ᠡ᠎ᠹᠷᠣᠨᠲ᠎ᠲᠤ ᠭᠦᠨᠵᠡᠭᠡᠢᠷᠡᠨ᠂ ᠪᠣᠳᠠᠲᠤ ᠪᠠᠢᠳᠠᠯ᠎ᠢ ᠤᠢ᠍ᠢᠯᠠᠭᠠᠨ ᠠᠷᠠᠳ᠎ᠤᠨ ᠰᠠᠨᠠᠭ᠎ᠠ᠎ᠶ᠋ᠢ ᠤᠢᠯᠠᠭᠠᠵᠤ᠂ ᠠᠷᠠᠳ᠎ᠲᠤ ᠠᠱᠢᠭ ᠬᠦᠷᠲᠡᠭᠡᠬᠦ᠌ ᠲᠦᠷᠦ᠍᠎ᠶ᠋ᠢᠨ ᠪᠤᠳᠤᠯᠭ᠎ᠠ᠎ᠶ᠋ᠢ ᠲᠣᠭ᠍ᠲᠠᠭᠠᠨ᠂ ᠠᠷᠠᠳ᠎ᠤᠨ ᠠᠮᠢᠳᠤᠷᠠᠯ᠎ᠤᠨ ᠭᠣᠣᠯᠳᠠᠯᠭ᠎ᠠ᠎ᠲᠠᠶ ᠵᠦᠢᠯᠡᠰ᠎ᠢ ᠱᠠᠯᠠᠪᠳᠠᠭᠤᠯᠤᠨ ᠱᠢᠢᠳᠪᠦᠷᠢᠯᠡᠵᠦ᠍᠂ ᠨᠠᠮ᠎ᠤᠨ ᠡᠭᠦᠷ ᠠᠮᠠᠯᠠᠯᠲᠠ ᠬᠢᠵᠤ ᠠᠮᠠᠯᠠᠯᠲᠠ᠎ᠪᠠᠨ ᠦᠢᠯᠡᠳᠦᠯᠭᠡᠵᠢᠭᠦᠯᠬᠦ᠌  ᠪᠠ ᠨᠠᠮ᠎ᠤᠨ ᠭᠡᠱᠢᠭᠦᠨ᠎ᠦ ᠠᠵᠢᠯ᠎ᠤᠨ ᠪᠠᠢᠷᠢ᠎ᠳ᠋ᠠᠭᠠᠨ ᠵᠢᠳᠬᠦᠯ ᠴᠢᠷᠮᠠᠢᠯᠭ᠎ᠠ ᠭᠠᠷᠭᠠᠬᠤ ᠠᠵᠢᠯᠯᠠᠭ᠎ᠠ ᠎ᠳᠤ ᠣᠷᠣᠯᠴᠠᠨ᠂ ᠲᠤᠭᠤᠷᠢᠬ᠎ᠤᠨ ᠪᠠᠢᠩᠭᠤ᠎ᠶ᠋ᠢᠨ ᠬᠣᠷᠢᠢ᠎ᠠ ᠲᠦᠷᠦᠬᠦᠯᠡᠨ ᠬᠢᠬᠦ ᠂ ᠳᠤᠭᠤᠷᠢᠬ᠎ᠤᠨ ᠲᠡᠰ᠎ᠤᠨ ᠤᠳᠤᠷᠢᠳᠤᠯᠭ᠎ᠠ᠎ᠵᠢᠱ᠌ᠢᠢ᠎ᠡ ᠦᠵᠡᠭᠦᠯᠬᠦ ᠂ ᠳᠡᠭᠡᠷ᠎ᠡ  ᠱᠠᠳᠤᠨ᠎ᠤ ᠬᠢᠨ ᠳᠠᠭᠤᠷᠢᠶᠠᠯ ᠪᠤᠯᠵᠤ ᠳᠣᠤᠷ᠎ᠠ ᠱᠠᠳᠤᠨ᠎ᠤ ᠬᠢᠨ ᠦᠷ᠎ᠡ ᠪᠦᠲᠦᠮᠵᠢ ᠭᠠᠷᠭᠠᠬᠤ ᠰᠠᠢᠨ ᠰᠠᠢᠬᠠᠨ ᠪᠠᠢᠳᠠᠯ᠎ᠢ ᠪᠤᠢ ᠪᠣᠯᠭᠠᠵᠠᠢ᠃ ᠪᠥᠬᠥ᠌ ᠲᠤᠭᠤᠷᠢᠬ᠎ᠤᠨ ᠡᠯ᠎ᠡ ᠨᠢᠭᠡᠴᠢ 《ᠪᠢ ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠬᠦ》 ᠭᠤᠤᠯᠳᠠᠯᠭ᠎ᠠ᠎ᠲᠠᠶ ᠲᠥᠷᠥᠯ ᠵᠦᠶ᠋ᠯ᠎ᠦᠨ ᠨᠠᠷᠢᠨ ᠳᠠᠩᠰᠠ᠎ᠶ᠋ᠢ 530 ᠭᠠᠷᠤᠶ ᠵᠢᠭ᠍ᠰᠠᠭᠠᠵᠤ᠂ ᠣᠳᠣᠬᠠᠨ᠎ᠳᠤ ᠨᠢᠭᠡᠨᠲᠡ 390 ᠭᠠᠷᠤᠶ ᠵᠦᠶ᠋ᠯ᠎ᠢ ᠪᠡᠶᠡᠯᠡᠭᠦᠯᠪᠡ᠃ ᠭᠠᠵᠠᠷ᠎ᠤᠨ ᠲᠡᠰ᠎ᠤᠨ ᠤᠳᠤᠷᠢᠳᠭᠤ ᠺᠠᠳ᠋ᠷ ᠵᠢᠴᠢ ᠡᠯ᠎ᠡ ᠨᠢᠭᠡᠴᠢ᠎ᠶ᠋ᠢᠨ ᠭᠣᠣᠯ ᠬᠠᠷᠢᠭᠤᠴᠠᠯᠭᠠᠲᠠᠨ ᠦᠨᠳᠦᠰᠦᠨ ᠱᠠᠲᠤᠨ᠎ᠤ ᠬᠠᠷᠢᠯᠴᠠᠬᠤ ᠴᠡᠭ᠎ᠢ ᠪᠠᠢᠭᠤᠯᠥᠨ᠂ 110 ᠭᠠᠷᠤᠢ ᠨᠠᠮ᠎ᠤᠨ ᠭᠡᠱᠢᠭᠦᠨ ᠤᠳᠤᠷᠢᠳᠭᠤ ᠺᠠᠳ᠋ᠷ ᠦᠨᠳᠦᠰᠦᠨ ᠱᠠᠲᠤᠨ᠎ᠳᠤ ᠬᠦᠡᠵᠡᠭᠡᠢᠷᠡᠨ ᠨᠢᠭᠡ ᠪᠦᠯᠦᠭ ᠪᠣᠳᠠᠲᠤ ᠶᠠᠪᠤᠳᠠᠯ᠎ᠬᠢᠬᠥ᠌ ᠲᠦᠷᠦᠯ ᠵᠦᠢᠯ᠎ᠢ ᠳᠠᠭᠠᠭᠤᠯᠤᠨ ᠬᠢᠵᠦ᠍᠂  ᠬᠥᠭ᠌ᠵᠢᠯᠲᠡ᠎ᠶ᠋ᠢᠨ ᠲᠤᠮᠳᠠ ᠤᠷᠤᠰᠢᠵᠤ ᠪᠠᠢᠭ᠎ᠠ ᠨᠢᠭᠡ ᠪᠦᠯᠦᠭ ᠬᠦᠴᠢᠷ ᠠᠰᠠᠭᠤᠳᠠᠯ᠎ᠢ ᠱᠢᠢᠳᠪᠦᠷᠢᠯᠡᠵᠠᠢ᠃

ᠭᠤᠤᠯᠳᠠᠯᠭ᠎ᠠ᠎ᠵᠢ ᠲᠣᠪᠣᠢᠯᠭᠠᠵᠤ᠂ ᠨᠢᠭᠡᠳᠦᠯᠲᠡᠶ ᠲᠥᠯᠥᠪᠯᠡᠵᠤ ᠨᠡᠢᠲᠡ᠎ᠳᠦᠨᠢ ᠬᠠᠷᠠᠭᠠᠯᠵᠠᠨ᠂ ᠲᠥᠷᠥᠯ ᠬᠤᠪᠢᠶᠠᠨ ᠬᠡᠷᠡᠭ᠌ᠵᠢᠭᠦᠯᠬᠦ᠌ ᠎ᠳᠦ ᠤᠨᠤᠴᠠᠲᠠᠢ ᠪᠠᠢ᠌ᠬᠤ ᠵᠢ ᠪᠡᠶᠡᠯᠡᠭᠥᠯᠪᠡ ᠃《ᠨᠠᠮ᠎ᠤᠨ ᠲᠣᠭ᠎ᠢ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠥᠨᠳᠥᠷ ᠨᠠᠮᠢᠷᠠᠭᠤᠯᠬᠤ》 ᠪᠠ 《ᠠᠵᠢᠯ᠎ᠤᠨ ᠪᠠᠢᠷᠢ ᠎ᠳᠠᠭᠠᠨ ᠰᠠᠭᠤᠷᠢᠯᠠᠨ ᠨᠡᠮᠡᠷᠢ ᠬᠠᠨᠳᠢᠪ ᠦᠵᠡᠭᠦᠯᠬᠦ᠂ ᠲᠠᠯ᠎ᠠ ᠨᠤᠲᠤᠭ᠎ᠤᠨ ᠬᠣᠱᠢᠭᠤᠴᠢ ᠎ᠪᠤᠯᠵᠤ᠎ᠤᠮᠠᠷᠠᠲᠤ ᠬᠢᠯᠢ᠎ᠶ᠋ᠢ ᠭᠡᠢᠭᠦᠯᠬᠦ᠌》ᠵᠡᠷᠭᠡ ᠠᠵᠢᠯᠯᠠᠭ᠎ᠠ᠎ᠶ᠋ᠢ ᠠᠬᠢᠭᠤᠯᠵᠤ᠂ ᠬᠦᠷᠢᠶ᠎ᠡ ᠴᠠᠷᠠᠭ᠎ᠠ ᠬᠤᠪᠢᠶᠠᠨ ᠪᠥᠬᠥ᠌ ᠲᠤᠭᠤᠷᠢᠬ᠎ᠤᠨ ᠨᠠᠮ᠎ᠤᠨ ᠭᠡᠱᠢᠭᠦᠨ᠎ᠦ ᠳᠤᠮᠳᠠ《ᠣᠭ ᠰᠠᠨᠠᠭ᠎ᠠ᠎ᠪᠠᠨ ᠦᠶ᠋ᠯᠡᠳᠦᠯᠭᠡᠵᠢᠭᠦᠯᠬᠦ ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠂ ᠨᠠᠮ᠎ᠤᠨ ᠭᠡᠱᠢᠭᠦᠨ᠎ᠦ ᠬᠣᠱᠢᠭᠤᠴᠢ ᠳᠦᠷᠢ ᠲᠥᠷᠬᠦ᠌᠎ᠶ᠋ᠢ ᠪᠣᠶ ᠪᠣᠯᠭᠠᠬᠤ᠂ ᠨᠠᠮ᠎ᠤᠨ ᠡᠭᠦᠷ᠎ᠦᠨ ᠪᠡᠬᠢᠯᠡᠯᠲᠡ᠎ᠶ᠋ᠢ ᠬᠦᠴᠦᠷᠬᠡᠭ᠌ᠵᠢᠭᠦᠯᠬᠦ᠌》 ᠲᠤᠰᠭᠠᠶ ᠠᠵᠢᠯᠯᠠᠭ᠎ᠠ ᠵᠢ ᠥᠷᠨᠢᠭᠦᠯᠵᠦ᠍᠂ ᠬᠥᠳᠡᠭᠡ ᠲᠣᠰᠭᠣᠨ᠎ᠤ ᠶᠠᠳᠠᠭᠤ ᠎ᠠᠴᠠ ᠠᠩᠭᠢᠵᠢᠷᠠᠭᠤᠯᠬᠤ ᠪᠤᠭᠤᠮᠳᠠ ᠱᠢᠪᠲᠤᠯᠤᠬᠰᠠᠨ ᠦᠷ᠎ᠡ ᠪᠥᠲᠥᠮᠵᠢ ᠵᠢ ᠪᠡᠬᠢᠵᠢᠭᠦᠯᠦᠨ ᠥᠷᠭᠡᠳᠭᠡᠬᠦ᠌ ᠪᠠ ᠎ᠬᠥᠳᠡᠭᠡ ᠎ᠲᠣᠰᠭᠣᠨ᠎ᠢ᠎ᠬᠥᠭ᠌ᠵᠢᠭᠦᠯᠦᠨ ᠎ᠮᠠᠨᠳᠤᠭᠤᠯᠬᠤ ᠎ᠶ᠋ᠢ ᠎ᠪᠦᠲᠦᠮᠵᠢᠲᠡᠶ ᠵᠣᠯᠭᠠᠭᠤᠯᠬᠤ᠎ᠶ᠋ᠢᠨ ᠲᠣᠭᠣᠷᠢᠨ᠎ᠳᠤ ᠲᠠᠷᠢᠶᠠᠯᠠᠩ᠎ᠤᠨ ᠴᠢᠨᠠᠷ ᠰᠠᠢᠲᠠᠶ ᠥᠨᠳᠥᠷ ᠦᠷ᠎ᠡ ᠠᠱᠢᠬ᠍ᠳᠠᠢ ᠬᠥᠭ᠌ᠵᠢᠯᠲᠠ᠂ ᠣᠷᠣᠱᠢᠨ ᠰᠠᠭᠤᠬᠤ ᠪᠠ ᠦᠶ᠋ᠯᠡᠰ ᠪᠤᠰᠭᠠᠬᠤ᠎ᠳᠤ ᠲᠣᠬᠢᠷᠠᠮᠵᠢᠲᠠᠢ ᠬᠥᠳᠡᠭᠡ ᠲᠣᠰᠭᠣᠨ᠎ᠤ ᠪᠥᠲᠥᠭᠡᠨ ᠪᠠᠢ᠌ᠭᠤᠯᠥᠯᠲᠠ᠂ ᠲᠠᠷᠢᠶᠠᠴᠢᠳ᠎ᠤᠨ ᠪᠠᠶᠠᠵᠢᠯ᠎ᠢ ᠠᠬᠢᠭᠤᠯᠬᠤ ᠳ᠋ᠤ ᠪᠣᠳᠠᠲᠤ ᠶᠠᠪᠤᠳᠠᠯ ᠬᠢᠵᠤ ᠥᠭ᠌ᠴᠠᠢ᠃ ᠣᠳᠣ ᠪᠣᠯᠲᠠᠯ᠎ᠠ᠂ ᠪᠥᠬᠥ᠌ ᠲᠤᠭᠤᠷᠢᠬ᠎ᠤᠨ 334 ᠵᠠᠰᠠᠭ ᠵᠠᠬᠢᠷᠭᠠᠨ᠎ᠤ ᠭᠠᠴᠠᠭ᠎ᠠ ᠲᠣᠰᠭᠣᠨ᠎ᠤ 1660 ᠭᠠᠷᠤᠶ ᠺᠠᠳ᠋ᠷ ᠨᠡᠢᠲᠡ 2.3 ᠲᠦᠮᠨ ᠭᠠᠷᠤᠶ ᠬᠦᠮᠦᠨ ᠠᠷᠠᠳ᠎ᠢ ᠰᠤᠷᠪᠤᠯᠵᠢᠯᠠᠵᠤ᠂ ᠡᠯ᠎ᠡ ᠲᠥᠷᠥᠯ᠎ᠦᠨ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ 8203 ᠬᠤᠪᠢ ᠴᠤᠭ᠍ᠯᠠᠭᠤᠯᠥᠨ᠂ ᠨᠢᠭᠡᠨᠲᠡ 7294 ᠵᠦᠶ᠋ᠯ᠎ᠢ ᠨᠢ ᠱᠢᠶ᠋ᠳᠪᠦᠷᠢᠯᠡᠨ ᠳᠠᠭᠤᠰᠭᠠᠵᠤ ᠂ 18 ᠠᠵᠤ ᠦᠶ᠋ᠯᠡᠰ᠎ᠦᠨ ᠲᠥᠷᠥᠯ ᠵᠦᠶ᠋ᠯ᠎ᠢ ᠬᠡᠷᠡᠭ᠌ᠵᠢᠭᠥᠯᠬᠥ᠌ ᠪᠡᠷ ᠲᠥᠯᠥᠪᠯᠡᠪᠠ᠃ ᠬᠤᠳᠠ᠎ᠶ᠋ᠢᠨ ᠲᠤᠭᠤᠷᠢᠬ᠎ᠤᠨ ᠦᠨᠳᠦᠰᠦᠨ ᠱᠠᠲᠤᠨ᠎ᠤ ᠵᠠᠰᠠᠯᠲᠠ᠎ᠶ᠋ᠢᠨ ᠴᠢᠳᠠᠪᠤᠷᠢ ᠎ᠶ᠋ᠢ ᠳᠡᠭᠡᠭ᠌ᠰᠢᠯᠡᠭᠦᠯᠬᠦ᠌ ᠵᠢᠨ ᠲᠤᠭᠤᠷᠢᠨ ᠳ᠋ᠤ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠰᠠᠢᠵᠢᠷᠠᠭᠤᠯᠬᠤ ᠪᠣᠳᠠᠲᠤ ᠶᠠᠪᠤᠳᠠᠯ ᠬᠢᠵᠥ᠍᠂ ᠤᠷᠢᠳ ᠬᠣᠵᠢᠳ 4 ᠶᠡᠬᠡ ᠲᠥᠷᠥᠯ᠎ᠦᠨ 76 ᠵᠦᠶ᠋ᠯ᠎ᠦᠨ ᠦᠶ᠋ᠯᠡᠴᠢᠯᠡᠭᠡᠨ᠎ᠦ ᠠᠷᠭ᠎ᠠ ᠬᠡᠮᠵᠢᠶ᠎ᠡ ᠠᠪᠴᠤ᠌᠂ ᠨᠠᠮ᠎ᠤᠨ ᠬᠠᠯᠠᠮᠵᠢᠯᠠᠯ᠎ᠢ ᠣᠯᠠᠨ ᠲᠦᠮᠡᠨ᠎ᠦ ᠬᠡᠷ᠎ᠲᠦ ᠬᠦᠷᠭᠡᠵᠠᠢ᠃ ᠡᠯ᠎ᠡ ᠪᠠᠢᠭᠤᠯᠭ᠎ᠠ ᠵᠢᠨ ᠬᠢᠨ ᠠᠷᠠᠳ ᠲᠦᠮᠡᠨ᠎ᠦ ᠠᠮᠢᠳᠤᠷᠠᠯ᠎ᠢ ᠰᠠᠢᠵᠢᠷᠠᠭᠤᠯᠬᠤ᠎ᠶ᠋ᠢᠨ ᠲᠣᠭᠣᠷᠢᠨ᠎ᠳᠤ᠂ ᠡᠯ᠎ᠡ ᠪᠠᠢᠭᠤᠯᠭ᠎ᠠ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ᠎ᠦ ᠬᠦᠴᠦᠨ᠎ᠢ ᠲᠥᠪᠯᠡᠷᠡᠭᠦᠯᠦᠨ ᠰᠤᠮᠤ ᠪᠠᠯᠭᠠᠰᠤ᠂ ᠭᠠᠴᠠᠭ᠎ᠠ ᠲᠣᠰᠭᠣᠨ ᠳ᠋ᠤ ᠬᠦᠷᠴᠦ᠍᠂ 820 ᠭᠠᠷᠤᠶ ᠤᠳᠠᠭ᠎ᠠ ᠰᠠᠢᠨ ᠳᠤᠷ᠎ᠠ᠎ᠶ᠋ᠢᠨ ᠠᠵᠢᠯᠯᠠᠭ᠎ᠠ ᠥᠷᠨᠢᠭᠦᠯᠥᠨ᠂9600᠎ᠭᠠᠷᠤᠶ᠎ᠬᠥᠮᠦᠨ᠎ᠰᠠᠢᠨ᠎ᠲᠤᠷᠠᠴᠤᠳ᠎ᠤᠨ᠎ᠠᠵᠢᠯᠯᠠᠭ᠎ᠠ᠎ᠳ᠋ᠤ ᠣᠷᠣᠯᠴᠠᠬ᠍ᠰᠠᠨ ᠪᠠᠢ᠌ᠨ᠎ᠠ᠃

ᠣᠯᠠᠨ ᠲᠦᠮᠡᠨ᠎ᠳᠦ ᠬᠠᠨᠳᠤᠭᠤᠯᠵᠤ᠂ ᠪᠣᠳᠠᠲᠤ ᠦᠷ᠎ᠡ ᠪᠦᠲᠦᠮᠵᠢ ᠣᠯᠬᠤ᠎ᠶ᠋ᠢ ᠡᠷᠬᠢᠮᠯᠡᠨ᠂ ᠠᠷᠠᠳ ᠲᠦᠮᠡᠨ᠎ᠳᠦ ᠰᠢᠯᠢᠳᠡᠭ ᠦᠢᠯᠡᠴᠢᠯᠡᠭᠡ ᠬᠠᠩᠭᠠᠬᠤ ᠵᠢ ᠪᠡᠶᠡᠯᠡᠭᠥᠯᠪᠠ᠃《ᠤᠯᠠᠨ ᠲᠦᠮᠡᠨ᠎ᠦ ᠠᠱᠢᠭ ᠲᠤᠰᠠ᠎ᠳᠤ ᠪᠠᠭ᠎ᠠ ᠶᠠᠪᠤᠳᠠᠯ ᠬᠢᠵᠤ ᠪᠠᠢ᠌ᠬᠤ ᠦᠭᠡᠢ》ᠵᠢ ᠪᠠᠷᠢᠮᠲᠠᠯᠠᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠲᠤᠬᠠᠢᠯᠠᠭ᠍ᠰᠠᠨ ᠠᠵᠢᠯ᠎ᠤᠨ ᠪᠠᠢᠷᠢ᠎ᠳᠠᠭᠠᠨ ᠰᠠᠭᠤᠷᠢᠯᠠᠨ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ ᠂ ᠤᠯᠠᠨ ᠲᠦᠮᠡᠨ ᠎ᠳᠦ ᠵᠠᠮ ᠬᠠᠷᠢᠯᠴᠠᠭ᠎ᠠ᠂ ᠨᠠᠰᠤᠵᠢᠯ᠎ᠤᠨ ᠠᠰᠠᠷᠠᠮᠵᠢ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ 16 ᠲᠠᠯ᠎ᠠ᠎ᠶ᠋ᠢᠨ ᠪᠣᠳᠠᠲᠤ ᠶᠠᠪᠤᠳᠠᠯ᠎ᠢ ᠬᠢᠵᠦ᠍ ᠥᠭ᠌ᠴᠤ ᠂ ᠠᠯᠪᠠᠨ ᠵᠠᠷᠤᠴᠠ᠎ᠶ᠋ᠢᠨ ᠤᠬᠠᠮᠰᠠᠷ ᠪᠠ ᠠᠷᠠᠳ᠎ᠤᠨ ᠲᠥᠯᠥᠭᠡ ᠵᠢᠳᠬᠦᠬᠦ᠌ ᠰᠡᠳᠭᠢᠯᠭᠡ᠎ᠶ᠋ᠢ ᠴᠢᠩᠭᠠᠳᠭᠠᠪᠠ ᠃

ᠲᠤᠤᠷᠴᠢᠯᠠᠭ᠍ᠰᠠᠠ ᠬᠠᠮᠢᠶᠠᠷᠤᠯᠲᠠ᠎ᠶ᠋ᠢ ᠨᠠᠷᠢᠯᠢᠬ᠍ᠵᠢᠭᠤᠯᠵᠤ ᠂ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠪᠠᠢᠴᠠᠭᠠᠵᠤ ᠱᠢᠢᠳᠪᠦᠷᠢᠯᠡᠨ᠂ ᠪᠣᠳᠠᠲᠤ ᠦᠷ᠎ᠡ ᠪᠦᠲᠦᠮᠵᠢ᠎ᠪᠡᠷ ᠥᠷᠭᠡᠨ ᠤᠯᠠᠨ ᠲᠦᠮᠡᠨ᠎ᠳᠦ ᠬᠠᠨᠤᠮᠵᠢᠲᠠᠢ ᠬᠠᠷᠢᠭᠤᠯᠲᠠ᠎ᠶ᠋ᠢᠨ ᠬᠠᠭᠤᠳᠠᠰᠤ ᠲᠤᠱᠢᠶᠠᠵᠠᠢ᠃ ᠣᠳᠣᠬᠠᠨ᠎ᠳᠤ᠂ ᠰᠤᠷᠤᠯᠴᠠᠯᠭ᠎ᠠ ᠬᠥᠮᠦᠵᠢᠯ᠎ᠦᠨ ᠳᠤᠮᠳᠠ ᠪᠦᠷᠢᠯᠳᠦᠭ᠌ᠰᠡᠨ ᠲᠤᠷᠱᠢᠯᠭ᠎ᠠ ᠠᠷᠭ᠎ᠠ ᠬᠢᠳᠡᠯ᠎ᠲᠡᠶ ᠤᠶᠠᠯᠳᠤᠭᠤᠯᠤᠨ᠂《ᠬᠣᠶᠠᠷ ᠨᠠᠷᠢᠨ ᠲᠠᠩᠰᠠ》 ᠵᠢ ᠬᠢᠨᠠᠮᠠᠭᠠᠶ ᠪᠦᠷᠢᠳᠬᠡᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠭᠡᠱᠢᠭᠦᠨ ᠠᠮᠠᠯᠠᠯᠲᠠ᠎ᠪᠠᠨ ᠦᠶ᠋ᠯᠡᠳᠦᠯᠭᠡᠵᠢᠭᠦᠯᠬᠦ᠂ ᠠᠵᠢᠯ᠎ᠤᠨ ᠪᠠᠢᠷᠢ᠎ᠳ᠋ᠠᠭᠠᠨ ᠭᠠᠪᠢᠶ᠎ᠠ ᠵᠢᠳᠬᠦᠯ ᠪᠠᠢᠭᠤᠯᠬᠤ ᠵᠡᠷᠭᠡ ᠣᠯᠠᠨ ᠵᠦᠶ᠋ᠯ᠎ᠦᠨ ᠠᠷᠭ᠎ᠠ ᠬᠡᠯᠪᠡᠷᠢ᠎ᠪᠡᠷ ᠳᠠᠮᠵᠢᠭᠤᠯᠵᠤ 104 ᠠᠮᠠᠯᠠᠯᠲᠠ᠎ᠶ᠋ᠢᠨ ᠵᠦᠶ᠋ᠯᠡᠰ᠎ᠢ ᠵᠢᠭ᠍ᠰᠠᠭᠠᠨ ᠭᠠᠷᠭᠠᠪᠠ᠃ ᠭᠠᠵᠠᠷ᠎ᠤᠨ ᠲᠡᠰ᠎ᠤᠨ ᠤᠳᠤᠷᠢᠳᠭᠤ ᠺᠠᠳ᠋ᠷ 122 ᠤᠳᠠᠭ᠎ᠠ ᠬᠠᠷᠢᠯᠴᠠᠬᠤ ᠴᠡᠭ ᠭᠠᠷᠭᠠᠵᠤ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ 33 ᠬᠤᠪᠢ ᠪᠦᠷᠢᠳᠬᠡᠨ᠂ ᠡᠯ᠎ᠡ ᠪᠠᠢᠭᠤᠯᠭ᠎ᠠ ᠎ᠠᠵᠤ ᠎ᠠᠬᠤᠢᠯᠠᠯ ᠎ᠠᠵᠢᠯ ᠦᠢᠯᠡᠰ ᠎ᠦᠨ ᠨᠢᠭᠡᠴᠢ ᠶ᠋ᠢᠨ ᠎ᠨᠠᠮ᠎ᠤᠨ᠎ᠭᠡᠱᠢᠭᠦᠨ ᠺᠠᠳ᠋ᠷᠴᠤᠳ᠎ᠲᠤ ᠨᠠᠮ᠎ᠤᠨ ᠭᠡᠱᠢᠭᠦᠨ᠎ᠦ ᠬᠣᠱᠢᠭᠤᠴᠢ ᠠᠵᠢᠯ᠎ᠤᠨ ᠪᠠᠢᠷᠢ᠂ ᠬᠠᠷᠢᠭᠤᠴᠠᠯᠭ᠎ᠠ᠎ᠶ᠋ᠢᠨ ᠲᠣᠭᠣᠷᠢᠭ᠎ᠢ 652 ᠭᠠᠷᠭᠠᠵᠤ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ 8725 ᠬᠤᠪᠢ ᠪᠦᠷᠢᠳᠬᠡᠨ᠂ ᠠᠵᠢᠯ᠎ᠳᠤ ᠪᠠᠢᠭ᠎ᠠ ᠨᠠᠮ᠎ᠤᠨ ᠭᠡᠱᠢᠭᠦᠳ ᠨᠡᠢᠭᠡᠮ ᠲᠣᠭᠣᠷᠢᠭ᠎ᠲᠤ ᠬᠦᠷᠴᠦ᠍ ᠨᠡᠷ᠎ᠡ ᠮᠡᠳᠡᠭᠦᠯᠦᠭ᠌ᠰᠡᠨ ᠨᠢ 7602 ᠬᠥᠮᠦᠨ ᠪᠠᠢᠵᠤ᠂ ᠤᠯᠠᠨ ᠲᠦᠮᠡᠨ᠎ᠦ ᠪᠣᠳᠠᠲᠠᠢ ᠬᠦᠴᠢᠷᠳᠡᠯ᠎ᠢ 7623 ᠤᠳᠠᠭ᠎ᠠ ᠱᠢᠢᠳᠪᠦᠷᠢᠯᠡᠵᠤ ᠥᠭ᠌ᠭᠥᠭ᠌ᠰᠡᠨ ᠪᠠᠢ᠌ᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号