ᠬᠤᠪᠢᠰᠭᠠᠯ᠎ᠤᠨ ᠭᠸᠨ᠎ᠢ ᠰᠠᠢᠲᠤᠷ ᠤᠯᠠᠮᠵᠢᠯᠠᠵᠤ ᠬᠤᠪᠢᠰᠭᠠᠯ᠎ᠤᠨ ᠲᠦᠷᠦ᠍ ᠎ᠶ᠋ᠢ ᠦᠶ᠎ᠡ ᠎ᠶ᠋ᠢᠨ ᠦᠶ᠎ᠡ ᠎ᠳᠦ ᠤᠯᠠᠮᠵᠢᠯᠠᠬᠤ ᠬᠡᠷᠡᠭ᠌ᠲᠡᠢ
2021-11-01 09:47:00
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠴᠡᠷᠢᠭ ᠠᠩᠬᠢ᠎ᠳᠤ ᠠᠪᠴᠤ᠌ ᠬᠡᠯᠡᠪᠡᠯ᠂ ᠢᠲᠡᠭᠡᠯ ᠪᠢᠱᠢᠷᠡᠯ ᠎ᠢᠶᠡᠨ ᠪᠠᠲᠤᠳᠭᠠᠬᠤ ᠬᠠᠮᠤᠭ᠎ᠤᠨ  ᠭᠣᠣᠯ  ᠬᠠᠮᠤᠭ᠎ᠤᠨ  ᠴᠢᠬᠤᠯᠠ  ᠵᠦᠢᠯ  ᠪᠣᠯ  ᠴᠡᠷᠢᠭ ᠎ᠦᠨ ᠰᠦᠭ ᠰᠦᠨᠡᠰᠦ᠎ᠶ᠋ᠢ ᠪᠠᠲᠤ ᠴᠣᠭ᠍ᠴᠠᠯᠠᠵᠤ᠂ ᠴᠡᠷᠢᠭ ᠠᠩᠬᠢ᠎ᠳᠠᠬᠢ ᠨᠠᠮ᠎ᠤᠨ ᠬᠠᠷᠢᠴᠠᠯᠠᠱᠢᠭᠦᠢ ᠤᠳᠤᠷᠢᠳᠤᠯᠭ᠎ᠠ᠎ᠶ᠋ᠢ ᠡᠷᠡᠰ ᠭᠤᠢᠪᠢᠰᠢ ᠦᠭᠡᠢ ᠪᠠᠷᠢᠮᠲᠠᠯᠠᠬᠤ ᠶᠠᠪᠤᠳᠠᠯ ᠪᠣᠯᠤᠨ᠎ᠠ᠃ ᠰᠠᠶᠢᠬᠠᠨ ᠪᠢ ᠴᠡᠷᠢᠭ᠎ᠦᠨ ᠲᠡᠦᠬᠡ᠎ᠶ᠋ᠢᠨ ᠣᠷᠳᠣᠨ᠎ᠢ ᠲᠣᠭᠣᠷᠢᠨ ᠦᠵᠡᠬᠦ᠌᠎ᠳᠡᠭᠡᠨ ᠤᠷᠳᠤ ᠵᠠᠮ᠎ᠤᠨ ᠠᠶᠠᠨ ᠲᠠᠢ᠌ᠨ᠎ᠦ ᠵᠠᠮ᠎ᠳᠠᠬᠢ ᠤᠯᠠᠭᠠᠨ ᠴᠡᠷᠢᠭ᠎ᠦᠨ ᠭᠤᠴᠢᠨ ᠨᠢᠭᠡᠳᠦᠭᠡᠷ ᠠᠷᠮᠢ᠎ᠶ᠋ᠢᠨ ᠶᠡᠷᠡᠨ ᠭᠤᠷᠪᠠᠳᠤᠭᠠᠷ ᠳ᠋ᠢᠸᠢᠽᠢ᠎ᠶ᠋ᠢᠨ ᠬᠣᠶᠠᠷ ᠵᠠᠭᠤ ᠲᠠᠯᠠᠨ ᠳᠥᠷᠪᠡᠳᠦᠭᠡᠷ ᠬᠤᠷᠢᠶ᠎ᠠ ᠶ᠋ᠢᠨ 《ᠬᠠᠭᠠᠰ ᠬᠡᠰᠡᠭ ᠠᠷᠠᠰᠤᠨ ᠪᠦᠰᠡ》 ᠎ᠶ᠋ᠢᠨ ᠲᠤᠬᠠᠢ ᠮᠠᠰᠢ ᠭᠦᠨ ᠲᠦᠷᠦᠭ᠌ᠳᠡᠯ᠎ᠲᠡᠶ ᠪᠠᠢᠪᠠ᠃ ᠤᠯᠠᠭᠠᠨ ᠴᠡᠷᠢᠭ᠎ᠦᠨ ᠪᠠᠢᠯᠳᠤᠭ᠍ᠴᠢᠳ ᠥᠯᠥᠰᠴᠦ᠍ ᠥᠯᠪᠡᠷᠦᠭᠰᠡᠨ ᠴᠦ᠍᠂  ᠬᠠᠭᠠᠰ  ᠬᠡᠰᠡᠭ ᠠᠷᠠᠰᠤᠨ ᠪᠦᠰᠡ ᠎ᠪᠠᠨ ᠦᠯᠡᠳᠡᠭᠡᠵᠦ᠍ ᠂ 《 ᠶᠠᠨ ᠠᠨ᠎ᠳᠤ ᠣᠴᠢᠵᠤ ᠮᠠᠤ ᠲᠡᠷᠢᠭᠦᠯᠡᠭ᠌ᠴᠢ᠎ᠲᠡᠶ ᠠᠭᠤᠯᠵᠠᠬᠤ ᠬᠡᠷᠡᠭᠳᠠᠢ》 ᠬᠡᠪᠡ᠃ ᠡᠨᠡ ᠪᠣᠯ ᠳᠠᠷᠤᠢ ᠢᠲᠡᠭᠡᠯ ᠪᠢᠱᠢᠷᠡᠯ᠎ᠦᠨ ᠬᠦᠴᠦᠨ ᠮᠥᠨ᠂ 《ᠰᠡᠳᠭᠢᠯ ᠱᠢᠭᠤᠳᠤᠨ ᠨᠠᠮ᠎ᠢᠶᠠᠨ ᠳᠠᠭᠠᠬᠤ》 ᠠᠮᠢᠳᠤᠯᠢᠭ ᠵᠢᠷᠤᠭ᠍ᠯᠠᠯ ᠮᠥᠨ᠃ ᠴᠡᠷᠢᠭ ᠠᠩᠬᠢ᠎ᠳᠤ ᠡᠢᠮᠦᠷᠬᠦᠦ ᠬᠤᠪᠢᠰᠭᠠᠯ᠎ᠤᠨ ᠡᠬᠢ ᠪᠠᠶᠠᠯᠢᠭ ᠮᠠᠰᠢ ᠤᠯᠠᠨ ᠪᠠᠢᠨ᠎ᠠ ᠂ 《ᠬᠤᠪᠢᠰᠭᠠᠯᠲᠤ ᠭᠸᠨ᠎ᠢ ᠦᠶ᠎ᠡ᠎ᠶ᠋ᠢᠨ ᠦᠶ᠎ᠡ᠎ᠳᠦ ᠤᠯᠠᠮᠵᠢᠯᠠᠬᠤ》 ᠢᠨᠵᠧᠨᠧᠷᠢᠩ᠎ᠦᠨ ᠠᠭᠤᠯᠤᠭ᠍ᠳᠠᠬᠤᠨ᠎ᠢ ᠰᠠᠢᠲᠤᠷ ᠠᠭᠤᠳᠠᠯᠵᠤ᠂ ᠰᠠᠢᠲᠤᠷ ᠠᠱᠢᠭ᠍ᠯᠠᠵᠤ᠂ ᠪᠠᠶᠠᠯᠢᠭ᠍ᠵᠢᠭᠤᠯᠵᠤ᠂ ᠨᠠᠮ᠎ᠤᠨ ᠲᠡᠦᠬᠡ ᠴᠡᠷᠢᠭ᠎ᠦᠨ ᠲᠡᠦᠬᠡ ᠪᠣᠯᠤᠨ ᠢᠷᠠᠭᠤ ᠠᠯᠳᠠᠷᠲᠤ ᠤᠯᠠᠮᠵᠢᠯᠠᠯ᠎ᠤᠨ ᠬᠥᠮᠦᠵᠢᠯ᠎ᠢ ᠴᠢᠩᠭᠠᠳᠭᠠᠵᠤ᠂ ᠳᠠᠷᠤᠭ᠎ᠠ ᠪᠠᠢᠯᠳᠤᠭ᠍ᠴᠢᠳ᠎ᠤᠨ ᠡᠭᠦᠷᠢᠳᠡ ᠨᠠᠮ᠎ᠤᠨ ᠦᠭᠡ᠎ᠶ᠋ᠢ ᠰᠣᠨᠣᠰᠴᠤ᠌ ᠂ ᠨᠠᠮ᠎ᠢᠶᠠᠨ ᠳᠠᠭᠠᠬᠤ᠎ᠶ᠋ᠢ ᠪᠠᠲᠤᠯᠠᠬᠤ ᠬᠡᠷᠡᠭ᠌ᠲᠡᠢ᠃

  ( ᠰᠢ ᠵᠢᠨ ᠫᠢᠡᠭ ᠎ᠤᠨ 2016 ᠣᠨ᠎ᠤ 1 ᠰᠠᠷ᠎ᠠ᠎ᠶ᠋ᠢᠨ 5 ᠎ᠤ ᠡᠳᠦᠷ ᠠᠷᠪᠠᠨ ᠭᠤᠷᠪᠠᠳᠤᠭᠠᠷ ᠨᠢᠭᠡᠳᠭᠡᠯ ᠠᠷᠮᠢ᠎ᠶ᠋ᠢ ᠪᠠᠢᠴᠠᠭᠠᠨ ᠦᠵᠡᠬᠦ᠌᠎ᠦᠶ᠎ᠡ ᠵᠢᠨ ᠶᠠᠷᠢᠶ᠎ᠠ ᠡᠴᠡ )



ᠵᠢᠩᠭᠠᠩᠱᠠᠨ ᠠᠭᠤᠯᠠ ᠪᠣᠯ ᠬᠤᠪᠢᠰᠭᠠᠯ᠎ᠤᠨ ᠠᠭᠤᠯᠠ ᠮᠥᠨ᠂ ᠪᠠᠢᠯᠳᠤᠭᠠᠨ᠎ᠤ ᠠᠭᠤᠯᠠ ᠮᠥᠨ᠂ ᠪᠠᠰᠠ ᠴᠤ᠌ ᠪᠠᠭᠠᠲᠤᠷᠴᠤᠳ᠎ᠤᠨ ᠠᠭᠤᠯᠠ ᠮᠥᠨ᠂ ᠢᠷᠠᠭᠤ ᠠᠯᠳᠠᠷᠲᠤ ᠠᠭᠤᠯᠠ ᠮᠥᠨ᠂ ᠬᠤᠪᠢᠰᠭᠠᠯ᠎ᠤᠨ ᠦᠷᠡᠭ᠌ᠳᠡᠭ᠌ᠰᠡᠨ ᠪᠠᠭᠠᠲᠤᠷᠴᠤᠳ᠎ᠢ ᠳᠤᠷᠠᠰᠤᠨ ᠰᠠᠨᠠᠭᠠᠯᠵᠠᠬᠤ  ᠪᠣᠯᠭᠠᠨ ᠦᠵᠡᠯ ᠰᠠᠨᠠᠭ᠎ᠠ ᠪᠦᠷ ᠠᠷᠢᠭᠤᠳᠭᠠᠭ᠍ᠳᠠᠵᠤ᠂ ᠰᠡᠳᠭᠢᠯ ᠵᠢᠷᠦᠬᠡ ᠵᠢ ᠭᠦᠨᠳᠡᠳᠡᠭ ᠶᠤᠮ᠃ ᠥᠩᠭᠡᠷᠡᠭ᠌ᠰᠡᠨ᠎ᠦ ᠲᠡᠷᠡ ᠬᠦ᠌ ᠭᠠᠢᠬᠠᠮᠱᠢᠭ᠍ᠲᠤ ᠎ᠴᠠᠭ ᠦᠶ᠎ᠡ᠎ᠶ᠋ᠢ ᠡᠷᠭᠢᠴᠡᠭᠦᠯᠬᠦᠶ᠎ᠡ᠂ ᠪᠢᠳᠡ ᠬᠤᠪᠢᠰᠭᠠᠯ᠎ᠤᠨ᠎ᠦᠷᠡᠭ᠌ᠳᠡᠭ᠌ᠰᠡᠨ ᠪᠠᠭᠠᠲᠤᠷᠴᠤᠳ᠎ᠲᠤ᠎ᠡᠷᠬᠢᠮ᠎ᠳᠡᠭᠡᠳᠦ᠎ᠬᠦᠨᠳᠦᠳᠭᠡᠯ ᠳᠡᠪᠱᠢᠭᠦᠯᠵᠦ᠍᠂ ᠲᠡᠳᠡᠨ᠎ᠢ ᠡᠭᠦᠷᠢᠳᠡ ᠳᠤᠷᠠᠰᠤᠨ ᠰᠠᠨᠠᠭᠠᠯᠵᠠᠵᠤ ᠂ ᠲᠡᠳᠡᠨ᠎ᠢ ᠪᠠᠲᠤ ᠴᠡᠭᠡᠵᠢᠯᠡᠵᠦ᠍᠂ ᠲᠡᠳᠡᠨ᠎ᠦ ᠬᠤᠪᠢᠰᠭᠠᠯᠲᠤ ᠤᠳᠤᠮᠱᠢᠯ᠎ᠢ ᠰᠠᠢᠲᠤᠷ ᠤᠯᠠᠮᠵᠢᠯᠠᠬᠤ ᠬᠡᠷᠡᠭᠳᠠᠢ᠃

 ( ᠰᠢ ᠵᠢᠨ ᠫᠢᠡᠭ᠎ᠤᠨ 2016 ᠣᠨ᠎ᠤ 2 ᠰᠠᠷ᠎ᠠ᠎ᠶ᠋ᠢᠨ 1 ᠎ᠦ ᠡᠳᠦᠷ᠎ᠡᠴᠡ 3 ᠎ᠤ ᠡᠳᠦᠷ ᠪᠣᠯᠲᠠᠯᠠᠬᠢ ᠴᠠᠭᠠᠨ ᠰᠠᠷ᠎ᠠ᠎ᠠᠴᠠ ᠡᠮᠦᠨ᠎ᠡ ᠵᠢᠶᠠᠩᠰᠢ᠎ᠳᠤ ᠬᠦᠷᠴᠦ᠍ ᠥᠷᠭᠡᠨ ᠤᠯᠠᠨ ᠺᠠᠳ᠋ᠷ ᠤᠯᠠᠨ ᠲᠦᠮᠡᠨ᠎ᠢ ᠡᠷᠭᠢᠵᠦ᠍ ᠦᠵᠡᠬᠦ᠌᠎ᠦᠶ᠎ᠡ ᠵᠢᠨ ᠶᠠᠷᠢᠶ᠎ᠠ ᠡᠴᠡ )



ᠠᠭᠤᠯᠠ ᠤᠰᠤ ᠪᠦᠷᠢ ᠳ᠋ᠤ ᠠᠷᠢᠭᠤᠨ ᠴᠢᠰᠤ ᠰᠢᠨᠭᠭᠡᠵᠤ᠂ ᠬᠠᠯᠠᠭᠤᠨ ᠬᠥᠷᠥᠰᠥ᠍ ᠪᠦᠬᠦᠨ ᠳ᠋ᠤ ᠎ᠪᠠᠭᠠᠳᠤᠷᠴᠤᠳ ᠎ᠤᠨ ᠰᠦᠭ ᠰᠦᠨᠡᠰᠤ ᠦᠯᠡᠳᠡᠨ᠎ᠡ᠃ ᠥᠩᠭᠡᠷᠡᠭ᠌ᠰᠡᠨ᠎ᠤ ᠳᠠᠢᠨ ᠪᠠᠢᠯᠳᠤᠭᠠᠨᠳᠤ ᠴᠠᠭ ᠦᠶ᠎ᠡ᠎ᠶ᠋ᠢ ᠡᠷᠭᠢᠴᠡᠭᠦᠯᠪᠡᠯ᠂ ᠵᠢᠨ᠎ᠵᠠᠢ ᠵᠢᠨ ᠠᠷᠠᠳ ᠲᠦᠮᠡᠨ ᠶᠠᠭᠤᠨ᠎ᠠᠴᠠ ᠴᠤ᠌ ᠠᠶᠤᠬᠤ ᠦᠭᠡᠢ ᠠᠮᠢ ᠪᠡᠶ᠎ᠡ᠎ᠪᠡᠨ ᠦᠷᠡᠭ᠌ᠳᠡᠭᠦᠯᠬᠦ᠌ ᠵᠣᠷᠢᠭ ᠰᠠᠨᠠᠭ᠎ᠠ᠎ᠪᠠᠷ᠂ ᠳᠤᠮᠳᠠᠳᠤ ᠤᠯᠤᠰ ᠎ᠤᠨ ᠬᠤᠪᠢᠰᠭᠠᠯ᠎ᠤᠨ ᠦᠢᠯᠡᠰ᠎ᠲᠦ ᠲᠡᠦᠬᠡ ᠰᠤᠳᠤᠷ᠎ᠲᠤ ᠲᠡᠮᠳᠡᠭ᠌ᠯᠡᠭ᠌ᠳᠡᠬᠦ᠌ ᠭᠠᠪᠢᠶ᠎ᠠ ᠵᠢᠳᠬᠦᠯ ᠪᠠᠢᠭᠤᠯᠪᠠ᠂ ᠪᠢᠳᠡ ᠬᠤᠪᠢᠰᠭᠠᠯ᠎ᠤᠨ ᠠᠬᠠᠮᠠᠳ ᠦᠶ᠎ᠡ ᠎ᠶ᠋ᠢᠨ ᠬᠢᠨ ᠎ᠦ ᠤᠯᠠ ᠮᠥᠷ ᠎ᠢᠶᠡᠷ ᠦᠷᠭᠦᠯᠵᠢᠯᠡᠨ᠎ᠤᠷᠤᠭ᠍ᠰᠢᠯᠠᠵᠤ᠂ ᠬᠤᠪᠢᠰᠭᠠᠯ ᠎ᠤᠨ ᠲᠦᠷᠦ᠍ ᠎ᠶ᠋ᠢ ᠦᠶ᠎ᠡ ᠎ᠶ᠋ᠢᠨ ᠦᠶ᠎ᠡ᠎ᠳᠦ ᠤᠯᠠᠮᠵᠢᠯᠠᠬᠤ ᠬᠡᠷᠡᠭ᠌ᠲᠡᠢ᠃ ᠬᠤᠪᠢᠰᠭᠠᠯᠲᠤ ᠤᠯᠠᠮᠵᠢᠯᠠᠯ᠎ᠤᠨ ᠬᠥᠮᠦᠵᠢᠯ᠎ᠢ ᠬᠡᠦᠬᠡᠳ ᠪᠠᠭᠠᠴᠤᠳ ᠡᠴᠡ ᠡᠬᠢᠯᠡᠨ ᠠᠳᠭᠤᠵᠤ᠂ ᠮᠡᠳᠡᠯᠭᠡ ᠳᠠᠮᠵᠢᠭᠤᠯᠬᠤ᠎ᠶ᠋ᠢ ᠴᠢᠬᠤᠯᠠᠴᠢᠯᠠᠬᠤ ᠮᠥᠷᠲᠡᠭᠡᠨ ᠪᠠᠰᠠ ᠬᠠᠢᠷ᠎ᠠ ᠰᠡᠳᠭᠢᠯᠭᠡ᠎ᠶ᠋ᠢ ᠨᠢ ᠪᠣᠢᠵᠢᠭᠤᠯᠬᠤ᠎ᠶ᠋ᠢ ᠴᠢᠩᠭᠠᠳᠭᠠᠵᠤ᠂ ᠬᠤᠪᠢᠰᠭᠠᠯᠲᠤ ᠭᠸᠨ᠎ᠢ ᠴᠢᠰᠤᠨ᠎ᠳᠤ ᠨᠢ ᠨᠡᠪᠴᠢᠭᠦᠯᠦᠨ᠂ ᠰᠡᠳᠭᠢᠯ ᠵᠢᠷᠦᠬᠡᠨ᠎ᠳᠦ ᠨᠢ ᠬᠠᠳᠠᠩᠱᠢᠭᠤᠯᠵᠤ᠂ ᠥᠷᠭᠡᠨ ᠤᠯᠠᠨ ᠵᠠᠯᠠᠭᠤᠴᠤᠳ ᠪᠠᠭᠠᠴᠤᠳ᠎ᠢ ᠬᠦᠳᠦᠯᠦᠨ ᠵᠢᠯᠣᠭᠣᠳᠴᠤ᠌ ᠪᠠᠢᠭᠠᠳ ᠵᠥᠪ ᠶᠢᠷᠲᠢᠨᠴᠦ᠍ ᠶ᠋ᠢᠨ ᠦᠵᠡᠯᠲᠡ᠂᠎ᠠᠮᠢᠳᠤᠷᠠᠬᠤᠢ᠎ᠶ᠋ᠢᠨ᠎ᠦᠵᠡᠯᠲᠡ᠂᠎ᠦᠷᠳᠡᠭ᠎ᠦᠨ᠎ᠦᠵᠡᠯᠲᠡ᠎ᠲᠡᠶ ᠪᠣᠯᠭᠠᠬᠤ ᠬᠡᠷᠡᠭ᠌ᠲᠡᠢ᠃

( ᠰᠢ ᠵᠢᠨ ᠫᠢᠡᠭ᠎ᠤᠨ 2016 ᠣᠨ᠎ᠤ 4 ᠰᠠᠷ᠎ᠠ᠎ᠶ᠋ᠢᠨ 24 ᠎ᠦ ᠡᠳᠦᠷ᠎ᠡᠴᠡ 27 ᠎ᠤ ᠡᠳᠦᠷ ᠪᠣᠯᠲᠠᠯ᠎ᠠ ᠠᠨᠾᠦ᠋ᠢ᠎ᠳᠤ ᠪᠠᠢᠴᠠᠭᠠᠨ ᠰᠤᠳᠤᠯᠤᠯᠲᠠ ᠬᠢᠬᠦ᠌᠎ᠦᠶ᠎ᠡ ᠵᠢᠨ ᠶᠠᠷᠢᠶ᠎ᠠ ᠡᠴᠡ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号