ᠲᠤᠮᠲᠠᠲᠤ ᠤᠯᠤᠰ᠎ᠤᠨ ᠬᠤᠶᠠᠲᠤᠭᠠᠷ ᠪᠦᠯᠦᠭ ᠠᠪᠢᠶᠸᠢ ᠳ᠋ᠤ ᠬᠦᠷᠴᠤ ᠡᠩᠭᠡ ᠲᠠᠢᠪᠤᠩ᠎ᠢ ᠬᠠᠮᠠᠭᠠᠯᠠᠬᠤ ᠡᠭᠴᠡ ᠪᠤᠰᠬᠤ ᠨᠢᠰᠭᠡᠯ᠎ᠤᠨ ᠬᠤᠪᠢᠶᠠᠷᠢ ᠠᠩᠭᠢ ᠪᠦᠬᠦᠨ ᠵᠢᠨᠷ ᠵᠢᠨᠨ ᠡᠬᠦᠷᠭᠡ ᠬᠦᠢᠴᠡᠳᠭᠡᠬᠦ ᠤᠷᠤᠨ ᠳ᠋ᠤ ᠬᠦᠷᠴᠠᠢ
2021-11-10 10:41:25
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠱᠢᠨᠬᠤᠸᠠ ᠬᠣᠷᠢᠶ᠎ᠠ  ᠵᠢᠨ ᠺᠠᠷᠲ᠋ᠦ᠋ᠮ ᠎ᠤᠨ 11 ᠰᠠᠷ᠎ᠠ᠎ᠶ᠋ᠢᠨ 8 ᠎ᠤ᠋ ᠴᠠᠬᠢᠯᠭᠠᠨ ᠮᠡᠳᠡᠭᠡ ( ᠰᠤᠷᠪᠤᠯᠵᠢᠯᠠᠭ᠍ᠴᠢ ᠮᠠ ᠢ ᠴᠦ᠋ᠩ  ᠸᠠᠩ ᠰᠦᠧᠧ ᠶᠦᠩ ) ᠳᠤᠮᠳᠠᠳᠤ ᠤᠯᠤᠰ᠎ᠤᠨ ᠬᠣᠶᠠᠳᠠᠬᠢ ᠪᠦᠯᠦᠭ ᠠᠪᠢᠶᠧᠢ᠎ᠳᠤ ᠬᠦᠷᠴᠦ᠍ ᠡᠩᠬᠡ᠎ᠲᠠᠢᠪᠤᠩ᠎ᠢ ᠬᠠᠮᠠᠭᠠᠯᠠᠬᠤ ᠡᠭ᠌ᠴᠡ ᠪᠤᠰᠬᠤ ᠨᠢᠰᠭᠡᠯ᠎ᠦᠨ ᠬᠤᠪᠢᠶᠠᠷᠢ ᠠᠩᠬᠢ 8 ᠎ᠤ᠋ ᠡᠳᠦᠷ ᠪᠦᠬᠦᠨ᠎ᠢᠶᠡᠷ᠎ᠢᠶᠡᠨ ᠡᠭᠦᠷᠭᠡ ᠭᠦᠢᠴᠡᠳᠭᠡᠬᠦ᠌ ᠤᠷᠤᠨ᠎ᠳᠦ ᠬᠦᠷᠴᠦ᠍᠂ ᠨᠢᠭᠡ ᠵᠢᠯ᠎ᠦᠨ ᠬᠤᠭᠤᠴᠠᠭ᠎ᠠ᠎ᠲᠠᠶ ᠤᠯᠠᠨ ᠤᠯᠤᠰ᠎ᠤᠨ ᠡᠩᠬᠡ᠎ᠲᠠᠢᠪᠤᠩ᠎ᠢ ᠬᠠᠮᠠᠭᠠᠯᠠᠬᠤ ᠡᠭᠦᠷᠭᠡ᠎ᠪᠡᠨ ᠭᠦᠢᠴᠡᠳᠭᠡᠵᠦ ᠡᠬᠢᠯᠡᠵᠠᠢ᠃


QQ图片20211110103449.png


11 ᠰᠠᠷ᠎ᠠ ᠵᠢᠨ 8᠎ᠤ᠋ ᠡᠲᠦᠷ᠂ ᠲᠤᠮᠲᠠᠲᠤ ᠤᠯᠤᠰ᠎ᠤᠨ ᠬᠤᠶᠠᠲᠤᠭᠠᠷ ᠪᠦᠯᠦᠭ ᠠᠪᠢᠶᠸᠢ ᠳ᠋ᠤ ᠬᠦᠷᠴᠤ ᠡᠩᠭᠡ ᠲᠠᠢᠪᠤᠩ ᠎ᠢ ᠬᠠᠮᠠᠭᠠᠯᠠᠬᠤ ᠡᠭᠴᠡ ᠪᠤᠰᠬᠤ ᠨᠢᠰᠭᠡᠯ᠎ᠤᠨ ᠬᠤᠪᠢᠶᠠᠷᠢ ᠠᠩᠭᠢ ᠪᠦᠬᠦᠨ ᠵᠢᠨᠷ ᠵᠢᠨᠨ ᠡᠬᠦᠷᠭᠡ ᠬᠦᠢᠴᠡᠳᠭᠡᠬᠦ ᠤᠷᠤᠨ ᠳ᠋ᠤ ᠬᠦᠷᠴᠤ᠂ ᠨᠢᠭᠡ ᠵᠢᠯ᠎ᠤᠨ ᠬᠤᠭᠤᠴᠠᠭ᠎ᠠ ᠲᠠᠢ ᠤᠯᠠᠠ ᠤᠯᠤᠰ᠎ᠤᠨ ᠡᠩᠭᠡ ᠲᠠᠢᠪᠤᠩ᠎ᠢ ᠬᠠᠮᠠᠭᠠᠯᠠᠬᠤ ᠡᠬᠦᠷᠭᠡ ᠵᠢ ᠡᠬᠢᠯᠡᠡ ᠬᠦᠢᠴᠡᠳᠭᠡᠨ᠎ᠠ᠃ ᠵᠢᠷᠤᠭ ᠪᠤᠯ ᠲᠤᠮᠲᠠᠲᠤ ᠤᠯᠤᠰ᠎ᠤᠨ ᠬᠤᠶᠠᠲᠤᠭᠠᠷ ᠪᠦᠯᠦᠭ ᠠᠪᠢᠶᠸᠢ ᠳ᠋ᠤ ᠬᠦᠷᠴᠤ ᠡᠩᠭᠡ ᠲᠠᠢᠪᠤᠩ᠎ᠢ ᠬᠠᠮᠠᠭᠠᠯᠠᠬᠤ ᠡᠭᠴᠡ ᠪᠤᠰᠬᠤ ᠨᠢᠰᠭᠡᠯ᠎ᠤᠨ ᠬᠤᠶᠠᠲᠤᠭᠠᠷ ᠴᠤᠪᠤᠭ᠎ᠠ ᠠᠩᠭᠢ ᠵᠢᠨ ᠲᠠᠷᠤᠭ᠎ᠠ ᠪᠠᠢᠯᠲᠤᠭᠴᠢᠳ ᠰᠡᠷᠭᠡᠢᠯᠡᠡ ᠬᠠᠮᠠᠭᠠᠯᠠᠬᠤ ᠬᠤᠪᠴᠠᠰᠤ ᠡᠮᠦᠰᠴᠤ ᠠᠪᠢᠶᠸᠢ ᠵᠢᠨ ᠴᠡᠷᠢᠭ᠎ᠤᠨ ᠬᠤᠸᠠᠷᠠᠠ ᠳ᠋ᠤ ᠤᠷᠤᠵᠦ ᠪᠠᠢᠭ᠎ᠠ ᠨᠢ᠃

ᠰᠢᠨᠬᠤᠸᠠ ᠬᠤᠷᠢᠶᠠᠠ᠎ᠤ  ᠭᠡᠷᠡᠯ ᠵᠢᠷᠤᠭ


ᠰᠤᠷᠪᠤᠯᠵᠢᠯᠠᠭ᠍ᠴᠢ ᠲᠤᠰ ᠡᠳᠦᠷ ᠳᠤᠮᠳᠠᠳᠤ ᠤᠯᠤᠰ᠎ᠤᠨ ᠬᠣᠶᠠᠳᠤᠭᠠᠷ ᠪᠦᠯᠦᠭ ᠠᠪᠢᠶᠸᠢ ᠳ᠋ᠤ ᠬᠦᠷᠴᠤ ᠡᠩᠬᠡ ᠲᠠᠢᠪᠤᠩ᠎ᠢ ᠬᠠᠮᠠᠭᠠᠯᠠᠬᠤ ᠡᠭ᠌ᠴᠡ ᠪᠤᠰᠬᠤ ᠨᠢᠰᠭᠡᠯ᠎ᠦᠨ ᠬᠤᠪᠢᠶᠠᠷᠢ ᠠᠩᠭᠢ᠎ᠡᠴᠡ ᠣᠢᠯᠠᠭᠠᠭ᠍ᠰᠠᠨ᠎ᠢᠶᠠᠷ᠂ ᠲᠤᠰ ᠤᠳᠠᠭᠠᠨ᠎ᠤ ᠡᠩᠬᠡ ᠲᠠᠢᠪᠤᠩ᠎ᠢ ᠬᠠᠮᠠᠭᠠᠯᠠᠬᠤ ᠡᠭ᠌ᠴᠡ ᠪᠤᠰᠬᠤ ᠨᠢᠰᠭᠡᠯ᠎ᠦᠨ ᠬᠤᠪᠢᠶᠠᠷᠢ ᠠᠩᠭᠢ᠎ᠶ᠋ᠢ ᠬᠣᠶᠠᠷ ᠴᠤᠪᠤᠭ᠎ᠠ ᠠᠩᠭᠢ ᠬᠤᠪᠢᠶᠠᠵᠤ᠂ ᠨᠢᠭᠡᠳᠦᠭᠡᠷ ᠴᠤᠪᠤᠭ᠎ᠠ ᠠᠩᠭᠢ᠎ᠶ᠋ᠢᠨ 43 ᠳᠠᠷᠤᠭ᠎ᠠ ᠪᠠᠢᠯᠳᠤᠭ᠍ᠴᠢ 10 ᠰᠠᠷ᠎ᠠ᠎ᠶ᠋ᠢᠨ 18 ᠤ᠋ ᠡᠳᠦᠷ ᠡᠭᠦᠷᠭᠡ᠎ᠬᠦᠢᠴᠡᠳᠭᠡᠬᠦ ᠣᠷᠣᠨ᠎ᠳᠤ ᠬᠦᠷᠴᠦ᠍᠂ ᠬᠣᠶᠠᠳᠤᠭᠠᠷ ᠴᠤᠪᠤᠭ᠎ᠠ ᠠᠩᠭᠢ᠎ᠶ᠋ᠢᠨ 43 ᠳᠠᠷᠤᠭ᠎ᠠ ᠪᠠᠢᠯᠳᠤᠭ᠍ᠴᠢ 11 ᠰᠠᠷ᠎ᠠ᠎ᠶ᠋ᠢᠨ 8᠎ᠤ᠋ ᠡᠳᠦᠷ ᠡᠭᠦᠷᠭᠡ᠎ᠬᠦᠢᠴᠡᠳᠭᠡᠬᠦ ᠣᠷᠣᠨ᠎ᠳᠤ ᠬᠦᠷᠴᠦ᠍᠂ ᠨᠢᠭᠡᠳᠦᠭᠡᠷ ᠴᠤᠪᠤᠭ᠎ᠠ ᠠᠨᠭᠬᠢ᠎ᠲᠠᠶ ᠨᠡᠢᠯᠡᠭᠰᠡᠡ ᠪᠠᠢᠨ᠎ᠠ᠃ ᠢᠩᠭᠢᠭᠡᠳ᠂ ᠳᠤᠮᠳᠠᠳᠤ ᠤᠯᠤᠰ᠎ᠤᠨ ᠬᠣᠶᠠᠳᠤᠭᠠᠷ ᠪᠦᠯᠦᠭ ᠠᠪᠢᠶᠸᠢ᠎ᠳᠦ ᠬᠦᠷᠴᠦ᠍ ᠡᠩᠬᠡ ᠲᠠᠢᠪᠤᠩ᠎ᠢ ᠬᠠᠮᠠᠭᠠᠯᠠᠬᠤ ᠡᠭ᠌ᠴᠡ ᠪᠤᠰᠬᠤ ᠨᠢᠰᠭᠡᠯ᠎ᠦᠨ ᠬᠤᠪᠢᠶᠠᠷᠢ ᠠᠩᠭᠢ ᠪᠦᠬᠦᠨ᠎ᠢᠶᠡᠷ᠎ᠢᠶᠡᠨ ᠡᠭᠦᠷᠭᠡ᠎ᠬᠦᠢᠴᠡᠳᠭᠡᠬᠦ ᠣᠷᠣᠨ᠎ᠳᠤ ᠬᠦᠷᠴᠡᠶ᠃

ᠬᠣᠶᠠᠳᠤᠭᠠᠷ ᠪᠦᠯᠦᠭ ᠡᠩᠬᠡ ᠲᠠᠢᠪᠤᠩ᠎ᠢ ᠬᠠᠮᠠᠭᠠᠯᠠᠬᠤ ᠡᠭ᠌ᠴᠡ ᠪᠤᠰᠬᠤ ᠨᠢᠰᠭᠡᠯ᠎ᠦᠨ ᠬᠤᠪᠢᠶᠠᠷᠢ ᠠᠩᠭᠢ᠎ᠶ᠋ᠢᠨ ᠵᠢᠯᠣᠭᠣᠲᠤᠭᠴᠢ ᠳᠠᠷᠤᠭ᠎ᠠ ᠵᠢᠶᠠᠩ ᠫᠸᠩ ᠢᠯᠡᠷᠬᠡᠢᠯᠡᠬᠦ᠌᠎ᠳᠡᠭᠡᠨ᠂ ᠬᠤᠪᠢᠶᠠᠷᠢ ᠠᠩᠭᠢ ᠨᠢ ᠤᠯᠤᠰ᠎ᠤᠨ ᠳᠣᠲᠣᠭᠠᠳᠤ᠎ᠶ᠋ᠢᠨ ᠪᠡᠯᠡᠳᠭᠡᠯ ᠳᠤᠭᠤᠢᠯᠠᠩ᠎ᠤᠨ ᠪᠣᠯᠪᠠᠰᠤᠷᠠᠯ ᠪᠠ ᠡᠭᠦᠷᠭᠡ᠎ᠬᠦᠢᠴᠡᠳᠭᠡᠬᠦ ᠣᠷᠣᠨ᠎ᠤ ᠲᠤᠬᠠᠶ᠎ᠶ᠋ᠢᠨ ᠭᠠᠵᠠᠷ᠎ᠤᠨ ᠪᠡᠯᠡᠳᠭᠡᠯ᠎ᠢᠶᠡᠷ ᠳᠠᠮᠵᠢᠭᠠᠳ᠂ ᠨᠢᠰᠦᠯᠲᠡ᠎ᠶ᠋ᠢᠨ ᠡᠭᠦᠷᠭᠡ᠎ᠪᠡᠨ ᠪᠡᠶ᠎ᠡ᠎ᠪᠡᠨ ᠳᠠᠭᠠᠭᠠᠵᠤ ᠭᠦᠶ᠋ᠴᠡᠳᠭᠡᠬᠦ᠌ ᠪᠠ ᠡᠯ᠎ᠡ ᠵᠦᠶ᠋ᠯ᠎ᠦᠨ ᠠᠵᠢᠯ᠎ᠢᠶᠠᠨ ᠥᠷᠨᠢᠭᠦᠯᠬᠦ᠌ ᠴᠢᠳᠠᠪᠤᠷᠢ᠎ᠲᠠᠶ ᠪᠣᠯᠵᠠᠶ᠃

ᠣᠢᠯᠠᠭᠠᠭ᠍ᠰᠠᠨ᠎ᠢᠶᠠᠷ᠂ ᠨᠢᠭᠡᠳᠦᠭᠡᠷ ᠴᠤᠪᠤᠭ᠎ᠠ ᠠᠩᠭᠢ ᠡᠭᠦᠷᠭᠡ ᠭᠦᠶ᠋ᠴᠡᠳᠭᠡᠬᠦ᠌ ᠣᠷᠣᠨ᠎ᠳᠤ ᠬᠦᠷᠦᠭ᠌ᠰᠡᠨ᠎ᠦ ᠳᠠᠷᠠᠭ᠎ᠠ 14 ᠡᠳᠦᠷ᠎ᠦᠨ ᠬᠤᠭᠤᠴᠠᠭ᠎ᠠ᠎ᠲᠠᠶ ᠠᠨᠠᠭᠠᠬᠤ ᠤᠬᠠᠭᠠᠨ᠎ᠤ ᠲᠤᠰᠠᠭᠠᠷᠯᠠᠯ ᠬᠢᠵᠦ᠍ ᠂ ᠳᠠᠷᠠᠭ᠎ᠠ᠎ᠨᠢ ᠳᠠᠷᠤᠶ ᠲᠦᠷᠭᠡᠨ ᠠᠵᠢᠯ᠎ᠢᠶᠠᠨ ᠥᠷᠨᠢᠭᠦᠯᠵᠦ᠍᠂ ᠲᠥᠯᠥᠪᠯᠡᠭᠡ ᠶᠣᠰᠣᠭᠠᠷ ᠭᠤᠤᠯ ᠡᠭᠦᠷᠭᠡ᠂ ᠵᠡᠪᠰᠡᠭ ᠲᠣᠨᠣᠭ᠍ᠯᠠᠯ ᠂ ᠡᠳ᠋ ᠪᠣᠳᠠᠰ ᠪᠠᠭᠠᠵᠢ ᠬᠡᠷᠡᠭ᠌ᠰᠡᠯ᠎ᠢ ᠲᠤᠱᠢᠶᠠᠬᠤ ᠪᠠ ᠭᠥᠯᠢᠶᠡᠨ ᠠᠪᠴᠤ᠌᠂ ᠨᠢᠰᠦᠯᠲᠡ᠎ᠶ᠋ᠢᠨ ᠪᠣᠯᠪᠠᠰᠤᠷᠠᠯ᠂ ᠮᠠᠱᠢᠨ ᠲᠡᠷᠭᠡᠨ᠎ᠦ ᠠᠩᠭᠢ᠎ᠶ᠋ᠢᠨ ᠬᠠᠮᠠᠭᠠᠯᠠᠯᠲᠠ᠂ ᠰᠡᠷᠭᠡᠢᠯᠡᠨ ᠬᠠᠮᠠᠭᠠᠯᠠᠯᠲᠠ᠂ ᠴᠡᠷᠢᠭ᠎ᠦᠨ ᠬᠤᠸᠠᠷᠠᠨ᠎ᠤ  ᠵᠢᠵᠢᠭᠦᠷᠯᠡᠬᠦ᠌ ᠰᠣᠷᠢᠯᠲᠠ᠎ᠶ᠋ᠢ᠎ᠵᠣᠬᠢᠶᠠᠨ ᠪᠠᠢᠭᠤᠯᠬᠤ ᠪᠥᠭᠡᠳ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠠᠪᠢᠶᠸᠢ᠎ᠶ᠋ᠢᠨ ᠲᠦᠷ ᠴᠠᠭ᠎ᠤᠨ ᠠᠮᠤᠷ ᠲᠦᠪᠱᠢᠨ᠎ᠦ ᠴᠡᠷᠢᠭ ᠠᠩᠭᠢ (ᠤᠯᠠᠠ ᠤᠯᠤᠰ᠎ᠤᠨ ᠬᠤᠯᠪᠤᠭᠠᠲᠤ ᠪᠠᠢᠭᠤᠯᠭ᠎ᠠ ᠵᠢᠨ ᠠᠹᠭᠠᠨᠢᠰᠲ᠋ᠠᠨ᠎ᠤ ᠠᠮᠤᠷ ᠲᠦᠪᠱᠢᠨ᠎ᠢ ᠬᠠᠮᠠᠭᠠᠯᠠᠬᠤ ᠴᠡᠷᠢᠭ ᠠᠩᠭᠢ )᠎ᠶ᠋ᠢᠨ ᠵᠣᠬᠢᠶᠠᠨ ᠪᠠᠢᠭᠤᠯᠤᠭ᠍ᠰᠠᠨ ᠲᠤᠬᠠᠢᠯᠠᠭ᠍ᠰᠠᠨ ᠠᠵᠢᠯ᠎ᠤᠨ ᠪᠣᠯᠪᠠᠰᠤᠷᠠᠯ᠎ᠳᠤ ᠣᠷᠣᠯᠴᠠᠨ᠎ᠠ᠃

ᠳᠤᠮᠳᠠᠳᠤ ᠤᠯᠤᠰ᠎ᠤᠨ ᠬᠣᠶᠠᠳᠤᠭᠠᠷ ᠪᠦᠯᠦᠭ᠎ᠠᠪᠢᠶᠸᠢ ᠳ᠋ᠤ ᠬᠦᠷᠦᠭᠰᠡᠡ ᠡᠭ᠌ᠴᠡ ᠪᠤᠰᠬᠤ ᠨᠢᠰᠭᠡᠯ᠎ᠦᠨ ᠬᠤᠪᠢᠶᠠᠷᠢ ᠠᠩᠭᠢ ᠨᠢ ᠭᠣᠣᠯᠳᠠᠭᠤ ᠳᠤᠮᠳᠠ ᠬᠡᠰᠡᠭ᠎ᠦᠨ ᠪᠠᠢᠯᠳᠤᠭᠠᠨ᠎ᠤ ᠲᠣᠭᠣᠷᠢᠭ᠎ᠤᠨ ᠬᠠᠭᠤᠷᠠᠶ ᠵᠠᠮ᠎ᠤᠨ ᠴᠡᠷᠢᠭ᠎ᠦᠨ 82 ᠳ᠋ᠤᠭᠠᠷ ᠨᠢᠭᠡᠳᠭᠡᠯ ᠠᠷᠮᠢ᠎ᠶ᠋ᠢᠨ ᠨᠢᠭᠡᠨ ᠬᠠᠭᠤᠷᠠᠶ ᠵᠠᠮ᠎ᠤᠨ ᠴᠡᠷᠢᠭ᠎ᠦᠨ ᠪᠠᠷᠢᠭᠠᠳᠠ᠎ᠡᠴᠡ ᠰᠤᠩᠭᠤᠵᠤ᠂ ᠭᠣᠣᠯᠳᠠᠭᠤ ᠴᠡᠷᠢᠭ᠎ᠦᠨ ᠬᠦᠴᠦᠨ᠎ᠦ ᠬᠦᠷᠭᠡᠯᠲᠡ᠂ ᠡᠷᠢᠵᠦ᠍ ᠠᠪᠤᠷᠠᠬᠤ᠂ ᠡᠳ᠋ ᠪᠣᠳᠠᠰ᠎ᠤᠨ ᠲᠡᠭᠡᠭᠡᠪᠦᠷᠢ᠂ ᠠᠭᠠᠷ᠎ᠤᠨ ᠴᠠᠭᠲᠠᠠ ᠪᠠᠢᠴᠠᠭᠠᠬᠤ ᠵᠡᠷᠭᠡ ᠡᠭᠦᠷᠭᠡ᠎ᠶ᠋ᠢ ᠡᠭᠦᠷᠭᠡᠯᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号