ᠤᠷᠤᠰ᠎ᠤᠨ ᠭᠠᠳᠠᠭᠠᠳᠤ ᠶᠠᠪᠤᠳᠠᠯ᠎ᠤᠨ ᠶᠠᠮᠤᠨ᠎ᠤ ᠰᠠᠢᠳ ᠄ ᠶᠠᠮᠠᠷᠪᠠ ᠥᠳᠥᠭᠡᠯᠭᠡ᠎ᠶ᠋ᠢᠨ ᠠᠵᠢᠯᠯᠠᠭ᠎ᠠ ᠡᠭᠦᠰᠭᠦ᠎ᠶ᠋ᠢ ᠤᠬ᠍ᠳᠤ ᠵᠥᠪᠱᠢᠶᠡᠷᠡᠬᠦ᠌ ᠦᠭᠡᠢ
2021-11-10 10:40:23
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠱᠢᠨᠬᠤᠸᠠ ᠬᠣᠷᠢᠶᠠᠨ᠎ᠤ ᠮᠣᠰᠺᠸᠠ᠎ᠶ᠋ᠢᠨ 11 ᠰᠠᠷ᠎ᠠ᠎ᠶ᠋ᠢᠨ 8 ᠎ᠤ᠋ ᠴᠠᠬᠢᠯᠭᠠᠨ ᠮᠡᠳᠡᠭᠡ(ᠰᠤᠷᠪᠤᠯᠵᠢᠯᠠᠭ᠍ᠴᠢ ᠭᠸᠩ ᠫᠸᠩ ᠢᠦᠢ) ᠤᠷᠤᠰ᠎ᠤᠨ ᠭᠠᠳᠠᠭᠠᠳᠤ ᠶᠠᠪᠤᠳᠠᠯ᠎ᠤᠨ ᠶᠠᠮᠤᠨ᠎ᠤ ᠰᠠᠢᠳ ᠯᠠᠹᠯᠤᠹ 8 ᠎ᠤ᠋ ᠡᠳᠦᠷ᠂ ᠤᠮᠠᠷᠠᠲᠤ ᠠᠲ᠋ᠯᠠᠨᠲ᠎ᠤᠨ ᠳᠠᠯᠠᠢ᠎ᠶ᠋ᠢᠨ ᠨᠡᠢᠲᠡ᠎ᠶ᠋ᠢᠨ ᠭᠡᠷ᠎ᠡ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠬᠢᠨ ᠬᠠᠷ᠎ᠠ ᠲᠠᠩᠭᠢᠰ᠎ᠲᠤ ᠴᠡᠷᠢᠭ᠎ᠦᠨ ᠰᠣᠷᠢᠯᠲᠠ ᠬᠢᠬᠦ᠌᠎ᠶ᠋ᠢᠨ ᠵᠣᠷᠢᠯᠭ᠎ᠠ ᠨᠢ ᠤᠷᠤᠰ᠎ᠢ ᠬᠣᠷᠢᠭ᠍ᠯᠠᠬᠤ ᠲᠦᠷᠦ᠍᠎ᠶ᠋ᠢᠨ ᠪᠤᠳᠤᠯᠭ᠎ᠠ᠎ᠶ᠋ᠢ ᠴᠢᠩᠭᠠᠳᠭᠠᠬᠤ᠎ᠶ᠋ᠢᠨ ᠲᠥᠯᠥᠭᠡ ᠶᠤᠮ ᠭᠡᠵᠦ᠍ ᠢᠯᠡᠳᠭᠡᠪᠡ᠃

ᠯᠠᠹᠯᠤᠹ ᠲᠤᠰ ᠡᠳᠦᠷ ᠠᠢᠯᠴᠢᠯᠠᠷ᠎ᠠ ᠢᠷᠡᠭ᠌ᠰᠡᠨ ᠸᠧᠨᠧᠽᠦ᠋ᠧᠯᠠ᠎ᠶ᠋ᠢᠨ ᠭᠠᠳᠠᠭᠠᠳᠤ ᠶᠠᠪᠤᠳᠠᠯ᠎ᠤᠨ ᠶᠠᠮᠤᠨ᠎ᠤ ᠰᠠᠢᠳ ᠫᠦᠯᠠᠰᠧᠨᠱᠢᠶᠠ᠎ᠲᠠᠢ ᠬᠡᠯᠡᠯᠴᠡᠭᠡ ᠬᠢᠭ᠌ᠰᠡᠨ᠎ᠦ ᠳᠠᠷᠠᠭ᠎ᠠ ᠶᠠᠪᠤᠭᠳᠠᠭᠰᠠᠨ ᠬᠠᠮᠲᠤᠷᠠᠭ᠍ᠰᠠᠨ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ᠂ ᠤᠮᠠᠷᠠᠲᠤ ᠠᠲ᠋ᠯᠠᠨᠲ᠎ᠤᠨ ᠳᠠᠯᠠᠢ᠎ᠶ᠋ᠢᠨ ᠨᠡᠢᠲᠡ᠎ᠶ᠋ᠢᠨ ᠭᠡᠷ᠎ᠡ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠬᠢᠨ ᠬᠠᠷ᠎ᠠ ᠲᠠᠩᠭᠢᠰ᠎ᠲᠤ ᠴᠡᠷᠢᠭ᠎ᠦᠨ ᠰᠣᠷᠢᠯᠲᠠ ᠬᠢᠵᠦ᠍ ᠪᠠᠢᠭ᠎ᠠ ᠨᠢ ᠠᠮᠧᠷᠢᠺᠠ ᠵᠢᠴᠢ ᠲᠡᠭᠦᠨ᠎ᠦ ᠬᠣᠯᠪᠣᠭᠠᠲᠠᠨ ᠨᠢ ᠤᠷᠤᠰ᠎ᠢ ᠬᠣᠷᠢᠭ᠍ᠯᠠᠬᠤ ᠲᠦᠷᠦ᠍᠎ᠶ᠋ᠢᠨ ᠪᠤᠳᠤᠯᠭ᠎ᠠ᠎ᠪᠠᠨ ᠴᠢᠩᠭᠠᠳᠭᠠᠬᠤ ᠰᠠᠨᠠᠭ᠎ᠠ᠎ᠲᠠᠶ ᠪᠠᠢᠬᠤ᠎ᠶ᠋ᠢ ᠬᠠᠷᠠᠭᠤᠯᠵᠤ ᠪᠠᠢᠨ᠎ᠠ᠃ ᠲᠣᠰ ᠠᠵᠢᠯᠯᠠᠭ᠎ᠠ᠎ᠨᠢ ᠣᠷᠣᠰ — ᠤᠮᠠᠷᠠᠲᠤ ᠠᠲ᠋ᠯᠠᠨᠲ᠎ᠤᠨ ᠲᠡᠯᠡᠶ᠎ᠶ᠋ᠢᠨ ᠨᠡᠢᠳᠡ ᠵᠢᠨ ᠭᠡᠷ᠎ᠡ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠬᠡᠷᠡᠭ ᠡᠷᠬᠢᠯᠡᠭ᠌ᠴᠢᠳ᠎ᠦᠨ ᠬᠤᠷᠠᠯ᠎ᠤᠨ ᠰᠠᠭᠤᠷᠢ ᠪᠢᠴᠢᠭ ᠮᠠᠲ᠋ᠧᠷᠢᠶᠠᠯ᠎ᠤᠨ ᠵᠠᠩᠭᠢᠯᠠᠭ᠎ᠠ᠎ᠶ᠋ᠢᠨ ᠠᠭᠤᠯᠭ᠎ᠠ᠎ᠶ᠋ᠢ ᠵᠥᠷᠢᠴᠡᠭ᠌ᠰᠡᠨ ᠪᠠᠢᠨ᠎ᠠ᠃ ᠤᠮᠠᠷᠠᠲᠤ ᠠᠲ᠋ᠯᠠᠨᠲ᠎ᠤᠨ ᠲᠠᠯᠠᠢ᠎ᠶ᠋ᠢᠨ ᠨᠡᠢᠲᠡ᠎ᠶ᠋ᠢᠨ ᠭᠡᠷ᠎ᠡ᠎ᠶ᠋ᠢᠨ ᠵᠣᠬᠢᠶᠠᠨ ᠪᠠᠢᠭᠤᠯᠤᠯᠲᠠ ᠥᠪᠡᠷ᠎ᠦᠨ ᠴᠡᠷᠢᠭ᠎ᠦᠨ ᠶᠠᠪᠤᠳᠠᠯ᠎ᠤᠨ ᠲᠥᠬᠥᠭᠡᠷᠦᠮᠵᠢ᠎ᠪᠡᠨ ᠵᠡᠭᠦᠨᠰᠢ ᠪᠡᠨ ᠰᠢᠨ᠎ᠡ ᠪᠦᠷᠢᠯᠳᠦᠭᠦᠨ ᠤᠯᠤᠰ᠎ᠤᠨ ᠨᠤᠳᠤᠭ ᠲᠡᠪᠢᠰᠭᠡᠷ ᠲᠡᠭᠡᠷ᠎ᠡ ᠪᠠᠢᠷᠢᠯᠠᠭᠤᠯᠬᠤ ᠦᠭᠡᠢ ᠭᠡᠵᠦ᠍ ᠠᠮᠠᠯᠠᠵᠠᠢ᠂ ᠤᠳᠤ ᠠᠮᠧᠷᠢᠺᠠ ᠬᠠᠷᠢᠨ ᠷᠣᠮᠠᠨᠢᠶ᠎ᠠ ᠪᠣᠯᠤᠨ ᠪᠤᠯᠭᠠᠷᠢᠶ᠎ᠠ᠎ᠳᠤ ᠲᠠᠯᠠᠢ᠎ᠶ᠋ᠢᠨ ᠴᠡᠷᠢᠭ᠎ᠦᠨ ᠰᠠᠭᠤᠷᠢᠨ ᠪᠠᠢᠭᠤᠯᠬᠤ᠎ᠶ᠋ᠢ ᠰᠠᠨᠠᠵᠤ ᠪᠠᠢᠨ᠎ᠠ ᠭᠡᠵᠦ᠍ ᠬᠡᠯᠡᠪᠡ᠃

ᠯᠠᠹᠯᠤᠹ᠂ ᠤᠷᠤᠰ ᠨᠢᠭᠡᠨᠳᠡ ᠠᠯᠢᠪᠠ ᠬᠡᠷᠡᠭ ᠶᠠᠪᠤᠳᠠᠯ᠎ᠤᠨ ᠬᠥᠭ᠌ᠵᠢᠯᠲᠡ᠎ᠶ᠋ᠢ ᠠᠷᠭᠠᠴᠠᠭᠠᠬᠤ ᠭᠦᠢᠴᠡᠳ ᠪᠡᠯᠡᠳᠭᠡᠯ ᠬᠢᠵᠦ᠍᠂ ᠤᠯᠠᠨ ᠵᠢᠯ᠎ᠦᠨ ᠲᠤᠷᠰᠢ ᠤᠷᠤᠰ ᠤᠮᠠᠷᠠᠲᠤ ᠠᠲ᠋ᠯᠠᠨᠲ᠎ᠤᠨ ᠳᠠᠯᠠᠢ᠎ᠶ᠋ᠢᠨ ᠨᠡᠢᠲᠡ᠎ᠶ᠋ᠢᠨ ᠭᠡᠷ᠎ᠡ᠎ᠶ᠋ᠢᠨ ᠵᠣᠬᠢᠶᠠᠨ ᠪᠠᠢᠭᠤᠯᠤᠯᠲᠠ᠎ᠯᠤᠭ᠎ᠠ᠎ᠶ᠋ᠢᠨ ᠬᠠᠷᠢᠯᠴᠠᠭᠠᠨ᠎ᠤ ᠳᠤᠮᠳᠠ ᠠᠯᠢ ᠡᠷᠲᠡ ᠡᠯ᠎ᠡ ᠵᠦᠢᠯ᠎ᠦᠨ ᠥᠳᠥᠭᠡᠯᠭᠡ᠎ᠶ᠋ᠢ ᠠᠷᠭᠠᠴᠠᠭᠠᠬᠤ ᠪᠡᠯᠡᠳᠭᠡᠯ᠎ᠢ ᠬᠢᠵᠦ᠍ ᠳᠠᠳᠤᠭ᠍ᠰᠠᠨ ᠪᠠᠢᠨ᠎ᠠ ᠭᠡᠵᠦ ᠢᠯᠡᠳᠭᠡᠪᠡ᠃

ᠡᠭᠦᠨ᠎ᠡᠴᠡ ᠭᠠᠳᠠᠨ᠎ᠠ ᠭᠷᠦ᠋ᠽᠢᠶᠠ ᠵᠢᠨ ᠳᠣᠲᠣᠭᠠᠳᠤ ᠶᠠᠪᠤᠳᠠᠯ᠎ᠤᠨ ᠶᠠᠮᠤᠨ᠎ᠤ 8 ᠎ᠤ᠋ ᠡᠳᠦᠷ ᠨᠡᠢᠲᠡᠯᠡᠭ᠌ᠰᠡᠨ ᠢᠯᠡᠷᠬᠡᠢᠯᠡᠯᠲᠡ᠎ᠶ᠋ᠢ ᠦᠨᠳᠦᠰᠦᠯᠡᠪᠡᠯ᠂ ᠠᠮᠧᠷᠢᠺᠠ᠎ᠶ᠋ᠢᠨ ᠳᠠᠯᠠᠶ᠎ᠶ᠋ᠢᠨ ᠴᠡᠷᠢᠭ᠎ᠦᠨ 《ᠸᠸᠢᠢᠲ᠋ᠨᠢ ᠠᠭᠤᠯᠠ》 ᠨᠡᠷᠡᠮᠵᠢᠲᠦ ᠵᠢᠯᠣᠭᠣᠳᠭᠤ ᠣᠩᠭᠣᠴᠠ ᠪᠠ 《 ᠫᠤᠷᠲ》 ᠨᠡᠷᠡᠮᠵᠢᠲᠦ ᠰᠥᠨᠥᠭᠡᠭ᠌ᠴᠢ ᠣᠩᠭᠣᠴᠠ ᠲᠤᠰ ᠡᠳᠦᠷ ᠭᠷᠦ᠋ᠽᠢᠶᠠ ᠵᠢᠨ ᠬᠠᠷ᠎ᠠ ᠲᠠᠩᠭᠢᠰ᠎ᠤᠨ ᠭᠠᠷᠠᠮ᠎ᠤᠨ ᠬᠣᠲᠠ ᠪᠠᠲ᠋ᠦ᠋ᠮᠢ᠎ᠳᠤ ᠤᠷᠤᠪᠠ᠃ ᠡᠨᠡ ᠬᠤᠭᠤᠴᠠᠭᠠᠨ᠎ᠳᠤ᠂ ᠭᠷᠦ᠋ᠽᠢᠶᠠ ᠠᠮᠧᠷᠢᠺᠠ ᠬᠣᠶᠠᠷ ᠤᠯᠤᠰ ᠬᠠᠷ᠎ᠠ ᠲᠠᠩᠭᠢᠰ᠎ᠲᠤ ᠬᠠᠮᠲᠤᠷᠠᠭ᠍ᠰᠠᠨ ᠴᠡᠷᠢᠭ᠎ᠦᠨ ᠶᠠᠪᠤᠳᠠᠯ᠎ᠤᠨ ᠰᠣᠷᠢᠯᠲᠠ ᠬᠢᠵᠦ᠍᠂ ᠬᠠᠷᠢᠯᠴᠠᠨ ᠬᠠᠮᠵᠢᠯᠴᠠᠬᠤ ᠴᠢᠳᠠᠪᠤᠷᠢ᠎ᠪᠠᠨ ᠨᠡᠮᠡᠭ᠌ᠳᠡᠭᠦᠯᠵᠦ᠍ ᠭᠷᠦ᠋ᠽᠢᠶᠠ ᠵᠢᠨ ᠲᠠᠯᠠᠢ᠎ᠶ᠋ᠢᠨ ᠡᠷᠭᠢ᠎ᠶ᠋ᠢᠨ᠎ᠰᠡᠷᠭᠡᠢᠯᠡᠨ ᠬᠠᠮᠠᠭᠠᠯᠠᠬᠤ ᠠᠩᠬᠢ᠎ᠶ᠋ᠢᠨ ᠪᠠᠢᠯᠳᠤᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃

ᠣᠷᠣᠰ᠎ᠤᠨ ᠵᠠᠭᠤᠴᠢᠯᠠᠭᠤᠷ᠎ᠤᠨ ᠡᠭᠦᠨ᠎ᠡᠴᠡ ᠡᠮᠦᠨ᠎ᠡ ᠮᠡᠳᠡᠭᠡᠯᠡᠭ᠌ᠰᠡᠨ᠎ᠢᠶᠡᠷ᠂ 《ᠫᠤᠷᠲ》 ᠨᠡᠷᠡᠮᠵᠢᠲᠦ ᠰᠥᠨᠥᠭᠡᠭ᠌ᠴᠢ ᠣᠩᠭᠣᠴᠠ ᠪᠣᠯᠤᠨ 《ᠸᠸᠢᠢᠲ᠋ᠨᠢ ᠠᠭᠤᠯᠠ》 ᠨᠡᠷᠡᠮᠵᠢᠲᠦ ᠵᠢᠯᠣᠭᠣᠳᠭᠤ ᠣᠩᠭᠣᠴᠠ ᠣᠷᠴᠢᠮᠬᠠᠨ ᠤᠷᠢᠳ ᠬᠣᠵᠢᠳ ᠬᠠᠷ᠎ᠠ ᠲᠠᠩᠭᠢᠰ᠎ᠤᠨ ᠤᠰᠤᠨ ᠣᠷᠣᠨ᠎ᠳᠤ ᠣᠷᠣᠵᠠᠶ᠃ ᠤᠷᠤᠰ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠶᠠᠮᠤᠨ᠎ᠤ ᠰᠠᠢᠳ ᠱᠤᠤᠶᠢᠬᠦ᠋ 7 ᠎ᠤ᠋ ᠡᠳᠦᠷ᠂ ᠤᠷᠤᠰ᠎ᠤᠨ ᠴᠡᠷᠢᠭ᠎ᠦᠨ ᠲᠠᠯ᠎ᠠ᠎ᠶ᠋ᠢᠨ ᠬᠢᠨ ᠠᠮᠧᠷᠢᠺᠠ᠎ᠶ᠋ᠢᠨ ᠴᠡᠷᠢᠭ᠎ᠦᠨ ᠬᠥᠯᠭᠡ ᠣᠩᠭᠣᠴᠠ᠎ᠶ᠋ᠢᠨ ᠬᠠᠷ᠎ᠠ ᠲᠠᠩᠭᠢᠰ᠎ᠲᠠᠬᠢ ᠠᠵᠢᠯᠯᠠᠭ᠎ᠠ ᠨᠢᠭᠡᠪᠦᠷᠢ᠎ᠶ᠋ᠢ ᠨᠢᠭ᠍ᠲᠠ ᠠᠵᠢᠭ᠍ᠯᠠᠵᠤ ᠪᠠᠢᠨ᠎ᠠ᠂ ᠶᠠᠮᠠᠷᠪᠠ ᠥᠳᠥᠭᠡᠯᠭᠡ᠎ᠶ᠋ᠢᠨ ᠠᠵᠢᠯᠯᠠᠭ᠎ᠠ ᠡᠭᠦᠰᠭᠦ᠎ᠶ᠋ᠢ ᠤᠬ᠍ᠳᠤ ᠵᠥᠪᠱᠢᠶᠡᠷᠡᠬᠦ᠌ ᠦᠭᠡᠢ ᠭᠡᠵᠦ᠍ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号