ᠵᠢᠩᠰᠡᠳᠤ ᠠᠭᠤᠢ ᠡᠴᠡ ᠬᠦᠷᠡᠯ ᠵᠡᠪᠰᠡᠭ᠎ᠦᠨ ᠦᠶ᠎ᠡ᠎ᠶ᠋ᠢᠨ ᠰᠣᠶᠣᠯ᠎ᠤᠨ ᠦᠯᠡᠳᠡᠭ᠌ᠳᠡᠯ᠎ᠤᠯᠳᠠᠵᠠᠢ
2021-11-10 09:34:37
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠬᠠᠭᠤᠴᠢ ᠰᠤᠳᠤᠯᠤᠯ᠎ᠤᠨ ᠰᠠᠯᠠᠭ᠎ᠠ ᠮᠥᠴᠢᠷ ᠣᠢᠷ᠎ᠠ᠎ᠳᠤ ᠵᠡᠭᠦᠨ ᠦᠵᠦᠮᠦᠴᠢᠨ ᠬᠣᠱᠢᠭᠤᠨ ᠤ᠋ ᠠᠯᠲᠠᠨᠬᠢᠯᠢ ᠰᠤᠮᠤ᠎ᠵᠢᠨ ᠪᠠᠳᠠᠷᠠᠬᠤ ᠭᠠᠴᠠᠭ᠎ᠠ᠎ᠵᠢᠨ ᠵᠢᠩᠰᠡᠳᠤ ᠠᠭᠤᠢ᠎ᠡᠴᠡ  ᠬᠦᠷᠡᠯ ᠵᠡᠪᠰᠡᠭ᠎ᠦᠨ ᠦᠶ᠎ᠡ᠎ᠶ᠋ᠢᠨ ᠰᠣᠶᠣᠯ᠎ᠤᠨ ᠦᠯᠡᠳᠡᠭ᠌ᠳᠡᠯ᠎ᠢ ᠰᠢᠨ᠎ᠠ ᠪᠡᠷ ᠢᠯᠡᠷᠡᠭᠦᠯᠪᠡ ᠃ ᠲᠣᠰ ᠤᠳᠠᠭᠠᠨ᠎ᠤ᠋ ᠮᠠᠯᠲᠠᠵᠤ ᠢᠯᠡᠷᠡᠭᠦᠯᠦᠭ᠌ᠰᠡᠨ ᠬᠠᠮᠤᠭ᠎ᠤᠨ ᠶᠡᠬᠡ ᠠᠴᠢ ᠬᠣᠯᠪᠣᠭ᠍ᠳᠠᠯ ᠪᠣᠯ ᠳᠠᠷᠤᠢ ᠳᠣᠷᠣᠨᠠᠳᠠᠬᠢᠨ ᠥᠷᠥᠨᠡᠳᠠᠬᠢᠨ᠎ᠤ᠋ ᠡᠷᠲᠡᠨ᠎ᠤ᠋ ᠬᠥᠮᠦᠨ ᠲᠥᠷᠥᠯᠬᠢᠲᠡᠨ᠎ᠤ᠋ ᠨᠡᠭᠦᠳᠡᠯ᠎ᠳᠦ ᠬᠠᠭᠤᠴᠢ ᠰᠤᠳᠤᠯᠤᠯ᠎ᠤᠨ ᠪᠣᠳᠠᠲᠤ ᠭᠡᠷᠡᠴᠢ ᠬᠠᠩᠭᠠᠭ᠍ᠰᠠᠨ ᠶᠠᠪᠤᠳᠠᠯ ᠪᠣᠯᠤᠨ᠎ᠠ᠃  ᠵᠢᠩᠰᠡᠳᠤ ᠠᠭᠤᠢ ᠵᠢᠨ ᠪᠠᠭᠤᠷᠢ ᠪᠣᠯ ᠮᠠᠨ ᠤ᠋ ᠤᠯᠤᠰ᠎ᠤᠨ ᠤᠮᠠᠷᠠᠲᠤ ᠣᠷᠣᠨ ᠤ᠋ ᠨᠢᠭᠡᠨ ᠴᠢᠬᠤᠯᠠ ᠡᠷᠲᠡᠨ᠎ᠤ᠋ ᠦᠶ᠎ᠡ᠎ᠶ᠋ᠢᠨ ᠬᠥᠮᠦᠨ ᠲᠥᠷᠥᠯᠬᠢᠲᠡᠨ᠎ᠤ᠋ ᠠᠭᠤᠶ᠎ᠶ᠋ᠢᠨ ᠪᠠᠭᠤᠷᠢ ᠪᠠᠢᠵᠤ᠂ ᠬᠠᠭᠤᠴᠢᠨ ᠴᠢᠯᠠᠭᠤᠨ ᠵᠡᠪᠰᠡᠭ᠎ᠦᠨ ᠦᠶ᠎ᠡ᠎ᠶ᠋ᠢᠨ ᠳᠤᠮᠳᠠ ᠰᠡᠭᠦᠯᠴᠢ᠎ᠶ᠋ᠢᠨ ᠦᠶ᠎ᠡ᠎ᠡᠴᠡ ᠬᠦᠷᠡᠯ ᠵᠡᠪᠰᠡᠭ᠎ᠦᠨ ᠦᠶ᠎ᠡ᠎ᠬᠦᠷᠳᠡᠯᠡᠬᠢ ᠰᠣᠶᠣᠯ᠎ᠤᠨ ᠦᠯᠡᠳᠡᠭ᠌ᠳᠡᠯ᠎ᠢ ᠬᠠᠳᠠᠭᠠᠯᠠᠵᠦ ᠪᠠᠢᠳᠠᠭ᠃ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠡᠷᠲᠡᠨ᠎ᠤ᠋ ᠰᠡᠭᠡᠷᠲᠡᠨ ᠠᠮᠢᠲᠠᠨ ᠪᠣᠯᠤᠨ ᠡᠷᠲᠡᠨ᠎ᠤ᠋ ᠬᠥᠮᠦᠨ ᠲᠥᠷᠥᠯᠬᠢᠲᠡᠨ᠎ᠤ᠋ ᠰᠤᠳᠤᠯᠭᠠᠨ᠎ᠤ᠋ ᠭᠠᠵᠠᠷ᠂ ᠥᠪᠥᠷ ᠮᠣᠩᠭᠣᠯ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠬᠠᠭᠤᠴᠢ ᠰᠤᠳᠤᠯᠤᠯ᠎ᠤᠨ ᠬᠦᠷᠢᠶᠡᠯᠡᠩ᠂ ᠥᠪᠥᠷ ᠮᠣᠩᠭᠣᠯ᠎ᠤᠨ ᠮᠦᠽᠧᠶ ᠵᠡᠷᠭᠡ ᠨᠢᠭᠡᠴᠢ᠎ᠶ᠋ᠢᠨ ᠣᠷᠣᠯᠴᠠᠭ᠍ᠰᠠᠨ ᠲᠣᠰ ᠤᠳᠠᠭᠠᠨ ᠤ᠋ ᠬᠠᠭᠤᠴᠢ ᠰᠤᠳᠤᠯᠤᠯ᠎ᠤᠨ ᠮᠠᠯᠲᠠᠯᠲᠠ᠎ᠳᠤ ᠬᠠᠭᠤᠴᠢ ᠰᠤᠳᠤᠯᠤᠭ᠍ᠴᠢᠳ ᠪᠠᠷᠤᠭ 20 ᠲᠡᠭ᠌ᠰᠢ ᠳᠥᠷᠪᠡᠯᠵᠢᠨ ᠮᠧᠲ᠋ᠷ ᠲᠠᠯᠠᠪᠠᠶ ᠪᠥᠬᠥᠶ ᠭᠠᠵᠠᠷ᠎ᠢ ᠮᠠᠯᠲᠠᠬᠤ ᠵᠢᠨ ᠬᠠᠮᠲᠤ ᠴᠡᠪᠡᠷᠯᠡᠵᠤ᠂ 7 ᠵᠤᠤᠬ᠎ᠠ᠎ᠶᠢ ᠴᠡᠪᠡᠷᠯᠡᠵᠤ ᠭᠠᠷᠭᠠᠪᠠ᠃ ᠡᠭᠦᠨ᠎ᠦ ᠳᠣᠲᠣᠷ᠎ᠠ ᠣᠯᠠᠩᠬᠢ ᠵᠤᠤᠬ᠎ᠠ ᠨᠢ ᠮᠡᠷᠡᠭ᠌ᠴᠢ ᠠᠮᠢᠲᠠᠨ᠎ᠳᠤ ᠢᠳᠡᠭᠳᠡᠭᠰᠡᠨ ᠤᠴᠢᠷ ᠡᠴᠡ ᠪᠦᠷᠢᠨ ᠪᠦᠲᠦᠨ ᠪᠢᠰᠢ᠂ ᠵᠥᠪᠬᠡᠨ ᠬᠣᠶᠠᠷ ᠬᠡᠰᠡᠭ ᠵᠤᠤᠬ᠎ᠠ ᠨᠢ ᠬᠠᠷᠢᠴᠠᠩᠭᠤᠶ ᠨᠡᠯᠢᠶᠡᠳ ᠪᠦᠷᠢᠨ ᠪᠦᠲᠦᠨ᠂ ᠵᠤᠤᠬ᠎ᠠ ᠨᠢ ᠭᠤᠤᠯᠳᠠᠭᠤ ᠭᠦᠶᠦᠭᠡᠨ ᠨᠦᠬᠡ ᠮᠠᠯᠲᠠᠨ ᠱᠢᠲᠠᠭᠠᠵᠤ᠂ ᠴᠢᠯᠠᠭᠤ᠎ᠪᠠᠷ ᠦᠷᠦᠭᠰᠡᠨ ᠤᠯᠠ ᠮᠥᠷ ᠬᠠᠷᠠᠬᠠᠨ ᠬᠠᠷᠠᠭ᠍ᠳᠠᠬᠤ ᠥᠬᠡᠶ ᠪᠠᠢᠪᠠ᠃

ᠬᠠᠭᠤᠴᠢ ᠰᠤᠳᠤᠯᠤᠭ᠍ᠴᠢᠳ ᠪᠠᠰᠠ ᠸᠠᠭᠠᠷ᠎ᠤᠨ ᠬᠡᠯᠲᠡᠷᠬᠡᠶ᠂ ᠬᠦᠷᠡᠯ᠎ᠦᠨ ᠬᠡᠯᠲᠡᠷᠬᠡᠶ᠂ ᠴᠢᠮᠡᠭ᠌ᠯᠡᠯ᠎ᠦᠨ ᠡᠳ᠋᠂ ᠶᠠᠰᠤᠨ ᠵᠡᠪᠰᠡᠭ᠂ ᠬᠢᠰᠤᠭᠠᠨ ᠬᠠᠪᠲᠠᠰᠤ᠂ ᠴᠢᠯᠠᠭᠤᠨ ᠡᠳ᠋ᠯᠡᠯ᠂ ᠠᠮᠢᠲᠠᠨ᠎ᠤ᠋ ᠠᠷᠤᠭ ᠶᠠᠰᠤ ᠵᠢᠴᠢ ᠱᠢᠳᠦ ᠵᠡᠷᠭᠡ᠎ᠶ᠋ᠢ ᠬᠠᠢᠨ ᠢᠯᠡᠷᠡᠭᠦᠯᠵᠦ᠍᠂ ᠡᠭᠦᠨ᠎ᠳᠦ ᠴᠢᠯᠠᠭᠤᠨ ᠡᠳ᠋ᠯᠡᠯ ᠪᠠ ᠠᠮᠢᠲᠠᠨ ᠤ᠋ ᠴᠢᠯᠠᠭᠤᠵᠢᠮᠠᠯ ᠬᠠᠮᠤᠭ ᠣᠯᠠᠨ ᠪᠠᠢᠪᠠ᠃ ᠨᠤᠷᠠᠵᠤ ᠶᠡᠭᠦᠷᠡᠨ ᠪᠤᠯᠠᠭᠳᠠᠭᠰᠠᠨ ᠪᠣᠳᠠᠰ᠎ᠤᠨ ᠳᠣᠲᠣᠷ᠎ᠠ᠎ᠠᠴᠠ ᠪᠠᠰᠠ ᠲᠣᠭ᠎ᠠ ᠬᠡᠮᠵᠢᠶ᠎ᠡ᠎ᠪᠡᠷ ᠨᠡᠯᠢᠶᠡᠳ ᠣᠯᠠᠨ ᠴᠢᠯᠠᠭᠤᠨ ᠡᠳ᠋ᠯᠡᠯ᠂ ᠠᠮᠢᠲᠠᠨ᠎ᠤ᠋ ᠴᠢᠯᠠᠭᠤᠵᠢᠮᠠᠯ ᠪᠠ ᠸᠠᠭᠠᠷ᠎ᠤᠨ ᠬᠡᠯᠲᠡᠷᠬᠡᠶ ᠵᠢᠴᠢ ᠨᠡᠯᠢᠶᠡᠳ ᠣᠯᠠᠨ ᠴᠢᠮᠡᠭ᠌ᠯᠡᠯ᠎ᠦᠨ ᠡᠳ᠋᠂ ᠶᠠᠰᠤᠨ ᠪᠠᠭᠠᠵᠢ ᠵᠢᠴᠢ ᠪᠠᠭ᠎ᠠ ᠬᠡᠮᠵᠢᠶᠡᠨ᠎ᠤ᠋ ᠬᠦᠷᠡᠯ᠎ᠦᠨ ᠬᠡᠯᠲᠡᠷᠬᠡᠶ ᠪᠠ ᠬᠢᠰᠤᠭ᠎ᠠ ᠵᠡᠷᠭᠡ᠎ᠶ᠋ᠢ ᠬᠠᠢᠨ ᠢᠯᠡᠷᠡᠭᠦᠯᠦᠭᠰᠡᠨ ᠪᠠᠢᠨ᠎ᠠ᠃

ᠲᠤᠰᠭᠠᠶ ᠮᠡᠷᠭᠡᠵᠢᠯᠲᠡᠨ᠎ᠤ᠋ ᠦᠵᠡᠬᠦ᠌᠎ᠪᠡᠷ᠂ ᠲᠣᠰ ᠤᠳᠠᠭᠠᠨ᠎ᠤ᠋ ᠬᠠᠭᠤᠴᠢ ᠰᠤᠳᠤᠯᠤᠯ᠎ᠤᠨ ᠮᠠᠯᠲᠠᠯᠭ᠎ᠠ ᠡᠴᠡ ᠬᠠᠢᠨ ᠢᠯᠡᠷᠡᠭᠦᠯᠦᠭᠰᠡᠨ ᠴᠢᠯᠠᠭᠤᠨ ᠵᠡᠪᠰᠡᠭ ᠪᠠ ᠠᠮᠢᠲᠠᠨ᠎ᠤ ᠴᠢᠯᠠᠭᠤᠵᠢᠮᠠᠯ ᠨᠢ ᠬᠥᠮᠦᠨ ᠲᠥᠷᠥᠯᠬᠢᠲᠡᠨ᠎ᠤ᠋ ᠦᠶ᠋ᠯᠡ ᠠᠵᠢᠯᠯᠠᠭ᠎ᠠ᠎ᠶ᠋ᠢ ᠰᠤᠳᠤᠯᠬᠤ᠎ᠳᠤ ᠴᠠᠭ ᠦᠶᠡᠴᠢ ᠴᠢᠨᠠᠷᠲᠠᠶ ᠬᠤᠪᠢᠰᠤᠯᠲᠠ ᠭᠠᠷᠭᠠᠬᠤ ᠵᠢᠨ ᠬᠠᠮᠲᠤ ᠣᠷᠴᠢᠨ ᠲᠣᠭᠣᠷᠢᠨ᠎ᠤ᠋ ᠬᠤᠪᠢᠷᠠᠯᠲᠠ᠎ᠯᠤᠭ᠎ᠠ᠎ᠶ᠋ᠢᠨ ᠦᠶ᠋ᠯᠡᠳᠦᠯᠴᠡᠬᠦ᠌ ᠬᠠᠷᠢᠴᠠᠭ᠎ᠠ ᠵᠡᠷᠭᠡ᠎ᠳᠦ ᠮᠠᠲ᠋ᠧᠷᠢᠶᠠᠯ ᠬᠠᠩᠭᠠᠬᠤ ᠪᠣᠯᠤᠨ᠎ᠠ᠃ ᠪᠠᠭᠤᠷᠢ᠎ᠠᠴᠠ ᠣᠯᠳᠠᠭ᠍ᠰᠠᠨ ᠴᠦᠬᠡᠨ ᠬᠡᠮᠵᠢᠶᠡᠨ ᠤ᠋ ᠬᠢᠰᠤᠭ᠎ᠠ᠂ ᠴᠢᠮᠡᠭ᠌ᠯᠡᠯ᠎ᠦᠨ ᠡᠳ᠋ ᠪᠠ ᠬᠠᠷᠠᠪᠲᠤᠷ ᠰᠢᠯ ᠴᠢᠯᠠᠭᠤᠯᠢᠭ᠎ᠤᠨ ᠪᠦᠲᠦᠭᠡᠭ᠌ᠳᠡᠬᠦᠨ ᠨᠢ ᠪᠠᠯᠠᠷ ᠡᠷᠲᠡᠨ᠎ᠤ᠋ ᠦᠶ᠎ᠡ᠎ᠶ᠋ᠢᠨ ᠬᠥᠮᠦᠨ ᠲᠥᠷᠥᠯᠬᠢᠲᠡᠨ᠎ᠦ ᠨᠡᠢᠭᠡᠮ᠎ᠦᠨ ᠰᠣᠯᠢᠯᠴᠠᠭᠠᠨ᠎ᠤ᠋ ᠰᠦᠯᠵᠢᠶ᠎ᠡ᠂ ᠬᠠᠮᠲᠤ ᠤᠯᠠᠨ᠎ᠤ᠋ ᠬᠠᠷᠢᠴᠠᠭ᠎ᠠ ᠵᠡᠷᠭᠡ᠎ᠶ᠋ᠢ ᠰᠤᠳᠤᠯᠬᠤ᠎ᠳᠤ ᠪᠠᠶᠠᠯᠢᠭ ᠮᠠᠲ᠋ᠧᠷᠢᠶᠠᠯ ᠬᠠᠩᠭᠠᠵᠤ ᠪᠣᠯᠤᠨ᠎ᠠ᠃

ᠵᠢᠩᠰᠡᠳᠤ ᠵᠢᠨ ᠪᠠᠭᠤᠷᠢ᠎ᠶ᠋ᠢᠨ ᠪᠠᠢᠭ᠎ᠠ ᠭᠠᠵᠠᠷ ᠣᠷᠣᠨ ᠪᠣᠯ ᠧᠦ᠋ᠷᠣᠫᠠ ᠠᠽᠢᠶ᠎ᠠ᠎ᠶ᠋ᠢᠨ ᠡᠬᠡ ᠬᠠᠭᠤᠷᠠᠶ᠎ᠶ᠋ᠢᠨ ᠵᠡᠭᠦᠨ ᠬᠡᠰᠡᠭ᠎ᠦᠨ ᠵᠡᠭᠦᠨ ᠪᠠᠷᠠᠭᠤᠨ ᠯᠤᠭ᠎ᠠ ᠨᠡᠪᠲᠡᠷᠡᠯᠴᠡᠬᠦ᠌᠂ ᠡᠮᠦᠨᠡᠲᠦ ᠤᠮᠠᠷᠠᠲᠤ᠎ᠶ᠋ᠢᠨ ᠴᠢᠬᠤᠯᠠ ᠨᠢᠭᠡ ᠥᠷᠲᠡᠭᠡ ᠪᠠᠢᠵᠤ᠂ ᠪᠠᠯᠠᠷ ᠡᠷᠲᠡᠨ᠎ᠤ᠋ ᠳᠣᠷᠣᠨᠠᠳᠠᠬᠢᠨ ᠥᠷᠥᠨᠡᠳᠠᠬᠢᠨ᠎ᠤ᠋ ᠰᠣᠶᠣᠯ᠎ᠤᠨ ᠰᠣᠯᠢᠯᠴᠠᠭ᠎ᠠ ᠵᠢᠴᠢ ᠳᠤᠮᠳᠠᠳᠤ ᠤᠯᠤᠰ᠎ᠤᠨ ᠤᠮᠠᠷᠠᠲᠤ ᠣᠷᠣᠨ ᠪᠠ ᠮᠣᠩᠭᠣᠯ ᠤᠯᠤᠰ᠂ ᠣᠷᠣᠰ᠎ᠤᠨ ᠰᠢᠪᠸᠷᠢᠶ᠎ᠠ ᠣᠷᠣᠨ᠎ᠤ᠋ ᠰᠣᠶᠣᠯ᠎ᠤᠨ ᠬᠠᠷᠢᠯᠴᠠᠨ ᠦᠶ᠋ᠯᠡᠳᠦᠯᠴᠡᠬᠦ᠌᠎ᠶ᠋ᠢ ᠰᠤᠳᠤᠯᠬᠤ ᠵᠠᠩᠭᠢᠯᠠᠭ᠎ᠠ᠎ᠶ᠋ᠢᠨ ᠭᠠᠵᠠᠷ ᠣᠷᠣᠨ ᠪᠣᠯᠤᠨ᠎ᠠ ᠬᠡᠮᠡᠨ ᠥᠪᠥᠷ ᠮᠣᠩᠭᠣᠯ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯ ᠬᠠᠭᠤᠴᠢ ᠰᠤᠳᠤᠯᠤᠯ᠎ᠤᠨ ᠬᠦᠷᠢᠶᠡᠯᠡᠩ᠎ᠦᠨ ᠳᠠᠷᠤᠭ᠎ᠠ ᠵᠠᠩ ᠸᠸᠨ ᠫᠢᠩ᠎ᠦᠵᠡᠵᠤ ᠪᠤᠢ᠃ ᠲᠡᠷᠡ ᠪᠠᠰᠠ ᠡᠨᠡ ᠤᠳᠠᠭ᠎ᠠ ᠵᠢᠩᠰᠡᠳᠤ ᠪᠠᠭᠤᠷᠢ᠎ᠶ᠋ᠢ ᠮᠠᠯᠲᠠᠨ ᠢᠯᠡᠷᠡᠭᠦᠯᠦᠭᠰᠡᠨ ᠨᠢ ᠲᠤᠰ ᠪᠠᠭᠤᠷᠢ ᠵᠢᠨ ᠡᠷᠳᠡᠮ ᠱᠢᠨᠵᠢᠯᠡᠭᠡᠨ᠎ᠤ᠋ ᠴᠢᠬᠤᠯᠠ ᠦᠨ᠎ᠡ ᠴᠡᠨ᠎ᠡ ᠪᠣᠯᠤᠨ ᠨᠥᠭᠡᠴᠡ ᠬᠦᠴᠦᠨ᠎ᠢ ᠬᠠᠷᠠᠭᠤᠯᠵᠤ ᠪᠤᠢ ᠪᠦᠭᠡᠳ ᠳᠤᠷᠤᠨᠠᠳᠠᠬᠢᠨ ᠦᠷᠦᠨᠡᠳᠡᠬᠢᠨ ᠤ᠋ ᠡᠷᠲᠡᠨ᠎ᠤ᠋ ᠬᠥᠮᠦᠨ ᠲᠥᠷᠥᠯᠬᠢᠲᠡᠨ᠎ᠤ᠋ ᠨᠡᠭᠦᠳᠡᠯ᠂ ᠮᠡᠷᠭᠡᠵᠢᠯ᠎ᠤᠨ ᠲᠠᠷᠬᠠᠯᠲᠠ ᠪᠣᠯᠤᠨ ᠰᠣᠶᠣᠯ᠎ᠤᠨ ᠰᠣᠯᠢᠯᠴᠠᠭ᠎ᠠ ᠵᠡᠷᠭᠡ᠎ᠳᠦ ᠬᠠᠭᠤᠴᠢ ᠰᠤᠳᠤᠯᠤᠯ᠎ᠤᠨ ᠨᠤᠲᠠᠯᠠᠯ ᠬᠠᠩᠭᠠᠭ᠍ᠰᠠᠨ ᠪᠠᠢᠨ᠎ᠠ ᠭᠡᠪᠡ᠃


QQ图片20211110090327.png


ᠵᠢᠩᠰᠡᠳᠦ ᠠᠭᠤᠢ ᠵᠢᠨ ᠬᠠᠭᠤᠴᠢ  ᠮᠠᠯᠳᠡᠯᠭ᠎ᠠ ᠵᠢᠨ ᠠᠬᠤᠢ ᠲᠠᠯᠠᠪᠠᠢ(ᠰᠦᠯᠵᠢᠶ᠎ᠡ  ᠡᠴᠡ ᠠᠪᠤᠪᠠ)


ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号