ᠬᠦᠳᠡᠬᠡ ᠲᠤᠰᠬᠤᠨ ᠎ᠢ ᠬᠦᠭᠵᠢᠬᠦᠯᠦᠨ ᠮᠠᠨᠳᠤᠭᠤᠯᠬᠤ ᠠᠶᠠᠨ ᠳ᠋ᠤ ᠁
2021-11-10 09:26:39
ᠵᠣᠬᠢᠶᠠᠭ᠍ᠴᠢ᠄
ᠰᠡᠴᠡᠨᠪᠠᠲᠦ
ᠣᠩᠱᠢᠭ᠍ᠰᠠᠨ ᠣᠳᠠᠭ᠎ᠠ᠄
★★★☆☆

ᠶᠡᠷᠥᠩᠬᠡᠢ ᠱᠦᠵᠢ᠎ᠰᠢ᠎ᠶ᠋ᠢᠨ ᠫᠢᠩ ᠪᠦᠬᠦ᠌ ᠤᠯᠤᠰ᠎ᠤᠨ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠱᠢᠪᠳᠤᠯᠬᠤ ᠠᠵᠢᠯ᠎ᠢ ᠳ᠋ᠦᠩᠨᠡᠵᠦ᠍ ᠬᠦᠬᠢᠭᠦᠯᠦᠨ ᠰᠠᠢᠱᠢᠶᠠᠬᠤ ᠶᠡᠭᠡ ᠬᠤᠷᠠᠯ ᠲᠡᠭᠡᠷ᠎ᠡ ᠴᠢᠬᠤᠯᠠ ᠶᠠᠷᠢᠶ᠎ᠠ ᠲᠠᠯᠪᠢᠬᠤ᠎ᠳᠠᠭᠠᠨ᠄ 《ᠶᠠᠳᠠᠭᠤ᠎ᠡᠴᠡ ᠠᠩᠬᠢᠵᠢᠷᠠᠭᠰᠠᠨ ᠨᠢ ᠲᠡᠭᠦᠰᠭᠡᠯ᠎ᠤᠨ ᠴᠡᠭ ᠪᠢᠰᠢ᠂ ᠬᠠᠷᠢᠨ ᠱᠢᠨ᠎ᠡ ᠠᠮᠢᠳᠤᠷᠠᠯ᠂ ᠱᠢᠨ᠎ᠡ ᠲᠡᠮᠡᠴᠡᠯ᠎ᠤᠨ ᠡᠬᠢᠯᠡᠯᠲᠡ᠎ᠶᠢᠨ ᠴᠡᠭ ᠮᠦᠨ ᠁ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠱᠢᠪᠳᠤᠯᠬᠤ ᠲᠠᠢᠯᠠᠯᠳᠤᠭᠠᠨ᠎ᠤ ᠠᠮᠵᠢᠯᠳᠠ ᠪᠦᠳᠦᠮᠵᠢ ᠵᠢ ᠪᠠᠬᠢᠵᠢᠭᠦᠯᠦᠨ ᠦᠷᠭᠡᠳᠭᠡᠬᠦ ᠵᠢ ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠠᠢ ᠵᠤᠯᠭᠠᠭᠤᠯᠬᠤ ᠡᠯ᠎ᠡ ᠵᠦᠢᠯ᠎ᠤᠨ ᠠᠵᠢᠯ᠎ᠢ ᠦᠨᠡᠨ ᠬᠦ᠌ ᠰᠠᠢᠳᠤᠷ ᠬᠢᠵᠦ᠍᠂ ᠶᠠᠳᠠᠭᠤ ᠡᠴᠡ ᠠᠩᠭᠢᠵᠢᠷᠠᠭᠤᠯᠤᠭ᠍ᠰᠠᠨ ᠰᠠᠭᠤᠷᠢ ᠵᠢ ᠨᠡᠩ ᠪᠠᠬᠢᠵᠢᠭᠦᠯᠵᠦ᠍᠂ ᠦᠷ᠎ᠡ ᠪᠦᠲᠦᠮᠵᠢ᠎ᠶ᠋ᠢ ᠨᠡᠩ ᠳᠠᠭᠠᠭᠠᠮᠠᠭᠠᠢ ᠪᠤᠯᠭᠠᠬᠤ ᠬᠡᠷᠡᠭ᠌ᠲᠠᠢ》 ᠭᠡᠵᠦ᠍ ᠴᠢᠬᠤᠯᠠᠴᠢᠯᠠᠵᠠᠢ᠃

ᠮᠠᠨ᠎ᠤ ᠤᠷᠤᠨ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠱᠢᠪᠳᠤᠯᠬᠤ ᠲᠠᠢᠯᠠᠯᠳᠤᠭᠠᠨ᠎ᠢ ᠨᠠᠷᠢᠨ ᠨᠢᠮᠪᠠᠢ ᠪᠠᠢᠷᠢᠯᠠᠭᠤᠯᠵᠤ᠂ ᠯᠠᠪᠳᠠᠭᠤᠨ ᠪᠠᠳᠤᠲᠠᠢ ᠠᠳᠭᠤᠵᠤ ᠴᠢᠩᠭ᠎ᠠ ᠬᠦᠴᠦᠳᠠᠢ ᠠᠬᠢᠭᠤᠯᠤᠭᠰᠠᠨ ᠡᠴᠡ ᠲᠡᠥᠬᠡᠳᠤ ᠡᠭᠦᠷᠭᠡ ᠪᠠᠨ ᠴᠠᠭ ᠲᠤᠬᠠᠢ᠎ᠳᠤᠨᠢ ᠪᠡᠶᠡᠯᠡᠭᠦᠯᠵᠦ᠍ ᠦᠨᠡᠨ ᠪᠤᠳᠠᠳᠠᠢ ᠦᠷ᠎ᠡ ᠪᠦᠲᠦᠮᠵᠢ ᠤᠯᠤᠭ᠍ᠰᠠᠨ ᠪᠠᠢᠨ᠎ᠠ᠃ ᠪᠦᠬᠦ᠌ ᠤᠷᠤᠨ᠎ᠤ 80.2 ᠲᠦᠮᠡᠨ ᠬᠦᠮᠦᠨ ᠶᠠᠳᠠᠭᠤ ᠡᠴᠡ ᠠᠩᠬᠢᠵᠢᠷᠠᠵᠤ᠂ 3681 ᠶᠠᠳᠠᠭᠤ ᠬᠦᠴᠢᠷᠳᠡᠯᠲᠡᠢ ᠭᠠᠴᠠᠭ᠎ᠠ ᠲᠤᠰᠭᠤᠨ ᠪᠤᠯᠤᠨ ᠤᠯᠤᠰ ᠪᠠ ᠦᠪᠡᠷᠳᠡᠬᠡᠨ ᠵᠠᠰᠠᠬᠤ ᠤᠷᠤᠨ᠎ᠤ ᠲᠡᠰ᠎ᠤᠨ 57 ᠶᠠᠳᠠᠭᠤ ᠬᠦᠴᠢᠷᠳᠡᠯᠲᠡᠢ ᠬᠤᠱᠢᠭᠤ ᠱᠢᠶᠠᠨ ᠪᠦᠬᠦᠨ ᠵᠢᠡᠷ ᠵᠢᠡᠨ ᠶᠠᠳᠠᠭᠤ ᠡᠴᠡ ᠠᠩᠬᠢᠵᠢᠷᠠᠵᠤ᠂ ᠲᠠᠩᠰᠠᠯᠠᠵᠤ ᠺᠠᠷᠲ᠋ᠯᠠᠭᠰᠠᠨ ᠶᠠᠳᠠᠭᠤ ᠬᠦᠴᠢᠷᠳᠡᠯᠲᠠᠢ ᠬᠦᠮᠦᠰ᠎ᠤᠨ ᠲᠤᠮᠳᠠᠴᠢ ᠤᠷᠤᠯᠭ᠎ᠠ 2015 ᠤᠨ᠎ᠤ 3019 ᠲᠦᠭᠦᠷᠢᠭ ᠪᠠᠢᠭᠰᠠᠨ ᠡᠴᠡ ᠪᠠᠨ 2020 ᠤᠨ᠎ᠤ 13159 ᠲᠦᠭᠦᠷᠢᠭ ᠪᠤᠯᠵᠤ ᠨᠡᠮᠡᠭᠳᠡᠪᠠ᠃ ᠮᠠᠯᠵᠢᠬᠤ ᠲᠠᠷᠢᠶᠠᠯᠠᠬᠤ ᠤᠷᠤᠨ᠎ᠤ ᠤᠷᠤᠨ ᠰᠠᠭᠤᠴᠠ᠂ ᠵᠠᠮ ᠬᠠᠷᠢᠯᠴᠠᠭ᠎ᠠ᠂ ᠴᠠᠬᠢᠯᠭᠠᠨ ᠬᠦᠴᠦ᠍᠂ ᠲᠤᠤᠷ ᠰᠦᠯᠵᠢᠶ᠎ᠡ᠂ ᠰᠤᠶᠤᠯ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ᠎ᠤᠨ ᠦᠢᠯᠡᠰ ᠴᠦᠮ ᠱᠢᠨᠡᠳᠦᠨ ᠲᠠᠬᠡᠭᠰᠢᠯᠡᠵᠤ᠂ ᠮᠠᠯᠴᠢᠨ ᠲᠠᠷᠢᠶᠠᠴᠢᠨ᠎ᠤ ᠦᠢᠯᠡᠳᠪᠦᠷᠢᠯᠡᠯ᠎ᠤᠨ ᠨᠦᠬᠦᠴᠡᠯ ᠤᠷᠢᠳᠤ ᠭᠠᠷᠤᠭ᠎ᠠ ᠦᠬᠡᠢ ᠰᠠᠢᠵᠢᠷᠠᠨ ᠠᠮᠢᠳᠤᠷᠠᠯ ᠪᠠᠶᠠᠵᠢᠨ ᠴᠢᠨᠡᠭᠡᠯᠢᠭ᠌ᠵᠢᠭᠰᠡᠨ ᠪᠠᠢᠨ᠎ᠠ᠃

ᠤᠷᠤᠨ ᠲᠠᠶᠠᠭᠠᠷ᠎ᠤᠨ ᠤᠶᠤᠨ ᠬᠦᠴᠦ ᠪᠠᠨ ᠲᠦᠪᠯᠡᠷᠡᠭᠦᠯᠵᠤ ᠦᠷᠨᠢᠭᠦᠯᠦᠭ᠌ᠰᠡᠨ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠱᠢᠪᠳᠤᠯᠬᠤ ᠲᠠᠢᠯᠠᠯᠳᠤᠭᠠᠨ ᠦᠨᠳᠦᠷ ᠠᠮᠵᠢᠯᠲᠠ ᠲᠠᠢ ᠪᠠᠷ ᠲᠡᠥᠬᠡᠨ ᠬᠠᠭᠤᠳᠠᠰᠤᠨ᠎ᠠ ᠲᠡᠮᠳᠡᠭ᠌ᠯᠡᠭ᠌ᠳᠡᠯ᠎ᠡ᠃ ᠭᠡᠪᠡᠴᠦ᠍ ᠮᠠᠨ᠎ᠤ ᠤᠷᠤᠨ᠎ᠤ ᠮᠠᠯᠵᠢᠬᠤ ᠤᠷᠤᠨ᠎ᠤ ᠠᠵᠤ ᠠᠬᠤᠢ ᠵᠢᠨ ᠬᠥᠭ᠌ᠵᠢᠯᠲᠡ ᠶ᠋ᠢᠨ ᠰᠠᠭᠤᠷᠢ ᠨᠢᠮᠭᠡᠨ᠂ ᠮᠠᠯ ᠠᠵᠤ ᠠᠬᠤᠢ ᠲᠠᠷᠢᠶᠠᠯᠠᠩ᠎ᠤᠨ ᠠᠵᠤ ᠦᠢᠯᠡᠰᠵᠢᠯᠳᠠ ᠵᠢᠨ ᠲᠦᠪᠱᠢᠨ ᠲᠤᠤᠷ᠎ᠠ᠂ ᠮᠠᠯᠴᠢᠨ ᠲᠠᠷᠢᠶᠠᠴᠢᠨ᠎ᠤ ᠤᠷᠤᠯᠭ᠎ᠠ ᠲᠣᠭ᠍ᠲᠠᠪᠣᠷᠢ ᠦᠭᠡᠢ ᠪᠠᠢᠭ᠎ᠠ ᠪᠠᠢᠳᠠᠯ᠎ᠢ ᠦᠨᠳᠤᠰᠤᠨ ᠡᠴᠡ ᠨᠢ ᠬᠤᠪᠢᠷᠠᠭᠤᠯᠵᠤ ᠲᠡᠢᠯᠦᠬᠡᠳᠤᠢ ᠪᠠᠢᠭᠰᠠᠭᠠᠷ᠃ ᠡᠢᠮᠤ ᠪᠤᠯᠬᠤᠷ ᠰᠢᠨ᠎ᠡ ᠠᠮᠢᠳᠤᠷᠠᠯ ᠰᠢᠨ᠎ᠡ ᠲᠠᠮᠡᠴᠡᠯ᠎ᠢ ᠡᠬᠢᠯᠡᠬᠦᠯᠬᠦ ᠳ᠋ᠡᠬᠡᠨ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠱᠢᠪᠳᠤᠯᠬᠤ ᠲᠠᠢᠯᠠᠯᠳᠤᠭᠠᠨ᠎ᠤ ᠠᠮᠵᠢᠯᠳᠠ ᠪᠦᠳᠦᠮᠵᠢ ᠵᠢ ᠪᠠᠬᠢᠵᠢᠬᠦᠯᠦᠨ ᠦᠷᠭᠡᠳᠭᠡᠬᠦ᠌ ᠵᠢ ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠠᠢ ᠵᠤᠯᠭᠠᠭᠤᠯᠬᠤ ᠵᠢ ᠲᠤᠯᠭᠠᠮ ᠱᠠᠭᠠᠷᠳᠠᠵᠤ ᠪᠤᠢ᠃

ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠱᠢᠪᠳᠤᠯᠬᠤ ᠲᠠᠢᠯᠠᠯᠳᠤᠭᠠᠨ᠎ᠤ ᠢᠯᠠᠯᠲᠠ ᠵᠢ ᠤᠯᠵᠤ᠂ ᠬᠦᠳᠡᠬᠡ ᠲᠤᠰᠬᠤᠨ᠎ᠢ ᠬᠦᠭᠵᠢᠬᠦᠯᠦᠨ ᠮᠠᠨᠳᠤᠭᠤᠯᠬᠤ ᠵᠢ ᠪᠦᠬᠦ ᠲᠠᠯ᠎ᠠ ᠪᠡᠷ ᠠᠬᠢᠭᠤᠯᠵᠤ ᠡᠬᠢᠯᠡᠪᠡ᠂ ᠡᠨᠡ ᠪᠤᠯ ᠮᠠᠨ᠎ᠤ ᠤᠷᠤᠨ᠎ᠤ《ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ》᠎ᠤ᠋ ᠠᠵᠢᠯ᠎ᠤᠨ ᠭᠤᠤᠯᠳᠠᠯᠭ᠎ᠠ ᠵᠢᠨ ᠲᠡᠥᠬᠡᠳᠤ ᠴᠢᠨᠠᠷᠲᠠᠢ ᠱᠢᠯᠵᠢᠯᠲᠡ ᠮᠦᠨ᠃ ᠤᠯᠠᠨ᠎ᠤ ᠮᠡᠳᠡᠬᠡᠵᠢ ᠪᠡᠷ᠂ ᠬᠦᠳᠡᠬᠡ ᠲᠤᠰᠬᠤᠨ᠎ᠢ ᠬᠦᠭᠵᠢᠬᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ ᠵᠢ ᠪᠦᠬᠦ ᠲᠠᠯ᠎ᠠ ᠪᠡᠷ ᠬᠡᠷᠡᠭᠵᠢᠬᠦᠯᠬᠦ ᠵᠢᠨ ᠬᠦᠨᠴᠡ᠂ ᠦᠷᠬᠡᠴᠡ ᠪᠠ ᠬᠦᠴᠢᠷᠳᠡᠯ ᠨᠢ ᠴᠦᠮ ᠶᠠᠳᠠᠭᠤ ᠡᠴᠡ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠢᠯᠠᠯᠳᠤᠭᠠᠨ ᠡᠴᠡ ᠲᠤᠳᠠᠭᠤ ᠦᠬᠡᠢ ᠶᠤᠮ᠃ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠱᠢᠪᠳᠤᠯᠬᠤ ᠲᠠᠢᠯᠠᠯᠳᠤᠭᠠᠨ᠎ᠤ ᠠᠮᠵᠢᠯᠳᠠ ᠪᠦᠳᠦᠮᠵᠢ ᠵᠢ ᠪᠠᠬᠢᠵᠢᠬᠦᠯᠦᠨ ᠦᠷᠭᠡᠳᠭᠡᠬᠦ᠌ ᠪᠤᠯ ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ ᠵᠢ ᠠᠬᠢᠭᠤᠯᠬᠤ ᠵᠢᠨ ᠪᠠᠳᠤ ᠰᠠᠭᠤᠷᠢ ᠪᠠ ᠤᠷᠢᠳᠠᠴᠢ ᠨᠦᠬᠦᠴᠡᠯ ᠪᠤᠯᠤᠨ᠎ᠠ᠃《ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ》᠎ᠤ᠋ ᠠᠵᠢᠯ᠎ᠤᠨ ᠭᠤᠤᠯᠳᠠᠯᠭ᠎ᠠ ᠵᠢᠨ ᠲᠠᠤᠬᠡᠳᠤ ᠴᠢᠨᠠᠡᠷᠳᠠᠢ ᠰᠢᠯᠵᠢᠯᠳᠠ ᠵᠢᠨ ᠡᠨᠡ ᠬᠦ᠌ ᠵᠠᠩᠬᠢᠯᠠᠭ᠎ᠠ ᠵᠢᠨ ᠦᠶ᠎ᠡ ᠳ᠋ᠤ ᠲᠤᠤᠷᠠᠬᠢ ᠬᠡᠳᠤᠨ ᠲᠠᠯ᠎ᠠ ᠵᠢ ᠵᠦᠪ ᠤᠨᠤᠪᠴᠢᠳᠠᠢ᠂ ᠪᠦᠷᠢᠨ ᠲᠤᠢᠯᠪᠤᠷᠢᠳᠠᠢ᠂ ᠴᠠᠭ᠎ᠢ ᠠᠮᠵᠢᠨ ᠰᠢᠢᠳᠪᠤᠷᠢᠯᠡᠴᠢᠬᠡᠪᠡᠯ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠱᠢᠪᠳᠤᠯᠤᠯᠳᠠ ᠵᠢᠨ ᠠᠮᠵᠢᠯᠳᠠ ᠪᠦᠳᠦᠮᠵᠢ ᠨᠡᠩ ᠲᠠᠭᠠᠭᠠᠮᠠᠭᠠᠢ ᠪᠤᠯᠵᠤ᠂ ᠬᠦᠳᠡᠬᠡ ᠲᠤᠰᠬᠤᠨ᠎ᠢ ᠬᠦᠭᠵᠢᠬᠦᠯᠤᠨ ᠮᠠᠨᠳᠤᠭᠤᠯᠬᠤ ᠠᠶᠠᠨ ᠨᠡᠩ ᠰᠢᠯᠤᠭᠤᠨ ᠪᠤᠯᠬᠤ ᠨᠢ ᠯᠠᠪᠳᠠᠢ᠃

ᠨᠢᠭᠡ᠂ ᠮᠠᠯᠵᠢᠬᠤ ᠲᠠᠷᠢᠶᠠᠯᠠᠬᠤ ᠣᠷᠣᠨ᠎ᠤ ᠬᠢᠯᠪᠠᠷᠬᠠᠨ ᠲᠠᠬᠢᠨ ᠶᠠᠳᠠᠭᠤᠷᠠᠵᠤ ᠮᠡᠳᠡᠬᠦ ᠬᠦᠮᠦᠨ ᠠᠮᠠ ᠵᠢ ᠪᠠᠢᠴᠠᠭᠠᠨ ᠲᠤᠳᠤᠯᠠᠬᠤ ᠴᠢᠬᠤᠯᠠᠳᠠᠢ᠃ ᠰᠠᠶᠢᠬᠠᠨ ᠶᠠᠳᠠᠭᠤ ᠡᠴᠡ ᠠᠩᠭᠢᠵᠢᠷᠠᠭ᠍ᠰᠠᠨ ᠬᠦᠮᠦᠨ ᠠᠮᠠ᠂ ᠵᠥᠪᠬᠡᠨ ᠨᠡᠢᠭᠡᠮ᠎ᠤᠨ ᠪᠠᠲᠤᠯᠠᠭ᠎ᠠ᠎ᠳᠤ ᠲᠥᠱᠢᠭ᠌ᠯᠡᠵᠦ᠍ ᠪᠠᠢᠭ᠎ᠠ ᠦᠳᠡᠭᠦᠰ ᠪᠣᠶᠣ ᠥᠨᠥᠴᠢᠨ ᠥᠷᠥᠭᠡᠰᠦᠨ ᠬᠦᠮᠦᠨ᠂ ᠲᠤᠭ᠍ᠲᠠᠪᠤᠷᠢᠲᠠᠢ ᠤᠷᠤᠯᠭ᠎ᠠ ᠪᠡᠷ ᠮᠡᠬᠦᠰ᠂ ᠭᠤᠣᠯ ᠬᠦᠳᠡᠯᠮᠦᠷᠢ ᠬᠦᠴᠦ᠍ ᠪᠠᠨ ᠠᠯᠳᠠᠭ᠍ᠰᠠᠨ᠂ ᠬᠦᠨᠳᠦ ᠡᠪᠡᠳᠴᠢᠨ ᠲᠠᠬᠤᠯ᠎ᠳᠤ ᠨᠡᠷᠪᠡᠭ᠌ᠳᠡᠭ᠌ᠰᠡᠨ᠂ ᠭᠡᠨᠡᠥᠲᠡ᠎ᠶ᠋ᠢᠨ ᠠᠳᠡᠯ ᠭᠠᠮᠱᠢᠭ ᠵᠣᠪᠠᠯᠠᠩ ᠲᠣᠯᠭᠠᠷᠠᠵᠤ ᠠᠮᠢᠳᠤᠷᠠᠯ ᠲᠦᠪᠡᠭ᠌ᠳᠡᠭ᠌ᠰᠡᠨ ᠬᠦᠮᠦᠰ᠎ᠢ ᠤᠨᠴᠠ ᠠᠩᠬᠠᠷᠴᠤ᠌᠂ ᠲᠤᠰᠭᠠᠢ ᠺᠠᠳ᠋ᠷ ᠠᠵᠢᠯᠲᠠᠨ᠎ᠤ ᠳᠠᠭᠠᠭᠠᠴᠢᠯᠠᠬᠤ ᠲᠥᠷᠢᠮ᠎ᠢ ᠲᠤᠭ᠍ᠳᠠᠭᠠᠨ᠂ ᠥᠷᠭᠦᠯᠵᠢ᠎ᠳᠡᠭᠡᠨ ᠬᠠᠷᠢᠴᠠᠭ᠎ᠠ ᠬᠤᠯᠪᠤᠭ᠎ᠠ ᠪᠠᠷᠢᠵᠣ᠂ ᠡᠳᠡᠭᠡᠷ ᠬᠦᠮᠦᠰ᠎ᠤᠨ《ᠢᠳᠡᠵᠦ᠍ ᠡᠮᠦᠰᠭᠦ᠂ ᠤᠤᠭᠤᠬᠤ ᠤᠰᠤ᠂ ᠡᠪᠡᠳᠴᠢᠨ ᠵᠠᠰᠠᠬᠤ᠂ ᠰᠠᠭᠤᠬᠤ ᠭᠡᠷ᠂ ᠲᠦᠯᠡᠭᠡ ᠲᠦᠯᠡᠰᠢ》ᠵᠡᠷᠭᠡ ᠲᠠᠯ᠎ᠠ ᠵᠢᠨ ᠪᠤᠳᠠᠳᠤ ᠪᠠᠢᠳᠠᠯ᠎ᠢ ᠴᠠᠭ ᠲᠤᠬᠠᠢ᠎ᠳᠤᠨᠢ ᠪᠠᠢᠴᠠᠭᠠᠨ ᠲᠤᠳᠤᠯᠠᠵᠤ᠂ ᠡᠷᠳᠡ ᠪᠠᠢᠴᠠᠭᠠᠵᠤ᠂ ᠡᠷᠲᠡ ᠢᠯᠡᠷᠡᠭᠦᠯᠵᠦ᠍᠂ ᠡᠷᠳᠡ ᠬᠠᠮᠢᠶᠠᠷᠴᠤ᠌᠂ ᠡᠷᠳᠡ ᠲᠡᠳᠬᠦᠵᠦ᠍᠂ ᠦᠷᠭᠡᠨ ᠬᠡᠪᠴᠢᠶ᠎ᠡ ᠪᠠᠷ ᠲᠠᠬᠢᠨ ᠶᠠᠳᠠᠭᠤᠷᠠᠬᠤ᠎ᠶ᠋ᠢ ᠡᠷᠡᠰ ᠬᠤᠷᠢᠭ᠍ᠯᠠᠬᠤ ᠴᠢᠬᠤᠯᠠᠳᠠᠢ᠃

ᠬᠤᠶᠠᠷ᠂ ᠲᠦᠷᠦ ᠵᠢᠨ ᠪᠤᠳᠤᠯᠭ᠎ᠠ ᠵᠢ ᠪᠦᠳᠤᠮᠵᠢᠳᠠᠢ ᠵᠤᠯᠭᠠᠭᠤᠯᠬᠤ ᠴᠢᠬᠤᠯᠠᠳᠠᠢ᠃ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠱᠢᠪᠲᠣᠯᠤᠯᠳᠠ ᠵᠢᠨ ᠲᠦᠷᠦ᠍᠎ᠶ᠋ᠢᠨ ᠪᠤᠳᠤᠯᠭ᠎ᠠ ᠵᠢ ᠶᠠᠳᠠᠭᠤ ᠬᠦᠴᠢᠷᠳᠡᠯᠲᠡᠢ  ᠭᠠᠴᠠᠭ᠎ᠠ ᠲᠤᠰᠭᠤᠨ ᠪᠤᠶᠤ ᠡᠷᠦᠭᠡ ᠠᠮᠠ᠎ᠳᠤ ᠴᠢᠭ᠌ᠯᠡᠭᠦᠯᠦᠭ᠌ᠰᠡᠨ ᠪᠤᠯ ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ ᠵᠢ ᠬᠠᠷᠢᠨ ᠪᠦᠬᠦᠢᠯᠡ ᠬᠦᠳᠡᠭᠡ ᠲᠤᠰᠭᠤᠨ ᠪᠤᠶᠤ ᠮᠠᠯᠴᠢᠨ ᠲᠠᠷᠢᠶᠠᠴᠢᠨ ᠳ᠋ᠤ ᠬᠠᠨᠳᠤᠭᠤᠯᠤᠭ᠍ᠰᠠᠨ ᠶᠤᠮ᠃ ᠡᠢᠮᠤ ᠡᠴᠡ ᠲᠦᠷᠦ ᠵᠢᠨ ᠪᠤᠳᠤᠯᠭ᠎ᠠ ᠵᠢᠨ ᠨᠡᠢᠳᠡᠴᠢ ᠴᠢᠨᠠᠷ ᠪᠠ ᠵᠦᠷᠢᠶᠡᠳᠤ ᠴᠢᠨᠠᠷ᠎ᠢ ᠤᠶᠠᠯᠳᠤᠭᠤᠯᠬᠤ ᠴᠢᠬᠤᠯᠠᠳᠠᠢ᠃ ᠪᠠᠭᠤᠷᠠᠢᠴᠤᠤᠯ᠎ᠢ ᠬᠦᠨᠳᠦᠳᠭᠡᠨ ᠠᠰᠠᠷᠠᠬᠤ ᠪᠤᠯ ᠪᠤᠯᠪᠠᠰᠤᠨ ᠡᠶ᠎ᠡ ᠵᠤᠬᠢᠴᠠᠩᠭᠤᠢ ᠨᠡᠢᠭᠡᠮ᠎ᠤᠨ ᠦᠨᠳᠦᠰᠦᠨ ᠱᠠᠭᠠᠷᠳᠠᠯᠭ᠎ᠠ ᠮᠦᠨ᠃ ᠬᠡᠵᠢᠶ᠎ᠡ ᠢᠮᠠᠭ᠍ᠳᠠ ᠲᠡᠳᠡᠭᠡᠷ ᠶᠠᠳᠠᠭᠤ ᠬᠦᠴᠢᠷᠳᠡᠯᠲᠠᠢ᠂ ᠡᠪᠡᠳᠴᠢᠨ ᠲᠠᠬᠤᠯ᠎ᠳᠤ ᠤᠷᠢᠶᠠᠭ᠍ᠳᠠᠭ᠍ᠰᠠᠨ᠂ ᠨᠠᠰᠤᠵᠢᠵᠤ ᠶᠠᠳᠠᠩᠬᠢᠷᠠᠭ᠍ᠰᠠᠨ᠂ ᠬᠦᠷᠦᠩᠭᠡ ᠬᠤᠭᠤᠰᠤᠨ ᠬᠦᠴᠦᠨ ᠮᠡᠬᠦᠰ ᠬᠦᠮᠦᠨ ᠠᠮᠠ ᠵᠢ ᠠᠩᠬᠠᠷᠤᠨ ᠬᠠᠷᠠᠭᠠᠯᠵᠠᠵᠤ᠂ ᠠᠮᠢᠳᠤᠷᠠᠯ᠎ᠤᠨ ᠬᠦᠴᠢᠷ ᠲᠦᠪᠡᠭ᠌ᠰᠢᠶᠡᠯ᠎ᠢ ᠨᠢ ᠴᠠᠭ ᠲᠠᠷᠤᠢ ᠳ᠋ᠤᠨᠢ ᠰᠶ᠋ᠢᠳᠪᠦᠷᠢᠯᠡᠬᠦ ᠪᠤᠯ ᠪᠢᠳᠡ ᠪᠦᠬᠦᠨ᠎ᠤ ᠬᠠᠷᠢᠭᠤᠴᠠᠯᠭ᠎ᠠ ᠮᠦᠨ᠃ 《ᠤᠷᠤᠭ᠍ᠰᠢ ᠠᠯᠬᠤᠬᠤ᠎ᠳᠠᠭᠠᠨ ᠢᠷᠡᠭ᠌ᠰᠡᠨ ᠵᠠᠮ᠎ᠢᠶᠠᠨ ᠮᠠᠷᠲᠠᠵᠤ ᠪᠤᠯᠬᠤ ᠦᠭᠡᠢ》ᠶᠤᠮ᠂ ᠡᠯ᠎ᠡ ᠭᠠᠵᠠᠷ᠎ᠤᠨ ᠬᠢᠨ ᠬᠦᠳᠡᠭᠡ ᠲᠤᠰᠭᠤᠨ᠎ᠢ ᠬᠦᠭ᠌ᠵᠢᠬᠦᠯᠦᠨ ᠮᠠᠨᠳᠤᠭᠤᠯᠬᠤ ᠪᠡᠷ ᠢᠳᠡᠪᠬᠢᠯᠡᠨ ᠠᠵᠢᠯᠯᠠᠬᠤ ᠳ᠋ᠠᠭᠠᠨ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠱᠢᠪᠳᠤᠯᠬᠤ ᠲᠠᠢᠯᠠᠯᠳᠤᠭᠠᠨ᠎ᠤ ᠠᠮᠵᠢᠯᠳᠠ ᠪᠦᠳᠦᠮᠵᠢ ᠪᠠᠨ ᠪᠠᠬᠢᠵᠢᠭᠦᠯᠬᠦ᠌ ᠥᠷᠭᠡᠳᠭᠡᠭᠦ᠌ ᠠᠵᠢᠯ᠎ᠢ ᠶᠠᠭᠠᠬᠢᠭᠰᠠᠨ ᠴᠦ᠍ ᠤᠮᠳᠤᠭᠠᠢᠯᠠᠵᠦ᠍ ᠪᠤᠯᠬᠤ ᠦᠬᠡᠢ᠃

ᠭᠤᠷᠪᠠ᠂ ᠲᠥᠰᠥᠪ ᠲᠦᠯᠦᠪᠯᠡᠬᠡ ᠲᠤᠭ᠍ᠳᠠᠭᠠᠵᠤ ᠲᠦᠷᠦᠯ ᠵᠦᠢᠯ᠎ᠢ ᠪᠦᠲᠦᠭᠡᠨ ᠪᠠᠢᠭᠤᠯᠬᠤ ᠠᠵᠢᠯ᠎ᠢ ᠪᠦᠲᠦᠮᠵᠢᠲᠠᠢ ᠵᠤᠯᠭᠠᠭᠤᠯᠬᠤ ᠴᠢᠬᠤᠯᠠᠳᠠᠢ᠃ ᠡᠯ᠎ᠠ ᠭᠠᠵᠠᠷ᠎ᠤᠨ ᠬᠢᠨ ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ ᠲᠥᠰᠥᠪ ᠲᠦᠯᠦᠪᠯᠡᠭᠡ ᠲᠤᠭ᠍ᠳᠠᠭᠠᠵᠤ᠂ ᠲᠦᠷᠦᠯ ᠵᠦᠢᠯ᠎ᠢ ᠪᠦᠲᠦᠭᠡᠨ ᠪᠠᠢᠭᠤᠯᠬᠤ᠎ᠳᠠᠭᠠᠨ ᠤᠤᠯ᠎ᠤᠨ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠱᠢᠪᠳᠤᠯᠤᠯᠳᠠ ᠵᠢᠨ ᠲᠥᠰᠥᠪ ᠲᠦᠯᠦᠪᠯᠡᠬᠡ ᠪᠠ ᠲᠦᠷᠦᠯ ᠵᠦᠢᠯ᠎ᠤᠨ ᠪᠦᠲᠦᠭᠡᠨ ᠪᠠᠢᠭᠤᠯᠤᠯᠲᠠ ᠲᠠᠢ ᠪᠦᠲᠦᠮᠵᠢᠲᠠᠢ ᠵᠤᠯᠭᠠᠭᠤᠯᠵᠤ᠂ ᠲᠦᠰᠦᠪ ᠲᠦᠯᠦᠪᠯᠡᠭᠡ ᠪᠠᠨ ᠬᠠᠷᠢᠯᠴᠠᠨ ᠤᠶᠠᠯᠳᠤᠭᠤᠯᠬᠤ ᠵᠢ ᠤᠨᠴᠠ ᠠᠩᠬᠠᠷᠬᠤ ᠴᠢᠬᠤᠯᠠᠳᠠᠢ᠃ ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ ᠲᠦᠷᠦᠯ ᠵᠦᠢᠯ᠎ᠤᠨ ᠪᠦᠲᠦᠭᠡᠨ ᠪᠠᠢᠭᠤᠯᠤᠯᠲᠠ ᠨᠢ ᠡᠮᠦᠨᠡᠬᠢ ᠬᠤᠭᠤᠴᠠᠭᠠᠨ᠎ᠤ ᠠᠵᠢᠯ᠎ᠤᠨ ᠪᠦᠲᠦᠮᠵᠢ ᠲᠡᠭᠡᠷ᠎ᠡ ᠰᠠᠭᠤᠷᠢᠯᠠᠵᠤ᠂ ᠤᠤᠯ᠎ᠤᠨ ᠪᠦᠳᠦᠬᠡᠨ ᠪᠠᠢᠭᠤᠯᠵᠤ ᠲᠠᠭᠤᠰᠤᠭᠠᠳᠤᠢ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠱᠢᠪᠳᠤᠯᠤᠯᠳᠠ ᠵᠢᠨ ᠲᠦᠷᠦᠯ ᠵᠦᠢᠯ᠎ᠢ ᠵᠠᠪᠠᠯ ᠪᠠᠢᠭᠤᠯᠵᠤ ᠲᠠᠭᠤᠰᠬᠠᠨ᠂ ᠪᠤᠳᠠᠳᠠᠢ ᠦᠷ᠎ᠡ ᠠᠱᠢᠭ ᠬᠦᠷᠳᠡᠭᠡᠬᠦ ᠪᠤᠯ ᠵᠦᠢ ᠶᠤᠰᠤᠨ᠎ᠤ ᠪᠠᠷᠢᠮᠳᠠᠯᠠᠯ ᠮᠦᠨ᠃ ᠬᠠᠷᠢᠨ ᠬᠤᠶᠠᠷ ᠤᠳᠠᠭ᠎ᠠ ᠵᠢᠨ ᠲᠥᠰᠥᠪ ᠲᠥᠯᠥᠪᠯᠡᠯᠭᠡ ᠪᠤᠶᠤ ᠲᠥᠷᠥᠯ ᠵᠦᠢᠯ᠎ᠢ ᠲᠤᠰ ᠲᠣᠰ᠎ᠲᠤᠨᠢ ᠲᠤᠭ ᠪᠤᠰᠭᠠᠨ᠂ ᠬᠠᠭᠤᠴᠢᠨ᠎ᠢ ᠤᠷᠬᠢᠨ ᠱᠢᠨ᠎ᠡ᠎ᠶ᠋ᠢ ᠰᠡᠳᠦᠵᠦ᠍ ᠪᠤᠯᠬᠤ ᠦᠬᠡᠢ᠂ ᠲᠡᠢᠮᠤ ᠪᠢᠰᠢ ᠪᠤᠯ ᠪᠡᠯᠡ ᠮᠦᠩᠭᠦ᠌ ᠵᠢ ᠭᠠᠷᠤᠵᠠᠳᠠᠭᠤᠯᠵᠤ ᠬᠤᠬᠢᠷᠠᠯ ᠰᠦᠢᠳᠭᠡᠯ ᠭᠠᠷᠬᠤ ᠠᠶᠤᠯ ᠲᠠᠢ ᠶᠤᠮ᠃

ᠳᠥᠷᠪᠡ᠂ ᠮᠠᠯ ᠠᠵᠤ ᠠᠬᠤᠢ ᠲᠠᠷᠢᠶᠠᠯᠠᠩ᠎ᠤᠨ ᠠᠵᠤ ᠦᠢᠯᠡᠰᠵᠢᠯᠳᠠ ᠵᠢ ᠪᠦᠲᠦᠮᠵᠢᠲᠡᠢ ᠵᠤᠯᠭᠠᠭᠤᠯᠬᠤ  ᠴᠢᠬᠤᠯᠠᠳᠠᠢ᠃ ᠠᠵᠤ ᠦᠢᠯᠡᠰ᠎ᠤᠨ ᠬᠦᠭᠵᠢᠯᠳᠡ ᠪᠤᠯ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠱᠢᠪᠳᠤᠯᠬᠤ ᠲᠠᠢᠯᠠᠯᠳᠤᠭᠠᠨ ᠢᠯᠠᠯᠳᠠ ᠤᠯᠤᠭᠰᠠᠨ᠎ᠤ ᠴᠢᠬᠤᠯᠠ ᠨᠢᠬᠡᠨ ᠠᠨᠢᠰᠤ᠂᠎ᠮᠠᠯᠴᠢᠨ ᠲᠠᠷᠢᠶᠠᠴᠢᠳ᠎ᠤᠨ ᠤᠷᠤᠯᠭ᠎ᠠ ᠵᠢ ᠨᠡᠮᠡᠭ᠌ᠳᠡᠭᠦᠯᠬᠦ ᠰᠠᠭᠤᠷᠢ᠂ ᠮᠦᠨ ᠴᠤ᠌ ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ ᠵᠢ ᠪᠦᠬᠦ᠌ ᠲᠠᠯ᠎ᠠ᠎ᠪᠠᠷ ᠠᠬᠢᠭᠤᠯᠬᠤ ᠵᠢᠨ ᠵᠠᠩᠬᠢᠯᠠᠭ᠎ᠠ ᠮᠦᠨ᠃ ᠡᠯ᠎ᠠ ᠭᠠᠵᠠᠷ᠎ᠤᠨ ᠬᠢᠨ ᠮᠠᠯ ᠠᠵᠤ ᠠᠬᠤᠢ ᠲᠠᠷᠢᠶᠠᠯᠠᠩ᠎ᠤᠨ ᠠᠵᠤ ᠦᠢᠯᠡᠰᠵᠢᠯᠳᠠ ᠵᠢ ᠠᠬᠢᠭᠤᠯᠬᠤ᠎ᠳᠠᠭᠠᠨ ᠤᠷᠤᠨ ᠨᠤᠳᠤᠭ᠎ᠤᠨ ᠡᠬᠢ ᠪᠠᠶᠠᠯᠢᠭ ᠵᠢᠡᠨ ᠭᠦᠢᠴᠡᠳ ᠠᠱᠢᠭ᠍ᠯᠠᠵᠤ᠂ ᠠᠱᠢᠭ᠍ᠲᠠᠢ ᠨᠦᠬᠦᠴᠡᠯ ᠵᠢᠡᠨ ᠬᠦᠢᠴᠡᠳ ᠪᠠᠳᠠᠷᠠᠭᠤᠯᠬᠤ ᠴᠢᠬᠤᠯᠠᠳᠠᠢ᠃ ᠤᠳᠤᠬᠠᠨ ᠳ᠋ᠤ ᠮᠠᠯᠵᠢᠬᠤ ᠲᠠᠷᠢᠶᠠᠯᠠᠬᠤ ᠤᠷᠤᠨ᠎ᠳᠤ ᠲᠤᠯᠭᠠᠷᠠᠵᠤ ᠪᠠᠢᠭ᠎ᠠ ᠬᠠᠮᠤᠭ᠎ᠤᠨ ᠶᠡᠭᠡ ᠠᠰᠠᠭᠤᠳᠠᠯ ᠪᠤᠯ ᠵᠠᠬ᠎ᠠ ᠲᠡᠯᠭᠡᠭᠦᠷ᠎ᠤᠨ ᠠᠵᠤ ᠠᠬᠤᠢ᠎ᠳ᠋ᠤ ᠰᠠᠭᠤᠷᠢᠯᠠᠭ᠍ᠰᠠᠨ ᠮᠠᠯ ᠠᠵᠤ ᠠᠬᠤᠢ ᠲᠠᠷᠢᠶᠠᠯᠠᠩ᠎ᠤᠨ ᠠᠵᠤ ᠦᠢᠯᠡᠰᠵᠢᠯᠳᠠ ᠵᠢ ᠮᠠᠯᠵᠢᠬᠤ ᠲᠠᠷᠢᠶᠠᠯᠠᠬᠤ ᠡᠷᠦᠬᠡ ᠵᠢᠨ ᠡᠵᠡᠩᠨᠡᠯᠲᠡ ᠲᠠᠢ ᠬᠡᠷᠬᠢᠨ ᠤᠶᠠᠯᠳᠤᠭᠤᠯᠬᠤ ᠶᠠᠪᠤᠳᠠᠯ ᠪᠤᠯᠬᠤ ᠶᠤᠮ᠃ ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ ᠳ᠋ᠠᠭᠠᠨ ᠠᠵᠤ ᠦᠢᠯᠡᠰᠵᠢᠯᠳᠡ ᠵᠢ ᠠᠬᠢᠭᠤᠯᠬᠤ ᠵᠢ ᠴᠢᠬᠤᠯᠠ ᠪᠠᠢᠷᠢᠨ ᠳ᠋ᠤ ᠲᠠᠯᠪᠢᠵᠦ᠍᠂ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠱᠢᠪᠳᠤᠯᠬᠤ ᠲᠠᠢᠯᠠᠯᠳᠤᠭᠠᠨ᠎ᠤ ᠲᠤᠮᠳᠠ ᠨᠢᠬᠡᠨᠳᠡ ᠪᠦᠷᠢᠯᠳᠦᠬᠦᠯᠦᠭᠰᠡᠨ ᠮᠠᠯ ᠠᠵᠤ ᠠᠬᠤᠢ ᠲᠠᠷᠢᠶᠠᠯᠠᠩ᠎ᠤᠨ ᠠᠵᠤ ᠦᠢᠯᠡᠰ ᠲᠠᠢ ᠪᠦᠲᠦᠮᠵᠢᠲᠠᠢ ᠵᠤᠯᠭᠠᠭᠤᠯᠵᠤ᠂ ᠦᠷᠭᠦᠯᠵᠢᠯᠡᠨ ᠬᠦᠭᠵᠢᠬᠦᠯᠤᠨ ᠲᠤᠮᠤᠷᠠᠭᠤᠯᠵᠤ ᠬᠦᠴᠦᠷᠬᠡᠭᠵᠢᠬᠦᠯᠬᠦ ᠴᠢᠬᠤᠯᠠᠳᠠᠢ᠃ ᠬᠠᠷᠢᠨ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠱᠢᠪᠳᠤᠯᠤᠯᠳᠠ ᠵᠢᠨ ᠶᠠᠪᠤᠴᠠ᠎ᠳᠤ ᠨᠡᠯᠢᠶᠡᠳ ᠪᠦᠲᠦᠮᠵᠢᠲᠠᠢ ᠶᠠᠪᠤᠭ᠍ᠳᠠᠭ᠍ᠰᠠᠨ ᠠᠵᠤ ᠦᠢᠯᠡᠰ᠎ᠢ ᠠᠷᠤ᠎ᠳᠠᠭᠠᠨ ᠤᠷᠬᠢᠵᠤ ᠪᠤᠯᠬᠤ ᠦᠬᠡᠢ᠂ ᠲᠡᠢᠮᠤ ᠪᠢᠰᠢ ᠪᠤᠯ ᠤᠷᠤᠨ ᠪᠠᠢᠷᠢ ᠪᠠᠨ ᠠᠯᠳᠠᠵᠤ ᠤᠯᠠᠨ᠎ᠤ ᠰᠡᠳᠬᠢᠯ ᠎ᠢ ᠰᠠᠮᠠᠭᠤᠷᠠᠭᠤᠯᠵᠤ ᠮᠡᠳᠡᠨ᠎ᠠ᠃ ᠡᠨᠳᠡ ᠬᠡᠯᠡᠵᠤ ᠪᠠᠢᠭ᠎ᠠ ᠨᠢ ᠶᠠᠮᠠᠷ ᠨᠢᠬᠡ ᠶᠠᠭᠤᠮ᠎ᠠ ᠵᠢ ᠦᠬᠦᠨ ᠪᠠᠷᠢᠮᠳᠠᠯᠠᠵᠤ ᠬᠢᠬᠦ᠌ ᠭᠡᠰᠡᠨ ᠰᠠᠨᠠᠭ᠎ᠠ ᠪᠢᠰᠢ᠂ ᠬᠠᠷᠢᠨ ᠰᠠᠭᠤᠷᠢ ᠨᠦᠬᠦᠴᠡᠯ᠎ᠢᠶᠠᠨ ᠪᠠᠬᠢᠵᠢᠭᠦᠯᠵᠦ᠍ ᠨᠡᠯᠢᠶᠡᠳ ᠪᠤᠯᠪᠠᠰᠤᠷᠠᠭ᠍ᠰᠠᠨ ᠠᠵᠤ ᠦᠢᠯᠡᠰ ᠵᠢᠡᠨ ᠤᠯᠠᠮ ᠴᠢᠨᠠᠭᠰᠢᠳᠠ ᠬᠦᠭᠵᠢᠬᠦᠯᠬᠦ ᠵᠢ ᠵᠢᠭᠠᠵᠤ ᠪᠠᠢᠨ᠎ᠠ᠃

ᠲᠠᠪᠤ᠂ ᠭᠠᠴᠠᠭ᠎ᠠ ᠲᠤᠰᠬᠤᠨ᠎ᠤ《ᠬᠤᠶᠠᠷ ᠵᠦᠪᠯᠡᠯ》᠎ᠢ᠋ ᠴᠢᠩᠭᠠᠳᠭᠠᠬᠤ ᠠᠵᠢᠯ᠎ᠢ ᠪᠦᠲᠦᠮᠵᠢᠲᠠᠢ ᠵᠤᠯᠭᠠᠭᠤᠯᠬᠤ ᠴᠢᠬᠤᠯᠠᠳᠠᠢ᠃ ᠭᠠᠴᠠᠭ᠎ᠠ ᠲᠤᠰᠬᠤᠨ᠎ᠤ ᠨᠠᠮ᠎ᠤᠨ ᠡᠭᠦᠷ ᠨᠢ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠱᠢᠪᠳᠤᠯᠬᠤ ᠲᠠᠢᠯᠠᠯᠳᠤᠭᠠᠨ᠎ᠤ ᠪᠤᠳᠠᠳᠤ ᠠᠵᠢᠯ᠎ᠤᠨ ᠱᠢᠭᠤᠳ ᠵᠢᠯᠤᠭᠤᠳᠤᠭ᠍ᠴᠢ ᠵᠢᠨ ᠨᠢᠬᠡ ᠪᠤᠯᠤᠭᠰᠠᠨ ᠪᠦᠭᠡᠳ ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ ᠠᠵᠢᠯ᠎ᠤᠨ ᠭᠤᠤᠯ ᠲᠠᠭᠠᠭᠤᠯᠤᠭᠴᠢ ᠬᠦᠴᠦᠨ ᠪᠤᠯᠬᠤ ᠨᠢ ᠵᠠᠢᠯᠠᠰᠢ ᠦᠬᠡᠢ᠃ ᠤᠯᠤᠰ ᠲᠦᠷᠦ᠍ ᠦᠵᠡᠯ ᠰᠠᠨᠠᠭᠠᠨ᠎ᠤ ᠲᠠᠯ᠎ᠠ ᠪᠡᠷ ᠬᠢᠷᠢ ᠲᠡᠩᠴᠡᠭ᠌ᠰᠡᠨ ᠪᠦᠭᠡᠳ ᠭᠠᠴᠠᠭ᠎ᠠ ᠲᠤᠰᠭᠤᠨ᠎ᠤ ᠠᠵᠢᠯ ᠳ᠋ᠤ ᠭᠠᠷᠮᠠᠭᠠᠢᠯᠠᠨ ᠵᠢᠳᠬᠦᠳᠡᠭ ᠭᠠᠴᠠᠭ᠎ᠠ ᠲᠤᠰᠬᠤᠨ᠎ᠤ ᠺᠠᠳ᠋ᠷ᠎ᠤᠨ ᠡᠩᠨᠡᠭᠡ ᠵᠢ ᠲᠤᠭ᠍ᠳᠠᠭᠤᠨ ᠪᠠᠢᠯᠭᠠᠵᠤ᠂ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠱᠢᠪᠳᠤᠯᠬᠤ ᠲᠠᠢᠯᠠᠯᠳᠤᠭᠠᠨ᠎ᠤ ᠠᠮᠵᠢᠯᠳᠠ ᠪᠦᠳᠦᠮᠵᠢ ᠵᠢ ᠪᠠᠬᠢᠵᠢᠭᠦᠯᠦᠨ ᠦᠷᠭᠡᠳᠭᠡᠬᠦ ᠵᠢ ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠠᠢ ᠵᠤᠯᠭᠠᠭᠤᠯᠬᠤ ᠡᠯ᠎ᠡ ᠵᠦᠢᠯ᠎ᠤᠨ ᠠᠵᠢᠯ᠎ᠢ ᠭᠠᠷᠳᠠᠨ ᠬᠢᠯᠬᠡᠪᠡᠯ ᠵᠤᠬᠢᠨ᠎ᠠ᠃ ᠡᠬᠦᠨ᠎ᠤ ᠬᠠᠮᠳᠤ ᠭᠠᠴᠠᠭ᠎ᠠ ᠲᠤᠰᠬᠤᠨ᠎ᠤ ᠨᠢᠭᠡᠳᠦᠭᠡᠷ ᠱᠦᠵᠢ ᠪᠤᠯᠤᠨ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠱᠢᠪᠳᠤᠯᠬᠤ ᠲᠠᠢᠯᠠᠯᠳᠤᠭᠠᠨ᠎ᠤ ᠠᠵᠢᠯᠯᠠᠬᠤ ᠠᠩᠬᠢ᠎ᠶ᠋ᠢ ᠴᠤ᠌ ᠦᠨᠳᠦᠰᠦᠨ ᠳ᠋ᠤᠨᠢ ᠲᠤᠭ᠍ᠳᠠᠪᠤᠷᠢᠵᠢᠭᠤᠯᠵᠤ᠂ ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ ᠬᠦᠨᠳᠤ ᠡᠭᠦᠷᠭᠡ᠎ᠶ᠋ᠢ ᠦᠷᠭᠦᠯᠵᠢᠯᠡᠨ ᠲᠠᠭᠠᠭᠠᠯᠭᠠᠪᠠᠯ ᠵᠤᠬᠢᠨ᠎ᠠ᠃ ᠡᠨᠡ ᠨᠢ ᠲᠡᠳᠡᠨ᠎ᠤ 《ᠭᠠᠴᠠᠭ᠎ᠠ ᠲᠤᠰᠭᠤᠨ᠎ᠤ ᠪᠠᠢᠳᠠᠯ᠎ᠢ ᠲᠤᠳᠤᠷᠬᠠᠢ ᠮᠡᠳᠡᠵᠦ᠍᠂ ᠠᠷᠠᠳ ᠤᠯᠠᠨ᠎ᠳᠠᠭᠠᠨ ᠢᠳᠡᠭᠡᠯ ᠬᠦᠨᠳᠤ ᠲᠠᠢ》ᠶᠠᠪᠤᠵᠤ ᠢᠷᠡᠭᠰᠡᠨ ᠦᠢᠯᠡᠳᠦᠯ᠎ᠢ ᠬᠦᠢᠴᠡᠳ ᠪᠠᠳᠠᠷᠠᠭᠤᠯᠵᠤ᠂ ᠱᠢᠨ᠎ᠡ ᠠᠶᠠᠨ ᠳ᠋ᠤ ᠱᠢᠯᠢᠳᠡᠭ ᠠᠮᠵᠢᠯᠲᠠ ᠤᠯᠬᠤ ᠳ᠋ᠤ ᠠᠰᠢᠭᠲᠠᠢ ᠶᠤᠮ᠃

(ᠵᠤᠬᠢᠶᠠᠭ᠍ᠴᠢ ᠵᠢᠨ ᠪᠠᠢᠭᠤᠯᠭ᠎ᠠ᠄ ᠥᠪᠥᠷ ᠮᠤᠩᠭᠤᠯ᠎ᠤᠨ ᠡᠳ᠋᠎ᠤᠨ ᠵᠠᠰᠠᠭ ᠠᠵᠤ ᠠᠬᠤᠢ᠎ᠶ᠋ᠢᠨ ᠶᠡᠭᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠤᠨ ᠳᠡᠭᠡᠳᠦ ᠰᠣᠷᠭᠠᠭᠤᠯᠢ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号