ᠱ᠌ᠢ᠎ᠲᠡᠶ ᠹᠸᠩ ᠲᠦᠩᠯᠢᠶᠣᠤ ᠬᠣᠲᠠ᠎ᠶ᠋ᠢᠨ ᠭᠠᠮᠱᠢᠭ᠎ᠲᠠᠶ ᠲᠡᠮᠡᠴᠡᠵᠦ᠍ ᠭᠠᠮᠱᠢᠭ᠎ᠠᠴᠠ ᠠᠪᠤᠷᠬᠠᠸ᠋ ᠠᠵᠢᠯ᠎ᠳᠤ ᠱᠠᠭᠠᠷᠳᠠᠯᠭ᠎ᠠ ᠳᠤᠷᠠᠳᠴᠠᠶ
2021-11-10 09:10:27
ᠵᠣᠬᠢᠶᠠᠭ᠍ᠴᠢ᠄
​ᠯᠢᠦ ᠱᠢᠶᠤᠤ ᠳ᠋ᠦᠩ
ᠣᠩᠱᠢᠭ᠍ᠰᠠᠨ ᠣᠳᠠᠭ᠎ᠠ᠄
★★★☆☆

ᠮᠠᠨ᠎ᠤ ᠣᠷᠣᠨ᠎ᠤ ᠲᠦᠩᠯᠢᠶᠣᠤ ᠬᠣᠲᠠ᠎ᠳᠤ ᠶᠡᠬᠡ ᠴᠠᠰᠤ ᠣᠷᠣᠵᠤ ᠭᠠᠮᠱᠢᠭ ᠡᠭᠦᠰᠦᠭᠰᠡᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠡᠷᠬᠢᠯᠡᠭ᠌ᠴᠢ ᠱ᠌ᠢ᠎ᠲᠡᠶ ᠹᠸᠩ ᠭᠠᠮᠱᠢᠭ᠎ᠤᠨ ᠪᠠᠢᠳᠠᠯ᠎ᠤᠨ ᠬᠤᠪᠢᠷᠠᠯᠲᠠ ᠵᠢᠴᠢ ᠭᠠᠮᠱᠢᠭ᠎ᠲᠠᠶ ᠲᠡᠮᠡᠴᠡᠵᠦ᠍ ᠭᠠᠮᠱᠢᠭ᠎ᠢ ᠪᠠᠭᠠᠰᠭᠠᠬᠤ ᠠᠵᠢᠯ᠎ᠢ ᠨᠢᠭ᠍ᠲᠠ ᠠᠩᠬᠠᠷᠴᠤ᠌᠂ ᠭᠠᠮᠱᠢᠭ᠍ᠳᠠᠭ᠍ᠰᠠᠨ ᠣᠯᠠᠨ ᠲᠦᠮᠡᠨ᠎ᠦ ᠦᠶ᠋ᠯᠡᠳᠪᠦᠷᠢᠯᠡᠯ ᠠᠮᠢᠳᠤᠷᠠᠯ᠎ᠤᠨ ᠲᠤᠬᠠᠢ ᠮᠠᠰᠢ ᠰᠠᠨᠠᠭᠠᠱᠢᠷᠠᠵᠤ ᠪᠠᠢᠯ᠎ᠠ᠃

9᠎ᠤ᠋ ᠦᠳᠡ᠎ᠶ᠋ᠢᠨ ᠡᠮᠦᠨ᠎ᠡ᠂ ᠪᠡᠭᠡᠵᠢᠩ᠎ᠳᠦ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠳᠤ ᠣᠷᠣᠯᠴᠠᠵᠤ ᠪᠠᠢᠭ᠎ᠠ ᠱ᠌ᠢ᠎ᠲᠡᠶ ᠹᠸᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠲᠦᠩᠯᠢᠶᠣᠤ ᠬᠣᠲᠠ᠎ᠶ᠋ᠢᠨ ᠨᠠᠮ᠎ᠤᠨ ᠬᠣᠷᠢᠶᠠᠨ᠎ᠤ ᠱᠦᠵᠢ ᠮᠸᠩ ᠱᠢᠶᠠᠨ ᠳ᠋ᠦᠩ᠎ᠲᠡᠶ ᠤᠲᠠᠰᠤ᠎ᠪᠠᠷ ᠶᠠᠷᠢᠯᠴᠠᠵᠤ᠂ ᠲᠣᠰ ᠬᠣᠲᠠ᠎ᠶ᠋ᠢᠨ ᠭᠠᠮᠱᠢᠭ᠍ᠳᠠᠭ᠍ᠰᠠᠨ᠂ ᠭᠠᠮᠱᠢᠭ᠎ᠠᠴᠠ ᠠᠪᠤᠷᠬᠠᠸ᠋ ᠠᠵᠢᠯ᠎ᠤᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠪᠠ᠃ ᠲᠡᠷᠡ᠂ ᠲᠦᠩᠯᠢᠶᠣᠤ ᠬᠤᠲᠠ᠎ᠶ᠋ᠢᠨ ᠡᠨᠡ ᠤᠳᠠᠭ᠎ᠠ᠎ᠶ᠋ᠢᠨ ᠴᠠᠰᠤᠨ ᠭᠠᠮᠱᠢᠭ ᠬᠡᠳᠦᠨ ᠠᠷᠪᠠᠨ ᠵᠢᠯ᠎ᠳᠦ ᠲᠣᠬᠢᠶᠠᠯᠳᠤᠭ᠎ᠠ ᠦᠭᠡᠢ᠂ ᠡᠷᠬᠡᠪᠰᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠡᠷᠬᠡᠪᠰᠢ ᠪᠠᠴᠢᠮ ᠪᠠᠢᠳᠠᠯ᠎ᠢ ᠠᠷᠭᠠᠴᠠᠭᠠᠨ ᠭᠠᠮᠱᠢᠭ᠎ᠠᠴᠠ ᠠᠪᠤᠷᠠᠬᠤ᠎ᠶ᠋ᠢ ᠭᠤᠤᠯᠳᠠᠯᠭ᠎ᠠ ᠵᠢᠨ ᠲᠤᠳᠤᠷᠠᠬᠢ ᠭᠤᠤᠯᠳᠠᠯᠭ᠎ᠠ᠂ ᠪᠠᠴᠢᠮ᠎ᠠᠴᠠ ᠪᠠᠴᠢᠮ ᠠᠵᠢᠯ᠎ᠪᠤᠯᠭᠠᠨ ᠴᠢᠩᠭ᠎ᠠ ᠠᠳᠭᠤᠵᠤ ᠪᠣᠳᠠᠲᠠᠢ ᠠᠳᠭᠤᠵᠤ ᠲᠤᠭᠤᠱᠢᠲᠠᠢ ᠠᠳᠭᠤᠬᠤ ᠬᠡᠷᠡᠭ᠌ᠲᠡᠢ ᠭᠡᠵᠡᠢ᠃ ᠳᠠᠷᠠᠭ᠎ᠠ ᠨᠢ᠂ ᠲᠡᠷᠡ ᠪᠠᠰᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢᠩᠭᠤ᠎ᠶ᠋ᠢᠨ ᠳᠡᠳ᠋ ᠲᠡᠷᠢᠭᠦᠯᠡᠭ᠌ᠴᠢ ᠵᠠᠩ ᠱᠤᠤ ᠴᠦᠨ᠎ᠲᠡᠶ ᠬᠣᠯᠪᠣᠭ᠎ᠠ ᠠᠪᠴᠤ᠌᠂ ᠪᠦᠬᠦ᠌ ᠣᠷᠣᠨ᠎ᠤ ᠴᠠᠰᠤ ᠤᠷᠤᠭ᠍ᠰᠠᠨ ᠪᠠᠢᠳᠠᠯ ᠵᠢᠴᠢ ᠭᠠᠮᠱᠢᠭᠳᠠᠭᠰᠠᠨ ᠪᠠᠢᠳᠠᠯ᠎ᠢ ᠨᠠᠷᠢᠨ ᠣᠢᠯᠠᠭᠠᠵᠤ᠂ ᠣᠳᠣᠬᠠᠨ᠎ᠤ ᠭᠠᠮᠱᠢᠭ᠎ᠲᠠᠶ ᠲᠡᠮᠡᠴᠡᠵᠦ᠍ ᠭᠠᠮᠱᠢᠭ᠎ᠠᠴᠠ ᠠᠪᠤᠷᠠᠬᠤ ᠠᠵᠢᠯ᠎ᠢ ᠰᠠᠢᠲᠤᠷ ᠬᠢᠬᠦ᠌ ᠲᠤᠬᠠᠢ ᠱᠠᠭᠠᠷᠳᠠᠯᠭ᠎ᠠ ᠳᠤᠷᠠᠳᠪᠠ᠃

ᠲᠡᠷᠡ᠂ ᠡᠯ᠎ᠡ ᠱᠠᠲᠤ ᠡᠯ᠎ᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ᠎ᠬᠢᠨ ᠶᠡᠷᠦᠩᠬᠡᠶ ᠱᠦᠵᠢ ᠰᠢ᠎ᠶ᠋ᠢᠨ ᠫᠢᠩ᠎ᠦᠨ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ᠎ᠠᠴᠠ ᠠᠪᠤᠷᠬᠠᠸ᠋ ᠠᠵᠢᠯ᠎ᠢ ᠰᠠᠢᠲᠤᠷ ᠬᠢᠬᠦ᠌ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠵᠣᠬᠢᠶᠠᠨ ᠪᠠᠢᠭᠤᠯᠵᠤ ᠤᠳᠤᠷᠢᠳᠭᠤ᠎ᠪᠠᠨ ᠴᠢᠩᠭᠠᠳᠭᠠᠨ᠂ ᠠᠵᠢᠯ᠎ᠤᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠡᠯ᠎ᠡ ᠬᠣᠯᠪᠣᠭ᠍ᠳᠠᠯ ᠪᠥᠬᠥᠶ ᠲᠠᠯ᠎ᠠ᠎ᠶ᠋ᠢᠨ᠎ᠬᠢᠨ᠎ᠢ ᠳᠠᠢᠴᠢᠯᠠᠨ ᠦᠳᠲᠡᠷ ᠲᠦᠷᠭᠡᠨ ᠬᠥᠳᠡᠯᠦᠯᠴᠡᠵᠦ᠍᠂ ᠭᠠᠮᠱᠢᠭ᠎ᠲᠠᠶ ᠲᠡᠮᠡᠴᠡᠵᠦ᠍ ᠭᠠᠮᠱᠢᠭ᠎ᠠᠴᠠ ᠠᠪᠤᠷᠬᠠᠸ᠋ ᠡᠯ᠎ᠡ ᠵᠦᠶ᠋ᠯ᠎ᠦᠨ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠭᠠᠮᠱᠢᠭ᠎ᠤᠨ ᠬᠣᠬᠢᠷᠠᠯ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠭᠠᠬᠤ ᠬᠡᠷᠡᠭ᠌ᠲᠡᠶ᠃ ᠠᠷᠠᠳ ᠲᠦᠮᠡᠨ᠎ᠢ ᠳᠡᠭᠡᠳᠦᠯᠡᠬᠦ᠌᠂ ᠠᠮᠢ ᠨᠠᠰᠤ᠎ᠶ᠋ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠭᠠᠮᠱᠢᠭ᠍ᠳᠠᠭ᠍ᠰᠠᠨ ᠣᠯᠠᠨ ᠲᠦᠮᠡᠨ᠎ᠦ ᠠᠮᠤᠷ ᠲᠦᠪᠱᠢᠨ ᠪᠠ ᠠᠶᠤᠯ ᠲᠦᠭ᠌ᠰᠢᠭᠦᠷᠢ ᠬᠦᠴᠢᠷ ᠵᠤᠪᠠᠭᠤᠷᠢ ᠵᠢ ᠱᠢᠶ᠋ᠳᠪᠦᠷᠢᠯᠡᠬᠦ᠌᠎ᠶ᠋ᠢ ᠲᠡᠷᠢᠭᠦᠨ ᠪᠠᠢᠷᠢᠨ᠎ᠳᠤ ᠲᠠᠯᠪᠢᠵᠤ᠂ ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠡᠳ᠋ ᠪᠣᠳᠠᠰ᠎ᠤᠨ ᠬᠠᠩᠭᠠᠯᠭ᠎ᠠ ᠪᠠ ᠲᠣᠬᠢᠷᠠᠭᠤᠯᠤᠯᠲᠠ ᠶ᠋ᠢ ᠴᠢᠩᠭᠠᠳᠭᠠᠵᠤ᠂ ᠣᠯᠠᠨ ᠲᠦᠮᠡᠨ᠎ᠦ ᠠᠮᠢ ᠨᠠᠰᠤ ᠪᠠ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠦᠨᠡᠨ ᠬᠦ᠌ ᠪᠠᠲᠤᠯᠠᠵᠤ᠂ ᠣᠯᠠᠨ ᠲᠦᠮᠡᠨ᠎ᠦ ᠳᠤᠯᠠᠭᠠᠨ ᠪᠦᠯᠢᠶᠡᠨ ᠡᠪᠦᠯᠵᠢᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠭᠠᠮᠱᠢᠭ᠎ᠠᠴᠠ ᠪᠣᠯᠵᠤ ᠡᠪᠳᠡᠭ᠌ᠳᠡᠭ᠌ᠰᠡᠨ ᠭᠡᠷ ᠪᠠᠢᠱᠢᠩ᠂ ᠫᠧᠩ ᠰᠠᠷᠠᠪᠴᠢ ᠵᠡᠷᠭᠡ᠎ᠶ᠋ᠢ ᠪᠠᠢᠴᠠᠭᠠᠨ ᠵᠠᠰᠠᠵᠤ ᠪᠡᠬᠢᠵᠢᠭᠦᠯᠬᠦ᠌᠎ᠶ᠋ᠢ ᠲᠦᠷᠭᠡᠳᠭᠡᠵᠦ᠍᠂ ᠤᠰᠤ᠂ ᠴᠠᠬᠢᠯᠭᠠᠨ᠂ ᠬᠡᠢ᠂ ᠳᠤᠯᠠᠭᠠᠯᠠᠭ᠎ᠠ᠂ ᠵᠠᠮ ᠬᠠᠷᠢᠯᠴᠠᠭ᠎ᠠ᠂ ᠴᠢᠮᠡᠭᠡ ᠬᠣᠯᠪᠣᠭ᠎ᠠ ᠵᠡᠷᠭᠡ ᠰᠠᠭᠤᠷᠢ ᠲᠦᠭᠦᠭᠡᠷᠦᠮᠵᠢ᠎ᠶ᠋ᠢ ᠦᠳᠳᠡᠷ ᠲᠦᠷᠭᠡᠨ ᠰᠡᠯᠪᠢᠨ ᠵᠠᠰᠠᠵᠤ᠂ ᠭᠠᠮᠱᠢᠭ᠍ᠳᠠᠭ᠍ᠰᠠᠨ ᠣᠷᠣᠨ᠎ᠤ ᠬᠡᠪ᠎ᠦᠨ ᠦᠢᠯᠡᠳᠪᠦᠷᠢᠯᠡᠯ ᠠᠮᠢᠳᠤᠷᠠᠯ᠎ᠤᠨ ᠡᠮᠬᠢ ᠳᠢᠭ᠌ᠯᠢᠮ᠎ᠢ ᠪᠦᠬᠦ᠌ ᠬᠦᠴᠦᠨ᠎ᠢᠶᠡᠷ᠎ᠢᠶᠡᠨ ᠬᠠᠮᠠᠭᠠᠯᠠᠬᠤ ᠬᠡᠷᠡᠭ᠌ᠲᠡᠶ᠃ ᠭᠠᠮᠱᠢᠭ᠎ᠤᠨ ᠪᠠᠢᠳᠠᠯ᠎ᠢ ᠬᠢᠨᠠᠨ ᠬᠡᠮᠵᠢᠬᠦ᠌᠎ᠪᠡᠨ ᠴᠢᠩᠭᠠᠳᠭᠠᠵᠤ᠂ ᠵᠢᠵᠢᠭᠦᠷᠯᠡᠨ ᠰᠠᠬᠢᠬᠤ᠎ᠪᠠᠨ ᠴᠢᠩᠭᠠᠳᠭᠠᠵᠤ᠂ ᠠᠵᠢᠯ᠎ᠤᠨ ᠬᠣᠯᠪᠣᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠵᠤ᠂ ᠴᠠᠭ ᠲᠤᠬᠠᠶ᠎ᠳᠤᠨᠢ ᠤᠷᠢᠳᠴᠢᠯᠡᠨ ᠰᠡᠷᠡᠮᠵᠢᠯᠡᠭᠦᠯᠬᠦ᠌᠂ ᠰᠡᠷᠬᠡᠭ᠎ᠢᠶᠡᠷ ᠬᠠᠷᠢᠭᠤ ᠲᠤᠰᠬᠠᠯ ᠭᠠᠷᠬᠤ᠂ ᠦᠳᠳᠡᠷ ᠲᠦᠷᠬᠡᠨ ᠬᠥᠳᠡᠯᠦᠯᠴᠡᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ᠂ ᠠᠷᠠᠳ᠎ᠤᠨ ᠶᠠᠪᠤᠳᠠᠯ ᠵᠡᠷᠭᠡ ᠰᠠᠯᠠᠭ᠎ᠠ ᠮᠥᠴᠢᠷ᠎ᠦᠳ ᠪᠠᠴᠢᠮ ᠲᠣᠬᠢᠷᠠᠭᠤᠯᠤᠯᠲᠠ ᠪᠠᠢᠷᠢᠯᠠᠭᠤᠯᠤᠯᠲᠠ ᠬᠢᠵᠦ᠍᠂ ᠭᠠᠮᠱᠢᠭ᠍ᠳᠠᠭ᠍ᠰᠠᠨ ᠭᠠᠵᠠᠷ ᠣᠷᠣᠨ ᠳ᠋ᠤ ᠳᠡᠮᠵᠢᠯᠭᠡ ᠦᠵᠡᠬᠦᠯᠬᠦ  ᠪᠠ ᠪᠠᠲᠤᠯᠠᠬᠤ ᠡᠷᠴᠢᠮ᠎ᠢᠶᠡᠨ ᠦᠨᠡᠨ ᠬᠦ᠌ ᠴᠢᠨᠭᠭᠠᠷᠠᠭᠤᠯᠵᠤ᠂ ᠭᠠᠮᠱᠢᠭ᠎ᠲᠠᠶ ᠲᠡᠮᠡᠴᠡᠵᠦ ᠭᠠᠮᠱᠢᠭ᠎ᠠᠴᠠ ᠠᠪᠤᠷᠠᠬᠤ ᠠᠵᠢᠯ᠎ᠢ ᠬᠠᠮᠲᠤ ᠪᠠᠷ ᠰᠠᠢᠲᠤᠷ ᠬᠢᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6659832

ᠢᠮᠧᠯ᠄tn@mgyxw.net   蒙ICP备10000005号