11 ᠰᠠᠷ᠎ᠠ᠎ᠶ᠋ᠢᠨ 9 ᠤ ᠦᠳᠡ᠎ᠶ᠋ᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ 《ᠦᠶ᠋ᠯᠡᠴᠢᠯᠡᠭᠡᠨ᠎ᠦ ᠦᠶ᠋ᠯᠡᠰ᠎ᠢ ᠶᠡᠬᠡ ᠪᠡᠷ ᠬᠥᠭ᠌ᠵᠢᠭᠦᠯᠬᠦ᠌》ᠳᠤᠬᠠᠢ ᠲᠤᠰᠭᠠᠶ ᠰᠡᠳᠦᠪᠲᠦ ᠵᠥᠪᠯᠡᠬᠦ᠌ ᠬᠤᠷᠠᠯ ᠬᠤᠷᠠᠯᠳᠤᠭᠤᠯᠪᠠ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠮᠠ ᠱᠢᠤᠸᠠᠢ ᠵᠢᠶᠦ᠋ᠨ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠠᠶ᠃
ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠵᠥᠪᠯᠡᠯ᠎ᠦᠨ ᠬᠠᠷᠢᠭᠤᠴᠠᠯᠭᠠᠲᠠᠨ ᠨᠥᠬᠥᠳ ᠮᠠᠨ᠎ᠤ ᠣᠷᠣᠨ᠎ᠤ ᠦᠶ᠋ᠯᠡᠴᠢᠯᠡᠭᠡᠨ᠎ᠦ ᠦᠶ᠋ᠯᠡᠰ᠎ᠢ ᠶᠡᠬᠡ ᠪᠡᠷ ᠬᠥᠭ᠌ᠵᠢᠭᠦᠯᠵᠦ᠍᠂ ᠦᠶ᠋ᠯᠡᠳᠪᠦᠷᠢᠯᠡᠯ ᠦᠨ ᠴᠢᠨᠠᠷᠲᠠᠶ ᠦᠶ᠋ᠯᠡᠴᠢᠯᠡᠭᠡᠨ᠎ᠦ ᠦᠶ᠋ᠯᠡᠰ ᠪᠣᠯᠤᠨ ᠠᠮᠢᠳᠤᠷᠠᠯ᠎ᠤᠨ ᠴᠢᠨᠠᠷᠲᠠᠶ ᠦᠶ᠋ᠯᠡᠴᠢᠯᠡᠭᠡᠨ ᠦ ᠦᠶ᠋ᠯᠡᠰ᠎ᠦᠨ ᠳᠤᠲᠠᠭᠤᠳᠠᠯ ᠢ ᠨᠥᠬᠥᠪᠥᠷᠢᠯᠡᠵᠦ᠍ ᠪᠠᠢᠭ᠎ᠠ ᠪᠠᠢᠳᠠᠯ᠎ᠢ ᠮᠡᠳᠡᠭ᠌ᠳᠡᠪᠡ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠵᠤ ᠠᠬᠤᠶ᠎ᠶ᠋ᠢᠨ ᠵᠥᠪᠯᠡᠯ᠎ᠦᠨ ᠬᠠᠷᠢᠭᠤᠴᠠᠯᠭᠠᠲᠠᠨ ᠨᠥᠬᠥᠳ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ ᠶ᠋ᠢᠨ ᠪᠠᠢᠳᠠᠯ ᠤᠨ ᠲᠣᠳᠣᠷᠬᠠᠢᠯᠠᠯᠲᠠ ᠬᠢᠵᠦ᠍᠂ ᠬᠤᠷᠠᠯ᠎ᠳᠤ ᠣᠷᠣᠯᠴᠠᠭ᠍ᠰᠠᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠲᠤᠰᠭᠠᠶ ᠮᠡᠷᠭᠡᠵᠢᠯᠲᠡᠨ ᠡᠷᠳᠡᠮᠲᠡᠨ ᠵᠢᠴᠢ ᠬᠠᠮᠢᠶ᠎ᠠ ᠪᠥᠬᠥᠶ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠵᠥᠪᠯᠡᠬᠦ᠌ ᠰᠡᠳᠦᠪ᠎ᠦᠨ ᠲᠣᠭᠣᠷᠢᠨ᠎ᠳᠤ ᠰᠠᠨᠠᠯ᠎ᠢᠶᠠᠨ ᠰᠣᠯᠢᠯᠴᠠᠵᠠᠶ᠃
ᠬᠤᠷᠠᠯ᠎ᠠᠴᠠ᠂ ᠤᠢᠷ᠎ᠠ ᠶ᠋ᠢᠨ ᠵᠢᠯ ᠡᠴᠡ ᠨᠠᠭᠠᠰᠢ ᠮᠠᠨ᠎ᠤ ᠣᠷᠣᠨ᠎ᠤ ᠦᠶ᠋ᠯᠡᠴᠢᠯᠡᠭᠡᠨ᠎ᠦ ᠦᠢᠯᠡᠰ᠎ᠦᠨ ᠬᠥᠭ᠌ᠵᠢᠯᠲᠡ᠎ᠳᠦ ᠰᠠᠢᠨ ᠰᠠᠢᠬᠠᠨ ᠪᠠᠢᠳᠠᠯ ᠢᠯᠡᠷᠡᠵᠦ᠍᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠦᠵᠡᠭᠦᠯᠦᠭᠰᠡᠨ ᠬᠤᠪᠢ ᠨᠡᠮᠡᠷᠢ ᠦᠷᠭᠦᠯᠵᠢᠯᠡᠨ ᠨᠡᠮᠡᠭ᠌ᠳᠡᠵᠦ᠍᠂ ᠠᠵᠤ ᠠᠬᠤᠢ᠎ᠶ᠋ᠢᠨ ᠬᠡᠯᠪᠡᠷᠢ᠎ᠪᠠᠨ ᠬᠤᠪᠢᠷᠠᠭᠤᠯᠬᠤ ᠪᠠ ᠠᠷᠠᠳ ᠤᠨ ᠠᠮᠢᠳᠤᠷᠠᠯ᠎ᠢ ᠰᠠᠢᠵᠢᠷᠠᠭᠤᠯᠬᠤ ᠳᠤ ᠰᠠᠢᠨ ᠰᠠᠢᠬᠠᠨ ᠳᠠᠢᠴᠢᠯᠠᠨ ᠲᠤᠯᠭᠠᠭᠤᠷᠢᠯᠠᠬᠤ ᠦᠢᠯᠡᠳᠦᠯ ᠦᠵᠡᠭᠦᠯᠪᠡ᠂ ᠭᠡᠪᠡᠴᠦ᠍ ᠬᠥᠭ᠌ᠵᠢᠯᠲᠡ᠎ᠶ᠋ᠢᠨ ᠳᠡᠰ ᠳᠠᠪᠬᠤᠷᠭ᠎ᠠ ᠳᠤᠤᠷ᠎ᠠ᠂ ᠱᠢᠨ᠎ᠡ᠎ᠶ᠋ᠢ ᠡᠭᠦᠳᠬᠦ᠌ ᠴᠢᠳᠠᠪᠤᠷᠢ ᠨᠡᠯᠢᠶᠡᠳ ᠪᠠᠭᠤᠷᠠᠶ᠂ ᠪᠦᠲᠦᠮᠵᠢᠲᠡᠶ ᠬᠠᠩᠭᠠᠯᠭ᠎ᠠ ᠬᠦᠷᠦᠯᠴᠡᠬᠦ᠌ ᠥᠬᠡᠶ᠂ ᠦᠶ᠋ᠯᠡᠴᠢᠯᠡᠭᠡᠨ ᠦ ᠶᠠᠰᠤ ᠴᠢᠨᠠᠷ ᠥᠨᠳᠥᠷ ᠪᠢᠰᠢ ᠵᠡᠷᠭᠡ ᠠᠰᠠᠭᠤᠳᠠᠯ ᠮᠥᠨ ᠬᠦ᠌ ᠣᠷᠣᠱᠢᠵᠤ ᠪᠠᠢᠨ᠎ᠠ ᠭᠡᠵᠦ ᠦᠵᠡᠪᠡ᠃ ᠬᠤᠷᠠᠯ᠎ᠳᠤ ᠣᠷᠣᠯᠴᠠᠭ᠍ᠰᠠᠳ ᠡᠴᠡ᠂ ᠲᠥᠯᠥᠪᠵᠢᠭᠦᠯᠭᠡ ᠪᠡᠷ ᠬᠥᠲᠥᠯᠥᠨ ᠵᠢᠯᠣᠭᠣᠳᠭᠤ᠂ ᠲᠥᠷᠥ ᠶ᠋ᠢᠨ ᠪᠣᠳᠣᠯᠭ᠎ᠠ ᠶ᠋ᠢ ᠨᠠᠢᠳᠠᠪᠤᠷᠢᠵᠢᠭᠤᠯᠬᠤ ᠪᠠ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠎ᠶ᠋ᠢ ᠴᠢᠩᠭᠠᠳᠭᠠᠵᠤ᠂ ᠰᠠᠭᠤᠷᠢ ᠲᠤᠯᠭᠠᠭᠤᠷᠢᠯᠠᠯ ᠪᠣᠯᠤᠨ ᠦᠨᠳᠦᠰᠦᠨ ᠣᠯᠠᠨ ᠨᠡᠢᠲᠡ ᠶ᠋ᠢᠨ ᠦᠶ᠋ᠯᠡᠴᠢᠯᠡᠭᠡᠨ ᠦ ᠬᠠᠩᠭᠠᠯᠭ᠎ᠠ ᠶ᠋ᠢ ᠴᠢᠩᠭᠠᠳᠭᠠᠵᠤ᠂ ᠪᠠᠯᠠ ᠣᠷᠣᠭᠤᠯᠤᠯᠲᠠ ᠬᠡᠷᠡᠭ᠌ᠯᠡᠭᠡᠨ᠎ᠦ ᠣᠷᠴᠢᠨ ᠲᠣᠭᠣᠷᠢᠨ᠎ᠢ ᠤᠯᠠᠮ ᠴᠢᠨᠠᠭ᠍ᠰᠢᠳᠠ ᠱᠢᠯᠢᠳᠡᠭ᠌ᠵᠢᠭᠦᠯᠵᠦ᠍᠂ ᠦᠶ᠋ᠯᠡᠴᠢᠯᠡᠭᠡᠨ ᠦ ᠬᠡᠷᠡᠭ᠌ᠴᠡᠭᠡ ᠱᠠᠭᠠᠷᠳᠠᠯᠭ᠎ᠠ ᠶ᠋ᠢ ᠥᠷᠭᠡᠳᠭᠡᠵᠦ᠍᠂ ᠦᠶ᠋ᠯᠡᠴᠢᠯᠡᠭᠡᠨ ᠦ ᠶᠠᠰᠤ ᠴᠢᠨᠠᠷ ᠤᠨ ᠵᠠᠰᠠᠯᠲᠠ ᠶ᠋ᠢᠨ ᠱᠢᠰᠲ᠋ᠧᠮ ᠪᠣᠯᠤᠨ ᠢᠲᠡᠭᠡᠮᠵᠢ ᠶ᠋ᠢᠨ ᠱᠢᠰᠲ᠋ᠧᠮ ᠦᠨ ᠪᠠᠢᠭᠤᠯᠤᠯᠲᠠ ᠶ᠋ᠢ ᠴᠢᠩᠭᠠᠳᠭᠠᠬᠤ ᠬᠡᠷᠡᠭ᠌ᠲᠡᠶ ᠭᠡᠵᠦ ᠰᠠᠨᠠᠭᠤᠯᠵᠠᠢ᠃