ᠮᠠᠨ᠎ᠤ ᠣᠷᠣᠨ ᠪᠥᠬᠥ᠌ ᠤᠯᠤᠰ᠎ᠤᠨ ᠨᠡᠬᠦᠷᠡᠰᠤᠨ᠎ᠤ ᠬᠠᠩᠭᠠᠯᠭ᠎ᠠ᠎ᠶᠢ ᠪᠥᠬᠥ᠌ ᠬᠦᠴᠦᠨ ᠎ᠢᠶᠡᠷ᠎ᠢᠶᠡᠨ ᠪᠠᠲᠤᠯᠠᠵᠤ ᠪᠣᠶ
2021-11-10 09:56:38
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠡᠪᠦᠯ ᠪᠤᠯᠤᠭᠰᠠᠨ᠎ᠢᠶᠡᠷ ᠡᠯ᠎ᠡ ᠭᠠᠵᠠᠷ᠎ᠤᠨ ᠨᠡᠭᠦᠷᠡᠰᠦ ᠬᠡᠷᠡᠭ᠌ᠯᠡᠬᠦ᠌ ᠬᠡᠮᠵᠢᠶ᠎ᠡ ᠶᠡᠬᠡ᠎ᠪᠡᠷ ᠨᠡᠮᠡᠭᠳᠡᠵᠡᠢ᠃ ᠮᠠᠨ᠎ᠤ ᠤᠷᠤᠨ ᠪᠦᠬᠦ ᠤᠯᠤᠰ᠎ᠤᠨ ᠴᠢᠬᠤᠯᠠ ᠡᠨᠧᠷᠭᠢ᠎ᠶ᠋ᠢᠨ ᠪᠠᠲᠤᠯᠠᠭ᠎ᠠ᠎ᠶ᠋ᠢᠨ ᠰᠠᠭᠤᠷᠢᠨ ᠪᠣᠯᠤᠭ᠍ᠰᠠᠨ᠎ᠤ ᠬᠤᠪᠢ᠎ᠳᠤ᠂ ᠨᠡᠭᠦᠷᠡᠰᠦᠨ᠎ᠦ ᠦᠶ᠋ᠯᠡᠳᠪᠦᠷᠢᠯᠡᠯ᠂  ᠵᠦᠬᠡᠬᠡᠪᠤᠷᠢ᠎ᠶ᠋ᠢᠨ ᠡᠷᠴᠢᠮ᠎ᠢᠶᠡᠨ ᠴᠢᠩᠭᠠᠷᠠᠭᠤᠯᠵᠤ᠂ ᠪᠥᠬᠥ᠌ ᠤᠯᠤᠰ᠎ᠤᠨ ᠨᠡᠬᠦᠷᠡᠰᠤᠨ᠎ᠤ ᠬᠠᠩᠭᠠᠯᠭ᠎ᠠ᠎ᠶᠢ ᠪᠥᠬᠥ᠌ ᠬᠦᠴᠦᠨ᠎ᠢᠶᠡᠷ ᠎ᠢᠶᠡᠨ ᠪᠠᠳᠤᠯᠠᠵᠤ ᠪᠠᠢᠨ᠎ᠠ ᠃

ᠪᠦᠬᠦ᠌ ᠤᠯᠤᠰ᠎ᠤᠨ ᠡᠨᠧᠷᠭᠢ ᠶ᠋ᠢᠨ ᠬᠠᠩᠭᠠᠯᠭ᠎ᠠ᠎ᠶ᠋ᠢ ᠪᠠᠲᠤᠯᠠᠬᠤ ᠭᠣᠣᠯᠳᠠᠯᠭ᠎ᠠ᠎ᠲᠠᠶ ᠭᠠᠵᠠᠷ ᠣᠷᠣᠨ᠎ᠤ ᠨᠢᠭᠡ ᠪᠣᠯᠬᠤ ᠤᠷᠳᠤᠰ ᠬᠤᠳᠠ᠎ᠶ᠋ᠢᠨ ᠡᠯ᠎ᠡ ᠨᠡᠭᠦᠷᠡᠰᠦᠨ ᠠᠭᠤᠷᠬᠠᠢ ᠠᠵᠢᠯ᠎ᠢᠶᠠᠨ ᠰᠡᠷᠭᠦᠭᠡᠵᠦ᠍ ᠦᠢᠯᠡᠳᠪᠦᠷᠢᠯᠡᠯ᠎ᠢᠶᠡᠨ ᠰᠡᠷᠭᠦᠭᠡᠬᠦ᠌ ᠠᠬᠢᠴᠠ᠎ᠪᠠᠨ ᠲᠦᠷᠭᠡᠳᠭᠡᠵᠦ᠍᠂ ᠦᠢᠯᠡᠳᠪᠦᠷᠢᠯᠡᠯ ᠎ᠢᠶᠡᠨ ᠪᠦᠬᠦ᠌ ᠬᠦᠴᠦᠨ᠎ᠢᠶᠡᠷ ᠨᠡᠮᠡᠭ᠌ᠳᠡᠭᠦᠯᠵᠦ᠍ ᠬᠠᠩᠭᠠᠯᠭ᠎ᠠ᠎ᠶ᠋ᠢ ᠪᠠᠲᠤᠯᠠᠵᠤ ᠪᠤᠢ᠃ ᠤᠢᠷ᠎ᠠ᠎ᠳᠤ᠂ ᠤᠷᠳᠤᠰ ᠬᠤᠳᠠ᠎ᠶ᠋ᠢᠨ 40 ᠨᠡᠭᠦᠷᠡᠰᠦᠨ ᠠᠭᠤᠷᠬᠠᠢ ᠠᠵᠢᠯ᠎ᠢᠶᠡᠨ ᠰᠡᠷᠭᠦᠭᠡᠵᠦ᠍ ᠦᠢᠯᠡᠳᠪᠦᠷᠢᠯᠡᠯ ᠎ᠢᠶᠡᠨ ᠰᠡᠷᠭᠦᠭᠡᠵᠦ᠍᠂ ᠣᠳᠣ ᠪᠤᠯᠳᠠᠯ᠎ᠠ ᠬᠡᠪ᠎ᠦᠨ ᠶᠤᠰᠤᠭᠠᠷ ᠠᠵᠢᠯᠯᠠᠵᠤ ᠪᠠᠢᠭ᠎ᠠ ᠨᠡᠭᠦᠷᠡᠰᠦᠨ ᠠᠭᠤᠷᠬᠠᠢ 231  ᠪᠠᠢᠵᠤ ᠂ ᠦᠢᠯᠡᠳᠪᠦᠷᠢᠯᠡᠯ᠎ᠦᠨ ᠴᠢᠳᠠᠪᠤᠷᠢ  ᠨᠢ 5860 ᠲᠦᠮᠡᠨ ᠲᠣᠨ ᠨᠡᠮᠡᠭ᠌ᠳᠡᠭ᠌ᠰᠡᠨ᠎ᠪᠦᠭᠡᠳ 106 ᠨᠡᠭᠦᠷᠡᠰᠦᠨ ᠠᠭᠤᠷᠬᠠᠢ ᠦᠢᠯᠡᠳᠪᠦᠷᠢᠯᠡᠯ᠎ᠢᠶᠡᠨ ᠨᠡᠮᠡᠭ᠌ᠳᠡᠭᠦᠯᠬᠦ᠌ ᠬᠢᠨᠠᠨ ᠵᠥᠪᠱᠢᠶᠡᠷᠡᠯ᠎ᠢ ᠣᠯᠵᠤ᠂ ᠪᠦᠬᠦ᠌ ᠬᠤᠳᠠ᠎ᠶ᠋ᠢᠨ ᠱᠢᠨ᠎ᠡ᠎ᠪᠡᠷ ᠨᠡᠮᠡᠭ᠌ᠳᠡᠭ᠌ᠰᠡᠨ ᠦᠢᠯᠡᠳᠪᠦᠷᠢᠯᠡᠯ ᠎ᠦᠨ ᠴᠢᠳᠠᠪᠤᠷᠢ1.4 ᠳ᠋ᠦᠩᠱᠢᠭᠤᠷ ᠲᠣᠨ᠎ᠳᠤ ᠬᠦᠷᠴᠡᠢ ᠃

ᠬᠢᠵᠢᠭ᠎ᠦᠨ ᠪᠠᠢᠳᠠᠯ ᠳᠤᠤᠷ᠎ᠠ᠂ ᠨᠡᠭᠦᠷᠡᠰᠦ᠎ᠶᠢ ᠲᠦᠷᠭᠡᠨ ᠭᠠᠳᠠᠭ᠍ᠰᠢ ᠵᠦᠬᠡᠬᠡᠪᠤᠷᠢᠯᠡᠬᠦ ᠶ᠋ᠢ ᠪᠠᠲᠤᠯᠠᠬᠤ᠎ᠶ᠋ᠢᠨ ᠲᠥᠯᠥᠭᠡ᠂ ᠮᠠᠨ᠎ᠤ ᠤᠷᠤᠨ᠎ᠤ ᠵᠠᠷᠢᠮ ᠨᠡᠭᠦᠷᠡᠰᠦᠨ ᠠᠭᠤᠷᠬᠠᠶ᠎ᠶ᠋ᠢᠨ ᠠᠵᠤ ᠠᠬᠤᠢᠯᠠᠯ ᠮᠡᠳᠡᠭᠡ ᠵᠠᠩᠭᠢᠵᠢᠯᠲᠠ᠎ᠶ᠋ᠢᠨ ᠮᠡᠷᠭᠡᠵᠢᠯ᠎ᠦᠨ ᠠᠷᠭ᠎ᠠ ᠪᠠᠷᠢᠯ᠎ᠢ ᠬᠡᠷᠡᠭ᠌ᠯᠡᠨ ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠪᠡ᠃ ᠡᠭᠦᠨ᠎ᠳᠦ᠂ ᠵᠡᠭᠦᠨᠭᠠᠷ ᠬᠣᠱᠢᠭᠤᠨ᠎ᠤ ᠸᠧᠶ ᠵᠢᠶᠠ ᠮᠤᠤ ᠨᠡᠭᠦᠷᠡᠰᠦᠨ ᠠᠭᠤᠷᠬᠠᠶ᠎ᠨᠡᠭᠦᠷᠡᠰᠦ ᠭᠠᠷᠭᠠᠬᠤ ᠡᠯᠧᠺᠲ᠋ᠷᠣᠨ ᠬᠠᠭᠤᠳᠠᠰᠤᠨ᠎ᠤ ᠲᠤᠬᠠᠢᠯᠠᠭ᠍ᠰᠠᠨ ᠠᠵᠢᠯ᠎ᠢ ᠡᠬᠢᠯᠡᠬᠦᠯᠵᠤ ᠂ ᠨᠡᠭᠦᠷᠡᠰᠦ ᠵᠦᠭᠡᠭᠡᠪᠤᠷᠢᠯᠡᠬᠦ ᠠᠴᠢᠶᠠᠨ᠎ᠤ ᠮᠠᠱᠢᠨ ᠲᠡᠷᠭᠡᠨ᠎ᠦ ᠵᠢᠯᠣᠭᠣᠴᠢ ᠰᠦᠯᠵᠢᠶᠡᠨ ᠳᠡᠭᠡᠷ᠎ᠡ ᠴᠠᠭ ᠪᠣᠯᠵᠣᠨ᠂ ᠣᠪᠣᠭ ᠨᠡᠷ᠎ᠡ᠂ ᠲᠡᠷᠭᠡᠨ ᠨᠣᠮᠧᠷ ᠂ ᠬᠢᠵᠢᠭ᠎ᠢ ᠰᠡᠷᠭᠡᠢᠯᠡᠬᠦ᠌ ᠺᠣᠳ᠋᠂ ᠠᠶᠠᠯᠠᠯ᠎ᠤᠨ ᠺᠣᠳ᠋᠂ 48 ᠴᠠᠭ᠎ᠤᠨ ᠳᠣᠲᠣᠷᠠᠬᠢ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠶ᠋ᠢᠨ ᠭᠡᠷᠡᠴᠢ ᠵᠡᠷᠭᠡ ᠮᠡᠳᠡᠭᠡ ᠵᠠᠩᠭᠢ᠎ᠪᠠᠨ ᠠᠭᠤᠷᠬᠠᠶ᠎ᠵᠢᠨ ᠬᠠᠮᠢᠶ᠎ᠠ ᠪᠦᠬᠦᠢ ᠲᠠᠰᠤᠭ ᠲᠦ᠍ ᠲᠤᠱᠢᠶᠠᠨ ᠬᠢᠨᠠᠨ ᠬᠠᠷᠭᠤᠭᠤᠯᠤᠭᠰᠠᠨ᠎ᠤ ᠲᠠᠷᠠᠭ᠎ᠠ᠂ ᠰᠢᠭᠤᠳ ᠨᠡᠭᠦᠷᠡᠰᠦᠨ ᠠᠭᠤᠷᠬᠠᠶ᠎ᠳᠤ ᠬᠦᠷᠴᠤ ᠮᠡᠷᠬᠡᠨ ᠴᠤᠬᠤᠷ᠎ᠢ ᠱᠢᠷᠪᠢᠪᠡᠯ ᠨᠡᠭᠦᠷᠡᠰᠦ ᠰᠠᠪᠠᠯᠠᠵᠤ ᠪᠣᠯᠤᠨ᠎ᠠ ᠂ ᠡᠨᠡ ᠨᠢ ᠤᠤᠯ᠎ᠤᠨ ᠮᠥᠷᠯᠡᠬᠦ ᠴᠠᠭ᠎ᠢ ᠠᠷᠪᠢᠯᠠᠵᠤ᠂ ᠠᠮᠤᠷ ᠲᠦᠪᠰᠢᠨ᠎ᠢᠶᠡᠷ ᠨᠡᠬᠦᠷᠡᠰᠤ᠎ᠵᠢ ᠲᠦᠷᠬᠡᠨ ᠵᠦᠬᠡᠬᠡᠪᠤᠷᠢᠯᠡᠬᠦ ᠪᠤᠯᠭᠠᠭᠰᠠᠨ ᠪᠠᠢᠨ᠎ᠠ ᠃  ᠬᠥᠬᠡᠬᠣᠲᠠ᠎ᠶ᠋ᠢᠨ ᠲᠡᠮᠦᠷ ᠵᠠᠮ᠎ᠤᠨ ᠲᠣᠪᠴᠢᠶ᠎ᠠ᠎ᠶᠢᠨ ᠬᠢᠨ ᠵᠦᠬᠡᠬᠡᠪᠤᠷᠢ᠎ᠶᠢᠨ ᠬᠦᠴᠦᠨ᠎ᠦ ᠡᠬᠢ ᠪᠠᠶᠠᠯᠢᠭ᠎ᠢᠶᠠᠨ ᠲᠥᠪᠯᠡᠷᠡᠭᠦᠯᠵᠦ᠍ ᠂ ᠡᠨᠡ ᠡᠪᠦᠯ ᠢᠷᠡᠬᠦ᠌ ᠬᠠᠪᠤᠷ᠎ᠤᠨ ᠪᠥᠬᠥ᠌ ᠤᠯᠤᠰ᠎ᠤᠨ ᠴᠠᠬᠢᠯᠭᠠᠨ ᠭᠠᠷᠭᠠᠵᠤ ᠳᠤᠯᠠᠭᠠᠯᠠᠭ᠎ᠠ᠎ᠳᠤ ᠬᠡᠷᠡᠭ᠌ᠯᠡᠬᠦ᠌ ᠨᠡᠭᠦᠷᠡᠰᠦᠨ᠎ᠦ ᠵᠦᠬᠡᠬᠡᠪᠤᠷᠢ᠎ᠶᠢ ᠪᠠᠳᠤᠯᠠᠵᠤ ᠬᠠᠩᠭᠠᠯᠭ᠎ᠠ᠎ᠶ᠋ᠢ ᠪᠠᠲᠤᠯᠠᠬᠤ ᠲᠤᠰᠭᠠᠶ ᠠᠵᠢᠯᠯᠠᠭ᠎ᠠ᠎ᠥᠷᠨᠢᠭᠦᠯᠪᠡ ᠃

10 ᠰᠠᠷ᠎ᠠ᠎ᠠᠴᠠ ᠨᠠᠭᠠᠰᠢ ᠂ ᠡᠳᠦᠷ ᠪᠦᠷᠢ 3 ᠲᠦᠮᠡᠨ ᠲᠣᠨ᠎ᠠᠴᠠ ᠳᠡᠭᠡᠭ᠌ᠰᠢᠬᠢ ᠨᠡᠭᠦᠷᠡᠰᠦ᠎ᠶ᠋ᠢ ᠪᠤᠭᠤᠲᠤ᠎ᠶ᠋ᠢᠨ ᠪᠠᠷᠠᠭᠤᠨ ᠥᠷᠲᠡᠭᠡ᠎ᠪᠡᠷ ᠲᠠᠮᠵᠢᠵᠤ ᠭᠠᠳᠠᠭ᠍ᠰᠢ ᠵᠦᠬᠡᠬᠡᠪᠤᠷᠢᠯᠡᠵᠤ ᠪᠠᠢᠨ᠎ᠠ᠃ ᠨᠡᠭᠦᠷᠡᠰᠦ᠎ᠶ᠋ᠢ ᠵᠡᠬᠦᠨ ᠣᠷᠣᠨ᠂ ᠡᠮᠤᠨ᠎ᠠ ᠣᠷᠣᠨ᠎ᠳᠤ ᠠᠯᠢ ᠲᠦᠷᠭᠡᠨ᠎ᠢᠶᠡᠷ ᠵᠥᠭᠡᠭᠡᠪᠦᠷᠢᠯᠡᠨ ᠬᠦᠷᠭᠡᠬᠦ᠌᠎ᠶ᠋ᠢᠨ ᠲᠥᠯᠥᠭᠡ ᠂ ᠲᠣᠰ ᠥᠷᠲᠡᠭᠡ ᠴᠠᠬᠢᠯᠭᠠᠨ ᠭᠠᠷᠭᠠᠬᠤ ᠨᠡᠭᠦᠷᠡᠰᠦ ᠵᠦᠬᠡᠬᠡᠪᠤᠷᠢᠯᠡᠬᠦ ᠴᠤᠪᠤᠭ᠎ᠠ ᠲᠡᠷᠭᠡ᠎ᠶ᠋ᠢ ᠤᠷᠢᠳ᠎ᠢᠶᠠᠷ ᠪᠣᠳᠣᠯᠬᠢᠯᠠᠬᠤ ᠲᠣᠭ᠍ᠲᠠᠴᠠ᠎ᠶ᠋ᠢ ᠬᠡᠷᠡᠭ᠌ᠵᠢᠭᠦᠯᠵᠦ᠍᠂  ᠴᠤᠪᠤᠭ᠎ᠠ ᠲᠡᠷᠭᠡ᠎ᠶ᠋ᠢᠨ ᠵᠠᠮ ᠳᠠᠭᠠᠤ ᠠᠵᠢᠯᠯᠠᠬᠤ ᠤᠳᠠᠭ᠎ᠠ ᠪᠠ ᠴᠠᠭ᠎ᠢ ᠪᠠᠭᠠᠰᠭᠠᠵᠤ᠂ ᠤᠳᠠᠭ᠎ᠠ ᠪᠦᠷᠢ᠎ᠶ᠋ᠢᠨ ᠨᠡᠭᠦᠷᠡᠰᠦ ᠵᠦᠬᠡᠬᠡᠪᠤᠷᠢᠯᠡᠬᠦ ᠲᠤᠰᠭᠠᠶ ᠴᠤᠪᠤᠭ᠎ᠠ ᠲᠡᠷᠭᠡ᠎ᠶ᠋ᠢᠨ ᠦᠷ᠎ᠡ ᠪᠦᠲᠦᠮᠵᠢ᠎ᠶ᠋ᠢ ᠬᠠᠮᠤᠭ᠎ᠤᠨ ᠶᠡᠬᠡ᠎ᠪᠡᠷ ᠪᠠᠳᠠᠷᠠᠭᠤᠯᠪᠠ᠃ ᠬᠥᠬᠡᠬᠣᠲᠠ᠎ᠶ᠋ᠢᠨ ᠡᠮᠦᠨ᠎ᠡ ᠥᠷᠲᠡᠭᠡ ᠪᠤᠯ ᠦᠪᠦᠷ ᠮᠤᠩᠭᠤᠯ᠎ᠤᠨ ᠨᠠᠬᠦᠷᠡᠰᠦ ᠵᠢ ᠤᠷᠤᠨ ᠡᠴᠡ ᠭᠠᠷᠭᠠᠬᠤ ᠴᠢᠬᠤᠯᠠ ᠦᠷᠳᠡᠭᠡ ᠶᠤᠮ᠃ ᠡᠨᠳᠡ 105 ᠸᠠᠭᠣᠨ᠎ᠲᠠᠶ ᠂ 8400 ᠲᠣᠨ ᠨᠡᠭᠦᠷᠡᠰᠦ ᠵᠦᠬᠡᠬᠡᠪᠤᠷᠢᠯᠡᠬᠦ ᠲᠤᠰᠭᠠᠢ ᠭᠠᠯᠲᠤ ᠲᠡᠷᠭᠡ ᠬᠦᠨᠳᠦ ᠠᠴᠢᠶ᠎ᠠ ᠴᠢᠷᠬᠦ᠌ ᠬᠤᠤᠰ ᠪᠤᠬ᠎ᠠ ᠲᠡᠷᠭᠡ ᠰᠣᠯᠢᠬᠤ ᠴᠢᠬᠤᠯᠠᠲᠠᠢ ᠪᠠᠢᠳᠠᠭ ᠃ ᠲᠤᠰ ᠥᠷᠲᠡᠭᠡᠨ᠎ᠦ ᠡᠳᠦᠷ ᠳᠤᠮᠳᠠᠴᠢ᠎ᠶ᠋ᠢᠨ ᠨᠡᠭᠦᠷᠡᠰᠦᠨ᠎ᠦ ᠬᠡᠮᠵᠢᠶ᠎ᠠ 8 ᠰᠠᠷ᠎ᠠ᠎ᠳᠤ 28 ᠲᠦᠮᠡᠨ ᠲᠣᠨ ᠪᠠᠢᠭ᠍ᠰᠠᠨ᠎ᠠᠴᠠ᠎ᠪᠠᠨ ᠤᠳᠤ 35 ᠲᠦᠮᠡᠨ ᠲᠣᠨ ᠪᠣᠯᠤᠨ ᠨᠡᠮᠡᠭ᠌ᠳᠡᠪᠡ ᠃

ᠭᠠᠷᠤᠯᠲᠠ᠎ᠪᠠᠨ ᠨᠡᠮᠡᠭ᠌ᠳᠡᠭᠦᠯᠵᠦ᠍᠂ ᠵᠦᠬᠡᠬᠡᠪᠤᠷᠢ᠎ᠪᠡᠨ ᠥᠷᠭᠡᠳᠭᠡᠬᠦ᠌᠎ᠶ᠋ᠢᠨ ᠬᠠᠮᠲᠤ ᠂ ᠮᠠᠨ᠎ᠤ ᠤᠷᠤᠨ ᠨᠡᠭᠦᠷᠡᠰᠦᠨ ᠠᠭᠤᠷᠬᠠᠶ᠎ᠶ᠋ᠢᠨ ᠠᠵᠤ ᠠᠬᠤᠢᠯᠠᠯ᠎ᠢ ᠤᠯᠤᠰ᠎ᠤᠨ ᠬᠠᠩᠭᠠᠯᠭ᠎ᠠ᠎ᠶ᠋ᠢ ᠪᠠᠲᠤᠯᠠᠵᠤ ᠦᠨ᠎ᠡ ᠬᠠᠩᠰᠢ᠎ᠶ᠋ᠢ ᠲᠣᠭ᠍ᠲᠠᠪᠤᠷᠢᠵᠢᠭᠤᠯᠬᠤ ᠡᠯ᠎ᠡ ᠵᠦᠶ᠋ᠯ᠎ᠦᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠵᠤ ᠂ ᠨᠡᠭᠦᠷᠡᠰᠦᠨ᠎ᠦ ᠦᠨ᠎ᠡ ᠬᠠᠩᠰᠢ᠎ᠶ᠋ᠢ ᠬᠥᠲᠥᠯᠥᠨ ᠵᠢᠯᠣᠭᠣᠳᠴᠤ᠌᠎ᠵᠦᠶ ᠵᠣᠬᠢᠰᠲᠠᠶ ᠪᠤᠯᠭᠠᠬᠤ᠎ᠶᠢ ᠤᠷᠢᠶᠠᠯᠠᠪᠠ᠃᠎ᠣᠢᠯᠠᠭᠠᠭ᠍ᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠪᠠᠢᠷᠢᠯᠠᠭᠤᠯᠤᠯᠲᠠ᠂ ᠠᠵᠢᠯ ᠲᠥᠷᠥᠯ᠎ᠦᠨ ᠨᠡᠢᠭᠡᠮᠯᠢᠭ᠎ᠦᠨ ᠰᠠᠨᠠᠭᠠᠴᠢᠯᠠᠭ᠎ᠠ ᠂ ᠳᠠᠭᠠᠭᠤᠯᠤᠭ᠍ᠴᠢ ᠠᠵᠤ ᠠᠬᠤᠢᠯᠠᠯ ᠎ᠤᠨ ᠠᠮᠠᠯᠠᠯᠲᠠ᠎ᠪᠠᠷ ᠳᠡᠮᠵᠢᠨ᠂ ᠮᠠᠰᠢ ᠣᠯᠠᠨ ᠨᠡᠭᠦᠷᠡᠰᠦᠨ᠎ᠦ ᠠᠵᠤ ᠠᠬᠤᠢᠯᠠᠯ ᠢᠳᠡᠪᠬᠢᠲᠡᠶ ᠴᠤᠤᠷᠢᠶᠠᠳᠤᠨ ᠳᠠᠭᠠᠵᠤ᠂ ᠣᠷᠳᠣᠰ᠎ᠤᠨ 5500 ᠺᠠᠯᠤᠷᠢ ᠎ᠶᠢᠨ ᠬᠥᠳᠡᠯᠭᠡᠬᠦ᠌ ᠬᠦᠴᠦᠨ᠎ᠦ ᠨᠡᠭᠦᠷᠡᠰᠦᠨ᠎ᠦ ᠠᠭᠤᠷᠬᠠᠶ ᠡᠴᠡ ᠭᠠᠷᠬᠤ ᠦᠨ᠎ᠡ᠎ᠨᠢ ᠬᠠᠮᠤᠭ᠎ᠤᠨ ᠥᠨᠳᠥᠷ ᠲᠡᠬᠡᠨ ᠲᠣᠨ ᠪᠦᠷᠢ᠎ᠳᠤ 1800 ᠲᠥᠭᠥᠷᠢᠭ ᠪᠠᠢᠭ᠍ᠰᠠᠨ᠎ᠠᠴᠠ᠎ᠪᠠᠨ 1200 ᠲᠥᠭᠥᠷᠢᠭ᠎ᠡᠴᠡ ᠳᠣᠷᠣᠭ᠍ᠰᠢ ᠪᠣᠯᠪᠠ᠃  ᠡᠭᠦᠨ᠎ᠳᠦ᠂  ᠥᠪᠥᠷ ᠮᠣᠩᠭᠣᠯ᠎ᠤᠨ ᠢ᠎ᠲᠡᠶ᠂ ᠱᠢᠩ ᠯᠦᠩ ᠵᠡᠷᠭᠡ ᠠᠵᠤ ᠠᠬᠤᠢᠯᠠᠯ ᠲᠦᠷᠦᠭᠦᠯᠡᠨ ᠴᠢᠨ ᠬᠤᠸᠠᠩ ᠳ᠋ᠤᠤ ᠭᠠᠷᠠᠮ᠎ᠵᠢᠡᠷ ᠵᠦᠭᠡᠭᠡᠪᠤᠷᠢᠯᠡᠨ ᠭᠠᠷᠭᠠᠬᠤ ᠦᠨ᠎ᠠ ᠨᠢ1000ᠲᠥᠭᠥᠷᠢᠭ᠎ᠡᠴᠡ ᠳᠣᠷᠣᠭ᠍ᠰᠢᠬᠢ ᠡᠩ᠎ᠦᠨ ᠦᠨ᠎ᠡ᠎ᠶ᠋ᠢᠨ ᠨᠡᠭᠦᠷᠡᠰᠦ᠎ᠶ᠋ᠢ 21 ᠲᠦᠮᠡᠨ ᠲᠣᠨ ᠵᠥᠭᠡᠭᠡᠪᠦᠷᠢᠯᠡᠵᠦ᠍᠂ ᠭᠠᠷᠠᠮ ᠪᠠ ᠠᠭᠤᠷᠬᠠᠶ᠎ᠡᠴᠡ ᠭᠠᠷᠭᠠᠬᠤ ᠨᠡᠭᠦᠷᠡᠰᠦᠨ᠎ᠦ ᠦᠨ᠎ᠡ᠎ᠶ᠋ᠢ ᠳᠤᠭᠳᠠᠪᠤᠷᠢᠵᠢᠭᠤᠯᠬᠤ ᠳ᠋ᠤ ᠢᠳᠡᠪᠬᠢᠲᠡᠶ ᠦᠢᠯᠡᠳᠦᠯ ᠦᠵᠡᠬᠦᠯᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号