ᠡᠪᠦᠯ᠎ᠦᠨ ᠤᠯᠠᠷᠢᠯ᠎ᠳᠤ ᠭᠠᠮᠱᠢᠭ᠍ᠳᠠᠭ᠍ᠰᠠᠨ ᠤᠯᠠᠨ ᠲᠦᠮᠡᠨ᠎ᠢ ᠬᠢᠷᠢ ᠵᠡᠷᠭᠡ ᠠᠪᠤᠷᠠᠠ ᠲᠤᠰᠠᠯᠠᠵᠦ ᠪᠠᠢᠬᠤ ᠪᠤᠯ? — ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠶᠠᠮᠤᠨ᠎ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠠᠯᠠᠮᠱᠢᠯ ᠠᠰᠠᠭᠤᠳᠠᠯ᠎ᠳᠤ ᠬᠠᠷᠢᠭᠤᠯᠲᠠ ᠥᠭ᠌ᠴᠠᠢ
2021-11-10 10:47:26
ᠵᠣᠬᠢᠶᠠᠭ᠍ᠴᠢ᠄
ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠯᠢᠦ ᠱᠢᠶᠠ ᠼᠦᠨ
ᠣᠩᠱᠢᠭ᠍ᠰᠠᠨ ᠣᠳᠠᠭ᠎ᠠ᠄
★★★☆☆

ᠡᠪᠦᠯ᠎ᠦᠨ ᠤᠯᠠᠷᠢᠯ ᠬᠦᠷᠴᠦ᠍ ᠢᠷᠡᠯ᠎ᠡ᠂ ᠭᠠᠮᠱᠢᠭ᠍ᠳᠠᠭ᠍ᠰᠠᠨ ᠤᠯᠠᠨ ᠲᠦᠮᠡᠨ᠎ᠢ ᠬᠢᠷᠢ ᠵᠡᠷᠭᠡ  ᠠᠪᠤᠷᠠᠨ ᠲᠤᠰᠠᠯᠠᠵᠤ ᠪᠠᠢᠭ᠎ᠠ ᠪᠤᠯ? ᠵᠢᠯ᠎ᠦᠨ ᠡᠴᠦᠰ ᠪᠣᠯ ᠶᠡᠷᠦ᠍᠎ᠡᠴᠡ ᠪᠠᠠ ᠦᠢᠯᠡᠳᠪᠦᠷᠢᠯᠡᠯ᠎ᠦᠨ ᠠᠶᠤᠯᠭᠦᠢ᠎ᠶ᠋ᠢᠨ ᠡᠨᠳᠡᠯ ᠣᠯᠠᠨ ᠡᠭᠦᠰᠭᠦ ᠬᠤᠭᠤᠴᠠᠭ᠎ᠠ ᠮᠥᠨ᠂ ᠡᠭᠦᠨ᠎ᠢ ᠬᠡᠷᠬᠢᠨ ᠰᠡᠷᠭᠡᠢᠯᠡᠬᠦ᠌ ᠪᠣᠢ? ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ᠎ᠦ ᠭᠠᠯ᠎ᠤᠨ ᠠᠶᠤᠯ ᠣᠯᠠᠨ ᠡᠭᠦᠰᠴᠤ ᠪᠤᠢ᠂  ᠲᠠᠷᠠᠭᠠᠴᠢ᠎ᠶ᠋ᠢᠨ ᠠᠯᠬᠤᠮ᠎ᠳᠤ ᠬᠡᠷᠬᠢᠨ ᠵᠠᠰᠠᠬᠤ ᠪᠣᠶ? ᠨᠡᠢᠭᠡᠮ᠎ᠦᠨ ᠠᠩᠬᠠᠷᠤᠯ ᠲᠠᠯᠪᠢᠵᠤ ᠪᠠᠢᠭ᠎ᠠ ᠡᠲᠡᠭᠡᠷ ᠬᠠᠯᠠᠮᠰᠢᠯ ᠠᠰᠠᠭᠤᠳᠠᠯ᠎ᠤᠨ ᠲᠣᠭᠣᠷᠢᠨ᠎ᠳᠤ᠂ 8 ᠎ᠤ᠋ ᠡᠳᠦᠷ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠰᠣᠨᠢᠨ ᠮᠡᠳᠡᠭᠡᠨ᠎ᠦ ᠠᠯᠪᠠᠨ ᠬᠡᠷ᠎ᠦᠨ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠶᠠᠮᠤᠨ᠎ᠤ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠬᠠᠷᠢᠭᠤ ᠦᠭᠴᠠᠢ᠃


ᠡᠪᠦᠯ᠎ᠤᠨ ᠤᠯᠠᠷᠢᠯ ᠬᠦᠷᠴᠤ ᠢᠷᠡᠯ᠎ᠠ᠂ ᠭᠠᠮᠱᠢᠭ᠍ᠳᠠᠭ᠍ᠰᠠᠨ ᠤᠯᠠᠨ ᠲᠦᠮᠡᠨ᠎ᠢ ᠬᠢᠷᠢ ᠵᠡᠷᠭᠡ ᠠᠪᠤᠷᠠᠨ ᠲᠤᠰᠠᠯᠠᠵᠤ ᠪᠠᠢᠬᠤ ᠪᠤᠢ?

ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠶᠠᠮᠤᠨ᠎ᠤ ᠳᠡᠳ᠋ ᠰᠠᠢᠳ ᠵᠧᠸ᠋ ᠱᠢᠤᠸᠠᠢ ᠸᠸᠨ᠂ ᠡᠨᠡ ᠵᠢᠯ ᠮᠠᠨ᠎ᠤ ᠤᠯᠤᠰ᠎ᠤᠨ ᠦᠶᠡᠷ ᠤᠰᠤᠲᠤᠯ᠎ᠤᠨ ᠭᠠᠮᠱᠢᠭ ᠥᠩᠭᠡᠷᠡᠭ᠌ᠰᠡᠨ ᠵᠢᠯ᠎ᠦᠨ ᠬᠢ᠎ᠲᠡᠶ ᠬᠠᠷᠢᠴᠠᠭᠤᠯᠪᠠᠯ ᠨᠡᠯᠢᠶᠡᠳ ᠬᠦᠨᠳᠦ ᠨᠣᠴᠢᠲᠠᠶ ᠡᠭᠦᠰᠴᠠᠢ᠃ 1 ᠰᠠᠷ᠎ᠠ᠎ᠠᠴᠠ 10 ᠰᠠᠷ᠎ᠠ ᠪᠣᠯᠲᠠᠯ᠎ᠠ᠂ ᠦᠶᠡᠷ ᠤᠰᠤᠲᠤᠯ᠎ᠤᠨ ᠭᠠᠮᠱᠢᠭ᠎ᠲᠤ ᠨᠡᠢᠲᠡ 5890 ᠲᠦᠮᠡᠨ ᠬᠥᠮᠦᠨ ᠤᠳᠠᠭ᠎ᠠ ᠭᠠᠮᠱᠢᠭ᠍ᠳᠠᠵᠤ ᠂ 590 ᠬᠥᠮᠦᠨ ᠡᠨᠳᠡᠵᠦ ᠂ 351.5 ᠲᠦᠮᠡᠨ ᠬᠥᠮᠦᠨ ᠤᠳᠠᠭ᠎ᠠ᠎ᠵᠢ ᠪᠠᠴᠢᠮ ᠱᠢᠯᠵᠢᠭᠦᠯᠦᠨ ᠲᠥᠪᠬᠢᠨᠡᠭᠦᠯᠵᠦ᠍᠂ 20.3 ᠲᠦᠮᠡᠨ ᠲᠠᠰᠤᠯᠭ᠎ᠠ ᠭᠡᠷ ᠪᠠᠢᠱᠢᠩ ᠨᠤᠷᠠᠵᠠᠶ᠃ ᠣᠳᠣᠬᠠᠨ᠎ᠳᠤ ᠪᠠᠰᠠ ᠨᠢᠭᠡ ᠪᠦᠯᠦᠭ ᠭᠠᠮᠱᠢᠭ᠍ᠳᠠᠭ᠍ᠰᠠᠨ ᠣᠯᠠᠨ ᠲᠦᠮᠡᠨ ᠢ᠋ ᠭᠡᠷ ᠪᠠᠢᠱᠢᠩ ᠨᠢ ᠨᠤᠷᠠᠭ᠍ᠰᠠᠨ᠎ᠠᠴᠠ ᠪᠣᠯᠵᠤ ᠱᠢᠯᠵᠢᠯᠲᠡ᠎ᠶ᠋ᠢᠨ ᠴᠢᠨᠠᠷᠲᠠᠶ᠎ᠪᠠᠷ ᠲᠥᠪᠬᠢᠨᠡᠭᠦᠯᠦᠭ᠌ᠰᠡᠨ ᠪᠠᠢᠨ᠎ᠠ ᠭᠡᠵᠦ ᠲᠠᠨᠢᠯᠴᠠᠭᠤᠯᠪᠠ᠃

ᠵᠧᠦ ᠱᠢᠤᠸᠠᠢ ᠸᠸᠨ ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠶᠠᠮᠤᠨ ᠤᠯᠤᠰ᠎ᠤᠨ ᠭᠠᠮᠱᠢᠭ᠎ᠢ ᠪᠠᠭᠠᠰᠭᠠᠬᠤ ᠵᠥᠪᠯᠡᠯ᠎ᠦᠨ ᠬᠣᠯᠪᠣᠭ᠍ᠳᠠᠯ ᠪᠦᠬᠦᠢ ᠪᠦᠷᠢᠯᠳᠦᠬᠦᠨ ᠨᠢᠭᠡᠴᠢ᠎ᠲᠡᠶ ᠬᠠᠮᠲᠤᠷᠠᠨ ᠭᠠᠮᠱᠢᠭ᠎ᠠᠴᠠ ᠠᠪᠤᠷᠠᠬᠤ ᠠᠪᠤᠷᠠᠨ ᠲᠤᠰᠠᠯᠠᠬᠤ ᠠᠵᠢᠯ᠎ᠢ ᠵᠣᠬᠢᠶᠠᠨ ᠪᠠᠢᠭᠤᠯᠤᠨ ᠥᠷᠨᠢᠭᠦᠯᠪᠡ ᠂ ᠡᠭᠦᠨ᠎ᠳᠦ ᠪᠠᠴᠢᠮ ᠪᠠᠢᠳᠠᠯ᠎ᠢ ᠠᠷᠭᠠᠴᠠᠭᠠᠬᠤ ᠠᠪᠤᠷᠠᠨ ᠲᠤᠰᠠᠯᠠᠬᠤ ᠠᠵᠢᠯ᠎ᠢ ᠳᠠᠷᠤᠢ ᠲᠦᠷᠭᠡᠨ ᠥᠷᠨᠢᠭᠦᠯᠵᠦ᠍ ᠂ ᠴᠠᠭ᠎ᠢ ᠠᠮᠵᠢᠨ ᠬᠡᠪ᠎ᠦᠨ ᠦᠢᠯᠡᠳᠪᠦᠷᠢᠯᠡᠯ ᠠᠮᠢᠳᠤᠷᠠᠯ᠎ᠤᠨ ᠡᠮᠬᠢ ᠳᠢᠭ᠌ᠯᠢᠮ᠎ᠢ ᠳᠠᠷᠤᠢ ᠲᠦᠷᠭᠡᠨ ᠰᠡᠷᠭᠦᠭᠡᠵᠦ᠍ ᠂ ᠭᠠᠮᠱᠢᠭ᠍ᠳᠠᠭ᠍ᠰᠠᠨ ᠤᠯᠠᠨ ᠲᠦᠮᠡᠨ᠎ᠦ ᠡᠪᠦᠯ ᠬᠠᠪᠤᠷ᠎ᠤᠨ ᠠᠪᠤᠷᠠᠨ ᠲᠤᠰᠠᠯᠠᠬᠤ ᠠᠵᠢᠯ᠎ᠢ ᠨᠠᠷᠢᠨ ᠨᠢᠮᠪᠠᠢ ᠪᠠᠢᠷᠢᠯᠠᠭᠤᠯᠤᠨ ᠰᠠᠢᠲᠤᠷ ᠬᠢᠵᠦ ᠪᠤᠢ ᠭᠡᠵᠤ ᠢᠯᠠᠳᠭᠡᠪᠠ ᠃

ᠵᠧᠸ᠋ ᠱᠢᠤᠸᠠᠢ ᠸᠸᠨ ᠴᠢᠨᠠᠭᠰᠢᠲᠠ ᠢᠯᠡᠷᠬᠡᠢᠯᠡᠬᠦ᠌᠎ᠳᠡᠭᠡᠨ ᠂ ᠣᠳᠣᠬᠠᠨ᠎ᠳᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠶᠠᠮᠤᠨ ᠶᠠᠭ ᠡᠳ᠋᠎ᠦᠨ ᠵᠠᠰᠠᠭ᠎ᠤᠨ ᠶᠠᠮᠤᠨ᠎ᠲᠠᠶ ᠬᠠᠮᠲᠤᠷᠠᠨ ᠲᠥᠪ᠎ᠦᠨ ᠡᠪᠦᠯ ᠬᠠᠪᠤᠷ᠎ᠤᠨ ᠭᠠᠮᠱᠢᠭ᠎ᠠᠴᠠ ᠠᠪᠤᠷᠬᠠᠸ᠋ ᠪᠠᠯᠠ ᠮᠥᠩᠭᠥ᠎ᠶ᠋ᠢ ᠲᠥᠰᠦᠭᠡᠯᠡᠨ ᠪᠤᠳᠤᠵᠤ ᠲᠣᠬᠢᠷᠠᠭᠤᠯᠤᠨ᠂ ᠡᠨᠡ ᠵᠢᠯ᠎ᠦᠨ ᠦᠶᠡᠷ ᠤᠰᠤᠲᠤᠯ᠎ᠳ᠋ᠤ ᠬᠦᠨᠳᠦ ᠭᠠᠮᠱᠢᠠᠠᠲᠠᠭᠰᠠᠠ ᠮᠤᠵᠢ ᠣᠷᠣᠨ᠎ᠳᠤ ᠵᠣᠬᠢᠬᠤ ᠬᠠᠷᠠᠭᠠᠯᠵᠠᠯ᠎ᠤᠨ ᠲᠡᠮᠵᠢᠯᠭᠡ ᠦᠵᠡᠭᠦᠯᠬᠦ᠌᠎ᠪᠡᠷ ᠪᠠᠢᠨ᠎ᠠ᠃ ᠡᠭᠦᠨ᠎ᠦ ᠬᠠᠮᠲᠤ ᠣᠢᠷ᠎ᠠ᠎ᠳᠤ ᠤᠯᠤᠰ᠎ᠤᠨ ᠠᠮᠤ ᠪᠤᠳᠠᠭ᠎ᠠ ᠪᠠ ᠡᠳ᠋ ᠪᠤᠳᠠᠰ ᠨᠥᠭᠡᠴᠡᠯᠡᠬᠦ᠌ ᠲᠣᠪᠴᠢᠶ᠎ᠠ᠎ᠲᠠᠶ ᠬᠠᠮᠲᠤᠷᠠᠨ ᠂ ᠡᠨᠡ ᠤᠳᠠᠭᠠᠨ᠎ᠤ ᠬᠦᠶ᠋ᠲᠡᠨ ᠤᠷᠤᠰᠭᠠᠯ ᠢᠷᠡᠬᠦ᠌᠎ᠡᠴᠡ ᠡᠮᠦᠨ᠎ᠡ ᠂ ᠬᠡᠰᠡᠭ ᠮᠤᠵᠢ ᠣᠷᠣᠨ᠎ᠳᠤ 23.7 ᠲᠦᠮᠡᠨ ᠵᠠᠬ᠎ᠠ ᠬᠥᠪᠥᠩ ᠬᠥᠨᠵᠢᠯᠡ ᠪᠠ ᠬᠥᠪᠥᠩ ᠳ᠋ᠠᠴᠠᠩ ᠵᠡᠷᠭᠡ ᠲᠥᠪ᠎ᠦᠨ ᠭᠠᠮᠱᠢᠭ᠎ᠠᠴᠠ ᠠᠪᠤᠷᠬᠠᠸ᠋ ᠡᠳ᠋ ᠪᠣᠳᠠᠰ᠎ᠢ ᠲᠣᠬᠢᠷᠠᠭᠤᠯᠤᠨ ᠥᠭ᠌ᠴᠦ᠂ ᠣᠷᠣᠨ ᠨᠤᠲᠤᠭ᠎ᠤᠨ ᠭᠠᠮᠱᠢᠭ᠍ᠳᠠᠭ᠍ᠰᠠᠨ ᠣᠯᠠᠨ ᠲᠦᠮᠡᠨ᠎ᠦ ᠠᠮᠤᠷ ᠲᠦᠪᠱᠢᠨ ᠳᠤᠯᠠᠭᠠᠬᠠᠨ ᠡᠪᠦᠯᠵᠢᠬᠦ᠌᠎ᠶ᠋ᠢ ᠦᠨᠡᠨ ᠬᠦ᠌ ᠪᠠᠲᠤᠯᠠᠬᠤ᠎ᠶ᠋ᠢ ᠳᠡᠮᠵᠢᠨ᠎ᠠ ᠭᠡᠵᠠᠢ᠃


 ᠵᠢᠯ᠎ᠦᠨ ᠡᠴᠦᠰ ᠣᠢᠷᠠᠲᠤᠯ᠎ᠠ᠂ ᠦᠢᠯᠡᠳᠪᠦᠷᠢᠯᠡᠯ᠎ᠦᠨ ᠠᠶᠤᠯᠬᠥᠢ ᠵᠢᠨ ᠡᠨᠳᠡᠯ᠎ᠢ  ᠬᠡᠷᠬᠢᠨ ᠰᠡᠷᠭᠡᠢᠯᠡᠬᠦ᠌ ᠪᠤᠢ?

ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠶᠠᠮᠤᠨ᠎ᠤ ᠳᠡᠳ᠋ ᠰᠠᠢᠳ ᠰᠥᠩ ᠶᠤᠸᠠᠨ ᠮᠢᠩ ᠲᠠᠨᠢᠯᠴᠠᠭᠤᠯᠬᠤ᠎ᠳᠠᠭᠠᠨ ᠂ ᠣᠳᠣᠬᠠᠨ᠎ᠳᠤ ᠠᠶᠤᠯᠭᠦᠶ ᠦᠶ᠋ᠯᠡᠳᠪᠦᠷᠢᠯᠡᠯ᠎ᠦᠨ ᠠᠵᠢᠯ᠎ᠳᠤ 《ᠭᠤᠷᠪᠠᠨ ᠬᠤᠭᠤᠴᠠᠭ᠎ᠠ》 ᠳᠠᠪᠬᠤᠴᠠᠵᠤ ᠪᠠᠢᠨ᠎ᠠ ᠄ ᠨᠢᠭᠡ᠎ᠳᠦ ᠂ ᠵᠢᠯ᠎ᠦᠨ ᠡᠴᠦᠰ᠎ᠦᠨ ᠡᠨᠳᠡᠯ ᠣᠯᠠᠨ ᠡᠭᠦᠰᠭᠦ ᠬᠤᠭᠤᠴᠠᠭ᠎ᠠ; ᠬᠣᠶᠠᠷ᠎ᠲᠤ᠂ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠣᠷᠭᠢᠯ᠎ᠤᠨ ᠬᠤᠭᠤᠴᠠᠭ᠎ᠠ; ᠭᠤᠷᠪᠠ᠎ᠳᠤ ᠂ ᠭᠠᠮᠱᠢᠭ ᠡᠭᠦᠰᠬᠦ ᠴᠠᠭ ᠠᠭᠤᠷ ᠣᠯᠠᠨ ᠡᠭᠦᠰᠭᠦ ᠬᠤᠭᠤᠴᠠᠭ᠎ᠠ ᠪᠤᠯᠤᠨ᠎ᠠ ᠭᠡᠵᠠᠢ᠃

ᠰᠥᠩ ᠶᠤᠸᠠᠨ ᠮᠢᠩ ᠢᠯᠡᠷᠬᠡᠢᠯᠡᠬᠦ᠌᠎ᠳᠡᠭᠡᠨ᠂ ᠡᠲᠡᠭᠡᠷ ᠵᠦᠶ᠋ᠯ᠎ᠳᠦ ᠴᠢᠭ᠌ᠯᠡᠭᠦᠯᠦᠨ᠂ ᠬᠣᠯᠪᠣᠭ᠍ᠳᠠᠯ ᠪᠥᠬᠥᠶ ᠭᠠᠵᠠᠷ ᠣᠷᠣᠨ᠂ ᠰᠠᠯᠠᠭ᠎ᠠ ᠮᠥᠴᠢᠷ ᠪᠠ ᠨᠢᠭᠡᠴᠢ᠎ᠶ᠋ᠢ ᠱᠠᠯᠠᠪᠳᠠᠭᠤᠯᠤᠨ ᠵᠢᠯᠣᠭᠣᠳᠴᠤ᠌ ᠪᠠᠢᠭᠠᠳ ᠭᠤᠤᠯᠳᠠᠯᠭ᠎ᠠ᠎ᠲᠠᠶ᠎ᠣᠯᠠᠨ ᠵᠦᠶ᠋ᠯ᠎ᠦᠨ ᠠᠷᠭ᠎ᠠ ᠬᠡᠮᠵᠢᠶ᠎ᠡ ᠠᠪᠤᠭᠤᠯᠤᠨ᠎ᠠ᠃ ᠨᠢᠭᠡ᠎ᠳᠦ ᠂ ᠱᠠᠯᠠᠪᠳᠠᠭᠤᠯᠤᠨ ᠵᠢᠯᠣᠭᠣᠳᠴᠤ᠌ ᠪᠠᠢᠴᠠᠭᠠᠬᠤ᠎ᠪᠠᠨ ᠦᠷᠭᠦᠯᠵᠢᠯᠡᠨ ᠴᠢᠩᠭᠠᠳᠭᠠᠵᠤ᠂ ᠣᠢᠷ᠎ᠠ᠎ᠳᠤ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠠᠶᠤᠯᠬᠦᠢ ᠦᠶ᠋ᠯᠡᠳᠪᠦᠷᠢᠯᠡᠯ᠎ᠦᠨ ᠵᠥᠪᠯᠡᠯ᠎ᠦᠨ ᠬᠣᠯᠪᠣᠭ᠍ᠳᠠᠯ ᠪᠥᠬᠥᠶ ᠪᠦᠷᠢᠯᠳᠦᠬᠦᠨ ᠨᠢᠭᠡᠴᠢ᠎ᠶ᠋ᠢ ᠵᠣᠬᠢᠶᠠᠨ ᠪᠠᠢᠭᠤᠯᠵᠤ 9 ᠠᠵᠢᠯᠯᠠᠬᠤ ᠳᠤᠭᠤᠢᠯᠠᠩ ᠵᠤᠬᠢᠶᠠᠨ ᠪᠠᠢᠭᠤᠯᠵᠤ᠂ 18 ᠮᠤᠵᠢ ᠣᠷᠣᠨ᠎ᠳᠤ ᠠᠶᠤᠯᠬᠦᠢ ᠦᠶ᠋ᠯᠡᠳᠪᠦᠷᠢᠯᠡᠯ᠎ᠢ ᠢᠯᠡ᠎ᠪᠡᠷ ᠪᠠᠢᠴᠠᠭᠠᠵᠤ ᠳᠠᠯᠳᠠᠭᠤᠷ ᠰᠤᠷᠪᠤᠯᠵᠢᠯᠠᠬᠤ ᠠᠵᠢᠯ᠎ᠢ ᠥᠷᠨᠢᠭᠦᠯᠪᠡ; ᠬᠣᠶᠠᠷ᠎ᠲᠤ᠂ ᠨᠡᠭᠦᠷᠡᠰᠦᠨ ᠠᠭᠤᠷᠬᠠᠶ᠎ᠶ᠋ᠢᠨ ᠠᠮᠤᠷ ᠲᠦᠪᠰᠢᠨ᠎ᠢᠶᠡᠷ ᠭᠠᠷᠤᠯᠲᠠ᠎ᠪᠠᠨ ᠨᠡᠮᠡᠭ᠌ᠳᠡᠭᠦᠯᠵᠦ᠍ ᠬᠠᠩᠭᠠᠯᠭ᠎ᠠ᠎ᠶ᠋ᠢ ᠪᠠᠲᠤᠯᠠᠬᠤ ᠠᠷᠭ᠎ᠠ ᠬᠡᠮᠵᠢᠶ᠎ᠡ᠎ᠶ᠋ᠢ ᠴᠢᠩᠭᠠᠳᠭᠠᠬᠤ᠎ᠶ᠋ᠢ  ᠠᠬᠢᠭᠤᠯᠵᠤ᠂ ᠠᠮᠤᠷ ᠲᠦᠪᠰᠢᠠ ᠎ᠢ  ᠪᠠᠲᠤᠯᠠᠭ᠍ᠰᠠᠨ ᠤᠷᠢᠲᠠᠯ ᠳᠣᠣᠷ᠎ᠠ ᠭᠠᠷᠤᠯᠲᠠ᠎ᠪᠠᠨ ᠨᠡᠮᠡᠭ᠌ᠳᠡᠭᠦᠯᠬᠦ᠌ ᠳᠠᠯᠳᠠ ᠬᠦᠴᠦᠨ᠎ᠲᠡᠶ ᠨᠡᠭᠦᠷᠡᠰᠦᠨ ᠠᠭᠤᠷᠬᠠᠶ᠎ᠶ᠋ᠢᠨ ᠦᠢᠯᠡᠳᠪᠦᠷᠢᠯᠡᠯ᠎ᠤᠨ ᠴᠢᠳᠠᠪᠤᠷᠢ᠎ᠶᠢ ᠪᠠᠳᠠᠷᠠᠭᠤᠯᠵᠤ᠂ ᠬᠠᠩᠭᠠᠯᠭ᠎ᠠ᠎ᠶ᠋ᠢ ᠪᠠᠲᠤᠯᠠᠬᠤ᠎ᠶ᠋ᠢᠨ ᠬᠠᠮᠲᠤ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠨᠡᠭᠦᠷᠡᠰᠦᠨ ᠠᠭᠤᠷᠬᠠᠶ᠎ᠳᠤ ᠴᠣᠬᠢᠯᠲᠠ ᠥᠭ᠌ᠬᠦ ᠡᠷᠴᠢᠮ᠎ᠢᠶᠡᠨ ᠴᠢᠩᠭᠠᠷᠠᠭᠤᠯᠤᠨ᠎ᠠ ; ᠭᠤᠷᠪᠠ᠎ᠳᠤ ᠂ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠪᠠ ᠴᠠᠬᠢᠯᠭᠠᠨ ᠬᠦᠴᠦᠨ᠎ᠦ ᠠᠵᠤ ᠠᠬᠤᠢᠯᠠᠯ᠎ᠢ ᠱᠠᠯᠠᠪᠲᠠᠭᠤᠯᠵᠤ ᠪᠠᠢᠭᠠᠳ ᠠᠮᠤᠷ ᠲᠦᠪᠱᠢᠨ᠎ᠢ ᠪᠠᠲᠤᠯᠠᠭ᠍ᠰᠠᠨ ᠤᠷᠢᠲᠠᠯ ᠳᠤᠤᠷ᠎ᠠ ᠂ ᠴᠠᠬᠢᠯᠭᠠᠨ ᠭᠡᠷᠡᠭᠯᠡᠬᠦ ᠵᠢ ᠬᠢᠵᠠᠭᠠᠷᠯᠠᠬᠤ ᠲᠥᠰᠦᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠴᠠᠬᠢᠯᠭᠠᠨ᠎ᠢ ᠡᠮᠬᠢ ᠵᠢᠷᠤᠮ᠎ᠲᠠᠶ ᠬᠢᠵᠠᠭᠠᠷᠯᠠᠵᠤ᠂ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠪᠠ ᠠᠵᠤ ᠠᠬᠤᠢᠯᠠᠯ᠎ᠤᠨ ᠴᠠᠬᠢᠯᠭᠠᠨ ᠵᠣᠭ᠍ᠰᠣᠭᠰᠠᠨ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ᠎ᠢ ᠲᠣᠭ᠍ᠲᠠᠭᠠᠨ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠰᠣᠷᠢᠯᠲᠠ ᠬᠢᠬᠦ᠌᠎ᠶ᠋ᠢ ᠴᠢᠩᠭᠠᠳᠭᠠᠨ᠂ ᠴᠠᠬᠢᠯᠭᠠᠨ ᠵᠣᠭ᠍ᠰᠣᠭ᠍ᠰᠠᠨ᠎ᠠᠴᠠ ᠪᠣᠯᠤᠭ᠍ᠰᠠᠨ ᠦᠶ᠋ᠯᠡᠳᠪᠦᠷᠢᠯᠡᠯ᠎ᠦᠨ ᠠᠶᠤᠯᠬᠦᠢ ᠵᠢᠨ᠎ᠡᠨᠳᠡᠯ᠎ᠢ ᠴᠢᠩᠭ᠎ᠠ ᠰᠡᠷᠭᠡᠢᠯᠡᠨ᠎ᠡ; ᠲᠦᠷᠪᠡ᠎ᠳᠦ᠂  ᠡᠯ᠎ᠡ ᠭᠠᠵᠠᠷ᠎ᠤᠨ ᠠᠶᠤᠯᠭᠦᠢ ᠦᠢᠯᠡᠳᠪᠦᠷᠢᠯᠡᠯ᠎ᠦᠨ ᠪᠠᠴᠢᠮ ᠪᠠᠢᠳᠠᠯ᠎ᠢ ᠠᠷᠭᠠᠴᠠᠭᠠᠬᠤ ᠠᠪᠤᠷᠠᠨ ᠲᠤᠰᠠᠯᠠᠬᠤ ᠲᠤᠰᠭᠠᠢ ᠡᠩᠨᠡᠭᠡ ᠤᠷᠢᠳᠴᠢᠯᠠᠨ ᠰᠡᠷᠭᠡᠢᠯᠡᠬᠦ᠌ ᠪᠠᠢᠴᠠᠭᠠᠯᠲᠠ ᠪᠠ ᠠᠮᠤᠷ ᠲᠦᠪᠰᠢᠨ᠎ᠤ ᠮᠡᠷᠭᠡᠵᠢᠯ᠎ᠦᠨ ᠦᠢᠯᠡᠴᠢᠯᠡᠭᠡ᠎ᠵᠢ ᠴᠢᠩᠭᠠᠳᠬᠠᠨ᠎ᠠ ᠭᠡᠵᠠᠢ᠃


ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ᠎ᠦ ᠭᠠᠯ᠎ᠤᠨ ᠠᠶᠤᠯ ᠣᠯᠠᠨ ᠡᠭᠦᠰᠴᠤ ᠪᠤᠢ᠂ ᠲᠠᠷᠠᠭᠠᠴᠢ᠎ᠶ᠋ᠢᠨ ᠠᠯᠬᠤᠮ᠎ᠳᠤ ᠬᠡᠷᠬᠢᠨ ᠵᠠᠰᠠᠬᠤ ᠪᠣᠶ?

《ᠣᠳᠣᠬᠠᠨ᠎ᠳᠤ ᠪᠥᠬᠥ᠌ ᠤᠯᠤᠰ᠎ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ᠎ᠦ ᠲᠣᠭ᠎ᠠ ᠨᠢᠭᠡᠨᠲᠡ 3 ᠳ᠋ᠦᠩᠱᠢᠭᠤᠷ᠎ᠢ ᠳᠠᠪᠠᠵᠤ ᠂ ᠡᠨᠡ ᠵᠢᠯ᠎ᠡᠴᠡ ᠨᠠᠭᠠᠰᠢ ᠪᠥᠬᠥ᠌ ᠤᠯᠤᠰ᠎ᠲᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ᠎ᠦ ᠭᠠᠯ᠎ᠤᠨ ᠠᠶᠤᠯ ᠲᠦᠮᠡ ᠭᠠᠷᠤᠶ ᠤᠲᠠᠭ᠎ᠠ ᠭᠠᠷᠤᠭ᠍ᠰᠠᠨ ᠪᠥᠭᠡᠳ ᠬᠥᠮᠦᠨ ᠬᠠᠷ᠎ᠠ ᠥᠭᠦᠵᠦ᠍ ᠱᠢᠷᠬᠠᠲᠤᠭ᠍ᠰᠠᠨ ᠪᠠᠢᠨ᠎ᠠ᠃ ᠡᠨᠡ ᠨᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ᠎ᠦ ᠭᠠᠯ ᠤᠨᠲᠠᠷᠠᠭᠠᠬᠤ ᠠᠮᠤᠷ ᠲᠦᠪᠱᠢᠨ᠎ᠦ ᠵᠠᠰᠠᠯᠲᠠ᠎ᠶ᠋ᠢᠨ ᠲᠤᠯᠭᠠᠮ ᠴᠢᠨᠠᠷ᠂ ᠬᠦᠨᠳᠦ ᠨᠣᠴᠢᠲᠠᠶ ᠴᠢᠨᠠᠷ᠂ ᠪᠤᠳᠤᠯᠢᠶᠠᠨᠲᠤ ᠴᠢᠨᠠᠷ᠎ᠢ ᠲᠥᠪᠯᠡᠷᠡᠩᠭᠦᠶ ᠲᠤᠰᠭᠠᠵᠠᠶ》 ᠭᠡᠵᠦ ᠪᠠᠴᠢᠮ ᠪᠠᠢᠲᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠶᠠᠮᠤᠨ᠎ᠤ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠠ ᠲᠤᠰᠠᠯᠠᠬᠤ ᠲᠤᠪᠴᠢᠶᠠᠠ᠎ᠤ ᠲᠠᠷᠤᠭ᠎ᠠ ᠴᠢᠶᠦ᠋ᠩ ᠰᠸ ᠬᠡᠯᠡᠪᠡ᠃

ᠴᠢᠶᠦ᠋ᠩ ᠰᠸ ᠂ ᠴᠠᠬᠢᠯᠭᠠᠠ ᠬᠦᠲᠡᠯᠭᠡᠭᠦᠷᠲᠦ ᠲᠤᠭᠤᠢ ᠲᠡᠷᠭᠡᠡ᠎ᠤ ᠭᠠᠯ ᠰᠡᠷᠭᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠤ ᠵᠠᠰᠠᠯᠲᠠ ᠨᠢ ᠦᠢᠯᠡᠳᠪᠦᠷᠢᠯᠡᠯ ᠂ ᠪᠤᠷᠤᠯᠠᠭᠤᠯᠭ᠎ᠠ᠂ ᠭᠡᠷᠡᠭᠯᠡᠯᠲᠡ ᠵᠡᠷᠭᠡ ᠤᠯᠠᠠ ᠭᠤᠭᠴᠤᠭ᠎ᠠ ᠲᠠᠢ ᠬᠤᠯᠪᠤᠭᠲᠠᠵᠦ᠂ ᠲᠤᠷ᠎ᠠ ᠪᠠᠷ ᠵᠢᠠᠠ ᠦᠭᠡᠷᠡᠴᠢᠯᠡᠡ ᠤᠭᠰᠠᠷᠠᠬᠤ ᠪᠠ ᠲᠤᠭᠲᠠᠭᠠᠯ ᠡᠴᠡ ᠵᠦᠷᠢᠴᠡᠡ ᠭᠡᠷᠡᠭᠯᠡᠵᠦ ᠪᠠᠢᠬᠤ ᠵᠢ ᠬᠠᠮᠢᠶᠠᠷᠬᠤ ᠳ᠋ᠤ ᠬᠦᠴᠢᠷᠲᠡᠯ ᠶᠡᠬᠡ ᠪᠠᠢᠨ᠎ᠠ᠂ ᠢᠯᠠᠩᠭᠤᠶ᠎ᠠ  ᠴᠥᠭᠡᠨ ᠪᠤᠰᠤ ᠬᠣᠲᠠ ᠬᠥᠳᠡᠭᠡ᠎ᠶ᠋ᠢᠨ ᠰᠠᠭᠤᠭᠠᠯᠢ ᠠᠷᠠᠳ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠪᠡᠨ ᠠᠰᠠᠷ ᠪᠤᠶᠤ ᠭᠡᠷ ᠲᠡᠭᠡᠡ ᠣᠷᠣᠭᠤᠯᠵᠤ ᠴᠠᠬᠢᠯᠭᠠᠨ ᠴᠡᠨᠡᠭ᠌ᠯᠡᠬᠦ᠌ ᠳᠠᠳᠭᠠᠯ᠎ᠲᠠᠶ ᠂ ᠵᠠᠷᠢᠮ᠎ᠨᠢ ᠪᠠᠰᠠ ᠡᠭᠦᠳᠡᠨ ᠲᠢᠩᠬᠢᠮ᠂ ᠲᠠᠷᠬᠠᠭᠠᠬᠤ ᠵᠠᠮ᠂ ᠠᠰᠠᠷ᠎ᠤᠨ ᠱᠠᠲᠤ ᠵᠡᠷᠭᠡ ᠣᠯᠠᠨ ᠨᠡᠢᠲᠡ᠎ᠶ᠋ᠢᠨ ᠲᠣᠭᠣᠷᠢᠭ᠎ᠲᠤ ᠵᠣᠭ᠍ᠰᠣᠭᠠᠵᠤ ᠪᠤᠢ᠂ ᠭᠠᠯ ᠭᠠᠷᠤᠭ᠍ᠰᠠᠭᠠᠷ ᠥᠨᠳᠥᠷ ᠳᠤᠯᠠᠭᠠᠨ ᠪᠠ ᠬᠤᠤᠷᠳᠦ ᠣᠲᠣᠭ᠎ᠠ ᠨᠢ ᠮᠠᠰᠢ ᠲᠦᠷᠭᠡᠨ᠎ᠢᠶᠡᠷ ᠪᠦᠬᠦᠢᠯᠡ ᠣᠷᠣᠨ ᠵᠠᠶ ᠪᠠ ᠨᠡᠪᠲᠡᠷᠡᠬᠦ᠌ ᠵᠠᠮ᠎ᠢ ᠳᠦᠭᠦᠷᠭᠡᠵᠦ᠍ ᠂ ᠲᠠᠷᠬᠠᠭᠠᠬᠤ ᠪᠠ ᠠᠮᠢ ᠵᠢᠭᠤᠲᠠᠬᠤ᠎ᠳᠤ ᠰᠠᠭᠠᠳ ᠤᠴᠠᠷᠠᠭᠤᠯᠵᠦ ᠂ ᠬᠥᠮᠦᠨ ᠬᠠᠷ᠎ᠠ ᠵᠢ ᠥᠭᠦᠵᠦ᠍ ᠱᠢᠷᠬᠠᠲᠤᠭᠤᠯᠬᠤ ᠳ᠋ᠤ ᠬᠦᠷᠦᠭᠦᠯᠲᠡᠭ᠃ ᠡᠭᠦᠨ᠎ᠳᠦ ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠪᠣᠯᠤᠨ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠪᠠᠢᠭᠤᠯᠤᠮᠵᠢ᠎ᠳᠤ ᠠᠪᠴᠤ᠌ ᠬᠡᠯᠡᠪᠡᠯ ᠭᠤᠤᠯᠳᠠᠭᠤ ᠭᠤᠷᠪᠠᠨ ᠲᠠᠯ᠎ᠠ᠎ᠶ᠋ᠢᠨ ᠠᠵᠢᠯ᠎ᠢ ᠬᠢᠨ᠎ᠠ᠂ ᠡᠭᠦᠨ᠎ᠳᠦ ᠶᠡᠷᠦᠩᠬᠡᠢᠯᠡᠨ ᠵᠠᠰᠠᠬᠤ᠎ᠶ᠋ᠢ ᠴᠢᠩᠭᠠᠳᠭᠠᠬᠤ᠂ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢ ᠴᠢᠩᠭᠠᠳᠭᠠᠬᠤ᠂ ᠤᠬᠠᠭᠤᠯᠤᠨ ᠰᠠᠨᠠᠭᠤᠯᠬᠤ᠎ᠶ᠋ᠢ ᠴᠢᠩᠭᠠᠳᠭᠠᠬᠤ ᠵᠡᠷᠭᠡ ᠪᠠᠭ᠍ᠲᠠᠨ᠎ᠠ ᠭᠡᠵᠦ ᠢᠯᠡᠳᠭᠡᠪᠡ᠃

《ᠲᠠᠷᠠᠭᠠᠴᠢ᠎ᠶ᠋ᠢᠨ ᠠᠯᠬᠤᠮ᠎ᠳᠤ᠂ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ ᠡᠬᠢ ᠡᠭᠦᠰᠦᠯ᠎ᠡᠴᠡ ᠨᠢ ᠬᠠᠮᠢᠶᠠᠷᠤᠨ ᠡᠵᠡᠮᠳᠡᠬᠦ᠌ ᠪᠠ ᠶᠡᠷᠦᠩᠬᠡᠢᠯᠡᠨ ᠵᠠᠰᠠᠬᠤ᠎ᠶ᠋ᠢ ᠦᠷᠭᠦᠯᠵᠢᠯᠡᠨ ᠴᠢᠩᠭᠠᠳᠭᠠᠵᠤ ᠂ ᠨᠡᠩ ᠤᠯᠠᠨ ᠲᠡᠷᠭᠡ  ᠵᠤᠭᠰᠤᠭᠠᠬᠤ ᠂ ᠴᠠᠬᠢᠯᠭᠠᠨ ᠴᠡᠨᠡᠭ᠌ᠯᠡᠬᠦ᠌ ᠲᠠᠯᠠᠪᠤᠷ ᠪᠠᠢᠭᠤᠯᠬᠤ᠎ᠶ᠋ᠢ ᠠᠬᠢᠭᠤᠯᠵᠤ ᠂ ᠡᠲᠡᠭᠡᠷ ᠲᠠᠯᠠᠪᠤᠷ ᠭᠠᠵᠠᠷ᠎ᠤᠨ ᠭᠠᠯ ᠰᠡᠷᠭᠡᠢᠯᠡᠵᠦ ᠭᠠᠯ ᠤᠨᠲᠠᠷᠠᠭᠠᠬᠤ᠎ᠠᠮᠤᠷ ᠲᠦᠪᠱᠢᠨ᠎ᠦ ᠪᠠᠷᠢᠮᠵᠢᠶ᠎ᠠ᠎ᠶ᠋ᠢ ᠠᠮᠵᠢᠨ ᠨᠡᠢᠲᠡᠯᠡᠵᠦ᠍᠂ ᠲᠣᠭ᠍ᠲᠠᠮᠠᠯ ᠴᠠᠬᠢᠯᠭᠠᠨ ᠴᠡᠨᠡᠭ᠌ᠯᠡᠬᠦ᠌ ᠲᠠᠯᠠᠪᠤᠷ ᠭᠠᠵᠠᠷ᠎ᠤᠨ ᠴᠠᠬᠢᠯᠭᠠᠨ᠎ᠤ ᠦᠨ᠎ᠡ᠎ᠶ᠋ᠢᠨ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠦ᠂ ᠣᠯᠠᠨ ᠨᠡᠢᠲᠡ᠎ᠶ᠋ᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢ ᠵᠢᠷᠤᠮᠵᠢᠭᠤᠨ ᠬᠡᠷᠡᠭ᠌ᠯᠡᠬᠦ᠌᠎ᠳᠦ ᠨᠠᠩ ᠰᠠᠢᠨ ᠪᠠᠲᠤᠯᠠᠭ᠎ᠠ ᠬᠠᠩᠭᠠᠨ᠎ᠠ 》 ᠭᠡᠵᠦ ᠴᠢᠶᠦ᠋ᠩ ᠰᠧ ᠬᠡᠯᠡᠪᠡ᠃ ᠴᠢᠶᠦ᠋ᠩ ᠰᠧ ᠪᠠᠰᠠ᠂ ᠠᠳᠠᠯ ᠠᠬᠤᠶ᠎ᠶ᠋ᠢᠨ ᠬᠠᠮᠢᠶᠠᠷᠤᠯᠲᠠ᠎ᠶ᠋ᠢᠨ ᠨᠢᠭᠡᠴᠢ᠎ᠶ᠋ᠢ ᠵᠢᠯᠣᠭᠣᠳᠤᠨ ᠲᠣᠭᠣᠷᠢᠨ ᠪᠠᠢᠴᠠᠭᠠᠬᠤ ᠠᠵᠢᠯ᠎ᠢ ᠴᠢᠩᠭᠠᠳᠭᠠᠵᠤ᠂ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠴᠠᠭ ᠲᠤᠬᠠᠶ᠎ᠳᠤᠨᠢ ᠬᠣᠷᠢᠭ᠍ᠯᠠᠨ ᠵᠣᠭ᠍ᠰᠣᠭᠠᠨ᠎ᠠ ᠭᠡᠵᠦ ᠬᠡᠯᠡᠵᠠᠢ ᠃

(ᠰᠢᠨᠬᠤᠸᠠ ᠬᠤᠷᠢᠶᠠᠠ᠎ᠤ ᠪᠡᠭᠡᠵᠢᠩ᠎ᠤᠨ 11 ᠰᠠᠷ᠎ᠠ ᠵᠢᠨ 8 ᠤ᠋ ᠴᠠᠬᠢᠯᠭᠠᠠ ᠮᠡᠲᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号