ᠥᠪᠡᠷᠲᠡᠭᠡᠨ ᠵᠠᠰᠠᠬᠤ ᠣᠷᠣᠨ ᠎ᠤ ᠤᠯᠤᠰ ᠲᠥᠷᠥ ᠎ᠶ᠋ᠢᠨ ᠵᠥᠪᠯᠡᠯᠭᠡᠨ 《ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠵᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》 ᠲᠤᠰᠭᠠᠶ ᠰᠡᠳᠦᠪᠲᠦ ᠵᠥᠪᠯᠡᠬᠦ᠌ ᠬᠤᠷᠠᠯ ᠬᠤᠷᠠᠯᠳᠤᠭᠤᠯᠪᠡ
2021-11-10 09:46:56
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

11 ᠰᠠᠷ᠎ᠠ ᠎ᠶᠢᠨ 9 ᠎ᠤ ᠦᠳᠡ ᠎ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠎ᠤ ᠤᠯᠤᠰ ᠲᠥᠷᠥ ᠎ᠶ᠋ᠢᠨ ᠵᠥᠪᠯᠡᠯᠭᠡᠨ《ᠦᠨᠳᠦᠰᠦᠲᠡᠨ᠎ᠦ ᠠᠵᠢᠯ ᠎ᠢ ᠴᠢᠩᠭᠠᠳᠭᠠᠨ ᠰᠠᠢᠵᠢᠷᠠᠭᠤᠯᠵᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》 ᠲᠤᠰᠭᠠᠶ ᠰᠡᠳᠦᠪᠲᠦ ᠵᠥᠪᠯᠡᠬᠦ᠌ ᠬᠤᠷᠠᠯ ᠬᠤᠷᠠᠯᠳᠤᠭᠤᠯᠪᠠ᠃

ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭ᠌ᠴᠢ ᠴᠢ᠊ ᠪᠠᠲᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠯᠢᠦ ᠱᠢᠨ ᠯᠸ ᠬᠤᠷᠠᠯ᠎ᠳᠤ ᠣᠷᠣᠯᠴᠠᠭ᠍ᠰᠠᠨ ᠪᠥᠭᠡᠳ ᠶᠠᠷᠢᠶ᠎ᠠ ᠲᠠᠯᠪᠢᠪᠠ᠃

ᠬᠤᠷᠠᠯ ᠡᠴᠡ᠂ ᠥᠪᠡᠷᠲᠡᠭᠡᠨ ᠵᠠᠰᠠᠬᠤ ᠣᠷᠣᠨ ᠎ᠤ ᠤᠯᠤᠰ ᠲᠥᠷᠥ ᠎ᠶ᠋ᠢᠨ ᠵᠥᠪᠯᠡᠯᠭᠡᠨ ᠎ᠤ ᠦᠨᠳᠦᠰᠦᠲᠡᠨ ᠪᠠ ᠱᠠᠰᠢᠨ ᠰᠤᠷᠲᠠᠬᠤᠨ ᠎ᠤ ᠵᠦᠪᠯᠡᠯ᠎ᠤᠨ ᠪᠠᠢᠴᠠᠭᠠᠨ ᠰᠤᠳᠤᠯᠤᠯᠲᠠ ᠎ᠶᠢᠨ ᠪᠠᠢᠳᠠᠯ ᠪᠠ ᠠᠩᠬ᠎ᠠ ᠠᠯᠬᠤᠮ ᠎ᠤᠨ ᠰᠠᠨᠠᠭᠤᠯᠭ᠎ᠠ᠎ᠶᠢᠨ ᠲᠤᠬᠠᠢ ᠮᠡᠳᠡᠭᠦᠯᠦᠯᠳᠡ ᠵᠢ ᠰᠤᠨᠤᠰᠴᠠᠢ᠃ ᠥᠪᠡᠷᠲᠡᠭᠡᠨ ᠵᠠᠰᠠᠬᠤ ᠣᠷᠣᠨ᠎ᠤ ᠨᠠᠮ ᠎ᠤᠨ ᠬᠣᠷᠢᠶ᠎ᠠ ᠂ ᠵᠠᠰᠠᠭ ᠎ᠤᠨ ᠣᠷᠳᠣᠨ ᠎ᠤ ᠬᠠᠮᠢᠶ᠎ᠠ ᠪᠥᠬᠥᠶ ᠰᠠᠯᠠᠭ᠎ᠠ ᠮᠥᠴᠢᠷ ᠎ᠦᠨ ᠬᠠᠷᠢᠭᠤᠴᠠᠯᠭᠠᠲᠠᠨ ᠨᠥᠬᠥᠳ ᠦᠨᠳᠦᠰᠦᠲᠡᠨ ᠎ᠦ ᠠᠵᠢᠯ ᠎ᠤᠨ ᠬᠠᠮᠢᠶ᠎ᠠ ᠪᠥᠬᠥᠶ ᠪᠠᠢᠳᠠᠯ ᠎ᠢ ᠲᠠᠨᠢᠯᠴᠠᠭᠤᠯᠤᠭ᠍ᠰᠠᠨ ᠪᠥᠭᠡᠳ ᠰᠠᠨᠠᠯ ᠰᠠᠨᠠᠭᠤᠯᠭ᠎ᠠ ᠳᠤᠷᠠᠳᠴᠤ᠌᠂ ᠥᠪᠡᠷᠲᠡᠭᠡᠨ ᠵᠠᠰᠠᠬᠤ ᠣᠷᠣᠨ ᠎ᠤ ᠤᠯᠤᠰ ᠲᠥᠷᠥ ᠎ᠶ᠋ᠢᠨ ᠵᠥᠪᠯᠡᠯᠭᠡᠨ ᠎ᠦ ᠭᠡᠱᠢᠭᠦᠨ᠂ ᠲᠤᠰᠭᠠᠶ ᠮᠡᠷᠭᠡᠵᠢᠯᠲᠡᠨ ᠡᠷᠳᠡᠮᠲᠡᠨ ᠲᠤᠰᠭᠠᠶ ᠰᠡᠳᠦᠪ ᠎ᠢᠶᠡᠷ ᠦᠭᠡ ᠬᠡᠯᠡᠵᠡᠢ᠃

ᠬᠤᠷᠠᠯ᠎ᠠᠴᠠ᠂《ᠦᠨᠳᠦᠰᠦᠲᠡᠨ ᠎ᠦ ᠠᠵᠢᠯ ᠎ᠢ ᠴᠢᠩᠭᠠᠳᠭᠠᠨ ᠰᠠᠢᠵᠢᠷᠠᠭᠤᠯᠵᠤ᠂ ᠳᠤᠮᠳᠠᠳᠤ ᠎ᠶ᠋ᠢᠨ ᠦᠨᠳᠦᠰᠦᠲᠡᠨ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》 ᠪᠣᠯ ᠨᠢᠭᠡᠨ ᠤᠷᠲᠤ ᠬᠤᠭᠤᠴᠠᠭᠠᠨ ᠎ᠤ ᠰᠡᠳᠦᠪ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠎ᠤ ᠤᠯᠤᠰ ᠲᠦᠷᠦ᠍ ᠎ᠶ᠋ᠢᠨ ᠵᠥᠪᠯᠡᠯᠭᠡᠨ᠎ᠦ ᠦᠨᠳᠦᠰᠦᠲᠡᠨ ᠪᠠ ᠱᠠᠱᠢᠨ ᠰᠤᠷᠲᠠᠬᠤᠨ᠎ᠤ ᠵᠥᠪᠯᠡᠯ ᠦᠷᠭᠦᠯᠵᠢᠯᠡᠨ ᠰᠤᠳᠤᠯᠵᠤ᠂ ᠤᠷᠲᠤ ᠬᠤᠭᠤᠴᠠᠭ᠎ᠠ᠎ᠪᠠᠷ ᠮᠥᠷᠳᠡᠨ ᠳᠠᠭᠠᠵᠦ᠂ ᠦᠨᠡᠨ ᠪᠣᠳᠠᠲᠠᠢ ᠠᠵᠢᠯ᠎ᠤᠨ ᠦᠷ᠎ᠡ ᠪᠦᠲᠦᠮᠵᠢ᠎ᠪᠡᠷ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠎ᠳᠤ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ ᠃ ᠪᠥᠬᠥ᠌ ᠣᠷᠣᠨ ᠎ᠤ ᠡᠯ᠎ᠡ ᠱᠠᠲᠤᠨ ᠎ᠤ ᠤᠯᠤᠰ ᠲᠥᠷᠥ ᠎ᠶ᠋ᠢᠨ ᠵᠥᠪᠯᠡᠯᠭᠡᠨ ᠎ᠦ ᠎ᠬᠢᠨ ᠨᠢᠭᠡᠳᠦᠮᠡᠯ ᠹᠷᠣᠨᠲ ᠎ᠤᠨ ᠵᠣᠬᠢᠶᠠᠨ ᠪᠠᠢᠭᠤᠯᠤᠯᠲᠠ᠎ᠶ᠋ᠢᠨ ᠲᠤᠰᠭᠠᠶ ᠵᠥᠪᠯᠡᠬᠦ᠌ ᠪᠠᠢᠭᠤᠯᠤᠮᠵᠢ ᠎ᠶ᠋ᠢᠨ ᠲᠠᠪᠴᠠᠩ ᠎ᠤᠨ ᠦᠶ᠋ᠯᠡᠳᠦᠯ ᠎ᠢᠶᠡᠨ ᠰᠠᠢᠲᠤᠷ ᠪᠠᠳᠠᠷᠠᠭᠤᠯᠵᠤ᠂ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠎ᠶ᠋ᠢ ᠨᠢᠭᠡᠨ ᠴᠢᠬᠤᠯᠠ ᠠᠵᠢᠯ ᠪᠣᠯᠭᠠᠨ ᠠᠳᠬᠤᠵᠦ᠂ ᠭᠡᠱᠢᠭᠦᠳ ᠎ᠦᠨ ᠰᠤᠷᠤᠯᠴᠠᠯᠭ᠎ᠠ ᠪᠣᠯᠪᠠᠰᠤᠷᠠᠯ᠂ ᠵᠥᠪᠯᠡᠯᠭᠡ ᠬᠢᠵᠦ᠍ ᠲᠥᠷᠥ ᠎ᠶ᠋ᠢᠨ ᠶᠠᠪᠤᠳᠠᠯ ᠎ᠢ ᠵᠥᠪᠯᠡᠬᠦ᠌᠂ ᠪᠠᠢᠴᠠᠭᠠᠨ ᠰᠤᠳᠤᠯᠵᠤ ᠱᠢᠨᠵᠢᠯᠡᠨ ᠪᠠᠢᠴᠠᠭᠠᠬᠤ ᠵᠡᠷᠭᠡ ᠠᠵᠢᠯᠯᠠᠭ᠎ᠠ ᠎ᠲᠠᠶ ᠣᠷᠭᠠᠨᠢᠭ ᠎ᠢᠶᠠᠷ ᠠᠭᠤᠰᠤᠯᠴᠠᠭᠤᠯᠵᠤ᠂ ᠦᠨᠳᠦᠰᠦᠲᠡᠨ ᠎ᠦ ᠠᠵᠢᠯ ᠎ᠤᠨ ᠴᠢᠨᠠᠷ ᠰᠠᠢᠲᠠᠶ ᠬᠥᠭ᠌ᠵᠢᠯᠲᠡ ᠎ᠶ᠋ᠢ ᠠᠬᠢᠭᠤᠯᠬᠤ ᠎ᠳᠤ ᠤᠯᠤᠰ ᠲᠥᠷᠥ ᠎ᠶ᠋ᠢᠨ ᠵᠥᠪᠯᠡᠯᠭᠡᠨ ᠎ᠦ ᠬᠦᠴᠦᠨ ᠴᠢᠳᠠᠯ ᠎ᠢᠶᠠᠨ ᠡᠷᠬᠦᠬᠦ ᠬᠡᠷᠡᠭᠳᠡᠢ ᠬᠡᠵᠤ ᠵᠢᠭᠠᠵᠤ ᠭᠠᠷᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号