ᠪᠤᠳᠠᠳᠠᠢ ᠨᠠᠢᠳᠠᠪᠤᠷᠢᠵᠢᠭᠤᠯᠬᠤ ᠵᠢ ᠲᠡᠷᠢᠭᠦᠨ᠎ᠳᠦ ᠲᠠᠯᠪᠢᠵᠤ ᠱᠢᠨ᠎ᠡ ᠴᠠᠭ ᠦᠶ᠎ᠡ᠎ᠶ᠋ᠢᠨ ᠦᠬᠠᠶ᠎ᠶ᠋ᠢᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ
2021-11-10 09:51:16
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠦᠬᠠᠶ ᠬᠣᠲᠠ᠎ᠶ᠋ᠢᠨ ᠨᠠᠮ᠎ᠤᠨ ᠬᠣᠷᠢᠶᠠᠨ᠎ᠤ ᠱᠦᠵᠢ ᠲᠠᠩ ᠢ

ᠶᠡᠷᠦᠩᠬᠡᠢ ᠱᠦᠵᠢ ᠰᠢ᠎ᠶ᠋ᠢᠨ ᠫᠢᠩ᠎ᠦᠨ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠮᠠᠨ᠎ᠤ ᠨᠠᠮ᠎ᠤᠨ ᠦᠨᠳᠦᠰᠦᠲᠡᠨ᠎ᠦ ᠠᠵᠢᠯ᠎ᠤᠨ ᠵᠠᠭᠤᠨ ᠵᠢᠯ᠎ᠦᠨ ᠭᠡᠷᠡᠯ ᠰᠠᠴᠤᠷᠠᠩᠭᠤᠶ ᠥᠩᠭᠡᠷᠡᠯᠲᠡ ᠪᠠ ᠲᠡᠦᠬᠡᠨ ᠠᠮᠵᠢᠯᠲᠠ᠎ᠶ᠋ᠢ ᠪᠦᠬᠦ᠌ ᠲᠠᠯ᠎ᠠ᠎ᠪᠠᠷ ᠡᠷᠭᠢᠴᠡᠭᠦᠯᠵᠦ᠂ ᠣᠳᠣᠬᠠᠨ᠎ᠤ ᠨᠠᠮ᠎ᠤᠨ ᠦᠨᠳᠦᠰᠦᠲᠡᠨ᠎ᠦ ᠠᠵᠢᠯ᠎ᠳᠤ ᠲᠤᠯᠭᠠᠷᠠᠵᠤ ᠪᠠᠢᠭ᠎ᠠ ᠱᠢᠨ᠎ᠡ ᠪᠠᠢᠳᠠᠯ᠎ᠢ ᠭᠦᠨᠵᠡᠭᠡᠶ ᠵᠠᠳᠠᠯᠵᠦ᠂ ᠮᠠᠨ᠎ᠤ ᠨᠠᠮ᠎ᠤᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠱᠢᠰᠲ᠋ᠧᠮ᠎ᠲᠡᠶ ᠲᠣᠳᠣᠷᠬᠠᠢᠯᠠᠨ ᠥᠭᠦᠯᠡᠵᠦ᠂ ᠣᠳᠣᠬᠠᠨ᠎ᠤ ᠪᠠ ᠬᠣᠢᠱᠢᠳᠠ᠎ᠶ᠋ᠢᠨ ᠭᠡᠰᠡᠭ ᠬᠤᠭᠤᠴᠠᠭᠠᠨ᠎ᠤ ᠦᠨᠳᠦᠰᠦᠲᠡᠨ᠎ᠦ ᠠᠵᠢᠯ᠎ᠤᠨ ᠪᠠᠢᠯᠳᠤᠬᠤ ᠪᠣᠳᠣᠯᠭ᠎ᠠ᠎ᠶ᠋ᠢᠨ ᠬᠠᠷᠠᠯᠲᠠ᠂ ᠭᠣᠣᠯᠳᠠᠯᠭ᠎ᠠ᠎ᠲᠠᠶ ᠡᠭᠦᠷᠭᠡ᠂ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠲᠣᠳᠣᠷᠬᠠᠢᠯᠠᠵᠦ᠂ ᠮᠠᠰᠢ ᠴᠢᠩᠭ᠎ᠠ ᠤᠯᠤᠰ ᠲᠥᠷᠥ᠎ᠶ᠋ᠢᠨ ᠴᠢᠨᠠᠷ᠂ ᠦᠵᠡᠯ ᠰᠠᠨᠠᠭᠠᠴᠢ ᠴᠢᠨᠠᠷ᠂ ᠤᠨᠤᠯ᠎ᠤᠨ ᠴᠢᠨᠠᠷ᠂ ᠬᠠᠨᠳᠤᠯᠭᠠᠲᠤ ᠴᠢᠨᠠᠷ ᠲᠠᠢ ᠪᠠᠢᠵᠤ᠂ ᠪᠢᠳᠡᠨ᠎ᠦ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠳᠦ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠲᠣᠳᠣᠷᠬᠠᠶ ᠵᠢᠭᠠᠵᠤ ᠥᠭ᠌ᠴᠦ᠂ ᠦᠨᠳᠦᠰᠦᠨ ᠵᠢᠷᠤᠮᠯᠠᠯ ᠬᠠᠩᠭᠠᠪᠠ᠃ ᠶᠡᠷᠦᠩᠬᠡᠢ ᠱᠦᠵᠢ ᠰᠢ᠎ᠶ᠋ᠢᠨ ᠫᠢᠩ᠎ᠦᠨ ᠦᠨᠳᠦᠰᠦᠲᠡᠨ ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠰᠠᠢᠲᠤᠷ ᠰᠤᠷᠤᠯᠴᠠᠵᠤ᠂ ᠰᠠᠢᠲᠤᠷ ᠣᠢᠯᠠᠭᠠᠵᠤ᠂ ᠰᠠᠢᠲᠤᠷ ᠲᠤᠭᠤᠱᠢᠯᠠᠭᠤᠯᠬᠤ᠎ᠶ᠋ᠢᠨ ᠵᠠᠩᠭᠢᠯᠠᠭ᠎ᠠ ᠨᠢ ᠪᠣᠳᠠᠲᠠᠢ ᠠᠵᠢᠯ᠎ᠤᠨ ᠳᠤᠮᠳᠠ《ᠪᠤᠳᠠᠳᠠᠢ ᠨᠠᠢᠳᠠᠪᠤᠷᠢᠵᠢᠭᠤᠯᠬᠤ》᠎ᠶ᠋ᠢ ᠰᠠᠢᠲᠤᠷ ᠡᠵᠡᠮᠳᠡᠬᠦ᠌᠎ᠳᠦ ᠪᠠᠢᠨ᠎ᠠ᠃

ᠲᠥᠪ ᠶᠣᠰᠣ᠎ᠶ᠋ᠢ ᠪᠠᠷᠢᠮᠲᠠᠯᠠᠨ ᠪᠤᠳᠠᠳᠠᠢ ᠪᠠᠢᠬᠤ ᠵᠢ ᠦᠯᠡᠳᠦᠯᠭᠡᠵᠢᠬᠦᠯᠵᠦ ᠦᠵᠡᠯ ᠰᠠᠨᠠᠭᠠᠨ᠎ᠤ ᠠᠭᠤᠯᠤᠭ᠍ᠳᠠᠬᠤᠨ᠎ᠢ ᠯᠠᠪᠳᠠᠭᠤᠨ ᠪᠠᠲᠤᠲᠠᠶ ᠡᠵᠡᠮᠳᠡᠵᠦ᠍᠂ ᠦᠨᠳᠦᠰᠦᠲᠡᠨ᠎ᠦ ᠠᠵᠢᠯ᠎ᠤᠨ ᠵᠥᠪ ᠣᠨᠣᠪᠴᠢᠲᠠᠶ ᠤᠯᠤᠰ ᠲᠥᠷᠥ᠎ᠶ᠋ᠢᠨ ᠴᠢᠭ᠌ᠯᠡᠯ᠎ᠢ ᠢᠮᠠᠭ᠍ᠲᠠ ᠪᠠᠷᠢᠮᠲᠠᠯᠠᠨ᠎ᠠ᠃ ᠠᠳᠠᠯᠢ ᠪᠤᠰᠤ ᠴᠠᠭ ᠦᠶ᠎ᠡ᠎ᠶ᠋ᠢᠨ ᠠᠬᠤᠢ ᠪᠠᠢᠳᠠᠯ ᠳᠣᠣᠷ᠎ᠠ᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠭᠣᠣᠯ ᠡᠭᠦᠷᠭᠡ ᠠᠳᠠᠯᠢ ᠪᠤᠰᠤ ᠪᠠᠢᠵᠤ᠂ ᠨᠠᠮ᠎ᠤᠨ ᠦᠨᠳᠦᠰᠦᠲᠡᠨ᠎ᠦ ᠠᠵᠢᠯ᠎ᠤᠨ ᠵᠣᠭ᠍ᠰᠣᠴᠠ᠂ ᠬᠦᠴᠦᠯᠡᠬᠦ᠌ ᠴᠡᠭ ᠴᠦ᠍ ᠲᠠᠭᠠᠯᠳᠤᠨ ᠤᠯᠠᠷᠢᠨ ᠬᠤᠪᠢᠷᠠᠵᠤ ᠬᠥᠭ᠌ᠵᠢᠪᠡ᠃ ᠶᠡᠷᠦᠩᠬᠡᠢ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠪᠦᠷᠢᠨ ᠪᠦᠲᠦᠨ ᠵᠦᠪ ᠣᠨᠣᠪᠴᠢᠲᠠᠢ ᠪᠦᠬᠦ᠌ ᠲᠠᠯ᠎ᠠ᠎ᠪᠠᠷ ᠲᠤᠭᠤᠱᠢᠯᠠᠭᠤᠯᠬᠤ ᠵᠢᠨ ᠵᠠᠩᠭᠢᠯᠠᠭ᠎ᠠ ᠨᠢ ᠲᠡᠦᠬᠡ ᠪᠣᠯᠤᠨ ᠪᠣᠳᠠᠲᠤ ᠪᠠᠢᠳᠠᠯ᠎ᠢ ᠬᠠᠷᠢᠯᠴᠠᠨ ᠤᠶᠠᠯᠳᠤᠭᠤᠯᠵᠤ᠂ ᠣᠨᠣᠯ ᠪᠠ ᠦᠢᠯᠡᠳᠦᠯᠭᠡ᠎ᠶ᠋ᠢ ᠤᠶᠠᠯᠳᠤᠭᠤᠯᠵᠤ᠂ ᠣᠳᠣᠬᠢ ᠱᠠᠲᠤᠨ᠎ᠤ ᠦᠨᠳᠦᠰᠦᠲᠡᠨ᠎ᠦ ᠠᠵᠢᠯ᠎ᠤᠨ ᠲᠡᠦᠬᠡᠨ ᠣᠷᠣᠨ ᠪᠠᠢᠷᠢ ᠪᠠ ᠴᠢᠬᠤᠯᠠ ᠡᠭᠦᠷᠭᠡ᠎ᠶ᠋ᠢ ᠭᠦᠨᠵᠡᠭᠡᠢ ᠲᠠᠨᠢᠵᠤ ᠡᠵᠡᠮᠱᠢᠵᠦ᠂ ᠤᠯᠠᠮᠵᠢᠯᠠᠯ ᠨᠢᠭᠡᠲᠡᠶ ᠪᠥᠭᠡᠳ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠨ 《ᠠᠷᠪᠠᠨ ᠬᠣᠶᠠᠷ ᠡᠷᠬᠡᠪᠰᠢ》 ᠂ 《ᠳᠥᠷᠪᠡᠨ ᠬᠠᠷᠢᠴᠠᠭ᠎ᠠ》 ᠵᠡᠷᠭᠡ ᠴᠢᠬᠤᠯᠠ ᠱᠠᠭᠠᠷᠳᠠᠯᠭ᠎ᠠ᠎ᠶ᠋ᠢ ᠰᠠᠢᠲᠤᠷ ᠡᠵᠡᠮᠱᠢᠵᠦ᠂ ᠦᠵᠡᠯ ᠰᠠᠨᠠᠭ᠎ᠠ ᠦᠵᠡᠯᠲᠡ ᠨᠢᠭᠡᠪᠦᠷᠢ᠎ᠶ᠋ᠢ᠂ ᠤᠯᠤᠰ ᠲᠦᠷᠦ᠍᠎ᠶ᠋ᠢᠨ ᠨᠤᠲᠠᠯᠠᠯᠲᠠ ᠨᠢᠭᠡᠪᠦᠷᠢ᠂ ᠦᠶ᠋ᠯᠡᠳᠦᠯᠭᠡ᠎ᠶ᠋ᠢᠨ ᠱᠠᠭᠠᠷᠳᠠᠯᠭ᠎ᠠ ᠪᠣᠯᠭᠠᠨ᠎ᠢ ᠭᠦᠨᠵᠡᠭᠡᠶ ᠰᠤᠷᠤᠯᠴᠠᠵᠤ ᠨᠡᠪᠲᠡᠷᠡᠲᠡᠯ᠎ᠡ ᠣᠢᠯᠠᠭᠠᠵᠤ᠂ ᠡᠨᠡ ᠬᠦ᠌ ᠴᠢᠬᠤᠯᠠ ᠦᠵᠡᠯ ᠰᠠᠨᠠᠭ᠎ᠠ᠎ᠶ᠋ᠢ ᠰᠠᠢᠲᠤᠷ ᠰᠤᠷᠴᠤ᠌ ᠰᠠᠢᠲᠤᠷ ᠬᠡᠷᠡᠭ᠌ᠯᠡᠬᠦ᠌᠎ᠶ᠋ᠢ ᠤᠬᠠᠮᠰᠠᠷ ᠡᠴᠡ᠎ᠪᠠᠨ ᠦᠨᠳᠦᠰᠦᠨ ᠱᠠᠭᠠᠷᠳᠠᠯᠭ᠎ᠠ ᠪᠠ《ᠬᠠᠮᠤᠭ᠎ᠤᠨ ᠰᠠᠢᠨ ᠡᠷᠳᠡᠮ》ᠪᠣᠯᠭᠠᠵᠤ᠂ ᠦᠨᠳᠦᠰᠦᠲᠡᠨ᠎ᠦ ᠠᠵᠢᠯ᠎ᠤᠨ ᠳᠤᠮᠳᠠᠬᠢ ᠵᠥᠷᠢᠴᠡᠯ ᠪᠠ ᠠᠰᠠᠭᠤᠳᠠᠯ᠎ᠢ ᠨᠡᠩ ᠰᠠᠢᠲᠤᠷ ᠰᠤᠳᠤᠯᠤᠨ ᠱᠢᠢᠳᠪᠦᠷᠢᠯᠡᠵᠦ᠂ ᠦᠨᠳᠦᠰᠦᠲᠡᠨ᠎ᠦ ᠠᠵᠢᠯ᠎ᠤᠨ ᠢᠮᠠᠭ᠍ᠲᠠ ᠵᠥᠪ ᠴᠢᠭ᠌ᠯᠡᠯ᠎ᠢᠶᠡᠷ ᠤᠷᠤᠭ᠍ᠰᠢᠯᠠᠬᠤ᠎ᠶ᠋ᠢ ᠦᠨᠡᠨ ᠬᠦ᠌ ᠪᠠᠲᠤᠯᠠᠨ᠎ᠠ᠃

ᠦᠨᠡᠨ ᠬᠦ᠌ ᠠᠳᠭᠤᠨ ᠪᠣᠳᠠᠲᠠᠢ ᠠᠵᠢᠯᠯᠠᠵᠤ ᠬᠠᠮᠲᠤ᠎ᠪᠠᠷ ᠪᠠᠶᠠᠵᠢᠬᠤ ᠶ᠋ᠢ ᠠᠬᠢᠭᠤᠯᠵᠤ᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠨᠡᠢᠳᠡᠮ ᠬᠦᠷᠲᠡᠭᠡᠬᠦ᠌᠎ᠶ᠋ᠢ ᠪᠠᠲᠤᠯᠠᠨ᠎ᠠ᠃ ᠬᠥᠭ᠌ᠵᠢᠯᠳᠡ ᠪᠣᠯ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠢᠯ᠎ᠦᠨ ᠠᠰᠠᠭᠤᠳᠠᠯ᠎ᠢ ᠱᠢᠢᠳᠪᠦᠷᠢᠯᠡᠬᠦ᠌ ᠶᠡᠷᠦᠩᠬᠡᠢ ᠲᠦᠯᠬᠢᠭᠦᠷ ᠮᠥᠨ᠃ ᠱᠢᠨ᠎ᠡ ᠠᠶᠠᠨ ᠵᠠᠮ᠎ᠳᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠪᠦᠯᠬᠦᠮᠳᠡᠭᠦᠯᠦᠨ ᠳᠠᠢᠴᠢᠯᠠᠵᠤ ᠭᠠᠵᠠᠷ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠲᠠᠰᠤᠷᠠᠯᠲᠠ ᠥᠬᠡᠶ ᠬᠠᠩᠭᠠᠬᠤ ᠪᠣᠯ ᠮᠠᠨ᠎ᠤ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠳᠦ ᠡᠷᠬᠡᠪᠰᠢ ᠰᠠᠢᠲᠤᠷ ᠱᠢᠶ᠋ᠳᠪᠦᠷᠢᠯᠡᠬᠦ᠌  ᠴᠢᠬᠤᠯᠠ ᠶᠡᠬᠡ ᠠᠰᠠᠭᠤᠳᠠᠯ ᠪᠣᠯᠤᠨ᠎ᠠ᠃ ᠬᠣᠲᠠ᠎ᠶ᠋ᠢᠨ ᠨᠠᠶ᠋ᠮᠠᠳᠤᠭᠠᠷ ᠤᠳᠠᠭᠠᠨ᠎ᠤ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠡᠴᠡ ᠲᠣᠭ᠍ᠲᠠᠭᠠᠭ᠍ᠰᠠᠨ《ᠨᠢᠭᠡ ᠵᠢᠷᠤᠮᠯᠠᠯ᠎ᠢ ᠪᠠᠷᠢᠮᠲᠠᠯᠠᠬᠤ᠂ ᠨᠢᠭᠡ ᠭᠤᠤᠯ ᠱᠤᠭᠤᠮ᠎ᠢ ᠲᠤᠭᠤᠰᠢᠯᠠᠭᠤᠯᠬᠤ᠂ ᠬᠣᠶᠠᠷ ᠶᠡᠬᠡ ᠡᠭᠦᠷᠭᠡ᠎ᠶ᠋ᠢ ᠠᠬᠢᠭᠤᠯᠬᠤ᠂ ᠭᠤᠷᠪᠠᠨ ᠥᠨᠳᠥᠷ᠎ᠤᠨ ᠬᠠᠷᠠᠯᠲᠠ᠎ᠶ᠋ᠢ ᠪᠡᠶᠡᠯᠡᠭᠦᠯᠬᠦ᠌》ᠬᠥᠭ᠌ᠵᠢᠯᠲᠡ᠎ᠶ᠋ᠢᠨ ᠰᠡᠳᠭᠢᠴᠡ ᠵᠢ ᠭᠦᠨᠵᠡᠭᠡᠢ ᠨᠠᠢᠳᠠᠪᠦᠷᠢᠵᠢᠭᠤᠯᠵᠤ᠂ ᠠᠷᠠᠳ ᠲᠦᠮᠡᠨ᠎ᠦ ᠠᠵᠠ ᠵᠢᠷᠭᠠᠯ᠎ᠢ ᠨᠡᠮᠡᠭ᠌ᠳᠡᠭᠦᠯᠬᠦ᠌᠎ᠪᠡᠷ ᠠᠯᠢᠪᠠ ᠠᠵᠢᠯ᠎ᠤᠨ᠎ᠢᠶᠠᠨ ᠲᠤᠰᠤᠯᠳᠠ ᠪᠠ ᠵᠤᠷᠢᠯᠳᠠ ᠪᠣᠯᠭᠠᠬᠤ᠎ᠶ᠋ᠢ ᠪᠠᠷᠢᠮᠲᠠᠯᠠᠵᠦ᠂ ᠰᠠᠭᠤᠷᠢᠯᠠᠬᠤ ᠴᠢᠨᠠᠷ᠂ ᠲᠦᠭᠡᠮᠡᠯ ᠬᠠᠷᠠᠭᠠᠯᠵᠠᠯᠳᠤ ᠴᠢᠨᠠᠷ᠂ ᠦᠨᠳᠦᠰᠦᠨ ᠵᠦᠶ᠋ᠯ᠎ᠢ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠪᠠᠢᠭᠤᠯᠤᠯᠲᠠ ᠵᠢ ᠴᠢᠩᠭᠠᠳᠭᠠᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠠᠵᠢᠯ ᠤᠯᠭᠤᠯᠳᠠ᠂ ᠨᠡᠢᠭᠡᠮ᠎ᠦᠨ ᠪᠠᠲᠤᠯᠠᠭ᠎ᠠ᠂ ᠨᠠᠰᠤᠵᠢᠯ᠂ ᠣᠷᠣᠨ ᠰᠠᠭᠤᠴᠠ ᠵᠡᠷᠭᠡ ᠣᠯᠠᠨ ᠲᠦᠮᠡᠨ᠎ᠦ ᠰᠠᠨᠠᠭᠠᠱᠢᠷᠠᠵᠤ ᠪᠠᠢᠭ᠎ᠠ ᠲᠦᠪᠡᠭ᠎ᠲᠡᠶ ᠤᠴᠢᠷ᠎ᠢ ᠰᠠᠢᠲᠤᠷ ᠱᠢᠶ᠋ᠳᠪᠦᠷᠢᠯᠡᠵᠦ᠂ 3 ᠵᠢᠯ᠎ᠦᠨ ᠬᠤᠭᠤᠴᠠᠭᠠᠨ᠎ᠳᠤ ᠬᠠᠭᠤᠴᠢᠨ ᠰᠠᠭᠤᠭᠠᠯᠢ ᠲᠣᠭᠣᠷᠢᠭ᠎ᠢ ᠦᠭᠡᠷᠡᠴᠢᠯᠡᠨ ᠰᠠᠢᠵᠢᠷᠠᠭᠤᠯᠬᠤ ᠠᠵᠢᠯ᠎ᠢ ᠪᠦᠬᠦᠨ᠎ᠢ ᠳᠠᠭᠤᠰᠭᠠᠬᠤ᠎ᠪᠠᠷ ᠴᠢᠷᠮᠠᠢᠵᠤ᠂ ᠬᠥᠳᠡᠭᠡ ᠲᠣᠰᠭᠣᠨ᠎ᠤ ᠪᠦᠲᠦᠭᠡᠨ ᠪᠠᠢᠭᠤᠯᠤᠯᠲᠠ᠎ᠶ᠋ᠢᠨ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠂ ᠬᠣᠲᠠ ᠬᠥᠳᠡᠭᠡ᠎ᠶ᠋ᠢᠨ ᠠᠭᠤᠰᠤᠯᠴᠠᠨ ᠬᠥᠭ᠌ᠵᠢᠬᠦ᠌ ᠲᠦᠪᠱᠢᠨ ᠎ᠢ ᠳᠡᠭᠡᠭ᠌ᠰᠢᠯᠡᠭᠦᠯᠵᠦ ᠂ ᠎ᠦᠨᠳᠦᠰᠦᠲᠡᠨ ᠎ᠨᠦᠭᠦᠳ ᠎ᠦᠨ ᠎ᠠᠷᠠᠳ ᠎ᠲᠦᠮᠡᠨ᠎ᠦ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠦᠨ᠂ ᠬᠠᠮᠲᠤ᠎ᠪᠠᠷ ᠪᠠᠶᠠᠵᠢᠬᠤ ᠬᠣᠱᠢᠭᠤᠴᠢ ᠬᠣᠲᠠ᠎ᠶ᠋ᠢ ᠴᠢᠷᠮᠠᠢᠨ ᠪᠠᠢᠭᠤᠯᠤᠨ᠎ᠠ᠃

ᠦᠨᠳᠦᠰᠦ ᠵᠢ ᠡᠷᠬᠢᠮᠯᠠᠨ ᠪᠣᠳᠠᠲᠠᠢ᠎ᠶ᠋ᠢ ᠴᠢᠬᠤᠯᠠᠴᠢᠯᠠᠵᠤ ᠪᠦᠯᠬᠦᠮᠳᠡᠯ ᠲᠠᠪᠱᠢᠯᠳᠠ᠎ᠶ᠋ᠢ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠨ᠎ᠠ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ《ᠬᠥᠲᠥᠯᠪᠦᠷᠢ》 ᠮᠥᠨ᠃ 《ᠭᠡᠳᠡᠰᠦ᠎ᠪᠡᠨ ᠰᠠᠢᠲᠤᠷ ᠬᠠᠮᠢᠶᠠᠷᠬᠤ》᠂《ᠬᠠᠷᠮᠠᠨ᠎ᠢᠶᠠᠨ ᠳᠦᠭᠦᠷᠭᠡᠬᠦ᠌》ᠪᠦᠭᠡᠳ ᠨᠡᠩ ᠴᠤ᠌ 《ᠲᠠᠷᠢᠬᠢ ᠲᠤᠯᠤᠭᠠᠢ᠎ᠪᠠᠨ ᠰᠠᠢᠲᠤᠷ ᠬᠠᠮᠢᠶᠠᠷᠬᠤ》 ᠬᠡᠷᠡᠭ᠌ᠲᠡᠢ᠃ ᠬᠠᠢᠷ᠎ᠠ ᠰᠡᠳᠭᠢᠯᠭᠡ᠎ᠶ᠋ᠢᠨ ᠬᠣᠯᠪᠣᠭᠠᠰᠤ᠎ᠶ᠋ᠢ ᠴᠢᠩᠭᠠᠳᠭᠠᠨ ᠪᠡᠬᠢᠵᠢᠭᠦᠯᠵᠦ᠍᠂ ᠬᠦᠴᠦᠨ ᠴᠢᠳᠠᠯ᠎ᠤᠨ ᠡᠬᠢ ᠰᠤᠷᠪᠤᠯᠵᠢ᠎ᠶ᠋ᠢ ᠭᠦᠨ ᠦᠨᠳᠦᠰᠦᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠦᠷᠭᠦᠯᠵᠢᠯᠡᠨ ᠴᠢᠩᠭᠠᠳᠭᠠᠨ᠎ᠠ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠺᠠᠳ᠋ᠷ᠎ᠤᠨ ᠬᠥᠮᠦᠵᠢᠯ᠂ ᠵᠠᠯᠠᠭᠤᠴᠤᠳ ᠪᠠᠭᠠᠴᠤᠳ᠎ᠤᠨ ᠬᠥᠮᠦᠵᠢᠯ᠂ ᠨᠡᠢᠭᠡᠮ᠎ᠦᠨ ᠬᠥᠮᠦᠵᠢᠯ᠎ᠦᠨ ᠪᠦᠬᠦ᠌ ᠶᠠᠪᠤᠴᠠ᠂ ᠡᠯ᠎ᠡ ᠲᠠᠯ᠎ᠠ᠎ᠳᠤ ᠣᠷᠣᠭᠤᠯᠤᠨ᠎ᠠ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ᠎ᠢ ᠨᠠᠷᠢᠨ ᠬᠢᠨᠠᠮᠠᠭᠠᠢ ᠰᠠᠢᠲᠤᠷ ᠬᠢᠵᠦ᠍᠂ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠵᠢᠱ᠌ᠢᠢ᠎ᠡ ᠦᠵᠡᠭᠦᠯᠬᠦ᠌ ᠬᠤᠳᠠ᠎ᠶ᠋ᠢ ᠴᠢᠷᠮᠠᠢᠨ ᠪᠠᠢᠭᠤᠯᠵᠤ᠂ ᠪᠦᠬᠦ᠌ ᠬᠤᠳᠠ᠎ᠶ᠋ᠢᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠬᠦᠳᠦᠯᠥᠨ ᠳᠠᠭᠠᠭᠤᠯᠵᠤ ᠬᠥᠮᠦᠰ᠎ᠦᠨ ᠰᠡᠳᠭᠢᠯ᠎ᠢ ᠨᠢᠭ᠍ᠲᠠᠷᠠᠭᠤᠯᠤᠨ᠂ ᠵᠣᠷᠢᠭ ᠰᠠᠨᠠᠭ᠎ᠠ᠎ᠶ᠋ᠢ ᠬᠠᠷᠢᠯᠴᠠᠨ ᠲᠦᠱᠢᠯᠴᠡᠭᠦᠯᠵᠦ᠍᠂《ᠭᠤᠷᠪᠠᠨ ᠰᠠᠯᠵᠤ ᠴᠢᠳᠠᠬᠤ ᠦᠬᠡᠢ》᠂《ᠲᠠᠪᠤᠨ ᠬᠠᠮᠲᠤ᠎ᠶ᠋ᠢᠨ ᠲᠠᠨᠢᠯᠲᠠ》ᠵᠢ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠦ ᠰᠡᠳᠭᠢᠯ᠎ᠳᠦ ᠭᠦᠨ ᠬᠠᠳᠠᠩᠱᠢᠭᠤᠯᠤᠨ᠎ᠠ᠃

ᠦᠨᠳᠦᠰᠦᠲᠡᠨ᠎ᠦ ᠬᠡᠷᠡᠭ ᠶᠠᠪᠤᠳᠠᠯ᠎ᠢ ᠯᠠᠪᠳᠠᠭᠤᠨ ᠪᠠᠲᠤᠲᠠᠶ ᠪᠦᠲᠦᠮᠵᠢᠲᠡᠶ ᠵᠠᠰᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠱᠢᠭ᠎ᠢ ᠨᠠᠩ ᠰᠠᠢᠲᠤᠷ ᠪᠠᠲᠤᠯᠠᠨ᠎ᠠ᠃ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ ᠬᠥᠭ᠌ᠵᠢᠭᠦᠯᠵᠦ᠍᠂ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠣᠯ ᠤᠯᠤᠰ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠴᠢᠬᠤᠯᠠ ᠠᠭᠤᠯᠭ᠎ᠠ ᠪᠣᠯᠤᠨ᠎ᠠ᠃ ᠦᠬᠠᠢ ᠬᠤᠳᠠ᠎ᠶ᠋ᠢᠨ ᠬᠤᠳᠠ ᠪᠠᠯᠭᠠᠰᠤᠵᠢᠯᠳᠠ ᠵᠢᠨ ᠨᠤᠷᠮ᠎ᠠ ᠪᠦᠬᠦ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠵᠤ ᠪᠠᠢᠨ᠎ᠠ᠂ ᠬᠤᠳᠠ᠎ᠶ᠋ᠢᠨ ᠬᠡᠪᠴᠢᠶᠡᠨ᠎ᠦ ᠨᠡᠢᠭᠡᠮ᠎ᠦᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢᠨ ᠲᠤᠷᠱᠢᠯᠲᠠ ᠵᠢᠨ ᠴᠡᠭ᠎ᠲᠠᠶ ᠤᠶᠠᠯᠳᠤᠭᠤᠯᠵᠤ᠂ ᠬᠤᠳᠠ᠎ᠶ᠋ᠢᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠲᠠᠪᠴᠠᠩ᠎ᠤᠨ ᠦᠢᠯᠡᠳᠦᠯ᠎ᠢ ᠨᠡᠩ ᠰᠠᠢᠲᠤᠷ ᠪᠠᠳᠠᠷᠠᠭᠤᠯᠤᠨ᠎ᠠ᠃ ᠦᠨᠳᠦᠰᠦᠲᠡᠨ ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠦᠨᠳᠦᠰᠦᠲᠡᠨ᠎ᠦ ᠬᠡᠷᠡᠭ ᠶᠠᠪᠤᠳᠠᠯ᠎ᠢ ᠬᠠᠤᠯᠢ ᠶᠣᠰᠣᠭᠠᠷ ᠵᠠᠰᠠᠬᠤ᠎ᠶ᠋ᠢ ᠪᠠᠷᠢᠮᠲᠠᠯᠠᠨ᠂ ᠬᠦᠨᠳᠦ ᠶᠡᠬᠡ ᠠᠶᠤᠯ ᠲᠦᠭ᠌ᠰᠢᠭᠦᠷᠢ᠎ᠶ᠋ᠢ ᠪᠦᠲᠦᠮᠵᠢᠲᠡᠢ ᠰᠡᠷᠭᠡᠢᠯᠡᠨ ᠠᠷᠢᠯᠭᠠᠵᠤ᠂ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠶ᠋ᠢᠨ ᠱᠢᠰᠲ᠋ᠧᠮ ᠪᠠ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠬᠦ᠌ ᠳᠤᠮᠳᠠ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠱᠢᠭ᠎ᠢ ᠦᠨᠡᠨ ᠬᠦ᠌ ᠪᠠᠲᠤᠯᠠᠨ᠎ᠠ᠃

ᠨᠠᠮ᠎ᠤᠨ ᠤᠳᠤᠷᠢᠳᠤᠯᠭ᠎ᠠ᠎ᠶ᠋ᠢ ᠦᠨᠡᠨ ᠬᠦ᠌ ᠬᠦᠴᠦᠲᠡᠢ ᠴᠢᠩᠭᠠᠳᠭᠠᠵᠤ᠂ ᠦᠨᠳᠦᠰᠦᠲᠡᠨ ᠎ᠦ ᠠᠵᠢᠯ᠎ᠢ ᠰᠠᠢᠲᠤᠷ ᠬᠢᠬᠦ᠌᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠶ᠋ᠢᠨ ᠵᠠᠩᠭᠢᠯᠠᠭ᠎ᠠ ᠨᠢ ᠨᠠᠮ᠎ᠳᠤ ᠪᠤᠢ᠂ ᠵᠠᠩᠭᠢᠯᠠᠭ᠎ᠠ ᠨᠢ ᠬᠥᠮᠦᠨ᠎ᠳᠦ ᠪᠤᠢ᠃ ᠤᠯᠤᠰ ᠲᠥᠷᠥ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠣᠢᠯᠠᠭᠠᠬᠤ ᠴᠢᠳᠠᠪᠤᠷᠢ᠂ ᠤᠯᠤᠰ ᠲᠥᠷᠥ᠎ᠶ᠋ᠢᠨ ᠬᠦᠢᠴᠡᠳᠭᠡᠬᠦ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠦᠨᠳᠦᠰᠦᠲᠡᠨ᠎ᠦ ᠠᠵᠢᠯ᠎ᠢ ᠴᠢᠬᠤᠯᠠ ᠪᠠᠢᠷᠢᠨ᠎ᠳᠤ ᠲᠠᠯᠪᠢᠵᠤ᠂ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠦᠨᠡᠨ ᠬᠦ᠌ ᠡᠭᠦᠷᠭᠡᠯᠡᠵᠦ᠍᠂ ᠡᠯ᠎ᠡ ᠲᠠᠯ᠎ᠠ᠎ᠶ᠋ᠢᠨ ᠢᠳᠡᠪᠬᠢᠵᠢᠯ᠎ᠢ ᠭᠦᠶ᠋ᠴᠡᠳ ᠳᠠᠢᠴᠢᠯᠠᠵᠤ᠂ ᠡᠯ᠎ᠡ ᠲᠠᠯ᠎ᠠ᠎ᠶ᠋ᠢᠨ ᠬᠦᠴᠦᠨ᠎ᠢ ᠨᠡᠢᠳᠭᠡᠵᠦ᠍᠂ ᠨᠠᠮ᠎ᠤᠨ ᠬᠣᠷᠢᠶ᠎ᠠ ᠨᠢᠭᠡᠳᠦᠯᠲᠡᠶ ᠤᠳᠤᠷᠢᠳᠤᠭ᠍ᠰᠠᠨ᠂ ᠵᠠᠰᠠᠭ᠎ᠤᠨ ᠣᠷᠳᠣᠨ ᠬᠠᠤᠯᠢ ᠶᠣᠰᠣᠭᠠᠷ ᠬᠠᠮᠢᠶᠠᠷᠤᠭ᠍ᠰᠠᠨ᠂ ᠨᠢᠭᠡᠳᠦᠮᠡᠯ ᠹᠷᠣᠨᠲ᠎ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠤᠭ᠍ᠰᠠᠨ᠂ ᠦᠨᠳᠦᠰᠦᠲᠡᠨ ᠎ᠦ ᠠᠵᠢᠯ᠎ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ᠂ ᠡᠯ᠎ᠡ ᠰᠠᠯᠠᠭ᠎ᠠ ᠮᠥᠴᠢᠷ ᠬᠦᠴᠦ᠍᠎ᠪᠡᠨ ᠬᠠᠮᠲᠤᠳᠭᠠᠨ ᠬᠠᠮᠲᠤᠷᠠᠯᠴᠠᠭ᠍ᠰᠠᠨ᠂ ᠪᠥᠬᠥ᠌ ᠨᠡᠢᠭᠡᠮ᠎ᠢᠶᠡᠷ᠎ᠢᠶᠡᠨ ᠬᠠᠮᠲᠤ᠎ᠪᠠᠷ ᠣᠷᠣᠯᠴᠠᠭ᠍ᠰᠠᠨ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠪᠠᠢᠷᠢᠱᠢᠯ᠎ᠢ ᠪᠦᠷᠢᠯᠳᠦᠭᠦᠯᠬᠦ᠌᠎ᠶ᠋ᠢ᠎ᠠᠬᠢᠭᠤᠯᠤᠨ᠎ᠠ᠃ ᠨᠠᠮ᠎ᠤᠨ ᠦᠨᠳᠦᠰᠦᠲᠡᠨ᠎ᠦ ᠤᠨᠤᠯ ᠲᠦᠷᠦ᠍᠎ᠶ᠋ᠢᠨ ᠪᠤᠳᠤᠯᠭ᠎ᠠ᠎ᠶ᠋ᠢ ᠡᠵᠡᠮᠱᠢᠭ᠌ᠰᠡᠨ᠂ ᠦᠨᠳᠦᠰᠦᠲᠡᠨ᠎ᠦ ᠠᠵᠢᠯ᠎ᠢ ᠰᠠᠢ᠌ᠨ ᠮᠡᠳᠡᠬᠦ᠂ ᠦᠨᠳᠦᠰᠦᠲᠡᠨ᠎ᠦ ᠪᠦᠯᠬᠦᠮᠳᠡᠯ᠎ᠢ ᠦᠢᠯᠡᠳᠦᠯᠭᠡᠵᠢᠭᠦᠯᠦᠭ᠌ᠰᠡᠨ ᠺᠠᠳ᠋ᠷ᠎ᠢ ᠰᠣᠩᠭᠣᠨ ᠳᠡᠪᠱᠢᠭᠦᠯᠵᠦ᠍ ᠲᠣᠮᠢᠯᠠᠨ ᠬᠡᠷᠡᠭ᠌ᠯᠡᠬᠦ᠌᠎ᠶ᠋ᠢ ᠴᠢᠬᠤᠯᠠᠴᠢᠯᠠᠵᠤ᠂ ᠤᠯᠤᠰ ᠲᠦᠷᠦ᠍᠎ᠶ᠋ᠢᠨ ᠲᠠᠯ᠎ᠠ᠎ᠪᠠᠷ ᠪᠠᠲᠤ ᠴᠢᠩᠭ᠎ᠠ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠳᠡᠭ ᠴᠥᠭᠡᠨ ᠲᠣᠭᠠᠲᠤ ᠦᠨᠳᠦᠰᠦᠲᠡᠨ᠎ᠦ ᠱᠢᠯᠢᠳᠡᠭ ᠺᠠᠳ᠋ᠷ᠎ᠢ ᠭᠦᠢᠴᠡᠳ ᠢᠲᠡᠭᠡᠵᠦ᠍᠂ ᠬᠦᠨᠳᠦ ᠡᠭᠦᠷᠭᠡ ᠳᠠᠭᠠᠭᠠᠯᠭᠠᠵᠤ᠂ ᠺᠠᠳ᠋ᠷ᠎ᠢ ᠬᠥᠮᠦᠵᠢᠭᠦᠯᠵᠦ᠍ ᠬᠢᠨᠠᠨ ᠬᠠᠮᠢᠶᠠᠷᠬᠤ ᠡᠷᠴᠢᠮ᠎ᠢᠶᠡᠨ ᠲᠠᠰᠤᠷᠠᠯᠳᠠ ᠦᠭᠡᠢ ᠴᠢᠩᠭᠠᠷᠠᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠯᠤᠰ ᠲᠦᠷᠦ᠍᠎ᠶ᠋ᠢᠨ ᠴᠢᠳᠠᠮᠵᠢ ᠪᠠ ᠵᠣᠬᠢᠶᠠᠨ ᠪᠠᠢᠭᠤᠯᠬᠤ ᠬᠦᠴᠦᠨ᠎ᠢ ᠪᠦᠬᠦ᠌ ᠬᠦᠴᠦ᠍᠎ᠪᠡᠷ᠎ᠢᠶᠡᠨ ᠴᠢᠩᠭᠠᠳᠭᠠᠵᠤ᠂ ᠨᠠᠮ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠢᠯᠡᠰ᠎ᠢ ᠤᠳᠤᠷᠢᠳᠭᠤ᠎ᠳᠤ ᠨᠠᠢᠳᠠᠪᠤᠷᠢᠲᠠᠢ ᠪᠠᠲᠤᠯᠠᠭ᠎ᠠ ᠬᠠᠩᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号