ᠠᠵᠢᠯᠯᠠᠭ᠎ᠠ ᠳᠡᠭᠡᠷ᠎ᠡ᠎ᠪᠡᠨ ᠠᠯᠬᠤᠭ᠎ᠠ ᠨᠢᠬᠡᠳᠡᠢ ᠪᠠᠢᠬᠤ ᠬᠡᠷᠡᠭᠳᠡᠢ
2021-11-10 09:14:11
ᠵᠣᠬᠢᠶᠠᠭ᠍ᠴᠢ᠄
ᠯᠢ ᠴᠢᠶᠠᠨ
ᠣᠩᠱᠢᠭ᠍ᠰᠠᠨ ᠣᠳᠠᠭ᠎ᠠ᠄
★★★☆☆

ᠡᠷᠴᠢᠮ ᠨᠡᠢᠯᠡᠵᠤ ᠲᠡᠬᠡᠰᠤ ᠪᠤᠯᠵᠤ᠂ ᠭᠤᠷᠤᠬ᠎ᠠ ᠨᠠᠢᠯᠠᠵᠤ ᠮᠦᠷᠡᠨ ᠪᠤᠯᠳᠠᠭ ᠤᠴᠢᠷᠳᠠᠢ᠃ ᠦᠨᠳᠦᠰᠦᠲᠡᠨ᠎ᠦ ᠪᠦᠯᠬᠦᠮᠳᠡᠯ ᠪᠣᠯ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠮᠢᠨ ᠰᠤᠳᠠᠰᠤ ᠮᠥᠨ᠂ ᠤᠯᠤᠰ᠎ᠤᠨ ᠨᠢᠭᠡᠳᠦᠯ᠎ᠢ ᠬᠠᠮᠠᠭᠠᠯᠠᠵᠤ᠂ ᠦᠨᠳᠦᠰᠦᠲᠡᠨ ᠎ᠦ ᠪᠦᠯᠬᠦᠮᠳᠡᠯ᠎ᠢ ᠴᠢᠩᠭᠠᠳᠭᠠᠬᠤ ᠪᠣᠯ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶ᠋ᠢᠨ ᠬᠠᠷᠢᠭᠤᠴᠠᠯᠭ᠎ᠠ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠨ ᠪᠠᠢᠭᠤᠯᠤᠭ᠍ᠰᠠᠨ ᠠᠩᠬᠠᠳᠠᠭ᠍ᠴᠢ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠪᠣᠯᠤᠭ᠍ᠰᠠᠨ᠎ᠤ ᠬᠤᠪᠢ᠎ᠳᠤ ᠂ ᠥᠪᠥᠷ ᠮᠣᠩᠭᠣᠯ ᠤᠷᠳᠤ ᠬᠤᠭᠤᠴᠠᠭᠠᠨ᠎ᠤ ᠲᠤᠷᠰᠢ ᠦᠨᠳᠦᠰᠦᠲᠡᠨ᠎ᠦ ᠪᠦᠯᠬᠦᠮᠳᠡᠯ᠎ᠦᠨ ᠢᠷᠠᠭᠤ ᠠᠯᠳᠠᠷᠲᠤ ᠤᠯᠠᠮᠵᠢᠯᠠᠯ᠎ᠢᠶᠠᠨ ᠪᠠᠲᠤᠯᠠᠵᠤ ᠂ 《 ᠵᠢᠱ᠌ᠢᠶᠡᠴᠢ ᠥᠪᠡᠷᠲᠡᠭᠡᠨ ᠵᠠᠰᠠᠬᠤ ᠣᠷᠣᠨ 》 ᠎ᠤ ᠡᠷᠬᠢᠮ ᠳᠡᠭᠡᠳᠦ ᠢᠷᠠᠭᠤ ᠠᠯᠳᠠᠷ᠎ᠢᠶᠡᠨ ᠬᠠᠮᠠᠭᠠᠯᠠᠬᠰᠠᠭᠠᠷ ᠢᠷᠡᠭᠰᠡᠨ ᠶᠤᠮ᠃ 《 ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠣᠯ᠎ᠳᠤ ᠢᠷᠡᠭ᠌ᠰᠡᠨ 》ᠡᠴᠡ《ᠨᠢᠭᠡ ᠬᠡᠷ᠎ᠦᠨ ᠭᠤᠷᠪᠠᠨ ᠦᠶ᠎ᠡ ᠪᠡᠷ᠎ᠢᠶᠡᠨ ᠤᠯᠤᠰ᠎ᠢᠶᠠᠨ ᠬᠠᠮᠠᠭᠠᠯᠠᠵᠤ ᠬᠢᠯᠢ ᠬᠢᠵᠠᠭᠠᠷ᠎ᠢᠶᠠᠨ ᠰᠠᠬᠢᠭ᠍ᠰᠠᠨ》 ᠬᠦᠷᠲᠡᠯ᠎ᠡ ᠂ 《ᠬᠠᠮᠤᠭ᠎ᠤᠨ ᠰᠠᠢᠨ ᠮᠠᠯᠵᠢᠯ᠎ᠤᠨ ᠲᠠᠯᠠᠪᠠᠶ ᠪᠠᠨ ᠰᠠᠨᠰᠠᠷ᠎ᠤᠨ ᠠᠶᠠᠯᠠᠯ᠎ᠳᠤ ᠵᠣᠷᠢᠭᠤᠯᠤᠭ᠍ᠰᠠᠨ》 ᠡᠴᠡ ᠲᠡᠬᠢᠨ ᠪᠠᠷᠠᠭᠤᠨᠳᠠᠬᠢ ᠬᠡᠶ᠎ᠶ᠋ᠢ ᠵᠡᠭᠦᠨᠰᠢ ᠬᠦᠷᠭᠡᠭᠰᠡᠨ᠂ ᠪᠠᠷᠠᠭᠤᠨᠳᠠᠬᠢ ᠴᠠᠬᠢᠯᠭᠠᠨ᠎ᠢ ᠵᠡᠭᠦᠨᠰᠢ ᠬᠦᠷᠭᠡᠭᠰᠡᠨ᠂ ᠤᠮᠠᠷᠠᠲᠤ᠎ᠶ᠋ᠢᠨ ᠨᠡᠭᠦᠷᠡᠰᠦ᠎ᠶ᠋ᠢ ᠡᠮᠦᠨᠡᠰᠢ ᠲᠡᠭᠡᠭᠡᠪᠦᠷᠢᠯᠡᠭᠰᠡᠨ ᠬᠦᠷᠲᠡᠯ᠎ᠡ ᠁ ᠥᠪᠥᠷ ᠮᠣᠩᠭᠣᠯ᠎ᠤᠨ ᠡᠬᠡ ᠭᠠᠵᠠᠷ᠎ᠲᠤ ᠂ ᠦᠨᠳᠦᠰᠦᠲᠡᠨ᠎ᠦ ᠪᠦᠯᠬᠦᠮᠳᠡᠯ᠎ᠦᠨ ᠰᠠᠢᠬᠠᠨ ᠥᠯᠢᠭᠡᠷ ᠲᠣᠭ᠎ᠠ ᠲᠣᠮᠰᠢ ᠥᠬᠡᠶ ᠣᠯᠠᠨ ᠢᠯᠡᠷᠡᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠴᠡᠴᠡᠭ ᠭᠠᠵᠠᠷ ᠪᠣᠯᠭᠠᠨ᠎ᠳᠤ ᠳᠡᠯᠭᠡᠷᠡᠯ᠎ᠡ᠃ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠢ ᠦᠷᠭᠦᠯᠵᠢᠯᠡᠨ ᠭᠦᠨᠵᠡᠭᠡᠢᠷᠡᠬᠦᠯᠦᠨ ᠥᠷᠨᠢᠭᠦᠯᠬᠦ ᠳ᠋ᠤ᠂ ᠥᠪᠥᠷ ᠮᠣᠩᠭᠣᠯ ᠡᠷᠡᠰ ᠪᠠᠲᠤ ᠠᠯᠬᠤᠭ᠎ᠠ᠎ᠪᠡᠷ ᠵᠣᠭ᠍ᠰᠣᠰᠢ ᠦᠬᠡᠢ ᠤᠷᠤᠬᠰᠢᠯᠠᠭᠰᠠᠭᠠᠷ᠃ 5 ᠰᠠᠷ᠎ᠠ᠎ᠶ᠋ᠢᠨ 1 ᠎ᠤ᠋ ᠡᠳᠦᠷ ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠲᠦᠷᠢᠮ》᠎ᠢ᠋ ᠵᠢᠩᠬᠢᠨᠢ᠎ᠪᠡᠷ ᠬᠡᠷᠡᠭ᠌ᠵᠢᠭᠦᠯᠪᠡ᠃ ᠡᠨᠡ ᠪᠣᠯ ᠮᠠᠨ᠎ᠤ ᠣᠷᠣᠨ᠎ᠤ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠠᠵᠢᠯ᠎ᠢ ᠠᠬᠢᠭᠤᠯᠬᠤ ᠠᠩᠬᠠᠳᠠᠭ᠍ᠴᠢ ᠶᠡᠷᠦᠩᠬᠡᠢᠯᠡᠭ᠌ᠰᠡᠨ ᠴᠢᠨᠠᠷᠲᠠᠢ ᠣᠷᠣᠨ ᠨᠤᠲᠤᠭ᠎ᠤᠨ ᠴᠢᠨᠠᠷᠲᠠᠢ ᠬᠠᠤᠯᠢ ᠲᠦᠷᠢᠮ ᠪᠠᠢᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠢᠯᠡᠰ᠎ᠢ ᠠᠬᠢᠭᠤᠯᠬᠤ ᠂ ᠡᠷᠬᠡ ᠲᠡᠭ᠌ᠰᠢ ᠪᠦᠯᠬᠦᠮᠳᠡᠯ᠎ᠲᠡᠶ ᠬᠠᠷᠢᠯᠴᠠᠨ ᠬᠠᠪᠰᠤᠷᠤᠯᠴᠠᠭ᠍ᠰᠠᠨ ᠡᠶ᠎ᠡ ᠵᠣᠬᠢᠴᠠᠩᠭᠤᠢ ᠨᠡᠢᠭᠡᠮ ᠵᠢᠷᠤᠮ᠎ᠤᠨ ᠦᠨᠳᠦᠰᠦᠲᠡᠨ᠎ᠦ ᠬᠠᠷᠢᠴᠠᠭ᠎ᠠ᠎ᠶ᠋ᠢ ᠪᠡᠬᠢᠵᠢᠭᠦᠯᠦᠨ ᠬᠥᠭ᠌ᠵᠢᠭᠦᠯᠬᠦ᠌᠎ᠳᠦ ᠪᠠᠲᠤ ᠴᠢᠩᠭ᠎ᠠ ᠬᠠᠤᠯᠢᠵᠢᠯ᠎ᠤᠨ ᠪᠠᠲᠤᠯᠠᠭ᠎ᠠ ᠬᠠᠩᠭᠠᠪᠠ᠃

ᠰᠡᠳᠭᠢᠮᠵᠢ ᠲᠣᠳᠣᠷᠬᠠᠶ ᠪᠣᠯ ᠴᠢᠭ᠌ᠯᠡᠯ ᠰᠠᠷᠠᠭᠤᠯ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠎ᠶ᠋ᠢᠨ ᠴᠣᠭ᠍ᠴᠠ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠭᠣᠣᠯ ᠱᠢᠵᠢᠮ ᠪᠠ《ᠬᠥᠲᠥᠯᠪᠦᠷᠢ》 ᠮᠥᠨ᠃ ᠦᠨᠳᠦᠰᠦᠲᠡᠨ᠎ᠦ ᠪᠦᠯᠬᠦᠮᠳᠡᠯ ᠲᠠᠪᠱᠢᠯᠳᠠ  ᠵᠢ  ᠡᠭᠦᠳᠦᠨ ᠪᠠᠢᠭᠤᠯᠬᠤ ᠠᠵᠢᠯ ᠎ᠢ  ᠥᠷᠨᠢᠭᠦᠯᠬᠦ᠌᠎ᠳᠦ᠂ ᠳᠤᠮᠳᠠᠳᠤ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠡᠭᠦᠳᠦᠨ ᠪᠠᠢᠭᠤᠯᠬᠤ ᠠᠵᠢᠯ᠎ᠤᠨ ᠭᠣᠣᠯ ᠬᠠᠷᠠᠯᠲᠠ ᠪᠠ ᠦᠨᠡᠯᠡᠬᠦ᠌ ᠪᠠᠷᠢᠮᠵᠢᠶ᠎ᠠ ᠪᠣᠯᠭᠠᠬᠤ ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ ᠎ᠦᠨ ᠪᠠᠢ᠌ᠩᠭᠤᠵᠢᠭ᠍ᠰᠠᠨ ᠲᠣᠭ᠍ᠲᠠᠴᠠ᠎ᠶ᠋ᠢ ᠪᠠᠢᠭᠤᠯᠵᠤ᠂ ᠺᠠᠳ᠋ᠷ᠎ᠤᠨ ᠬᠥᠮᠦᠵᠢᠯ᠂ ᠨᠠᠮ᠎ᠤᠨ ᠭᠡᠱᠢᠭᠦᠨ᠎ᠦ ᠬᠥᠮᠦᠵᠢᠯ ᠂ ᠤᠯᠤᠰ ᠠᠷᠠᠳ᠎ᠤᠨ ᠬᠥᠮᠦᠵᠢᠯ᠎ᠦᠨ ᠱᠢᠰᠲ᠋ᠧᠮ᠎ᠳᠦ ᠣᠷᠣᠭᠤᠯᠵᠤ᠂ ᠨᠡᠢᠭᠡᠮ᠎ᠦᠨ ᠤᠬᠠᠭᠤᠯᠭ᠎ᠠ ᠬᠥᠮᠦᠵᠢᠯ᠎ᠢ ᠰᠠᠢᠲᠤᠷ ᠬᠢᠬᠦ ᠬᠡᠷᠡᠭᠳᠡᠢ ᠃ 《ᠳᠥᠷᠪᠡᠨ ᠬᠠᠷᠢᠴᠠᠭ᠎ᠠ》 ᠎ᠶ᠋ᠢ ᠵᠥᠪ ᠡᠵᠡᠮᠳᠡᠬᠦ᠌ ᠪᠠ ᠰᠠᠢᠲᠤᠷ ᠱᠢᠢᠳᠪᠦᠷᠢᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠣᠯᠠᠨ ᠡᠱᠢᠵᠢᠭ᠌ᠰᠡᠨ ᠨᠢᠭᠡ ᠴᠣᠭ᠍ᠴᠠᠵᠢᠭ᠍ᠰᠠᠨ ᠪᠠᠢᠷᠢᠱᠢᠯ᠎ᠢ ᠪᠠᠷᠢᠮᠲᠠᠯᠠᠵᠤ᠂ ᠨᠡᠢᠲᠡᠯᠢᠭ ᠴᠢᠨᠠᠷ᠎ᠢ  ᠨᠡᠮᠡᠭ᠌ᠳᠡᠭᠦᠯᠵᠦ᠍ ᠂ ᠨᠢᠭᠡ ᠴᠣᠭ᠍ᠴᠠᠵᠢᠬᠤ᠎ᠶ᠋ᠢ ᠠᠬᠢᠭᠤᠯᠵᠤ ᠂ ᠵᠥᠷᠢᠶ᠎ᠡ᠎ᠶ᠋ᠢ ᠬᠦᠨᠳᠦᠳᠭᠡᠵᠦ᠍ ᠂ ᠣᠯᠠᠨ ᠶᠠᠩᠵᠤ ᠵᠢᠨ ᠪᠠᠢᠬᠤ ᠵᠢ ᠪᠠᠬᠳᠠᠭᠠᠵᠤ᠂ ᠦᠨᠳᠦᠰᠦᠲᠡᠨ ᠎ᠨᠦᠭᠦᠳ᠎ᠦᠨ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠵᠥᠪ ᠣᠨᠣᠪᠴᠢᠲᠠᠢ ᠤᠯᠤᠰ ᠤᠷᠤᠨ᠎ᠤ᠎ᠦᠵᠡᠯᠲᠡ ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠦ ᠦᠵᠡᠯᠲᠡ ᠂ ᠰᠣᠶᠣᠯ᠎ᠤᠨ ᠦᠵᠡᠯᠲᠡ ᠂ ᠱᠠᠱᠢᠨ ᠰᠤᠷᠲᠠᠬᠤᠨ᠎ᠤ ᠦᠵᠡᠯᠲᠡ᠎ᠲᠡᠶ ᠪᠣᠯᠭᠠᠬᠤ ᠬᠡᠷᠡᠭᠳᠡᠢ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠬᠦᠲᠦᠯᠦᠨ ᠵᠢᠯᠣᠭᠣᠳᠴᠤ᠌  ᠵᠢᠷᠭᠠᠯ ᠵᠣᠪᠠᠯᠠᠩ᠎ᠢᠶᠠᠨ ᠬᠠᠮᠲᠤᠳᠭᠠᠬᠤ ᠂ ᠢᠷᠠᠭᠤ ᠠᠯᠳᠠᠷ ᠢᠴᠢᠬᠦᠷᠢ ᠭᠤᠳᠤᠮᠰᠢᠭ᠎ᠢᠶᠠᠨ ᠬᠠᠮᠲᠤᠳᠭᠠᠬᠤ ᠂ ᠦᠬᠦᠵᠦ᠍ ᠰᠡᠭᠡᠬᠦ᠌᠎ᠪᠡᠨ ᠬᠠᠮᠲᠤᠳᠭᠠᠬᠤ ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠳᠤ ᠪᠤᠢ ᠪᠣᠯᠭᠠᠬᠤ ᠬᠡᠷᠡᠭᠳᠡᠢ᠃

ᠦᠨᠳᠦᠰᠦᠲᠡᠨ᠎ᠦ ᠪᠦᠯᠬᠦᠮᠳᠡᠯ ᠲᠠᠪᠱᠢᠯᠳᠠ ᠵᠢ ᠡᠭᠦᠳᠦᠨ ᠪᠠᠢᠭᠤᠯᠬᠤ ᠳ᠋ᠤ ᠵᠠᠪᠠᠯ ᠪᠠᠢᠩᠭᠤ ᠬᠢᠵᠤ ᠂ ᠰᠡᠳᠭᠢᠯ᠎ᠢᠶᠡᠨ ᠰᠣᠯᠢᠯᠴᠠᠵᠤ ᠂ ᠪᠤᠳᠠᠳᠠᠢ ᠳ᠋ᠤ ᠦᠢᠯᠡᠳᠦᠯᠭᠡᠵᠢᠭᠦᠯᠵᠤ ᠂ ᠦᠨᠳᠦᠰᠦᠨ ᠱᠠᠲᠤᠨ᠎ᠳᠤ ᠬᠦᠴᠦ ᠤᠷᠤᠭᠤᠯᠬᠤ ᠬᠡᠷᠡᠭᠳᠠᠢ ᠃ ᠪᠦᠯᠬᠦᠮᠳᠡᠯ ᠤ᠋ᠨ ᠴᠡᠴᠡᠭᠡᠰ᠎ᠢ ᠬᠠᠮᠳᠦ ᠪᠡᠷ ᠤᠰᠤᠯᠠᠪᠠᠰᠤ ᠬᠦᠷᠢᠶ᠎ᠠ ᠳᠦᠭᠦᠷᠡᠩ ᠳᠡᠯᠭᠡᠷᠡᠬᠦ ᠴᠠᠭ ᠯᠠᠪᠳᠠᠢ ᠪᠠᠢᠨᠠᠮ᠃ 

ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠭᠣᠣᠯ ᠴᠣᠭ᠍ᠴᠠ᠎ᠶ᠋ᠢᠨ ᠪᠠᠢᠷᠢ ᠰᠠᠭᠤᠷᠢ ᠪᠣᠯᠤᠨ ᠡᠭᠦᠳᠦᠨ ᠪᠦᠲᠦᠭᠡᠬᠦ᠌ ᠵᠣᠷᠢᠭ ᠰᠠᠨᠠᠭ᠎ᠠ᠎ᠶ᠋ᠢ ᠭᠦᠢᠴᠡᠳ ᠬᠦᠨᠳᠦᠳᠭᠡᠨ᠂ ᠣᠯᠠᠨ ᠲᠦᠮᠡᠨ᠎ᠢ ᠵᠣᠬᠢᠶᠠᠨ ᠪᠠᠢᠭᠤᠯᠤᠨ ᠳᠠᠢᠴᠢᠯᠠᠵᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯᠯᠠᠭ᠎ᠠ᠎ᠳᠤ ᠢᠳᠡᠪᠬᠢᠲᠡᠶ ᠣᠷᠣᠯᠴᠠᠭᠤᠯᠬᠤ ᠬᠡᠷᠡᠭ᠌ᠲᠡᠶ᠃ ᠦᠨᠳᠦᠰᠦᠲᠡᠨ᠎ᠦ ᠪᠦᠯᠬᠦᠮᠳᠡᠯ᠎ᠢ ᠡᠭᠦᠳᠦᠨ ᠪᠠᠢᠭᠤᠯᠬᠤ ᠠᠵᠢᠯᠯᠠᠭ᠎ᠠ ᠡᠭᠦᠷᠢᠳᠡ ᠵᠤᠬ᠍ᠰᠤᠰᠢ ᠦᠭᠡᠢ ᠪᠡᠷ ᠢᠮᠠᠭᠳᠠ ᠶᠠᠪᠤᠭᠳᠠᠬᠤ ᠶᠤᠮ᠂ ᠠᠷᠭ᠎ᠠ ᠬᠡᠯᠪᠡᠷᠢ᠎ᠪᠡᠨ ᠪᠠᠶᠠᠯᠢᠭ᠍ᠵᠢᠭᠤᠯᠵᠤ᠂ ᠠᠷᠭ᠎ᠠ ᠬᠡᠮᠵᠢᠶ᠎ᠡ᠎ᠪᠡᠨ ᠱᠢᠨᠡᠴᠢᠯᠡᠵᠦ᠍᠂ ᠤᠯᠠᠨ ᠵᠦᠢᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠤᠨ ᠭᠦᠨᠵᠡᠭᠡᠢᠷᠡᠨ ᠥᠷᠭᠡᠵᠢᠬᠦ᠌᠎ᠶ᠋ᠢ ᠠᠬᠢᠭᠤᠯᠬᠤ ᠬᠡᠷᠡᠭ᠌ᠲᠡᠢ᠃ ᠪᠠᠭᠠᠲᠤᠷ᠎ᠢ ᠪᠢᠰᠢᠷᠡᠨ ᠰᠢᠳᠦᠪᠡᠯ ᠰᠠᠶᠢ ᠪᠠᠭᠠᠲᠤᠷ ᠬᠦᠮᠦᠵᠢᠵᠤ ᠴᠢᠳᠠᠨ᠎ᠠ᠂ ᠪᠠᠭᠠᠲᠤᠷ ᠪᠣᠯᠬᠤ᠎ᠪᠠᠷ ᠴᠢᠷᠮᠠᠢᠪᠠᠯ ᠰᠠᠶᠢ ᠪᠠᠭᠠᠲᠤᠷ ᠤᠯᠠᠨ ᠴᠤᠯᠭᠤᠷᠠᠵᠤ ᠴᠢᠳᠠᠨ᠎ᠠ᠃ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠣᠷᠣᠨ ᠪᠣᠯᠤᠨ ᠵᠢᠱ᠌ᠢᠶ᠎ᠡ ᠦᠵᠡᠭᠦᠯᠬᠦ᠌ ᠨᠢᠭᠡᠴᠢ ᠵᠢᠨ ᠪᠠᠢᠭᠤᠯᠤᠯᠲᠠ᠎ᠶ᠋ᠢ ᠴᠢᠩᠭᠠᠳᠭᠠᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠨᠡᠢᠲᠡᠯᠢᠭ ᠵᠢᠱ᠌ᠢᠶ᠎ᠡ᠎ᠶ᠋ᠢ ᠬᠥᠮᠦᠵᠢᠭᠦᠯᠬᠦ ᠠᠵᠢᠯ᠎ᠢ ᠥᠷᠨᠢᠭᠦᠯᠵᠦ᠍᠂ ᠨᠡᠢᠭᠡᠮ ᠳᠠᠶᠠᠭᠠᠷ᠎ᠲᠤ ᠲᠡᠷᠢᠭᠦᠨ᠎ᠦ ᠬᠢ᠎ᠡᠴᠡ ᠰᠤᠷᠤᠯᠴᠠᠬᠤ᠂ ᠲᠡᠷᠢᠭᠦᠨ᠎ᠦ ᠬᠢ ᠪᠤᠯᠬᠤ ᠪᠡᠷ ᠴᠢᠷᠮᠠᠢᠬᠤ᠂ ᠪᠦᠯᠬᠦᠮᠳᠡᠯ᠎ᠢ ᠠᠬᠢᠭᠤᠯᠬᠤ᠂ ᠬᠥᠭ᠌ᠵᠢᠯᠲᠡ᠎ᠶ᠋ᠢ ᠰᠦᠪᠡᠭᠴᠢᠯᠡᠬᠦ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠬᠤ ᠬᠡᠷᠡᠭ᠌ᠲᠡᠶ᠃

ᠱᠢᠨ᠎ᠡ ᠴᠠᠭ ᠦᠶ᠎ᠡ᠎ᠳᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ ᠲᠠᠢ ᠤᠶᠠᠯᠳᠤᠭᠤᠯᠤᠨ᠂᠎ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠢ ᠭᠦᠨᠵᠡᠭᠡᠢ ᠥᠷᠨᠢᠭᠦᠯᠵᠦ᠍᠂ ᠠᠵᠢᠯᠯᠠᠭ᠎ᠠ ᠳᠡᠭᠡᠷ᠎ᠡ᠎ᠪᠡᠨ 《ᠢᠵᠢᠯᠢ ᠲᠠᠪᠳᠠᠮᠵᠢ ᠪᠡᠷ ᠬᠠᠮᠳᠤ ᠪᠡᠷ ᠡᠬᠥᠳᠥᠨ ᠪᠠᠢᠭᠤᠯᠬᠤ》᠎ᠳᠤ ᠯᠠᠪᠳᠠᠢ 《ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠲᠦᠭᠡᠨ ᠪᠠᠢᠭᠤᠯᠵᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌》 ᠠᠤᠭ᠎ᠠ ᠬᠦᠴᠦᠨ᠎ᠢ ᠨᠢᠭ᠍ᠲᠠᠷᠠᠭᠤᠯᠵᠤ᠂ ᠥᠪᠥᠷ ᠮᠣᠩᠭᠣᠯ᠎ᠤᠨ ᠨᠡᠩ ᠭᠡᠭᠡᠨ ᠰᠠᠷᠠᠭᠤᠯ ᠢᠷᠡᠭᠡᠳᠦᠢ᠎ᠶ᠋ᠢ ᠴᠣᠭ᠍ᠴᠠᠯᠠᠵᠤ ᠴᠢᠳᠠᠬᠤ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号