ᠲᠦᠩᠯᠢᠶᠣᠤ ᠬᠣᠲᠠ᠄ ᠴᠠᠭᠠᠨ ᠵᠤᠳ᠎ᠤᠨ ᠠᠵᠤ ᠠᠬᠤᠶ ᠨᠡᠢᠭᠡᠮ᠎ᠳᠦ ᠦᠵᠡᠭᠦᠯᠦᠭᠰᠡᠨ ᠨᠥᠯᠥᠭᠡ᠎ᠶ᠋ᠢ ᠬᠠᠮᠤᠭ᠎ᠤᠨ ᠳᠤᠤᠷ᠎ᠠ ᠬᠡᠮᠵᠢᠶᠡᠨ᠎ᠳᠦ ᠬᠦᠷᠳᠡᠯ᠎ᠠ ᠪᠠᠭᠤᠷᠠᠭᠤᠯᠬᠤ ᠎ᠪᠠᠷ ᠴᠢᠷᠮᠠᠢᠵᠤ ᠪᠣᠶ
2021-11-11 10:26:04
ᠵᠣᠬᠢᠶᠠᠭ᠍ᠴᠢ᠄
​ᠭᠦᠸᠧ ᠬᠣᠩ ᠱᠸᠨ
ᠣᠩᠱᠢᠭ᠍ᠰᠠᠨ ᠣᠳᠠᠭ᠎ᠠ᠄
★★★☆☆

11 ᠰᠠᠷ᠎ᠠ᠎ᠶ᠋ᠢᠨ 10 ᠎ᠤ᠋ ᠦᠳᠡ᠎ᠶ᠋ᠢᠨ ᠡᠮᠦᠨ᠎ᠡ᠂ ᠲᠦᠩᠯᠢᠶᠣᠤ ᠬᠤᠳᠠ ᠭᠠᠮᠱᠢᠭ ᠲᠠᠶ ᠲᠡᠮᠡᠴᠡᠵᠦ᠍ ᠭᠠᠮᠱᠢᠭ᠎ᠠᠴᠠ ᠠᠪᠤᠷᠠᠬᠤ ᠠᠵᠢᠯ᠎ᠤᠨ ᠲᠧᠯᠸᠢᠰ ᠤᠲᠠᠰᠤ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠭᠠᠮᠱᠢᠭ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠵᠤ ᠭᠠᠮᠱᠢᠭ᠎ᠠᠴᠠ ᠠᠪᠤᠷᠠᠬᠤ ᠠᠵᠢᠯ᠎ᠤᠨ ᠲᠤᠬᠠᠢ ᠴᠢᠬᠤᠯᠠ ᠥᠭᠦᠯᠡᠯᠲᠡ ᠶ᠋ᠢ ᠭᠦᠨᠵᠡᠭᠡᠢ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠡᠷᠬᠢᠯᠡᠭ᠌ᠴᠢ ᠱ᠌ᠢ᠎ᠲᠡᠶ ᠹᠸᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭ᠌ᠴᠢ ᠸᠠᠩ ᠯᠢ ᠱᠢᠶᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢᠩᠭᠤ᠎ᠶ᠋ᠢᠨ ᠳᠡᠳ᠋ ᠲᠡᠷᠢᠭᠦᠯᠡᠭ᠌ᠴᠢ ᠵᠠᠩ ᠱᠤᠤ ᠴᠦᠨ᠎ᠦ ᠲᠦᠩᠯᠢᠶᠣᠤ ᠬᠤᠳᠠ᠎ᠶ᠋ᠢᠨ ᠭᠠᠮᠱᠢᠭ᠎ᠲᠠᠶ ᠲᠡᠮᠡᠴᠡᠵᠦ᠍ ᠭᠠᠮᠱᠢᠭ᠎ᠠᠴᠠ ᠠᠪᠤᠷᠠᠬᠤ ᠠᠵᠢᠯ᠎ᠤᠨ ᠲᠤᠬᠠᠢ ᠵᠢᠭᠠᠪᠤᠷᠢ ᠱᠠᠭᠠᠷᠳᠠᠯᠭ᠎ᠠ᠎ᠶ᠋ᠢ ᠤᠯᠠᠮᠵᠢᠯᠠᠨ ᠲᠤᠭᠤᠱᠢᠯᠠᠭᠤᠯᠵᠤ᠂ ᠡᠯ᠎ᠡ ᠬᠣᠱᠢᠭᠤ ᠱᠢᠶᠠᠨ ᠬᠤᠳᠠ ᠲᠣᠭᠣᠷᠢᠭ᠎ᠤᠨ ᠠᠵᠢᠯ᠎ᠤᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠳᠠᠷᠠᠭᠠᠴᠢ ᠎ᠶ᠋ᠢᠨ ᠠᠯᠬᠤᠮ᠎ᠤᠨ ᠠᠵᠢᠯ᠎ᠢ ᠲᠤᠬᠢᠷᠠᠭᠤᠯᠤᠨ ᠪᠠᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠲᠦᠩᠯᠢᠶᠣᠤ ᠬᠤᠳᠠ᠎ᠶ᠋ᠢᠨ ᠨᠠᠮ᠎ᠤᠨ ᠬᠣᠷᠢᠶᠠᠨ᠎ᠤ ᠱᠦᠵᠢ ᠮᠸᠩ ᠱᠢᠶᠠᠨ ᠳ᠋ᠦᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

ᠬᠤᠷᠠᠯ᠎ᠠᠴᠠ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠭᠠᠮᠱᠢᠭ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠵᠤ ᠭᠠᠮᠱᠢᠭ᠎ᠠᠴᠠ ᠠᠪᠤᠷᠠᠬᠤ ᠠᠵᠢᠯ᠎ᠤᠨ ᠲᠤᠬᠠᠢ ᠴᠢᠬᠤᠯᠠ ᠥᠭᠦᠯᠡᠯᠲᠡ ᠪᠣᠯ ᠪᠢᠳᠡᠨ᠎ᠦ ᠣᠳᠣᠬᠠᠨ᠎ᠤ ᠭᠠᠮᠱᠢᠭ᠎ᠲᠠᠶ ᠲᠡᠮᠡᠴᠡᠵᠦ᠍ ᠭᠠᠮᠱᠢᠭ᠎ᠠᠴᠠ ᠠᠪᠤᠷᠠᠬᠤ ᠠᠵᠢᠯ᠎ᠢ ᠰᠠᠢᠲᠤᠷ ᠬᠢᠬᠦ᠌᠎ᠶ᠋ᠢᠨ ᠦᠨᠳᠦᠰᠦᠨ ᠵᠢᠷᠤᠮᠯᠠᠯ ᠮᠥᠨ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠲᠦᠩᠯᠢᠶᠣᠤ ᠬᠣᠲᠠ᠎ᠶ᠋ᠢᠨ ᠬᠦᠨᠳᠦ ᠨᠣᠴᠢᠲᠠᠶ ᠴᠠᠭᠠᠨ ᠵᠤᠳ ᠲᠤ᠌ ᠳᠠᠭᠠᠷᠢᠭ᠍ᠳᠠᠭ᠍ᠰᠠᠨ᠎ᠢ ᠮᠠᠰᠢ ᠬᠠᠯᠠᠮᠵᠢᠯᠠᠵᠤ᠂ ᠭᠤᠤᠯ ᠤᠳᠤᠷᠢᠳᠤᠯᠭ᠎ᠠ ᠪᠡᠶ᠎ᠡ᠎ᠪᠡᠷ ᠵᠢᠡᠨ ᠠᠰᠠᠭᠤᠨ ᠯᠠᠪᠯᠠᠬᠤ᠎ᠶ᠋ᠢᠨ ᠬᠠᠮᠲᠤ ᠵᠢᠭᠠᠪᠤᠷᠢ ᠦᠭᠴᠦ ᠱᠠᠭᠠᠷᠳᠠᠯᠭ᠎ᠠ ᠲᠤᠷᠠᠳᠴᠤ᠂ ᠬᠠᠮᠢᠶ᠎ᠠ ᠪᠥᠬᠥᠶ ᠲᠢᠩᠬᠢᠮ ᠲᠣᠪᠴᠢᠶ᠎ᠠ ᠭᠠᠮᠱᠢᠭ᠎ᠠᠴᠠ ᠠᠪᠤᠷᠬᠠᠸ᠋ ᠠᠷᠭ᠎ᠠ ᠬᠡᠮᠵᠢᠶ᠎ᠡ᠎ᠶ᠋ᠢ ᠦᠳᠲᠡᠷ ᠲᠦᠷᠭᠡᠨ ᠬᠡᠷᠡᠭ᠌ᠵᠢᠭᠦᠯᠵᠦ᠍᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠲᠦᠩᠯᠢᠶᠣᠤ ᠬᠣᠲᠠ᠎ᠳᠤ ᠬᠦᠷᠴᠦ᠍ ᠠᠪᠤᠷᠠᠨ ᠲᠤᠰᠠᠯᠠᠵᠤ ᠭᠠᠮᠱᠢᠭ᠎ᠠᠴᠠ ᠠᠪᠤᠷᠬᠠᠸ᠋ ᠠᠵᠢᠯ᠎ᠢ ᠵᠢᠯᠣᠭᠣᠳᠴᠤ᠌᠂ ᠠᠵᠢᠯ᠎ᠢᠶᠠᠨ ᠰᠠᠢᠲᠤᠷ ᠬᠢᠬᠦ᠌᠎ᠳᠦ ᠬᠦᠴᠦᠷᠬᠡᠭ ᠶᠡᠬᠡ ᠢᠲᠡᠭᠡᠯ ᠵᠣᠷᠢᠭ ᠪᠠ ᠬᠥᠳᠡᠯᠭᠡᠬᠦ᠌ ᠬᠦᠴᠦᠨ ᠨᠡᠮᠡᠷᠢᠯᠡᠪᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠶᠡᠷᠦᠩᠬᠡᠢ ᠱᠦᠵᠢ ᠰᠢ᠎ᠵᠢᠨ ᠫᠢᠩ᠎ᠦᠨ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ ᠡᠴᠡ ᠠᠪᠤᠷᠠᠬᠤ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶ᠋ᠢ ᠪᠦᠬᠦ᠌ ᠲᠠᠯ᠎ᠠ᠎ᠪᠠᠷ ᠨᠠᠷᠢᠨ ᠬᠢᠨᠠᠮᠠᠭᠠᠢ᠂ ᠡᠷᠡᠰ ᠪᠠᠲᠤ᠎ᠪᠠᠷ ᠣᠳᠣᠬᠠᠨ᠎ᠤ ᠭᠠᠮᠱᠢᠭ᠎ᠲᠠᠶ ᠲᠡᠮᠡᠴᠡᠵᠦ᠍ ᠭᠠᠮᠱᠢᠭ ᠡᠴᠡ ᠠᠪᠤᠷᠠᠬᠤ ᠪᠣᠳᠠᠲᠠᠢ ᠠᠵᠢᠯ ᠳᠤᠮᠳᠠ ᠪᠠᠨ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠭᠠᠮᠱᠢᠭ᠎ᠲᠠᠶ ᠲᠡᠮᠡᠴᠡᠵᠦ᠍ ᠭᠠᠮᠱᠢᠭ᠎ᠡᠴᠡ ᠠᠪᠤᠷᠠᠬᠤ ᠡᠯ᠎ᠡ ᠵᠦᠢᠯ᠎ᠦᠨ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠪᠦᠬᠦ᠌ ᠬᠤᠳᠠ᠎ᠵᠢᠨ ᠦᠢᠯᠡᠳᠪᠦᠷᠢᠯᠡᠯ ᠠᠮᠢᠳᠤᠷᠠᠯ᠎ᠤᠨ ᠡᠮᠬᠢ ᠳᠢᠭ᠌ᠯᠢᠮ᠎ᠢ ᠦᠳᠳᠡᠷ ᠲᠦᠷᠭᠡᠨ ᠰᠡᠷᠭᠦᠭᠡᠵᠤ᠂ ᠴᠠᠭᠠᠨ ᠵᠤᠳ᠎ᠤᠨ ᠠᠵᠤ ᠠᠬᠤᠢ ᠨᠡᠢᠭᠡᠮ᠎ᠳᠦ ᠦᠵᠡᠭᠦᠯᠦᠭᠰᠡᠨ ᠨᠥᠯᠥᠭᠡ᠎ᠶ᠋ᠢ ᠬᠠᠮᠤᠭ᠎ᠤᠨ ᠪᠠᠭ᠎ᠠ ᠬᠡᠮᠵᠢᠶᠡᠨ᠎ᠳᠦ  ᠬᠦᠷᠳᠡᠯ᠎ᠠ ᠪᠠᠭᠤᠷᠠᠭᠤᠯᠬᠤ᠎ᠪᠠᠷ ᠴᠢᠷᠮᠠᠢᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃

ᠬᠤᠷᠠᠯ᠎ᠡᠴᠡ᠂ ᠵᠠᠮ ᠬᠠᠷᠢᠯᠴᠠᠭ᠎ᠠ ᠲᠡᠭᠡᠭᠡᠪᠦᠷᠢ᠎ᠵᠢᠨ ᠲᠦᠷᠭᠡᠨ ᠰᠡᠷᠭᠦᠬᠦ᠌᠎ᠶ᠋ᠢ ᠪᠦᠬᠦ᠌ ᠬᠦᠴᠦᠨ᠎ᠢᠶᠡᠷ ᠠᠬᠢᠭᠤᠯᠵᠤ᠂ ᠵᠢᠯᠣᠭᠣᠳᠤᠨ ᠲᠣᠬᠢᠷᠠᠭᠤᠯᠬᠤ᠎ᠪᠠᠨ ᠴᠢᠩᠭᠠᠳᠭᠠᠵᠤ᠂ ᠲᠣᠭ᠍ᠲᠠᠭ᠍ᠰᠠᠨ ᠬᠠᠷᠠᠯᠳᠠ ᠵᠢ ᠲᠣᠭ᠍ᠲᠠᠭ᠍ᠰᠠᠨ ᠴᠠᠭ᠎ᠲᠠᠭᠠᠨ ᠪᠡᠶᠡᠯᠡᠭᠦᠯᠬᠦ᠌᠎ᠶ᠋ᠢ ᠪᠠᠲᠤᠯᠠᠬᠤ ᠬᠡᠷᠡᠭ᠌ᠲᠡᠶ᠃ ᠪᠠᠴᠢᠮ ᠪᠠᠢᠳᠠᠯ᠎ᠢ ᠠᠷᠭᠠᠴᠡᠭᠠᠵᠤ ᠠᠪᠤᠷᠠᠨ ᠲᠤᠰᠠᠯᠠᠬᠤ ᠠᠵᠢᠯ᠎ᠢ ᠪᠦᠬᠦ᠌ ᠬᠦᠴᠦ᠍᠎ᠪᠡᠷ᠎ᠢᠶᠡᠨ ᠰᠠᠢᠲᠤᠷ ᠠᠳᠭᠤᠵᠤ᠂ ᠭᠠᠮᠱᠢᠭ᠍ᠳᠠᠭ᠍ᠰᠠᠨ ᠤᠯᠠᠨ ᠲᠦᠮᠡᠨ᠎ᠦ ᠦᠨᠳᠦᠰᠦᠨ ᠠᠮᠢᠳᠤᠷᠠᠯ᠎ᠢ ᠪᠦᠲᠦᠮᠵᠢᠲᠡᠢ ᠪᠠᠲᠤᠯᠠᠵᠤ᠂ ᠨᠤᠷᠠᠵᠤ ᠡᠪᠳᠡᠭ᠌ᠳᠡᠭ᠌ᠰᠡᠨ ᠭᠡᠷ ᠪᠠᠢᠱᠢᠩ᠂ ᠦᠢᠯᠡᠳᠪᠦᠷᠢ᠂ ᠬᠠᠱᠢᠶ᠎ᠠ ᠰᠠᠷᠠᠪᠴᠢ ᠪᠣᠯᠤᠨ ᠬᠦᠯᠡᠮᠵᠢ᠎ᠶ᠋ᠢ ᠱᠠᠯᠠᠪᠳᠠᠨ ᠵᠠᠰᠠᠵᠤ᠂ ᠲᠦᠬᠦᠭᠡᠷᠤᠮᠵᠢᠳᠤ ᠲᠠᠷᠢᠶᠠᠯᠠᠩ ᠪᠣᠯᠤᠨ ᠮᠠᠯ ᠵᠢᠭᠦᠷᠲᠡᠨ᠎ᠦ ᠬᠥᠯᠳᠡᠬᠦ᠌᠎ᠶ᠋ᠢ ᠰᠡᠷᠭᠡᠢᠯᠡᠬᠦ᠌ ᠮᠡᠷᠭᠡᠵᠢᠯ᠎ᠦᠨ ᠵᠢᠯᠤᠭᠤᠳᠤᠯᠭ᠎ᠠ᠎ᠶ᠋ᠢ ᠴᠢᠩᠭᠠᠳᠭᠠᠵᠤ᠂ ᠵᠠᠰᠠᠮᠠᠯ ᠵᠠᠮ ᠵᠢᠴᠢ ᠬᠤᠳᠠ ᠵᠢᠨ ᠵᠠᠮ ᠳᠡᠭᠡᠷᠡᠬᠢ ᠬᠦᠳᠡᠯᠵᠤ ᠳᠡᠢᠯᠬᠦ ᠦᠭᠡᠢ ᠪᠠᠢᠭ᠎ᠠ ᠲᠡᠷᠭᠡ ᠬᠥᠰᠭᠡ᠎ᠶ᠋ᠢ ᠲᠦᠷᠭᠡᠨ ᠱᠢᠢᠳᠪᠦᠷᠢᠯᠡᠵᠦ᠍᠂ ᠭᠣᠣᠯᠳᠠᠯᠭ᠎ᠠ᠎ᠲᠠᠶ ᠬᠦᠷᠢᠶ᠎ᠠ ᠴᠠᠷᠠᠭ᠎ᠠ ᠭᠣᠣᠯᠳᠠᠯᠭ᠎ᠠ᠎ᠲᠠᠶ ᠠᠵᠢᠯ ᠲᠦᠷᠦᠯ᠎ᠦᠨ ᠠᠶᠤᠯᠭᠦᠢ ᠦᠢᠯᠡᠳᠪᠦᠷᠢᠯᠡᠯ᠎ᠦᠨ ᠠᠵᠢᠯ᠎ᠢ ᠴᠢᠩᠭ᠎ᠠ ᠪᠣᠳᠠᠲᠠᠢ ᠠᠳᠭᠤᠵᠤ᠂ ᠪᠤᠰᠤᠳ ᠭᠠᠮᠰᠢᠭ ᠳᠠᠭᠠᠯᠳᠤᠨ ᠡᠭᠦᠰᠬᠦ ᠵᠢ ᠪᠦᠲᠦᠮᠵᠢᠲᠡᠢ ᠰᠡᠷᠭᠡᠢᠯᠡᠬᠦ᠌ ᠬᠡᠷᠡᠭ᠌ᠲᠡᠢ᠃ ᠣᠯᠠᠨ ᠨᠡᠢᠲᠡ᠎ᠵᠢᠨ ᠦᠶ᠋ᠯᠡᠴᠢᠯᠡᠭᠡᠨ᠎ᠦ ᠪᠠᠲᠤᠯᠠᠭ᠎ᠠ᠎ᠶ᠋ᠢ ᠪᠥᠬᠥ᠌ ᠬᠦᠴᠦᠨ᠎ᠢᠶᠡᠷ᠎ᠢᠶᠡᠨ ᠴᠢᠩᠭᠠᠳᠭᠠᠵᠤ᠂ 《ᠤᠯᠤᠰ ᠲᠥᠷᠥ᠎ᠵᠢᠨ ᠲᠠᠩᠰᠠ》᠂ 《ᠠᠷᠠᠳ᠎ᠤᠨ ᠠᠮᠢᠳᠤᠷᠠᠯ᠎ᠤᠨ ᠲᠠᠩᠰᠠ》 ᠎ᠶ᠋ᠢ ᠨᠠᠷᠢᠯᠢᠭ ᠪᠤᠳᠤᠵᠤ᠂ ᠵᠢᠵᠢᠭᠦᠷᠯᠡᠨ ᠰᠠᠬᠢᠬᠤ ᠵᠢ ᠴᠢᠩᠭᠠᠳᠭᠠᠵᠤ᠂ ᠡᠯ᠎ᠡ ᠲᠥᠷᠥᠯ᠎ᠦᠨ ᠴᠢᠬᠤᠯᠠ ᠢᠨᠵᠧᠨᠧᠷᠢᠩ᠎ᠳ᠋ᠤ ᠠᠰᠠᠭᠤᠳᠠᠯ ᠭᠠᠷᠬᠤ ᠥᠬᠡᠶ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠠᠮᠢᠳᠤᠷᠠᠯ᠎ᠤᠨ ᠡᠳ᠋ ᠪᠣᠳᠠᠰ᠎ᠤᠨ ᠬᠠᠩᠭᠠᠯᠭ᠎ᠠ᠎ᠶ᠋ᠢ ᠪᠦᠬᠦ᠌ ᠬᠦᠴᠦᠨ ᠎ᠢᠶᠡᠷ᠎ᠢᠶᠡᠨ ᠰᠠᠢᠲᠤᠷ ᠠᠳᠭᠤᠵᠤ᠂ ᠤᠯᠠᠨ ᠲᠦᠮᠡᠨ᠎ᠦ ᠠᠮᠢᠳᠤᠷᠠᠯ᠎ᠤᠨ ᠬᠡᠷᠡᠭ᠌ᠴᠡᠭᠡᠨ᠎ᠦ ᠡᠳ᠋ ᠪᠤᠳᠠᠰ᠎ᠦᠨ ᠦᠨ᠎ᠡ ᠬᠠᠩᠰᠢ᠎ᠶ᠋ᠢ ᠲᠣᠭ᠍ᠲᠠᠪᠤᠷᠢᠵᠢᠭᠤᠯᠤᠨ ᠬᠠᠩᠭᠠᠯᠭ᠎ᠠ᠎ᠶ᠋ᠢ ᠪᠠᠲᠤᠯᠠᠬᠤ ᠡᠷᠴᠢᠮ᠎ᠢᠶᠡᠨ ᠴᠢᠩᠭᠠᠷᠠᠭᠤᠯᠵᠤ᠂ ᠬᠤᠳᠠ ᠬᠥᠳᠡᠭᠡ᠎ᠵᠢᠨ ᠬᠦᠴᠢᠷᠳᠡᠯᠲᠡᠢ ᠤᠯᠠᠨ ᠲᠦᠮᠡᠨ᠎ᠦ ᠠᠮᠢᠳᠤᠷᠠᠯ᠎ᠢ ᠰᠠᠢᠲᠤᠷ ᠲᠤᠬᠢᠷᠠᠭᠤᠯᠤᠨ ᠪᠠᠲᠤᠯᠠᠵᠤ᠂ ᠭᠠᠮᠱᠢᠭ᠎ᠢ ᠪᠠᠢᠴᠠᠭᠠᠵᠤ ᠭᠠᠮᠱᠢᠭ᠎ᠢ ᠱᠢᠯᠭᠠᠬᠤ ᠠᠵᠢᠯ᠎ᠢ ᠨᠠᠷᠢᠨ ᠬᠢᠨᠠᠮᠠᠭᠠᠢ ᠰᠠᠢᠲᠤᠷ ᠬᠢᠵᠦ᠍᠂ ᠡᠯ᠎ᠡ ᠵᠦᠢᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠠ᠎ᠶ᠋ᠢ ᠨᠢᠭᠡᠳᠦᠯᠲᠡᠢ ᠲᠥᠯᠥᠪᠵᠢᠭᠦᠯᠦᠨ ᠨᠠᠢᠳᠠᠪᠤᠷᠢᠵᠢᠭᠤᠯᠬᠤ ᠬᠡᠷᠡᠭ᠌ᠲᠡᠢ ᠭᠡᠵᠤ ᠴᠢᠬᠤᠯᠠᠴᠢᠯᠠᠵᠠᠢ᠃

ᠬᠤᠷᠠᠯ᠎ᠢ ᠸᠢᠳᠢᠣ᠋ ᠬᠡᠯᠪᠡᠷᠢ᠎ᠪᠡᠷ ᠬᠤᠷᠠᠯᠳᠤᠭᠤᠯᠵᠤ᠂ ᠡᠯ᠎ᠡ ᠬᠣᠱᠢᠭᠤ ᠱᠢᠶᠠᠨ ᠬᠤᠳᠠ ᠲᠣᠭᠣᠷᠢᠭ᠎ᠲᠤ ᠬᠤᠪᠢᠶᠠᠷᠢ ᠬᠤᠷᠠᠯ᠎ᠤᠨ ᠲᠠᠯᠠᠪᠠᠢ ᠲᠤᠬᠢᠷᠠᠭᠤᠯᠵᠠᠢ᠃


QQ截图20211111100636.png


11 ᠰᠠᠷ᠎ᠠ ᠵᠢᠨ 10 ᠎ᠤ ᠡᠳᠤᠷ᠂ ᠲᠦᠨᠭᠯᠢᠶᠤᠤ ᠬᠤᠳᠠ ᠵᠢᠨ ᠬᠤᠷᠴᠢᠨ ᠲᠤᠭᠤᠷᠢᠭ ᠎ᠤᠨ ᠣᠷᠴᠢᠨ ᠲᠣᠭᠣᠷᠢᠨ᠎ᠤ ᠠᠷᠢᠭᠤᠨ ᠴᠡᠪᠡᠷ᠎ᠦᠨ ᠠᠵᠢᠯᠴᠢᠳ ᠴᠠᠰᠤ ᠠᠷᠢᠯᠭᠠᠵᠤ ᠪᠠᠢᠭ᠎ᠠ ᠨᠢ᠃       

  ᠵᠠᠩ ᠴᠢ ᠮᠢᠨ ᠰᠡᠭᠦᠳᠡᠷᠯᠡᠪᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号