11
ᠰᠠᠷ᠎ᠠ
ᠶ᠋ᠢᠨ 8 ᠡᠴᠡ 9 ᠤ᠋ ᠡᠳᠦᠷ
ᠪᠣᠯᠲᠠᠯ᠎ᠠ᠂ ᠥᠪᠡᠷᠲᠡᠭᠡᠨ ᠵᠠᠰᠠᠬᠤ ᠣᠷᠣᠨᠤ ᠨᠠᠮ ᠤᠨ ᠬᠣᠷᠢᠶᠠᠨᠤ ᠪᠠᠢᠩᠭᠤ ᠶ᠋ᠢᠨ ᠭᠡᠱᠢᠭᠦᠨ᠂ ᠥᠪᠡᠷᠲᠡᠭᠡᠨ
ᠵᠠᠰᠠᠬᠤ ᠣᠷᠣᠨ ᠤ ᠪᠠᠢᠩᠭᠤᠶ᠋ᠢᠨ ᠳᠡᠳ᠋ ᠲᠡᠷᠢᠭᠦᠯᠡᠭ᠌ᠴᠢ ᠵᠠᠩ ᠱᠤᠤ ᠴᠦᠨ ᠤᠷᠳᠤᠰ ᠬᠤᠳᠠ ᠳᠤ ᠬᠦᠷᠴᠦ᠍᠂
ᠡᠨᠧᠷᠭᠢ ᠶ᠋ᠢᠨ ᠬᠠᠩᠭᠠᠯᠭ᠎ᠠ ᠶ᠋ᠢ ᠪᠠᠲᠤᠯᠠᠬᠤ ᠪᠠ ᠠᠶᠤᠯᠭᠦᠢ ᠦᠢᠯᠡᠳᠪᠦᠷᠢᠯᠡᠯ ᠦᠨ ᠠᠵᠢᠯ ᠢ ᠪᠠᠢᠴᠠᠭᠠᠨ
ᠰᠤᠳᠤᠯᠵᠤ ᠱᠠᠯᠠᠪᠳᠠᠭᠤᠯᠤᠨ ᠵᠢᠯᠣᠭᠣᠳᠪᠠ᠃
ᠵᠠᠩ ᠱᠤᠤ ᠴᠦᠨ ᠮᠠ ᠳ᠋ᠢ
ᠯᠢᠶᠠᠩ ᠨᠡᠭᠦᠷᠡᠰᠦᠨ ᠠᠭᠤᠷᠬᠠᠢ ᠳᠤ ᠭᠦᠨᠵᠡᠭᠡᠢᠷᠡᠵᠦ᠍᠂ ᠠᠵᠤ ᠠᠬᠤᠢᠯᠠᠯ ᠤ᠋ᠨ ᠦᠢᠯᠡᠳᠪᠦᠷᠢᠯᠡᠯ ᠡᠵᠡᠩᠨᠡᠯᠲᠡ
ᠪᠣᠯᠤᠨ ᠤᠶᠤᠨᠲᠤ ᠠᠭᠤᠷᠬᠠᠢ ᠶ᠋ᠢᠨ ᠪᠦᠳᠦᠭᠡᠨ ᠪᠠᠢᠭᠤᠯᠤᠯᠲᠠ ᠶ᠋ᠢᠨ ᠪᠠᠢᠳᠠᠯ ᠢ ᠨᠠᠷᠢᠨ ᠣᠢᠯᠠᠭᠠᠵᠤ ᠂ ᠤᠷᠳᠤᠰ
ᠬᠤᠳᠠ ᠪᠣᠯᠤᠨ ᠥᠪᠡᠷᠲᠡᠭᠡᠨ ᠵᠠᠰᠠᠬᠤ ᠣᠷᠣᠨᠤ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠦᠨ ᠬᠢᠨᠢ ᠲᠤᠷᠱᠢᠯᠭᠠᠪᠠᠨ ᠴᠠᠭ ᠲᠤᠬᠠᠢᠳᠤᠨᠢ ᠳ᠋ᠦᠩᠨᠡᠵᠦ᠍
᠂ ᠤᠶᠤᠨᠲᠤ ᠠᠭᠤᠷᠬᠠᠢ ᠶ᠋ᠢᠨ ᠮᠡᠷᠭᠡᠵᠢᠯ ᠦᠨ ᠬᠡᠷᠡᠭ᠌ᠯᠡᠭᠡᠶ᠋ᠢ ᠢᠳᠡᠪᠬᠢᠲᠡᠢ ᠳᠡᠯᠭᠡᠷᠡᠭᠦᠯᠵᠦ᠍᠂ ᠨᠡᠭᠦᠷᠡᠰᠦᠨ
ᠠᠭᠤᠷᠬᠠᠢ ᠶ᠋ᠢᠨ ᠠᠶᠤᠯᠭᠦᠢ ᠦᠢᠯᠡᠳᠪᠦᠷᠢᠯᠡᠯᠦᠨ ᠲᠦᠪᠱᠢᠨᠢ ᠳᠡᠭᠡᠭ᠌ᠰᠢᠯᠡᠭᠦᠯᠵᠦ᠍᠂ ᠨᠡᠭᠦᠷᠡᠰᠦᠨ ᠦ
ᠭᠠᠷᠤᠯᠲᠠᠶ᠋ᠢ ᠲᠣᠭ᠍ᠲᠠᠪᠤᠷᠢᠵᠢᠭᠤᠯᠵᠤ᠂ ᠤᠯᠤᠰ ᠤᠨ ᠬᠠᠩᠭᠠᠯᠭ᠎ᠠ ᠶ᠋ᠢ ᠪᠠᠲᠤᠯᠠᠬᠤ ᠶᠡᠬᠡ ᠲᠠᠯ᠎ᠠ ᠳᠤ
ᠦᠢᠯᠡᠴᠢᠯᠡᠬᠦ᠌ ᠬᠡᠷᠡᠭ᠌ᠲᠡᠢ ᠭᠡᠵᠦ᠍ ᠱᠠᠭᠠᠷᠳᠠᠪᠠ᠃ ᠤᠯᠤᠰᠤᠨ
ᠡᠨᠧᠷᠭᠢ 580 ᠥᠪᠥᠷ ᠮᠣᠩᠭᠣᠯᠤᠨ ᠨᠡᠭᠦᠷᠡᠰᠦᠨ ᠦ ᠠᠷᠠᠯᠵᠢᠶᠠᠨ ᠤ ᠲᠥᠪ
ᠲᠦ ᠂ ᠵᠠᠩ ᠱᠤᠤ ᠴᠦᠨ ᠲᠤᠮᠤ ᠳ᠋ᠠᠢᠲ᠋ᠠ ᠶ᠋ᠢᠨ ᠲᠠᠪᠴᠠᠩ ᠤᠨ ᠦᠵᠡᠭᠦᠯᠭᠡ ᠶ᠋ᠢ ᠦᠵᠡᠵᠦ᠂ ᠨᠡᠭᠦᠷᠡᠰᠦᠨ
ᠦ ᠦᠨ᠎ᠡ ᠬᠠᠩᠰᠢ ᠶ᠋ᠢᠨ ᠵᠢᠭᠠᠯᠲᠠ ᠲᠣᠭ᠎ᠠ ᠶ᠋ᠢᠨ ᠪᠦᠷᠢᠯᠳᠦᠭ᠌ᠰᠡᠨ ᠪᠠᠢᠳᠠᠯ ᠢ ᠯᠠᠪᠯᠠᠨ ᠠᠰᠠᠭᠤᠵᠤ᠂
ᠲᠤᠮᠤ ᠳ᠋ᠠᠢᠲ᠋ᠠᠶ᠋ᠢᠨ ᠮᠡᠷᠭᠡᠵᠢᠯ ᠢ ᠴᠢᠳᠠᠮᠠᠭᠠᠢ ᠠᠱᠢᠭ᠍ᠯᠠᠵᠤ ᠂ ᠮᠡᠳᠡᠭᠡ ᠵᠠᠩᠭᠢ ᠶ᠋ᠢᠨ ᠲᠠᠪᠴᠠᠩ ᠤᠨ
ᠪᠠᠢᠭᠤᠯᠤᠯᠲᠠ ᠶ᠋ᠢ ᠴᠢᠩᠭᠠᠳᠭᠠᠵᠤ᠂ ᠬᠢᠨᠠᠯᠲᠠ ᠬᠠᠮᠢᠶᠠᠷᠤᠯᠲᠠ ᠬᠢᠵᠠᠭᠠᠷᠯᠠᠯ ᠢ ᠴᠢᠩᠭᠠᠳᠭᠠᠵᠤ ᠂ ᠨᠡᠭᠦᠷᠡᠰᠦᠨ
ᠦ ᠠᠵᠤ ᠠᠬᠤᠢᠯᠠᠯ ᠤᠨ ᠨᠡᠢᠭᠡᠮ ᠦᠨ ᠬᠠᠷᠢᠭᠤᠴᠠᠯᠭ᠎ᠠ ᠪᠠᠨ ᠭᠦᠢᠴᠡᠳᠭᠡᠬᠦ᠌ ᠶ᠋ᠢ ᠱᠠᠯᠠᠪᠳᠠᠭᠤᠯᠤᠨ ᠱᠠᠭᠠᠷᠳᠠᠵᠤ᠂ ᠨᠡᠭᠦᠷᠡᠰᠦᠨ ᠦ ᠦᠨ᠎ᠡ ᠬᠠᠩᠰᠢ ᠶ᠋ᠢ ᠵᠣᠬᠢᠰᠲᠠᠢ ᠬᠡᠪᠴᠢᠶᠡᠨ ᠳᠦ ᠪᠠᠢᠬᠤᠶ᠋ᠢ ᠠᠬᠢᠭᠤᠯᠬᠤ ᠬᠡᠷᠡᠭ᠌ᠲᠡᠢ
ᠭᠡᠵᠦ᠍ ᠴᠢᠬᠤᠯᠠᠴᠢᠯᠠᠪᠠ᠃ ᠶᠤᠸᠠᠨ ᠵᠢᠩ ᠣᠷᠳᠣᠰ ᠤᠨ ᠯᠢᠩ ᠮᠸᠢ ᠠᠵᠤ ᠦᠶ᠋ᠯᠡᠰᠦᠨ ᠬᠦᠷᠢᠶᠡᠯᠡᠩ ᠲᠤᠭᠤᠷᠢᠭ ᠲᠸ᠋᠂ ᠵᠠᠩ ᠱᠤᠤ ᠴᠦᠨ ᠠᠵᠤ ᠠᠬᠤᠢᠯᠠᠯ ᠤᠨ ᠬᠠᠷᠢᠭᠤᠴᠠᠯᠭᠠᠲᠠᠨ
ᠲᠠᠶ ᠰᠠᠨᠠᠯ ᠢᠶᠠᠨ ᠭᠦᠨᠵᠡᠭᠡᠶ ᠰᠣᠯᠢᠯᠴᠠᠵᠤ ᠂ ᠬᠦᠷᠢᠶᠡᠯᠡᠩ ᠲᠣᠭᠣᠷᠢᠭ ᠤᠨ ᠲᠥᠯᠥᠪᠵᠢᠭᠦᠯᠭᠡ ᠪᠠ ᠱᠢᠨ᠎ᠡ ᠡᠨᠧᠷᠭᠢᠶ᠋ᠢᠨ ᠠᠵᠤ ᠦᠶ᠋ᠯᠡᠰ ᠦᠨ ᠬᠥᠭ᠌ᠵᠢᠯᠲᠡ
ᠶ᠋ᠢᠨ ᠪᠠᠢᠳᠠᠯᠢ ᠨᠠᠷᠢᠨ ᠠᠰᠠᠭᠤᠪᠠ᠃ ᠲᠡᠷᠡ᠂ ᠨᠠᠮ ᠤᠨ ᠲᠥᠪ ᠬᠣᠷᠢᠢ᠎ᠠ᠂ ᠲᠦᠷᠦ᠍ ᠶ᠋ᠢᠨ ᠶᠠᠪᠤᠳᠠᠯᠤᠨ ᠬᠣᠷᠢᠶᠠᠨ ᠤ ᠨᠡᠭᠦᠷᠡᠰᠦᠲᠥ᠋ᠷᠥᠭ᠌ᠴᠢᠶ᠋ᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳ᠋ᠤ ᠬᠦᠷᠬᠦ
ᠨᠡᠭᠦᠷᠡᠰᠦᠲᠥ᠋ᠷᠥᠭ᠌ᠴᠢᠶ᠋ᠢ ᠰᠠᠭᠠᠷᠮᠠᠬᠵᠢᠭᠤᠯᠬᠤ ᠪᠠᠢᠷᠢᠯᠠᠭᠤᠯᠤᠯᠲᠠᠶ᠋ᠢᠨ ᠱᠠᠭᠠᠷᠳᠠᠯᠭᠠᠶ᠋ᠢ ᠨᠠᠢᠳᠠᠪᠤᠷᠢᠵᠢᠭᠤᠯᠵᠤ
᠂ ᠱᠢᠨ᠎ᠡ ᠡᠨᠧᠷᠭᠢ ᠶ᠋ᠢᠨ ᠪᠦᠬᠦ᠌ ᠠᠵᠤ ᠦᠢᠯᠡᠰ ᠦᠨ ᠬᠡᠯᠬᠢᠶ᠎ᠡ ᠶ᠋ᠢᠨ ᠬᠥᠭ᠌ᠵᠢᠯᠲᠡ ᠶ᠋ᠢ ᠶᠡᠬᠡ ᠪᠡᠷ
ᠠᠬᠢᠭᠤᠯᠵᠤ ᠂ ᠴᠢᠨᠠᠷ ᠰᠠᠢᠲᠠᠢ ᠬᠥᠭ᠌ᠵᠢᠯᠲᠡ ᠶ᠋ᠢ ᠨᠡᠩ ᠰᠠᠢᠲᠤᠷ ᠬᠦᠳᠦᠯᠦᠨ ᠳᠠᠭᠠᠭᠤᠯᠬᠤ ᠪᠠ ᠠᠬᠢᠭᠤᠯᠬᠤ
ᠬᠡᠷᠡᠭ᠌ᠲᠡᠢ ᠭᠡᠵᠦ᠍ ᠵᠢᠭᠠᠵᠤ ᠭᠠᠷᠭᠠᠪᠠ᠃
ᠵᠠᠩ ᠱᠤᠤ ᠴᠦᠨ ᠯᠦᠩᠺᠸᠦ ᠪᠠᠯᠭᠠᠰᠤᠨᠤ ᠬᠥᠩᠭᠡᠷᠦᠨ ᠱᠢᠯᠢ ᠲᠣᠰᠭᠣᠨᠤ ᠮᠢᠶᠣᠣ
ᠶᠠᠨ ᠱᠧ ᠲᠣᠰᠭᠣᠨ ᠤ ᠠᠷᠠᠳ ᠸᠠᠩ ᠡᠯ ᠶᠢᠦ ᠪᠢᠨ ᠤ ᠬᠡᠷ ᠲᠦ ᠬᠦᠷᠴᠦ᠍᠂ ᠡᠪᠦᠯ ᠦᠨ ᠤᠯᠠᠷᠢᠯ ᠤᠨ ᠳᠤᠯᠠᠭᠠᠯᠠᠭ᠎ᠠ
ᠶ᠋ᠢᠨ ᠨᠡᠭᠦᠷᠡᠰᠦᠨ ᠦ ᠨᠥᠭᠡᠴᠡ ᠶ᠋ᠢᠨ ᠪᠠᠢᠳᠠᠯ ᠢ ᠣᠢᠯᠠᠭᠠᠵᠤ᠂ ᠡᠯ᠎ᠡ ᠭᠠᠵᠠᠷ ᠣᠷᠣᠨ ᠡᠯ᠎ᠡ ᠬᠣᠯᠪᠣᠭ᠍ᠳᠠᠯ
ᠪᠥᠬᠥᠶ ᠰᠠᠯᠠᠭ᠎ᠠ ᠮᠥᠴᠢᠷ ᠦᠨᠬᠢᠨ ᠣᠯᠠᠨ ᠲᠦᠮᠡᠨ ᠦ
ᠳᠤᠯᠠᠭᠠᠨ ᠪᠦᠯᠢᠶᠡᠨ ᠡᠪᠦᠯᠵᠢᠬᠦ᠌ ᠶ᠋ᠢ ᠪᠠᠲᠤᠯᠠᠬᠤ ᠶ᠋ᠢ ᠣᠳᠣᠬᠠᠨ ᠤ ᠬᠠᠮᠤᠭ ᠤᠨ ᠴᠢᠬᠤᠯᠠ ᠠᠷᠠᠳ ᠤᠨ
ᠠᠮᠢᠳᠤᠷᠠᠯ ᠤᠨ ᠠᠵᠢᠯ ᠪᠣᠯᠭᠠᠵᠤ ᠂ ᠨᠡᠭᠦᠷᠡᠰᠦ ᠬᠠᠩᠭᠠᠬᠤ ᠭᠠᠵᠠᠷ ᠣᠷᠣᠨ ᠪᠣᠯᠤᠨ ᠠᠵᠤ ᠠᠬᠤᠢᠯᠠᠯ ᠢ ᠱᠠᠯᠠᠪᠳᠠᠨ
ᠵᠣᠯᠭᠠᠭᠤᠯᠵᠤ ᠂ ᠪᠣᠷᠣᠯᠠᠭᠤᠯᠬᠤ ᠬᠦᠷᠭᠡᠭᠦ ᠠᠷᠭ᠎ᠠ ᠵᠠᠮᠢ ᠨᠠᠢᠳᠠᠪᠤᠷᠢᠵᠢᠭᠤᠯᠵᠤ᠂ ᠮᠠᠯᠴᠢᠨ ᠲᠠᠷᠢᠶᠠᠴᠢᠨᠳᠤ
ᠬᠠᠩᠭᠠᠭ᠍ᠤ ᠡᠩᠦᠨ ᠦᠨᠡᠶ᠋ᠢᠨ ᠨᠡᠭᠦᠷᠡᠰᠦᠨᠦ ᠬᠡᠮᠵᠢᠶ᠎ᠠ ᠨᠢ ᠭᠦᠶ᠋ᠴᠡᠳ ᠴᠢᠨᠠᠷ ᠨᠢ ᠰᠠᠢᠨ ᠪᠠᠢᠬᠤᠶ᠋ᠢ ᠦᠨᠡᠨ ᠬᠦ᠌ ᠪᠠᠲᠤᠯᠠᠬᠤ ᠬᠡᠷᠡᠭ᠌ᠲᠡᠶ
ᠭᠡᠵᠦ᠍ ᠱᠠᠭᠠᠷᠳᠠᠪᠠ᠃