11 ᠰᠠᠷ᠎ᠠ ᠶ᠋ᠢᠨ 10 ᠤ᠋ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶ᠋ᠢᠨ ᠵᠥᠪᠯᠡᠯᠭᠡᠨᠦ ᠠᠷᠪᠠᠨ ᠬᠣᠶᠠᠳᠤᠭᠠᠷ ᠬᠤᠭᠤᠴᠠᠭᠠᠨ ᠤ ᠬᠣᠷᠢᠶᠠᠨᠤ ᠪᠠᠢᠩᠭᠤᠶ᠋ᠢᠨ ᠬᠣᠷᠢᠶᠠᠨ ᠤ ᠠᠷᠪᠠᠨ ᠳᠣᠯᠣᠳᠤᠭᠠᠷ ᠬᠤᠷᠠᠯ ᠬᠥᠬᠡᠬᠣᠲᠠ ᠳᠤ ᠬᠤᠷᠠᠯᠳᠤᠵᠦ᠂ ᠬᠤᠷᠠᠯᠠᠴᠠ ᠤᠯᠤᠰᠤᠨ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠬᠡ ᠠᠮᠢ ᠠᠬᠤᠶᠶ᠋ᠢᠨ ᠢᠨᠵᠧᠨᠧᠷᠢᠩᠢ ᠬᠡᠷᠡᠭ᠌ᠵᠢᠭᠦᠯᠦᠭ᠌ᠰᠡᠨ ᠪᠠᠢᠳᠠᠯᠤᠨ ᠲᠣᠭᠣᠷᠢᠨ ᠳᠤ ᠬᠢᠨᠠᠯᠲᠠ ᠲᠠᠯᠪᠢᠬᠤ ᠴᠢᠨᠠᠷᠲᠠᠶ ᠲᠤᠰᠭᠠᠶ ᠰᠡᠳᠦᠪ ᠢᠶᠡᠷ ᠵᠥᠪᠯᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ᠎ᠶ᠋ᠢᠨ ᠵᠥᠪᠯᠡᠯᠭᠡᠨᠦ ᠨᠠᠮᠤᠨ ᠤᠳᠤᠷᠢᠳᠭᠤ ᠳᠤᠭᠤᠢᠯᠠᠩᠤᠨ ᠱᠦᠵᠢ᠂ ᠲᠡᠷᠢᠭᠦᠯᠡᠭ᠌ᠴᠢ ᠯᠢ ᠱᠢᠤ ᠯᠢᠩ ᠬᠤᠷᠠᠯ ᠳᠤ ᠣᠷᠣᠯᠴᠠᠭ᠍ᠰᠠᠨ ᠪᠥᠭᠡᠳ ᠶᠠᠷᠢᠶ᠎ᠠ ᠲᠠᠯᠪᠢᠵᠠᠶ᠃
ᠥᠪᠡᠷᠲᠡᠭᠡᠨ ᠵᠠᠰᠠᠬᠤ ᠣᠷᠣᠨᠤ ᠳᠡᠳ᠋ ᠲᠡᠷᠢᠭᠦᠯᠡᠭ᠌ᠴᠢ ᠯᠢ ᠪᠢᠩ ᠷᠦᠩ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠦᠨᠡᠡᠴᠡ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠬᠡ ᠠᠮᠢ ᠠᠬᠤᠶ ᠶ᠋ᠢᠨ ᠢᠨᠵᠧᠨᠧᠷᠢᠩ ᠢ ᠬᠡᠷᠡᠭ᠌ᠵᠢᠭᠦᠯᠦᠭ᠌ᠰᠡᠨ ᠬᠣᠯᠪᠣᠭ᠍ᠳᠠᠯ ᠪᠥᠬᠥᠶ ᠪᠠᠢᠳᠠᠯ ᠢ ᠮᠡᠳᠡᠭ᠌ᠳᠡᠵᠦ᠍᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶ᠋ᠢᠨ ᠵᠥᠪᠯᠡᠯᠭᠡᠨᠦ ᠳᠡᠳ᠋ ᠲᠡᠷᠢᠭᠦᠯᠡᠭ᠌ᠴᠢ ᠯᠦᠸᠧ ᡁᠢ ᠬ᠍ᠸ᠋ ᠲᠡᠭᠦᠰᠭᠦ ᠬᠤᠷᠠᠯ ᠢ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨᠤ ᠤᠯᠤᠰ ᠲᠥᠷᠥ᠎ᠶ᠋ᠢᠨ ᠵᠥᠪᠯᠡᠯᠭᠡᠨ ᠦ ᠳᠡᠳ᠋ ᠲᠡᠷᠢᠭᠦᠯᠡᠭ᠌ᠴᠢ ᠳ᠋ᠦᠩ ᠾᠧᠩ ᠢᠦᠶ᠂ ᠵᠧᠩ ᠹᠦ᠋ ᠲᠢᠶᠠᠨ᠂ ᠯᠢᠦ ᠱᠢᠨ ᠯᠸ᠂ ᠮᠠ ᠱᠢᠤᠸᠠᠢ ᠵᠢᠶᠦ᠋ᠨ᠂ ᠵᠠᠩ ᠬᠤᠸᠠ᠂ ᠴᠡᠴᠡᠭ᠂ ᠸᠧᠶ ᠭᠦᠸᠧ ᠨᠠᠨ ᠵᠢᠴᠢ ᠨᠠᠷᠢᠨ ᠪᠢᠴᠢᠭᠦᠨ ᠳᠠᠷᠤᠭ᠎ᠠ ᠳ᠋ᠢ ᠷᠦᠢ ᠮᠢᠩ ᠬᠤᠷᠠᠯᠳᠤ ᠣᠷᠣᠯᠴᠠᠵᠠᠶ᠃
ᠰᠢ ᠶ᠋ᠢᠨ ᠫᠢᠩ ᠦᠨ ᠠᠮᠢ ᠠᠬᠤᠶ ᠶ᠋ᠢᠨ ᠪᠣᠯᠪᠠᠰᠤᠨᠤ ᠦᠵᠡᠯ ᠰᠠᠨᠠᠭ᠎ᠠ ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠮᠠᠷᠠᠲᠤ ᠶ᠋ᠢᠨ ᠴᠢᠬᠤᠯᠠ ᠠᠮᠢ ᠠᠬᠤᠶ ᠶ᠋ᠢᠨ ᠠᠮᠤᠷ ᠲᠦᠪᠱᠢᠨᠦ ᠬᠠᠯᠬᠠᠪᠴᠢᠶ᠋ᠢᠨ ᠪᠥᠲᠥᠭᠡᠨ ᠪᠠᠢᠭᠤᠯᠤᠯᠲᠠ ᠳᠤ ᠬᠦᠴᠦᠨ ᠨᠡᠮᠡᠷᠢᠯᠡᠬᠦ᠌ᠶ᠋ᠢᠨ ᠲᠥᠯᠥᠭᠡ᠂ ᠡᠨᠡ ᠵᠢᠯᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨᠤ ᠭᠤᠷᠪᠠᠨ ᠱᠠᠲᠤᠨ ᠤ ᠤᠯᠤᠰ ᠲᠥᠷᠥ ᠶ᠋ᠢᠨ ᠵᠥᠪᠯᠡᠯᠭᠡᠨ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠬᠡ ᠠᠮᠢ ᠠᠬᠤᠶ ᠶ᠋ᠢᠨ ᠢᠨᠵᠧᠨᠧᠷᠢᠩ ᠢ ᠬᠡᠷᠡᠭ᠌ᠵᠢᠭᠦᠯᠦᠭ᠌ᠰᠡᠨ ᠦᠷ᠎ᠡ ᠪᠦᠲᠦᠮᠵᠢ ᠪᠣᠯᠤᠨ ᠠᠰᠠᠭᠤᠳᠠᠯ ᠤᠨ ᠲᠣᠭᠣᠷᠢᠨ ᠳᠤ᠂ ᠡᠯ᠎ᠡ ᠠᠷᠠᠳᠴᠢᠯᠠᠭ᠍ᠰᠠᠨ ᠨᠠᠮ ᠪᠦᠯᠦᠭ ᠪᠠ ᠦᠶ᠋ᠯᠡᠳᠪᠦᠷᠢᠬᠤᠳᠠᠯᠳᠤᠭᠠᠨᠤ ᠬᠣᠯᠪᠣᠭ᠎ᠠ ᠬᠠᠮᠲᠤᠷᠠᠨ ᠣᠷᠣᠯᠴᠠᠭ᠍ᠰᠠᠨ ᠪᠠᠢᠴᠠᠭᠠᠨ ᠰᠤᠳᠤᠯᠤᠯᠲᠠ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶ᠋ᠢᠨ ᠵᠥᠪᠯᠡᠯᠭᠡᠨ ᠦ 4 ᠳᠡᠳ᠋ ᠲᠡᠷᠢᠭᠦᠯᠡᠭ᠌ᠴᠢ ᠪᠣᠯᠤᠨ ᠡᠯ᠎ᠡ ᠠᠷᠠᠳᠴᠢᠯᠠᠭ᠍ᠰᠠᠨ ᠨᠠᠮ ᠪᠦᠯᠦᠭ ᠦᠨ ᠡᠷᠬᠢᠯᠡᠭ᠌ᠴᠢ ᠭᠡᠱᠢᠭᠦᠨ ᠪᠦᠯᠬᠦᠮ ᠳᠠᠭᠠᠭᠤᠯᠤᠨ 12 ᠠᠢᠮᠠᠭ ᠬᠣᠲᠠ᠂ 58 ᠬᠣᠱᠢᠭᠤ ᠱᠢᠶᠠᠨ ᠤ 200 ᠱᠢᠬᠠᠮ ᠲᠥᠷᠥᠯ ᠵᠦᠶ᠋ᠯ ᠤᠨ ᠲᠤᠬᠠᠶ ᠶ᠋ᠢᠨ ᠲᠠᠯᠠᠪᠠᠶ ᠳᠤ ᠬᠦᠨᠵᠡᠬᠡᠢᠷᠡᠨ ᠶᠠᠷᠢᠯᠴᠠᠬᠤ ᠬᠤᠷᠠᠯ ᠬᠢᠬᠦ᠂ ᠠᠰᠠᠭᠤᠯᠲᠠ ᠶ᠋ᠢᠨ ᠬᠠᠭᠤᠳᠠᠰᠤ ᠪᠠᠷ ᠪᠠᠢᠴᠠᠭᠠᠯᠲᠠ ᠬᠢᠬᠦ᠌ ᠪᠠ ᠲᠤᠰᠭᠠᠶ ᠮᠡᠷᠭᠡᠵᠢᠯᠲᠡᠨᠡᠴᠡ ᠵᠥᠪᠯᠡᠯᠭᠡ ᠠᠪᠬᠤ᠂ ᠤᠯᠤᠰ ᠲᠥᠷᠥ ᠶ᠋ᠢᠨ ᠵᠥᠪᠯᠡᠯᠭᠡᠨ ᠦ ᠰᠦᠯᠵᠢᠶ᠎ᠡ ᠪᠡᠷ ᠵᠠᠰᠠᠭ ᠤᠨ ᠶᠠᠪᠤᠳᠠᠯ ᠢ ᠵᠥᠪᠯᠡᠬᠦ᠌ ᠶᠢ ᠵᠡᠷᠭᠡ ᠪᠡᠷ ᠥᠷᠨᠢᠭᠦᠯᠵᠦ᠍᠂ ᠤᠯᠤᠰ ᠲᠥᠷᠥ ᠶ᠋ᠢᠨ ᠵᠥᠪᠯᠡᠯᠭᠡᠨᠦ ᠭᠡᠱᠢᠭᠦᠨ ᠪᠣᠯᠤᠨ ᠨᠡᠢᠭᠡᠮ ᠦᠨ ᠡᠯ᠎ᠡ ᠡᠲᠡᠭᠡᠳ ᠦᠨ ᠲᠥᠯᠥᠭᠡᠯᠡᠭ᠌ᠴᠢ ᠬᠥᠮᠦᠰ ᠡᠴᠡ ᠰᠠᠨᠠᠯ ᠰᠠᠨᠠᠭᠤᠯᠭ᠎ᠠ ᠬᠤᠷᠢᠶᠠᠵᠤ᠂ ᠬᠠᠮᠲᠤ ᠶ᠋ᠢᠨ ᠲᠠᠨᠢᠯᠲᠠ ᠶ᠋ᠢ ᠥᠷᠭᠡᠨ ᠢᠶᠡᠷ ᠨᠢᠭ᠍ᠲᠠᠷᠠᠭᠤᠯᠵᠤ᠂ ᠣᠶᠤᠨ ᠤᠬᠠᠭᠠᠨ ᠪᠠ ᠬᠦᠴᠦᠨ ᠴᠢᠳᠠᠯ ᠢ ᠬᠤᠷᠠᠮᠳᠤᠭᠤᠯᠪᠠ᠃ ᠡᠯ᠎ᠡ ᠠᠢᠮᠠᠭ ᠬᠣᠲᠠ ᠪᠠ ᠬᠣᠱᠢᠭᠤ ᠱᠢᠶᠠᠨ ᠲᠣᠭᠣᠷᠢᠭ ᠤᠨ ᠤᠯᠤᠰ ᠲᠥᠷᠥ ᠶ᠋ᠢᠨ ᠵᠥᠪᠯᠡᠯᠭᠡᠨ ᠪᠠᠢᠴᠠᠭᠠᠨ ᠰᠤᠳᠤᠯᠵᠤ ᠵᠥᠪᠳᠡᠯᠴᠡᠬᠦ᠌ ᠠᠵᠢᠯᠢ ᠵᠡᠷᠭᠡ ᠪᠡᠷ ᠥᠷᠨᠢᠭᠦᠯᠪᠡ᠃
ᠬᠤᠷᠠᠯᠠᠴᠠ᠂ ᠴᠢᠬᠤᠯᠠ ᠶᠡᠬᠡ ᠠᠮᠢ ᠠᠬᠤᠢ ᠶ᠋ᠢᠨ ᠢᠨᠵᠧᠨᠧᠷᠢᠩ ᠨᠢ ᠪᠦᠬᠦ᠌ ᠣᠷᠣᠨ ᠤ ᠠᠮᠢ ᠠᠬᠤᠢ ᠶ᠋ᠢᠨ ᠪᠣᠯᠪᠠᠰᠤᠨ ᠤ ᠪᠠᠢᠭᠤᠯᠤᠯᠲᠠᠳᠤ ᠵᠠᠩᠭᠢᠯᠠᠭ᠎ᠠ ᠶ᠋ᠢᠨ ᠲᠤᠯᠭᠠᠭᠤᠷᠢᠯᠠᠬᠤ ᠦᠢᠯᠡᠳᠦᠯ ᠦᠵᠡᠭᠦᠯᠵᠦ᠍ ᠪᠠᠢᠨ᠎ᠠ᠃
ᠣᠳᠣᠬᠠᠨᠳᠤ ᠮᠠᠨᠤ ᠤᠯᠤᠰ ᠤᠨ ᠠᠮᠢ ᠠᠬᠤᠢ ᠶ᠋ᠢᠨ ᠪᠣᠯᠪᠠᠰᠤᠨ ᠤ ᠪᠠᠢᠭᠤᠯᠤᠯᠲᠠ ᠪᠣᠬᠢᠷᠲᠤᠯᠢ ᠪᠠᠭᠠᠰᠭᠠᠵᠤ ᠨᠡᠭᠦᠷᠡᠰᠦᠲᠥ᠋ᠷᠥᠭ᠌ᠴᠢᠶ᠋ᠢ ᠪᠠᠭᠠᠰᠭᠠᠬᠤ᠂ ᠣᠷᠴᠢᠨ ᠲᠣᠭᠣᠷᠢᠨᠤ ᠵᠠᠰᠠᠯᠲᠠ᠂ ᠠᠮᠢ ᠠᠬᠤᠶ ᠶ᠋ᠢᠨ ᠬᠠᠮᠠᠭᠠᠯᠠᠯᠲᠠ᠂ ᠠᠭᠤᠷ ᠠᠮᠢᠰᠭᠤᠯᠤᠨ ᠬᠤᠪᠢᠷᠠᠯᠲᠠᠶ᠋ᠢ ᠠᠷᠭᠠᠴᠠᠭᠠᠬᠤ ᠵᠢ ᠨᠢᠭᠡᠲᠦᠯᠲᠡᠢ ᠲᠦᠯᠦᠪᠵᠢᠬᠦᠯᠵᠦ᠂ ᠠᠵᠤ ᠠᠬᠤᠶ ᠨᠡᠢᠭᠡᠮ ᠦᠨ ᠬᠥᠭ᠌ᠵᠢᠯᠲᠡᠶ᠋ᠢᠨ ᠪᠥᠬᠥ᠌ ᠲᠠᠯ᠎ᠠ ᠪᠠᠷ ᠪᠣᠬᠢᠷᠲᠤᠯ ᠥᠬᠡᠶ ᠪᠡᠷ ᠬᠡᠯᠪᠡᠷᠢᠪᠡᠨ ᠬᠤᠪᠢᠷᠠᠭᠤᠯᠬᠤ ᠶ᠋ᠢ ᠠᠬᠢᠭᠤᠯᠵᠤ᠂ ᠠᠮᠢ ᠠᠬᠤᠶ ᠶ᠋ᠢᠨ ᠣᠷᠴᠢᠨ ᠲᠣᠭᠣᠷᠢᠨᠤ ᠶᠠᠰᠤ ᠴᠢᠨᠠᠷᠤᠨ ᠰᠠᠢᠵᠢᠷᠠᠯᠲᠠᠶ᠋ᠢ ᠲᠣᠭᠠᠨᠤ ᠬᠤᠪᠢᠷᠠᠯᠲᠠᠠᠴᠠ ᠴᠢᠨᠠᠷᠤᠨ ᠬᠤᠪᠢᠷᠠᠯᠲᠠᠳᠤ ᠬᠦᠷᠦᠭᠦᠯᠬᠦ᠌ ᠵᠠᠩᠭᠢᠯᠠᠭᠠᠶ᠋ᠢᠨ ᠴᠠᠭ ᠦᠶᠡᠳᠤ ᠤᠷᠤᠵᠦ᠂ ᠪᠢᠳᠡ ᠰᠢᠶ᠋ᠢᠨ ᠫᠢᠩ ᠦᠨ ᠠᠮᠢ ᠠᠬᠤᠢ ᠶ᠋ᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠦ᠂ ᠨᠠᠮ ᠤᠨ ᠲᠥᠪ ᠬᠣᠷᠢᠶ᠎ᠠ᠂ ᠲᠥᠷᠥ ᠶ᠋ᠢᠨ ᠶᠠᠪᠤᠳᠠᠯᠤᠨ ᠬᠣᠷᠢᠶᠠᠨ ᠤ ᠬᠠᠮᠤᠭ ᠤᠨ ᠱᠢᠨ᠎ᠡ ᠱᠢᠶ᠋ᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠶᠢ ᠴᠠᠭ ᠲᠤᠬᠠᠢ ᠳᠤᠨᠢ ᠳᠠᠭᠠᠨ ᠰᠤᠷᠤᠯᠴᠠᠵᠦ᠂ ᠠᠮᠢ ᠠᠬᠤᠶ ᠶ᠋ᠢᠨ ᠪᠣᠯᠪᠠᠰᠤᠨᠤ ᠪᠠᠢᠭᠤᠯᠤᠯᠲᠠᠶ᠋ᠢᠨ ᠵᠢᠮ᠎ᠡ ᠶᠣᠰᠣᠶ᠋ᠢ ᠡᠵᠡᠮᠱᠢᠵᠦ᠂ ᠤᠯᠤᠰᠤᠨ ᠦᠵᠦ᠍ ᠲᠥᠯᠥᠪᠯᠡᠭᠡ ᠪᠠ ᠴᠢᠬᠤᠯᠠ ᠶᠡᠬᠡ ᠲᠥᠯᠥᠪᠵᠢᠭᠦᠯᠭᠡ ᠲᠠᠢ ᠰᠠᠨᠠᠭᠠᠴᠢᠯᠠᠭ᠎ᠠ ᠠᠴᠠ ᠪᠠᠨ ᠵᠣᠯᠭᠠᠯᠴᠠᠵᠦ᠂ ᠴᠢᠬᠤᠯᠠ ᠶᠡᠬᠡ ᠠᠮᠢ ᠠᠬᠤᠢᠶ᠋ᠢᠨ ᠢᠨᠵᠧᠨᠧᠷᠢᠩᠢ ᠬᠡᠷᠡᠭ᠌ᠵᠢᠭᠦᠯᠬᠦ᠌ ᠲᠠᠯᠠᠪᠠᠷ ᠬᠠᠮᠲᠤ ᠶ᠋ᠢᠨ ᠲᠠᠨᠢᠯᠲᠠᠶ᠋ᠢ ᠨᠢᠭ᠍ᠲᠠᠷᠠᠭᠤᠯᠵᠦ᠂ ᠠᠷᠭ᠎ᠠ ᠤᠬᠠᠭᠠᠨ ᠭᠠᠷᠭᠠᠨ ᠵᠠᠰᠠᠭᠲᠤ ᠲᠤᠰᠠᠯᠠᠬᠤ ᠦᠢᠯᠡᠳᠦᠯ ᠢᠶᠡᠨ ᠪᠠᠳᠠᠷᠠᠭᠤᠯᠵᠦ᠂ ᠤᠮᠠᠷᠠᠲᠤ ᠶ᠋ᠢᠨ ᠴᠢᠬᠤᠯᠠ ᠠᠮᠢ ᠠᠬᠤᠶ ᠶ᠋ᠢᠨ ᠠᠮᠤᠷ ᠲᠦᠪᠱᠢᠨ ᠦ ᠬᠠᠯᠬᠠᠪᠴᠢ ᠶ᠋ᠢᠨ ᠪᠥᠲᠥᠭᠡᠨ ᠪᠠᠢᠭᠤᠯᠤᠯᠲᠠ ᠳᠤ ᠨᠠᠩ ᠰᠠᠢᠲᠤᠷ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯᠠᠴᠠ᠂ ᠡᠯ᠎ᠡ ᠱᠠᠲᠤᠨ ᠤ ᠤᠯᠤᠰ ᠲᠥᠷᠥ ᠶ᠋ᠢᠨ ᠵᠥᠪᠯᠡᠯᠭᠡᠨ ᠦ ᠵᠣᠬᠢᠶᠠᠨ ᠪᠠᠢᠭᠤᠯᠤᠯᠲᠠ ᠪᠣᠯᠤᠨ ᠤᠯᠤᠰ ᠲᠥᠷᠥ ᠶ᠋ᠢᠨ ᠵᠥᠪᠯᠡᠯᠭᠡᠨᠦ ᠭᠡᠱᠢᠭᠦᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠣᠷᠢᠶᠠᠨ ᠤ ᠵᠢᠷᠭᠤᠳᠤᠭᠠᠷ ᠪᠥᠬᠥᠳᠡ ᠬᠤᠷᠠᠯ ᠤᠨ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠱᠢᠯᠠᠭᠤᠯᠵᠤ᠂ ᠨᠠᠮ ᠤᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠦᠨ ᠦᠷ᠎ᠡ ᠪᠦᠲᠦᠭᠡᠯ ᠢ ᠪᠡᠬᠢᠵᠢᠭᠦᠯᠵᠦ᠍᠂ ᠤᠯᠤᠰ ᠲᠥᠷᠥ ᠶ᠋ᠢᠨ ᠵᠥᠪᠯᠡᠯᠭᠡᠨ ᠦ ᠠᠵᠢᠯ ᠢ ᠰᠠᠢᠲᠤᠷ ᠬᠢᠬᠦ᠌ ᠣᠶᠤᠨ ᠰᠠᠨᠠᠭᠠᠨ ᠤ ᠬᠦᠴᠦᠨ ᠴᠢᠳᠠᠯ ᠢᠶᠡᠨ ᠴᠢᠨᠠᠭ᠍ᠰᠢᠳᠠ ᠴᠢᠩᠭᠠᠳᠭᠠᠬᠤ ᠬᠡᠷᠡᠭ᠌ᠲᠡᠶ᠃ ᠠᠷᠠᠳ ᠤᠨ ᠤᠯᠤᠰ ᠲᠦᠷᠦ᠍ ᠶ᠋ᠢᠨ ᠵᠥᠪᠯᠡᠯᠭᠡᠨ ᠦ ᠲᠡᠦᠬᠡᠨ ᠪᠠᠢᠷᠢ ᠰᠠᠭᠤᠷᠢ ᠪᠠ ᠴᠢᠬᠤᠯᠠ ᠦᠢᠯᠡᠳᠦᠯ ᠦᠨ ᠳᠤᠮᠳᠠ᠂ ᠠᠷᠠᠳ ᠤᠨ ᠤᠯᠤᠰ ᠲᠦᠷᠦ᠍ ᠶ᠋ᠢᠨ ᠵᠥᠪᠯᠡᠯᠭᠡᠨ ᠦ ᠠᠵᠢᠯ ᠢ ᠰᠠᠢᠲᠤᠷ ᠬᠢᠬᠦ᠌ ᠢᠲᠡᠭᠡᠯ ᠵᠣᠷᠢᠭ ᠢᠶᠠᠨ ᠨᠡᠮᠡᠭ᠌ᠳᠡᠭᠦᠯᠬᠦ᠌ ᠬᠡᠷᠡᠭ᠌ᠲᠡᠢ ; ᠳᠤᠮᠳᠠᠳᠤ ᠶ᠋ᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠶ᠋ᠢ ᠪᠡᠶᠡᠯᠡᠭᠦᠯᠬᠦ᠌ ᠪᠠᠢᠯᠳᠤᠬᠤ ᠪᠤᠳᠤᠯᠭ᠎ᠠ ᠶ᠋ᠢᠨ ᠦᠨᠳᠦᠷᠴᠡ ᠡᠴᠡ ᠱᠢᠨ᠎ᠡ ᠴᠠᠭ ᠦᠶ᠎ᠡ ᠶ᠋ᠢᠨ ᠠᠷᠠᠳ ᠤᠨ ᠤᠯᠤᠰ ᠲᠦᠷᠦ᠍ ᠶ᠋ᠢᠨ ᠵᠥᠪᠯᠡᠯᠭᠡᠨ ᠦ ᠡᠭᠦᠷᠭᠡ ᠬᠠᠷᠢᠭᠤᠴᠠᠯᠭ᠎ᠠ ᠶ᠋ᠢ ᠡᠵᠡᠮᠳᠡᠬᠦ᠌ ᠬᠡᠷᠡᠭ᠌ᠲᠡᠢ ; ᠨᠠᠮ ᠤᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯᠡᠴᠡ ᠶᠣᠰᠣ ᠤᠴᠢᠷᠢ ᠣᠢᠯᠠᠭᠠᠬᠤ᠂ ᠢᠲᠡᠭᠡᠯ ᠵᠤᠷᠢᠭ ᠢᠶᠡᠨ ᠨᠡᠮᠡᠭ᠌ᠳᠡᠭᠦᠯᠬᠦ᠌᠂ ᠶᠣᠰᠣ ᠰᠤᠷᠲᠠᠬᠤᠨ ᠢ ᠡᠷᠬᠢᠮᠯᠡᠬᠦ᠌᠂ ᠴᠢᠷᠮᠠᠢᠨ ᠦᠢᠯᠡᠳᠦᠯᠭᠡᠵᠢᠬᠦᠯᠬᠦ ᠶᠢ ᠪᠡᠶᠡᠯᠡᠬᠦᠯᠵᠦ᠂ ᠠᠵᠢᠯᠢᠶᠠᠨ ᠰᠠᠢᠲᠤᠷ ᠬᠢᠬᠦ᠌ ᠤᠶᠤᠨ ᠰᠠᠨᠠᠭᠠᠨᠤ ᠬᠥᠳᠡᠯᠭᠡᠬᠦ᠌ ᠬᠦᠴᠦᠨᠢ ᠱᠢᠩᠭᠡᠭᠡᠨ ᠠᠪᠬᠤ ᠬᠡᠷᠡᠭ᠌ᠲᠡᠢ ᠭᠡᠵᠦ ᠵᠢᠭᠠᠵᠦ ᠭᠠᠷᠭᠠᠪᠠ᠃
ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶ᠋ᠢᠨ ᠵᠥᠪᠯᠡᠯᠭᠡᠨ ᠦ ᠳᠡᠳ᠋ ᠲᠡᠷᠢᠭᠦᠯᠡᠭ᠌ᠴᠢ ᠴᠡᠴᠡᠭ ᠵᠥᠪᠯᠡᠬᠦ᠌ ᠰᠡᠳᠦᠪ ᠦᠨ ᠲᠣᠭᠣᠷᠢᠨ ᠳᠤ ᠭᠤᠤᠯ ᠰᠡᠳᠦᠪᠲᠦ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠠᠷᠠᠳᠴᠢᠯᠠᠭ᠍ᠰᠠᠨ ᠨᠠᠮ ᠪᠦᠯᠦᠭ ᠦᠨ ᠥᠪᠡᠷᠲᠡᠭᠡᠨ ᠵᠠᠰᠠᠬᠤ ᠣᠷᠣᠨ ᠤ ᠬᠣᠷᠢᠶ᠎ᠠ᠂ ᠦᠶ᠋ᠯᠡᠳᠪᠦᠷᠢ ᠬᠤᠳᠠᠯᠳᠤᠭᠠᠨ ᠤ ᠬᠣᠯᠪᠣᠭᠠᠶ᠋ᠢᠨ ᠬᠠᠷᠢᠭᠤᠴᠠᠯᠭᠠᠲᠠᠨ ᠨᠥᠬᠥᠳ᠂ ᠠᠢᠮᠠᠭ ᠬᠣᠲᠠ᠂ ᠬᠣᠱᠢᠭᠤ ᠱᠢᠶᠠᠨ ᠤ ᠤᠯᠤᠰ ᠲᠥᠷᠥ ᠶ᠋ᠢᠨ ᠵᠥᠪᠯᠡᠯᠭᠡᠨ ᠦ ᠲᠡᠷᠢᠭᠦᠯᠡᠭ᠌ᠴᠢ ᠪᠣᠯᠤᠨ ᠲᠤᠰᠭᠠᠶ ᠮᠡᠷᠭᠡᠵᠢᠯᠲᠡᠨ ᠡᠷᠳᠡᠮᠲᠡᠨ ᠦ ᠲᠥᠯᠥᠭᠡᠯᠡᠭ᠌ᠴᠢ᠂ ᠥᠪᠡᠷᠲᠡᠭᠡᠨ ᠵᠠᠰᠠᠬᠤ ᠣᠷᠣᠨ ᠤ ᠣᠶ ᠱᠢᠭᠤᠶ ᠪᠠ ᠨᠤᠲᠤᠭ ᠪᠡᠯᠴᠢᠭᠡᠷ ᠦᠨ ᠲᠣᠪᠴᠢᠶ᠎ᠠ᠂ ᠬᠥᠭ᠌ᠵᠢᠭᠦᠯᠦᠯᠲᠡ ᠥᠭᠡᠷᠡᠴᠢᠯᠡᠯᠲᠡᠶ᠋ᠢᠨ ᠵᠥᠪᠯᠡᠯᠦᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠨᠥᠬᠥᠳ ᠰᠠᠨᠠᠯ ᠢᠶᠠᠨ ᠰᠣᠯᠢᠯᠴᠠᠬᠤ ᠦᠭᠡ ᠬᠡᠯᠡᠵᠦ᠍᠂ ᠬᠠᠷᠢᠯᠴᠠᠨ ᠬᠦᠳᠡᠯᠦᠯᠴᠡᠨ ᠵᠥᠪᠯᠡᠯᠭᠡ ᠬᠢᠪᠡ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ᠂ ᠵᠠᠰᠠᠭ ᠤᠨ ᠣᠷᠳᠣᠨ ᠤ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠦᠨ ᠬᠠᠷᠢᠭᠤᠴᠠᠯᠭᠠᠲᠠᠨ ᠬᠤᠷᠠᠯᠳᠤ ᠣᠷᠣᠯᠴᠠᠵᠠᠢ᠃