— ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠶᠠᠮᠤᠨ᠎ᠤ ᠬᠠᠷᠢᠭᠤᠴᠠᠯᠭᠠᠲᠠᠨ᠎ᠤ ᠲᠤᠰᠬᠠᠢ ᠰᠤᠷᠪᠤᠯᠵᠢᠯᠠᠭ᠎ᠠ
ᠤᠢ᠍ᠢᠷ᠎ᠠ᠎ᠳᠤ ᠶᠠᠪᠤᠭ᠍ᠳᠠᠭ᠍ᠰᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠦᠢᠯᠡᠰ ᠪᠤᠰᠭᠠᠵᠦ᠍ ᠠᠵᠢᠯ ᠣᠯᠭᠣᠬᠤ ᠦᠢᠯᠡᠴᠢᠯᠡᠭᠡᠨ᠎ᠦ ᠳᠡᠯᠭᠡᠨ ᠦᠵᠡᠭᠦᠯᠵᠦ᠍ ᠰᠣᠯᠢᠯᠴᠠᠬᠤ ᠠᠵᠢᠯᠯᠠᠭ᠎ᠠ᠎ᠳᠤ᠂ ᠡᠯ᠎ᠡ ᠭᠠᠵᠠᠷ᠎ᠠᠴᠠ ᠢᠷᠡᠭ᠌ᠰᠡᠨ 146 ᠬᠥᠳᠡᠯᠮᠦᠷᠢ ᠦᠢᠯᠡᠴᠢᠯᠡᠭᠡᠨ᠎ᠦ ᠲᠦᠷᠦᠯ ᠲᠡᠮᠳᠡᠭᠳᠤ ᠲᠦᠷᠦᠯ ᠵᠦᠢᠯ ᠠᠩᠬ᠎ᠠ ᠤᠳᠠᠭ᠎ᠠ ᠲᠥᠪᠯᠡᠷᠡᠩᠭᠦᠢ ᠢᠯᠡᠷᠡᠪᠡ᠃ ᠶᠠᠭᠤᠨ ᠳ᠋ᠤ ᠬᠥᠳᠡᠯᠮᠦᠷᠢ ᠦᠶ᠋ᠯᠡᠴᠢᠯᠡᠭᠡᠨ᠎ᠦ ᠲᠦᠷᠦᠯ ᠲᠡᠮᠳᠡᠭ᠌ ᠢ᠋ ᠬᠥᠭ᠌ᠵᠢᠭᠦᠯᠬᠦ᠌ ᠪᠣᠶ? ᠨᠢᠭᠡ ᠪᠦᠯᠦᠭ ᠬᠥᠳᠡᠯᠮᠦᠷᠢ ᠦᠶ᠋ᠯᠡᠴᠢᠯᠡᠭᠡᠨ᠎ᠦ ᠨᠡᠷᠡᠳᠦ ᠲᠦᠷᠦᠯ ᠲᠡᠮᠲᠡᠭ ᠢ ᠬᠡᠷᠬᠢᠨ ᠪᠣᠢᠵᠢᠭᠤᠯᠬᠤ ᠪᠣᠶ?ᠰᠤᠷᠪᠤᠯᠵᠢᠯᠠᠭ᠍ᠴᠢ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠶᠠᠮᠤᠨ᠎ᠤ ᠬᠠᠷᠢᠭᠤᠴᠠᠯᠭᠠᠲᠠᠨ᠎ᠢ ᠲᠤᠰᠭᠠᠢᠯᠠᠨ ᠰᠤᠷᠪᠤᠯᠵᠢᠯᠠᠪᠠ᠃
ᠠᠰᠠᠭᠤᠯᠲᠠ᠄ ᠬᠥᠳᠡᠯᠮᠦᠷᠢ ᠦᠶ᠋ᠯᠡᠴᠢᠯᠡᠭᠡᠨ᠎ᠦ ᠲᠦᠷᠦᠯ ᠲᠡᠮᠲᠡᠭ ᠭᠡᠵᠦ᠍ ᠶᠠᠭᠤ ᠪᠣᠶ? ᠮᠠᠨ᠎ᠤ ᠤᠯᠤᠰ᠎ᠤᠨ ᠬᠥᠳᠡᠯᠮᠦᠷᠢ ᠦᠶ᠋ᠯᠡᠴᠢᠯᠡᠭᠡᠨ᠎ᠦ ᠲᠦᠷᠦᠯ ᠲᠡᠮᠳᠡᠭ᠎ᠦᠨ ᠪᠦᠬᠦᠯᠢ ᠴᠣᠭ᠍ᠴᠠ᠎ᠶ᠋ᠢᠨ ᠬᠥᠭ᠌ᠵᠢᠯᠲᠡ᠎ᠶ᠋ᠢᠨ ᠪᠠᠢᠳᠠᠯ ᠶᠠᠮᠠᠷ ᠵᠡᠷᠭᠡ ᠪᠣᠶ?
ᠬᠠᠷᠢᠭᠤᠯᠲᠠ᠄ ᠬᠦᠲᠡᠯᠮᠦᠷᠢ ᠦᠢᠯᠡᠴᠢᠯᠡᠭᠡᠡᠤ ᠲᠦᠷᠦᠯ ᠲᠡᠮᠲᠡᠭ ᠢᠯᠡ ᠲᠤᠲᠤᠷᠬᠠᠢ ᠭᠠᠵᠠᠷ ᠤᠷᠤᠨ᠎ᠤ ᠤᠨᠴᠠᠯᠢᠭ᠂ ᠴᠠᠭᠠᠷᠠᠭᠰᠠᠠ ᠤᠷ᠎ᠠ ᠮᠡᠷᠭᠡᠵᠢᠯ ᠤᠨ ᠤᠨᠴᠠᠯᠢᠭ ᠪᠤᠯᠤᠨ ᠭᠡᠷᠡᠭᠯᠡᠭᠴᠢᠳ ᠳᠦ᠍ ᠲᠠᠭᠠᠰᠢᠶᠠᠭᠲᠠᠭᠰᠠᠠ ᠰᠠᠢᠠ ᠬᠦᠲᠡᠯᠮᠦᠷᠢ ᠦᠢᠯᠡᠴᠢᠯᠡᠭᠡᠡᠤ ᠢᠯᠭᠠᠬᠤ ᠲᠡᠮᠲᠡᠭ ᠲᠠᠢ ᠪᠠᠢᠲᠠᠭ᠃ ᠡᠨᠡ ᠤᠳᠠᠭ᠎ᠠ᠎ᠶ᠋ᠢᠨ ᠦᠵᠡᠰᠭᠦᠯᠡᠩᠳᠦ ᠣᠷᠣᠯᠴᠠᠭ᠍ᠰᠠᠨ 146 ᠬᠥᠳᠡᠯᠮᠦᠷᠢ ᠦᠢᠯᠡᠴᠢᠯᠡᠭᠡᠨ᠎ᠦ ᠲᠦᠷᠦᠯ ᠲᠡᠮᠳᠡᠭ᠎ᠦᠨ ᠣᠯᠠᠩᠬᠢ ᠨᠢ ᠭᠠᠷ ᠤᠷᠠᠯᠠᠯ ᠦᠢᠯᠡᠳᠬᠦ᠌ ᠂ ᠪᠠᠷᠢᠯᠭ᠎ᠠ᠂ ᠭᠡᠷ᠎ᠦᠨ ᠶᠠᠪᠤᠳᠠᠯ᠎ᠤᠨ ᠦᠢᠯᠡᠴᠢᠯᠡᠭᠡ᠂ ᠢᠳᠡᠭᠡᠨ ᠤᠮᠳᠠᠭᠠᠨ ᠵᠡᠷᠭᠡ ᠬᠥᠳᠡᠯᠮᠦᠷᠢ ᠬᠦᠴᠦ᠍ ᠲᠥᠪᠯᠡᠷᠡᠭ᠌ᠰᠡᠨ ᠠᠵᠢᠯ ᠲᠦᠷᠦᠯ᠎ᠳᠦ ᠲᠥᠪᠯᠡᠷᠡᠵᠡᠢ᠃ ᠵᠠᠷᠢᠮ ᠢ᠋ ᠨᠢ ᠨᠡᠢᠭᠡᠮ ᠵᠢᠨᠷ ᠵᠢᠨᠨ ᠮᠡᠲᠡᠨ᠎ᠠ ᠂ ᠵᠢᠱ᠌ᠢᠶᠡᠯᠡᠪᠡᠯ 《 ᠭᠤᠸᠠᠩᠳᠦ᠋ᠩ ᠲᠤᠭᠤᠭᠠᠴᠢ》 ᠂ ᠱᠠᠨ ᠰᠢ᠎ᠶ᠋ᠢᠨ 《 ᠯᠢᠦᠶ ᠯᠢᠶᠠᠩ ᠱᠠᠨ᠎ᠤ ᠬᠠᠮᠠᠭᠠᠯᠠᠭᠴᠢ ᠠᠵᠢᠯᠳᠠᠨ》 ᠵᠡᠷᠭᠡ ᠪᠤᠯᠤᠨ᠎ᠠ᠂ ᠪᠤᠰᠤᠳ ᠲᠦᠷᠦᠯ ᠲᠡᠮᠳᠡᠭ᠎ᠦᠨ ᠣᠯᠠᠩᠬᠢ ᠨᠢ ᠴᠥᠮ ᠥᠪᠡᠷ ᠥᠪᠡᠷ᠎ᠦᠨ ᠠᠵᠢᠯ ᠲᠥᠷᠥᠯ ᠪᠤᠶᠤ ᠵᠣᠬᠢᠬᠤ ᠣᠷᠣᠨ ᠪᠦᠰᠡ᠎ᠳᠦ ᠨᠡᠷ᠎ᠡ ᠠᠯᠳᠠᠷᠲᠠᠶ ᠃
ᠬᠥᠳᠡᠯᠮᠦᠷᠢ ᠦᠢᠯᠡᠴᠢᠯᠡᠭᠡᠨ᠎ᠦ ᠲᠦᠷᠦᠯ ᠲᠡᠮᠳᠡᠭ᠎ᠦᠨ ᠠᠵᠢᠯ ᠣᠯᠭᠣᠯᠲᠠ᠎ᠶ᠋ᠢ ᠳᠠᠢᠴᠢᠯᠠᠬᠤ ᠴᠢᠳᠠᠪᠤᠷᠢ᠎ᠨᠢ ᠴᠢᠩᠭ᠎ᠠ᠂ ᠵᠢᠱ᠌ᠢᠶᠡᠯᠡᠪᠡᠯ ᠾᠧᠨᠠᠨ᠎ᠤ 《ᠯᠢᠨᠵᠧᠦ᠍ᠶ᠋ᠢᠨ ᠪᠠᠷᠢᠯᠭ᠎ᠠ᠎ᠶ᠋ᠢᠨ ᠠᠵᠢᠯᠴᠢᠨ 》 20 ᠲᠦᠮᠡ᠎ᠳᠦ ᠬᠦᠷᠴᠦ᠍ ᠂ ᠲᠤᠬᠠᠶ᠎ᠶ᠋ᠢᠨ ᠭᠠᠵᠠᠷ᠎ᠤᠨ 60% ᠵᠢᠨ ᠬᠥᠳᠡᠭᠡ ᠲᠣᠰᠭᠣᠨ᠎ᠤ ᠵᠠᠯᠠᠭᠤ ᠢᠳᠡᠷ ᠬᠥᠳᠡᠯᠮᠦᠷᠢ ᠬᠦᠴᠦ᠍ ᠪᠠᠷᠢᠯᠭ᠎ᠠ᠎ᠶ᠋ᠢᠨ ᠦᠢᠯᠡᠰ ᠡᠷᠬᠢᠯᠡᠵᠦ᠍ ᠪᠠᠢᠨ᠎ᠠ᠃ ᠵᠠᠷᠢᠮ ᠬᠥᠳᠡᠯᠮᠦᠷᠢ ᠦᠶ᠋ᠯᠡᠴᠢᠯᠡᠭᠡᠨ᠎ᠦ ᠲᠦᠷᠦᠯ ᠲᠡᠮᠳᠡᠭ ᠨᠢ ᠨᠢᠭᠡᠨᠲᠡ ᠠᠵᠢᠯ ᠣᠯᠭᠣᠯᠲᠠ᠎ᠶ᠋ᠢᠨ ᠨᠡᠷ᠎ᠡ᠎ᠶ᠋ᠢᠨ ᠬᠠᠭᠤᠳᠠᠰᠤ ᠲᠡᠳᠦᠶ ᠪᠢᠰᠢ ᠂ ᠪᠠᠰᠠ ᠬᠣᠲᠠ᠎ᠶ᠋ᠢᠨ ᠨᠡᠷ᠎ᠡ᠎ᠶ᠋ᠢᠨ ᠬᠠᠭᠤᠳᠠᠰᠤ ᠪᠣᠯᠵᠣ᠂ ᠵᠢᠵᠢᠭ ᠲᠦᠷᠦᠯ ᠲᠡᠮᠳᠡᠭ᠎ᠤᠨ ᠲᠤᠮᠤ ᠦᠢᠯᠡᠳᠦᠯ᠎ᠢ ᠪᠠᠳᠠᠷᠠᠭᠤᠯᠵᠤ ᠪᠠᠢᠨ᠎ᠠ ᠃ ᠵᠢᠱ᠌ᠢᠶᠡᠯᠡᠪᠡᠯ ᠬᠥᠬᠡᠨᠠᠭᠤᠷ᠎ᠤᠨ《ᠬᠤᠸᠠ ᠯᠦᠩ ᠲᠠᠲᠠᠮᠠᠯ ᠮᠢᠨᠳᠤᠤᠷᠴᠢᠨ》 ᠨᠢ ᠨᠢᠭᠡᠨᠳᠡ ᠠᠵᠤ ᠦᠶ᠋ᠯᠡᠰ ᠪᠤᠯᠵᠦ ᠦᠷᠭᠡᠵᠢᠨ᠂ ᠲᠤᠬᠠᠶ᠎ᠶ᠋ᠢᠨ ᠭᠠᠵᠠᠷ᠎ᠤᠨ ᠲᠠᠷᠢᠶᠠᠴᠢᠳ᠎ᠤᠨ ᠴᠡᠪᠡᠷ ᠣᠷᠣᠯᠭ᠎ᠠ᠎ᠶ᠋ᠢᠨ 54%᠎ᠨᠢ ᠲᠠᠲᠠᠮᠠᠯ ᠮᠢᠨᠳᠤᠤᠷ᠎ᠤᠨ ᠢᠳᠡᠭᠡᠨ ᠤᠮᠳᠠᠭᠠᠨ᠎ᠤ ᠬᠠᠮᠢᠶᠠᠲᠠᠶ ᠠᠵᠢᠯ ᠲᠥᠷᠥᠯ᠎ᠡᠴᠡ ᠢᠷᠡᠯᠲᠡ᠎ᠲᠡᠶ᠃
ᠮᠠᠨ᠎ᠤ ᠤᠯᠤᠰ᠎ᠤᠨ ᠬᠥᠳᠡᠯᠮᠦᠷᠢ ᠦᠢᠯᠡᠴᠢᠯᠡᠭᠡᠨ᠎ᠦ ᠲᠦᠷᠦᠯ ᠲᠡᠮᠳᠡᠭ᠎ᠦᠨ ᠪᠠᠢᠭᠤᠯᠤᠯᠲᠠ᠎ᠶ᠋ᠢᠨ ᠠᠵᠢᠯ ᠨᠢᠭᠡᠨᠲᠡ ᠠᠩᠬ᠎ᠠ ᠠᠯᠬᠤᠮ᠎ᠤᠨ ᠰᠠᠭᠤᠷᠢ᠎ᠲᠠᠶ ᠪᠣᠯᠤᠭ᠍ᠰᠠᠨ ᠪᠣᠯᠪᠠᠴᠤ᠌ ᠶᠡᠷᠦᠩᠬᠡᠶᠳᠦᠨᠢᠠᠪᠴᠤ᠌ ᠬᠡᠯᠡᠪᠡᠯ᠂ ᠪᠦᠬᠦ᠌ ᠤᠯᠤᠰ᠎ᠲᠤ ᠠᠯᠳᠠᠷᠱᠢᠭ᠍ᠰᠠᠨᠬᠥᠳᠡᠯᠮᠦᠷᠢ ᠦᠢᠯᠡᠴᠢᠯᠡᠭᠡᠨ᠎ᠦ ᠲᠦᠷᠦᠯ ᠲᠡᠮᠳᠡᠭ ᠪᠠᠰᠠ ᠴᠥᠭᠡᠨ ᠪᠠᠢᠭ᠍ᠰᠠᠭᠠᠷ᠃ ᠢᠯᠠᠩᠭᠤᠶ᠎ᠠ ᠮᠠᠨ᠎ᠤ ᠤᠯᠤᠰ᠎ᠤᠨ 2.86 ᠳ᠋ᠦᠩᠱᠢᠭᠤᠷ ᠬᠥᠯᠥᠰᠥᠨ ᠲᠠᠷᠢᠶᠠᠴᠢᠨ᠎ᠤ ᠶᠡᠷᠦᠩᠬᠡᠶ ᠬᠡᠮᠵᠢᠶ᠎ᠡ ᠵᠢᠴᠢ ᠪᠦᠷᠢᠨ ᠲᠡᠭᠦᠯᠳᠡᠷ ᠠᠵᠢᠯ ᠲᠥᠷᠥᠯ᠎ᠦᠨ ᠲᠥᠷᠥᠯ ᠵᠦᠢᠯ᠎ᠲᠡᠶ ᠬᠠᠷᠢᠴᠠᠭᠤᠯᠪᠠᠯ ᠨᠠᠩ ᠬᠦᠷᠦᠯᠴᠡᠬᠦ᠌ ᠥᠬᠡᠶ ᠪᠠᠢᠨ᠎ᠠ᠃ ᠡᠭᠦᠨ᠎ᠦ ᠬᠠᠮᠲᠤ ᠂ ᠬᠥᠳᠡᠯᠮᠦᠷᠢ ᠦᠶ᠋ᠯᠡᠴᠢᠯᠡᠭᠡᠨ᠎ᠦ ᠲᠦᠷᠦᠯ ᠲᠡᠮᠲᠡᠭ ᠤᠨ ᠬᠠᠮᠢᠶᠠᠷᠤᠯᠲᠠ ᠪᠠᠰᠠ ᠲᠡᠢᠮᠦ᠍ ᠨᠢᠮᠪᠠᠢ ᠪᠢᠰᠢ᠂ ᠠᠵᠢᠯ ᠬᠢᠵᠦ ᠪᠠᠢᠭ᠎ᠠ ᠬᠦᠮᠦᠰ᠎ᠦᠨ ᠤᠷ᠎ᠠ ᠴᠢᠳᠠᠪᠤᠷᠢ᠎ᠶ᠋ᠢᠨ ᠬᠢᠷᠢ ᠲᠦᠪᠱᠢᠨ᠎ᠢ ᠪᠠᠰᠠ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠴᠢᠬᠤᠯᠠᠲᠠᠶ ᠪᠠᠢᠨ᠎ᠠ ᠂ ᠡᠲᠡᠭᠡᠷ ᠪᠣᠯ ᠴᠥᠮ ᠲᠠᠷᠠᠭᠠᠴᠢ᠎ᠶ᠋ᠢᠨ ᠭᠤᠤᠯᠳᠠᠯᠭ᠎ᠠ᠎ᠲᠠᠶ ᠱᠢᠶ᠋ᠳᠪᠦᠷᠢᠯᠡᠬᠦ᠌ ᠠᠰᠠᠭᠤᠳᠠᠯ ᠪᠣᠯᠤᠨ᠎ᠠ᠃
ᠠᠰᠠᠭᠤᠯᠲᠠ᠄ ᠬᠥᠳᠡᠯᠮᠦᠷᠢ ᠦᠶ᠋ᠯᠡᠴᠢᠯᠡᠭᠡᠨ᠎ᠦ ᠲᠦᠷᠦᠯ ᠲᠡᠮᠳᠡᠭ ᠬᠡᠷᠬᠢᠨ ᠪᠦᠷᠢᠯᠲᠦᠭᠰᠡᠡ ᠪᠣᠶ?
ᠬᠠᠷᠢᠭᠤᠯᠲᠠ᠄ ᠬᠦᠲᠡᠯᠮᠦᠷᠢ ᠦᠢᠯᠡᠴᠢᠯᠡᠭᠡᠡ ᠤ ᠲᠦᠷᠦᠯ ᠲᠡᠮᠲᠡᠭ ᠠᠩᠬ᠎ᠠ ᠪᠦᠷᠢᠯᠲᠦᠬᠦ ᠳ᠋ᠡᠭᠡᠡ ᠵᠤᠬᠢᠬᠤ ᠠᠶᠠᠠᠲᠠᠭᠠᠠ ᠡᠭᠦᠰᠬᠦ ᠴᠢᠨᠠᠷ ᠲᠠᠢ ᠪᠠᠢᠵᠠᠢ ᠂ ᠤᠯᠠᠩᠭᠢ᠎ᠶᠢ ᠨᠢ ᠵᠠᠰᠠᠭ᠎ᠤᠨ ᠤᠷᠲᠤᠨ ᠡᠴᠡ ᠭᠤᠤᠯᠯᠠᠠ ᠵᠢᠯᠤᠭᠤᠲᠤᠭᠰᠠᠠ ᠪᠤᠶᠤ ᠬᠠᠠᠲᠤᠰᠢ ᠳ᠋ᠤᠨᠢ ᠲᠤᠬᠢᠷᠠᠭᠤᠯᠤᠨ ᠴᠢᠲᠠᠮᠠᠭᠠᠢ ᠪᠠᠷ ᠵᠢᠯᠤᠭᠤᠳᠴᠤ᠂ ᠠᠯᠬᠤᠮ ᠠᠯᠬᠤᠮ ᠵᠢᠨᠷ ᠵᠠᠬ᠎ᠠ ᠲᠡᠯᠭᠡᠭᠦᠷ ᠳᠦ᠍ ᠤᠷᠤᠭᠤᠯᠵᠠᠢ᠃ ᠵᠠᠷᠢᠮ ᠭᠠᠵᠠᠷ ᠣᠷᠣᠨᠪᠦᠲᠦᠭᠡᠨ ᠪᠠᠢᠭᠤᠯᠤᠯᠲᠠ ᠵᠢᠨ ᠡᠬᠢᠨ᠎ᠦ ᠦᠶ᠎ᠡ᠎ᠳᠡᠭᠡᠨ ᠲᠠᠷᠤᠢ ᠭᠣᠣᠯᠳᠠᠯᠭ᠎ᠠ᠎ᠲᠠᠶ ᠠᠵᠢᠯ ᠪᠣᠯᠭᠠᠨ ᠪᠦᠬᠦ᠌ ᠬᠦᠴᠦᠨ᠎ᠢᠶᠡᠷ᠎ᠢᠶᠡᠨ ᠠᠬᠢᠭᠤᠯᠤᠭᠰᠠᠨ ᠪᠠᠢᠨ᠎ᠠ᠃ ᠵᠢᠱ᠌ᠢᠶᠡᠯᠡᠪᠡᠯ ᠭᠤᠸᠠᠩᠳᠦ᠋ᠩ ᠬᠥᠳᠡᠯᠮᠦᠷᠢ ᠦᠶ᠋ᠯᠡᠴᠢᠯᠡᠭᠡᠨ᠎ᠦ ᠲᠦᠷᠦᠯ ᠲᠡᠮᠳᠡᠭ᠎ᠦᠨ ᠪᠥᠲᠥᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠦᠨ ᠤᠳᠤᠷᠢᠳᠭᠤ ᠳᠤᠭᠤᠢᠯᠠᠩ ᠪᠠᠢᠭᠤᠯᠵᠤ᠂ ᠥᠪᠥᠷ ᠮᠣᠩᠭᠣᠯ᠎ᠤᠨ ᠤᠯᠠᠭᠠᠨᠬᠠᠳᠠ ᠬᠣᠲᠠ᠎ᠶ᠋ᠢᠨ ᠠᠸ᠋ᠬᠠᠨ ᠬᠣᠱᠢᠭᠤ ᠂ ᠱᠠᠨ ᠰᠢ᠎ᠶ᠋ᠢᠨ ᠯᠢᠦᠶ ᠯᠢᠶᠠᠩ ᠬᠣᠲᠠ ᠤᠳᠤᠷᠢᠳᠭᠤ ᠳᠤᠭᠤᠢᠯᠠᠩ ᠪᠠᠢᠭᠤᠯᠵᠤ᠂ ᠭᠦᠶ᠋ᠵᠸᠤᠶ᠋ᠢᠨ ᠵᠧᠩ ᠠᠨ ᠱᠢᠶᠠᠨ ᠵᠢᠯ ᠪᠦᠷᠢ 1000 ᠲᠦᠮᠡᠨ ᠲᠥᠭᠥᠷᠢᠭ ᠳᠣᠭᠢᠷᠠᠭᠤᠯᠤᠨ 《 ᠵᠧᠩ ᠠᠨ ᠤ ᠬᠢᠲ᠋ᠠᠷᠤᠨ ᠤᠷᠠᠨ ᠳᠠᠷᠬᠠᠨ 》᠎ᠤ᠋ ᠠᠵᠤ ᠦᠶ᠋ᠯᠡᠰ᠎ᠢ ᠬᠥᠭ᠌ᠵᠢᠭᠦᠯᠬᠦ᠌ ᠲᠤᠰᠭᠠᠶ ᠪᠠᠯᠠ ᠮᠥᠩᠭᠥ᠌ ᠪᠣᠯᠭᠠᠵᠤ ᠂ ᠶᠦᠨᠨᠠᠨ᠎ᠤ ᠵᠢᠶᠠᠨ ᠴᠤᠸᠠᠨ ᠱᠢᠶᠠᠨ ᠵᠢᠯ ᠪᠦᠷᠢ 100 ᠲᠦᠮᠡᠨ ᠲᠥᠭᠥᠷᠢᠭ᠎ᠦᠨ ᠲᠤᠰᠭᠠᠶ ᠪᠠᠯᠠ ᠮᠥᠩᠭᠥ᠌ ᠴᠤᠭ᠍ᠯᠠᠭᠤᠯᠤᠨ 《ᠵᠢᠶᠠᠨ ᠴᠤᠸᠠᠨ᠎ᠤ ᠮᠣᠳᠣᠨ ᠰᠡᠢᠯᠦᠮᠡᠯ᠎ᠤᠨ ᠤᠷᠠᠨ ᠳᠠᠷᠬᠠᠨ》 ᠤ᠋ ᠬᠦᠲᠡᠯᠮᠦᠷᠢ ᠦᠢᠯᠡᠴᠢᠯᠡᠭᠡᠡ ᠤ ᠲᠦᠷᠦᠯ ᠲᠡᠮᠳᠡᠭ᠎ᠦᠨ ᠪᠥᠲᠥᠭᠡᠨ ᠪᠠᠢᠭᠤᠯᠤᠯᠲᠠ ᠵᠡᠷᠭᠡ᠎ᠳᠦ ᠬᠡᠷᠡᠭ᠌ᠯᠡᠵᠦ ᠪᠤᠢ᠃
ᠲᠦᠷᠦᠯ ᠲᠡᠮᠳᠡᠭ᠎ᠦᠨ ᠪᠠᠢᠭᠤᠯᠤᠯᠲᠠ᠎ᠶ᠋ᠢᠨ ᠲᠠᠯ᠎ᠠ᠎ᠪᠠᠷ᠂ ᠵᠠᠷᠢᠮ ᠨᠢ ᠲᠤᠬᠠᠶ᠎ᠶ᠋ᠢᠨ ᠭᠠᠵᠠᠷ᠎ᠤᠨ ᠡᠬᠢ ᠪᠠᠶᠠᠯᠢᠭ᠎ᠲᠤ ᠰᠠᠭᠤᠷᠢᠯᠠᠨ ᠂ ᠲᠤᠬᠠᠶ᠎ᠶ᠋ᠢᠨ ᠭᠠᠵᠠᠷ᠎ᠤᠨ ᠤᠯᠠᠮᠵᠢᠯᠠᠯᠲᠤ ᠭᠠᠷ ᠤᠷᠠᠯᠠᠯ᠎ᠢ ᠢᠯᠡᠷᠡᠭᠦᠯᠵᠦ ᠪᠠᠢᠨ᠎ᠠ ᠂ ᠵᠢᠱ᠌ᠢᠶᠡᠯᠡᠪᠡᠯ ᠵᠢᠶᠠᠩᠰᠦ ᠵᠢᠨ 《 ᠶᠠᠩᠵᠸᠤ ᠵᠢᠨ ᠭᠤᠷᠪᠠᠨ ᠬᠢᠲᠤᠭ᠎ᠠ 》 ᠵᠡᠷᠭᠡ; ᠵᠠᠷᠢᠮ ᠨᠢ ᠵᠠᠬ᠎ᠠ ᠳᠡᠯᠭᠡᠭᠦᠷ᠎ᠦᠨ ᠬᠡᠷᠡᠭ᠌ᠴᠡᠭᠡ ᠪᠠ ᠬᠥᠳᠡᠭᠡ ᠲᠣᠰᠭᠣᠨ᠎ᠤ ᠬᠥᠳᠡᠯᠮᠦᠷᠢ᠎ᠶ᠋ᠢᠨ ᠬᠦᠴᠦᠨ᠎ᠦ ᠱᠢᠯᠵᠢᠵᠦ᠍ ᠠᠵᠢᠯ ᠤᠯᠬᠤ ᠬᠡᠷᠡᠭ᠌ᠴᠡᠭᠡ᠎ᠲᠡᠶ ᠤᠶᠠᠯᠳᠤᠭᠤᠯᠵᠤ ᠪᠠᠢᠨ᠎ᠠ ᠂ ᠵᠢᠱ᠌ᠢᠶᠡᠯᠡᠪᠡᠯ ᠱᠠᠨᠰᠢ᠎ᠶ᠋ᠢᠨ 《 ᠽᠢ ᠶᠠᠩ᠎ᠤᠨ ᠬᠦᠯ ᠵᠠᠰᠠᠭ᠍ᠴᠢ 》 ᠵᠡᠷᠭᠡ; ᠵᠠᠷᠢᠮ ᠨᠢ ᠴᠢᠳᠠᠪᠤᠷᠢᠲᠠᠨ᠎ᠤ ᠨᠤᠲᠤᠭ᠎ᠲᠠᠭᠠᠨ ᠪᠤᠴᠠᠵᠤ ᠦᠢᠯᠡᠰ ᠪᠤᠰᠬᠠᠬᠤ ᠪᠤᠶᠤ ᠲᠤᠰ ᠭᠠᠵᠠᠷ᠎ᠤᠨ ᠠᠵᠤ ᠦᠢᠯᠡᠰ᠎ᠦᠨ ᠲᠥᠷᠥᠯ ᠵᠦᠢᠯ᠎ᠦᠨ ᠬᠥᠭ᠌ᠵᠢᠯᠲᠡ᠎ᠳᠦ ᠲᠦᠱᠢᠭ᠌ᠯᠡᠵᠦ᠍ ᠪᠠᠢᠨ᠎ᠠ ᠂ ᠵᠢᠱ᠌ᠢᠶᠡᠯᠡᠪᠡᠯ ᠭᠢᠷᠢᠨ᠎ᠦ 《 ᠯᠢᠶᠣᠤ ᠶᠤᠸᠠᠨ᠎ᠤ ᠣᠢᠮᠣᠰᠤ ᠨᠡᠬᠡᠬᠦ᠌ ᠠᠵᠢᠯᠴᠢᠨ 》 ᠵᠡᠷᠭᠡ ᠪᠣᠯᠤᠨ᠎ᠠ; ᠪᠠᠰᠠ ᠵᠠᠷᠢᠮ᠎ᠨᠢ ᠬᠥᠳᠡᠯᠮᠦᠷᠢ ᠦᠢᠯᠡᠴᠢᠯᠡᠭᠡᠨ᠎ᠦ ᠵᠠᠭᠤᠴᠢ ᠵᠡᠷᠭᠡ ᠵᠠᠬ᠎ᠠ ᠳᠡᠯᠭᠡᠭᠦᠷ᠎ᠦᠨ ᠪᠠᠢᠭᠤᠯᠤᠮᠵᠢ᠎ᠳᠤ ᠲᠦᠱᠢᠭ᠌ᠯᠡᠵᠦ᠍ ᠪᠠᠢᠨ᠎ᠠ᠂ ᠵᠢᠱ᠌ᠢᠶᠡᠯᠡᠪᠡᠯ ᠱᠠᠨᠳᠦ᠋ᠩ᠎ᠦᠨ 《ᠯᠸ ᠯᠢᠩ ᠤ᠋ᠨ ᠭᠠᠷᠠᠮ᠎ᠤᠨ ᠬᠥᠯᠥᠰᠥᠨ ᠠᠵᠢᠯᠴᠢᠨ 》 ᠵᠡᠷᠭᠡ ᠪᠤᠯᠤᠨ᠎ᠠ᠃
ᠠᠰᠠᠭᠤᠯᠲᠠ ᠄ ᠶᠠᠭᠤᠨ᠎ᠳᠤ ᠬᠥᠳᠡᠯᠮᠦᠷᠢ ᠦᠶ᠋ᠯᠡᠴᠢᠯᠡᠭᠡᠨ᠎ᠦ ᠲᠦᠷᠦᠯ ᠲᠡᠮᠲᠡᠭ ᠤᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠬᠤ ᠪᠣᠶ?
ᠬᠠᠷᠢᠭᠤᠯᠲᠠ ᠄ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠦᠯᠦᠪᠵᠢᠭᠦᠯᠭᠡ ᠵᠢᠨᠬᠤᠭᠤᠴᠠᠭᠠᠨ᠎ᠳᠤ᠂ ᠬᠥᠳᠡᠯᠮᠦᠷᠢ ᠦᠶ᠋ᠯᠡᠴᠢᠯᠡᠭᠡᠨ᠎ᠦ ᠲᠥᠷᠥᠯ ᠲᠡᠮᠳᠡᠭ᠎ᠦᠨ ᠪᠠᠢᠭᠤᠯᠤᠯᠲᠠ᠎ᠶ᠋ᠢ ᠰᠠᠢᠲᠤᠷ ᠠᠳᠭᠤᠬᠤ᠎ᠨᠢ ᠲᠤᠢᠯ᠎ᠤᠨ ᠴᠢᠬᠤᠯᠠ ᠶᠤᠮ᠃
ᠨᠢᠭᠡ᠎ᠳᠦ᠂ ᠨᠠᠩ ᠭᠦᠶ᠋ᠴᠡᠳ ᠨᠠᠩ ᠴᠢᠨᠠᠷ ᠰᠠᠢᠲᠠᠶ ᠠᠵᠢᠯ ᠣᠯᠭᠣᠯᠲᠠ᠎ᠶ᠋ᠢ ᠠᠬᠢᠭᠤᠯᠬᠤ᠎ᠳᠤ ᠠᠱᠢᠭ᠍ᠲᠠᠶ᠃ ᠦᠶ᠋ᠯᠡᠳᠦᠯᠭᠡ᠎ᠶ᠋ᠢᠨ ᠪᠠᠢᠳᠠᠯ᠎ᠡᠴᠡ ᠦᠵᠡᠪᠡᠯ᠂ ᠬᠥᠳᠡᠯᠮᠦᠷᠢ ᠦᠶ᠋ᠯᠡᠴᠢᠯᠡᠭᠡᠨ᠎ᠦ ᠲᠦᠷᠦᠯ ᠲᠡᠮᠳᠡᠭ ᠵᠢᠡᠷ ᠤᠯᠠᠨ ᠬᠦᠮᠦᠨ᠎ᠳᠤ ᠠᠵᠢᠯ ᠣᠯᠭᠣᠬᠤ ᠵᠢ ᠳᠠᠢᠴᠢᠯᠠᠪᠠᠯ᠂ ᠠᠵᠢᠯ ᠡᠷᠭᠢᠯᠡᠭ᠌ᠰᠡᠳᠦᠨ ᠠᠵᠢᠯ ᠣᠯᠭᠣᠯᠲᠠ ᠨᠠᠩ ᠲᠣᠭ᠍ᠲᠠᠭᠤᠨ᠂ ᠣᠷᠣᠯᠭ᠎ᠠ ᠨᠠᠩ ᠥᠨᠳᠥᠷ᠂ ᠡᠷᠬᠡ ᠠᠱᠢᠭ ᠨᠠᠩ ᠪᠠᠲᠤᠯᠠᠭ᠎ᠠ᠎ᠲᠠᠶ ᠪᠠᠢᠳᠠᠭ᠃ ᠬᠣᠶᠠᠷ᠎ᠲᠤ ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠠᠱᠢᠭ᠍ᠲᠠᠶ᠃ ᠬᠥᠳᠡᠯᠮᠦᠷᠢ ᠦᠶ᠋ᠯᠡᠴᠢᠯᠡᠭᠡᠨ᠎ᠦ ᠲᠥᠷᠥᠯ ᠲᠡᠮᠳᠡᠭ᠎ᠦᠨ ᠪᠠᠢᠭᠤᠯᠤᠯᠲᠠ᠎ᠶ᠋ᠢ ᠰᠠᠢᠲᠤᠷ ᠠᠳᠭᠤᠵᠤ᠂ ᠠᠵᠢᠯ ᠲᠥᠷᠥᠯ᠎ᠦᠨ ᠤᠷ᠎ᠠ ᠮᠡᠷᠭᠡᠵᠢᠯ᠎ᠦᠨ ᠴᠢᠳᠠᠪᠤᠷᠢᠲᠠᠨ᠎ᠢ ᠶᠡᠬᠡ ᠬᠡᠮᠵᠢᠶ᠎ᠡ᠎ᠪᠡᠷ ᠬᠥᠮᠦᠵᠢᠭᠦᠯᠬᠦ᠌᠎ᠨᠢ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠴᠢᠬᠤᠯᠠ ᠲᠤᠯᠭᠠᠭᠤᠷᠢᠯᠠᠯ ᠬᠠᠩᠭᠠᠵᠤ ᠪᠣᠯᠤᠨ᠎ᠠ᠃ ᠭᠤᠷᠪᠠ᠎ᠳᠤ ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠ ᠬᠠᠮᠲᠤ᠎ᠪᠠᠷ ᠪᠠᠶᠠᠵᠢᠬᠤ ᠶ᠋ᠢ ᠠᠬᠢᠭᠤᠯᠬᠤ᠎ᠳᠤ ᠠᠱᠢᠭ᠍ᠲᠠᠶ᠃ ᠮᠠᠰᠢ ᠣᠯᠠᠨ ᠶᠠᠳᠠᠭᠤ ᠬᠦᠴᠢᠷᠳᠡᠯᠲᠡᠶ ᠭᠠᠵᠠᠷ ᠣᠷᠣᠨ ᠥᠩᠭᠡᠷᠡᠭ᠌ᠰᠡᠨ᠎ᠳᠦ ᠬᠥᠳᠡᠯᠮᠦᠷᠢ ᠦᠶ᠋ᠯᠡᠴᠢᠯᠡᠭᠡᠨ᠎ᠦ ᠲᠦᠷᠦᠯ ᠲᠡᠮᠳᠡᠭ᠎ᠦᠨ ᠪᠠᠢᠭᠤᠯᠤᠯᠲᠠ᠎ᠪᠠᠷ ᠳᠠᠮᠵᠢᠭᠤᠯᠤᠨ ᠶᠠᠳᠠᠭᠤ ᠬᠦᠴᠢᠷᠳᠡᠯᠳᠡᠢ ᠬᠥᠳᠡᠯᠮᠦᠷᠢ ᠬᠦᠴᠦ᠎ᠶᠢ ᠭᠠᠳᠠᠭ᠍ᠰᠢ ᠭᠠᠷᠭᠠᠬᠤ᠎ᠶ᠋ᠢ ᠳᠠᠢᠴᠢᠯᠠᠵᠤ᠂ ᠲᠡᠳᠡᠨ᠎ᠢ ᠬᠠᠪᠰᠤᠷᠤᠨ ᠣᠷᠣᠯᠭ᠎ᠠ᠎ᠶ᠋ᠢ ᠨᠢ ᠨᠡᠮᠡᠭ᠌ᠳᠡᠭᠦᠯᠵᠦ᠍ ᠶᠠᠳᠠᠭᠤ᠎ᠡᠴᠡ ᠠᠩᠭᠢᠵᠢᠷᠠᠭᠤᠯᠤᠭ᠍ᠰᠠᠨ ᠶᠤᠮ᠃ ᠳᠥᠷᠪᠡ᠎ᠳᠦ᠂ ᠠᠷᠠᠳ᠎ᠤᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠬᠤ᠎ᠳᠤ ᠠᠱᠢᠭ᠍ᠲᠠᠶ᠃ ᠬᠥᠳᠡᠯᠮᠦᠷᠢ ᠦᠢᠯᠡᠴᠢᠯᠡᠭᠡᠨ᠎ᠦ ᠲᠦᠷᠦᠯ ᠲᠡᠮᠳᠡᠭ᠎ᠦᠨ ᠪᠠᠢᠭᠤᠯᠤᠯᠲᠠ᠎ᠶ᠋ᠢ ᠰᠠᠢᠲᠤᠷ ᠠᠳᠭᠤᠵᠤ᠂ ᠴᠢᠳᠠᠪᠤᠷᠢ᠎ᠲᠠᠶ᠂ ᠦᠨᠡᠨᠴᠢ ᠢᠲᠡᠭᠡᠮᠵᠢᠲᠡᠶ ᠬᠥᠳᠡᠯᠮᠦᠷᠢᠯᠡᠭ᠌ᠴᠢᠳᠢ ᠬᠥᠮᠦᠵᠢᠭᠦᠯᠵᠦ᠍ ᠂ ᠰᠠᠢᠨ ᠰᠠᠢᠬᠠᠨ ᠭᠡᠷ᠎ᠦᠨ ᠶᠠᠪᠤᠳᠠᠯ᠂ ᠬᠡᠦᠬᠡᠳ ᠪᠣᠢᠵᠢᠭᠤᠯᠬᠤ ᠂ ᠨᠠᠰᠤᠵᠢᠯ ᠵᠡᠷᠭᠡ ᠡᠯ᠎ᠡ ᠲᠥᠷᠥᠯ᠎ᠦᠨ ᠦᠢᠯᠡᠴᠢᠯᠡᠭᠡᠨᠢ ᠬᠠᠩᠭᠠᠵᠤ᠂ ᠬᠥᠮᠦᠰ᠎ᠦᠨ ᠠᠮᠢᠳᠤᠷᠠᠯ᠎ᠤᠨ ᠶᠠᠰᠤ ᠴᠢᠨᠠᠷ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍ ᠪᠣᠯᠤᠨ᠎ᠠ᠃
ᠠᠰᠠᠭᠤᠯᠲᠠ᠄ ᠮᠠᠨ᠎ᠤ ᠤᠯᠤᠰ ᠬᠥᠳᠡᠯᠮᠦᠷᠢ ᠦᠶ᠋ᠯᠡᠴᠢᠯᠡᠭᠡᠨ᠎ᠦ ᠲᠥᠷᠥᠯ ᠲᠡᠮᠳᠡᠭ᠌ ᠢ᠋ ᠪᠠᠢᠭᠤᠯᠬᠤ ᠲᠠᠯ᠎ᠠ᠎ᠪᠠᠷ ᠶᠠᠮᠠᠷ ᠶᠠᠮᠠᠷ ᠲᠥᠯᠥᠪᠵᠢᠭᠦᠯᠭᠡ ᠪᠠᠢᠷᠢᠯᠠᠭᠤᠯᠤᠯᠲᠠ᠎ᠲᠠᠶ ᠪᠣᠶ?
ᠬᠠᠷᠢᠭᠤᠯᠲᠠ᠄ ᠡᠨᠡ ᠵᠢᠯ᠂ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠬᠥᠳᠡᠭᠡ ᠲᠣᠰᠭᠣᠨ᠎ᠤ ᠴᠢᠳᠠᠪᠤᠷᠢᠲᠠᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠲᠦᠷᠭᠡᠨ ᠠᠬᠢᠭᠤᠯᠬᠤ ᠲᠤᠬᠠᠶ ᠰᠠᠨᠠᠯ》 ᠢ᠋ ᠨᠡᠢᠲᠡᠯᠡᠵᠦ᠍᠂ ᠬᠥᠳᠡᠯᠮᠦᠷᠢ ᠦᠶ᠋ᠯᠡᠴᠢᠯᠡᠭᠡᠨ᠎ᠦ ᠲᠥᠷᠥᠯ ᠲᠡᠮᠳᠡᠭ᠎ᠢ ᠡᠭᠦᠳᠬᠦ᠌᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠴᠢᠬᠤᠯᠠ ᠠᠭᠤᠯᠭ᠎ᠠ ᠪᠣᠯᠭᠠᠵᠤ᠂ ᠨᠢᠭᠡ ᠪᠦᠯᠦᠭ ᠨᠡᠷᠡᠲᠦ ᠬᠥᠳᠡᠯᠮᠦᠷᠢ ᠦᠶ᠋ᠯᠡᠴᠢᠯᠡᠭᠡᠨ᠎ᠦ ᠲᠥᠷᠥᠯ ᠲᠡᠮᠳᠡᠭ᠎ᠢ ᠪᠣᠢᠵᠢᠭᠤᠯᠬᠤ᠎ᠶ᠋ᠢ ᠲᠣᠳᠣᠷᠬᠠᠶ ᠱᠠᠭᠠᠷᠳᠠᠪᠠ᠃ ᠲᠥᠷᠥ᠎ᠶ᠋ᠢᠨ ᠶᠠᠪᠤᠳᠠᠯ᠎ᠤᠨ ᠬᠣᠷᠢᠶ᠎ᠠ 《〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠠᠵᠢᠯ ᠣᠯᠭᠣᠯᠲᠠ᠎ᠶ᠋ᠢ ᠠᠬᠢᠭᠤᠯᠬᠤ ᠲᠥᠯᠥᠪᠵᠢᠭᠦᠯᠭᠡ》 ᠶ᠋ᠢ ᠳᠠᠷᠤᠮᠠᠯᠯᠠᠨ ᠲᠠᠷᠬᠠᠭᠠᠵᠤ᠂ ᠬᠥᠳᠡᠯᠮᠦᠷᠢ ᠦᠶ᠋ᠯᠡᠴᠢᠯᠡᠭᠡᠨ᠎ᠦ ᠲᠥᠷᠥᠯ ᠲᠡᠮᠳᠡᠭ᠎ᠢ ᠪᠣᠢᠵᠢᠭᠤᠯᠬᠤ᠎ᠶ᠋ᠢ ᠬᠥᠳᠡᠭᠡ ᠲᠣᠰᠭᠣᠨ᠎ᠤ ᠬᠥᠳᠡᠯᠮᠦᠷᠢ ᠬᠦᠴᠦᠨ᠎ᠦ ᠠᠵᠢᠯ ᠣᠯᠭᠣᠯᠲᠠ᠎ᠶ᠋ᠢᠨ ᠬᠡᠪᠴᠢᠶ᠎ᠡ᠎ᠶ᠋ᠢ ᠲᠣᠭ᠍ᠲᠠᠪᠤᠷᠢᠵᠢᠭᠤᠯᠤᠨ ᠥᠷᠭᠡᠳᠭᠡᠬᠦ᠌ ᠴᠢᠬᠤᠯᠠ ᠠᠷᠭ᠎ᠠ ᠪᠠᠷᠢᠯ ᠪᠣᠯᠭᠠᠵᠤ᠂ ᠤᠯᠤᠰ᠎ᠤᠨ ᠲᠥᠯᠥᠪᠵᠢᠭᠦᠯᠭᠡ᠎ᠳᠦ ᠣᠷᠣᠭᠤᠯᠤᠨ ᠳᠡᠭᠡᠳᠦ ᠬᠡᠮᠵᠢᠶ᠎ᠡ᠎ᠪᠡᠷ ᠠᠬᠢᠭᠤᠯᠪᠠ᠃
ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠥᠯᠥᠭᠡ᠂ ᠣᠢᠷ᠎ᠠ᠎ᠳᠤ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠶᠠᠮᠤᠨ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠵᠡᠷᠭᠡ 20 ᠰᠠᠯᠠᠭ᠎ᠠ ᠮᠥᠴᠢᠷ 《ᠬᠥᠳᠡᠯᠮᠦᠷᠢ ᠦᠶ᠋ᠯᠡᠴᠢᠯᠡᠭᠡᠨ᠎ᠦ ᠲᠥᠷᠥᠯ ᠲᠡᠮᠳᠡᠭ᠌ ᠤ᠋ᠨ ᠪᠠᠢᠭᠤᠯᠤᠯᠲᠠ᠎ᠶ᠋ᠢᠨ ᠲᠤᠬᠠᠶ ᠵᠢᠯᠣᠭᠣᠳᠭᠤ ᠰᠠᠨᠠᠯ》 ᠢ᠋ ᠳᠠᠷᠤᠮᠠᠯᠯᠠᠨ ᠲᠠᠷᠬᠠᠭᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠤ ᠬᠥᠳᠡᠯᠮᠦᠷᠢ ᠦᠶ᠋ᠯᠡᠴᠢᠯᠡᠭᠡᠨ᠎ᠦ ᠲᠥᠷᠥᠯ ᠲᠡᠮᠳᠡᠭ᠌᠎ᠤ᠋ᠨ ᠪᠠᠢᠭᠤᠯᠤᠯᠲᠠ᠎ᠳᠤ ᠭᠤᠷᠪᠠᠨ ᠲᠠᠯ᠎ᠠ᠎ᠶ᠋ᠢᠨ ᠪᠣᠳᠠᠲᠠᠶ ᠬᠠᠷᠠᠯᠲᠠ ᠳᠤᠷᠠᠳᠪᠠ᠄
ᠨᠢᠭᠡ᠎ᠳᠦ᠂ ᠨᠢᠭᠡᠨ ᠳᠡᠮᠵᠢᠬᠦ᠌ ᠰᠢᠰᠲᠸᠮ ᠢ᠋ ᠪᠠᠢᠭᠤᠯᠵᠤ᠂ ᠲᠦᠷᠦᠯ ᠲᠡᠮᠳᠡᠭ᠎ᠦᠨ ᠲᠣᠭ᠎ᠠ ᠬᠡᠮᠵᠢᠶ᠎ᠡ᠎ᠶ᠋ᠢ ᠨᠡᠮᠡᠭ᠌ᠳᠡᠭᠦᠯᠬᠦ᠌᠂ ᠲᠦᠷᠦᠯ ᠲᠡᠮᠳᠡᠭ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠲᠦᠷᠦᠯ ᠲᠡᠮᠳᠡᠭ᠎ᠦᠨ ᠦᠢᠯᠡᠳᠦᠯ᠎ᠢ ᠪᠠᠳᠠᠷᠠᠭᠤᠯᠬᠤ ᠵᠢᠨ ᠲᠣᠭᠣᠷᠢᠨ᠎ᠳᠤ᠂ ᠬᠥᠳᠡᠯᠮᠦᠷᠢ ᠦᠢᠯᠡᠴᠢᠯᠡᠭᠡᠨ᠎ᠦ ᠲᠦᠷᠦᠯ ᠲᠡᠮᠳᠡᠭ᠎ᠦᠨ ᠪᠠᠢᠭᠤᠯᠤᠯᠲᠠ᠎ᠶ᠋ᠢ ᠠᠬᠢᠭᠤᠯᠬᠤ ᠲᠣᠭ᠍ᠲᠠᠴᠠ ᠪᠣᠯᠤᠨ ᠳᠡᠮᠵᠢᠬᠦ᠌ ᠰᠢᠰᠲᠸᠮ ᠢ᠋ ᠪᠠᠢᠭᠤᠯᠤᠨ ᠪᠦᠷᠢᠨᠱᠢᠭᠦᠯᠵᠦ᠍᠂ ᠰᠠᠢᠨ ᠰᠠᠢᠬᠠᠨ ᠣᠷᠴᠢᠨ ᠲᠣᠭᠣᠷᠢᠨ᠎ᠢ ᠡᠭᠦᠳᠦᠨ᠎ᠠ ; ᠬᠣᠶᠠᠷ᠎ᠲᠤ ᠂ ᠴᠣᠭ᠍ᠴᠠᠯᠠᠨ ᠪᠠᠢᠭᠤᠯᠬᠤ ᠱᠢᠰᠲ᠋ᠧᠮ᠎ᠢ ᠪᠦᠷᠢᠯᠳᠦᠭᠦᠯᠵᠦ᠍᠂ ᠮᠤᠵᠢ ᠬᠣᠲᠠ ᠱᠢᠶᠠᠨ ᠲᠠᠰ ᠳᠠᠪᠬᠤᠷᠭ᠎ᠠ ᠬᠤᠪᠢᠶᠠᠨ ᠲᠣᠰ ᠭᠠᠵᠠᠷ᠎ᠲᠠᠭᠠᠨ ᠠᠯᠳᠠᠷᠱᠢᠭ᠍ᠰᠠᠨ ᠨᠠᠷᠠᠲᠤ ᠲᠦᠷᠦᠯ ᠲᠡᠮᠳᠡᠭ᠎ᠢ ᠡᠭᠦᠳᠴᠦ᠍᠂ ᠡᠭᠦᠨ᠎ᠦ ᠰᠠᠭᠤᠷᠢᠨ ᠳᠡᠭᠡᠷ᠎ᠡ ᠪᠥᠬᠥ᠌ ᠤᠯᠤᠰ᠎ᠲᠤ ᠨᠢᠭᠡ ᠪᠦᠯᠦᠭ ᠢᠯᠡ ᠲᠣᠳᠣ ᠤᠷᠤᠨ ᠨᠤᠳᠤᠭ᠎ᠤᠨ ᠤᠨᠴᠠᠯᠢᠭ ᠲᠠᠢ᠂ ᠠᠵᠢᠯ ᠲᠥᠷᠥᠯᠳ᠋ᠡᠭᠡᠨ ᠤᠷᠤᠢᠯᠠᠭᠰᠠᠨ ᠂ ᠤᠷ᠎ᠠ ᠴᠢᠳᠠᠪᠤᠷᠢ᠎ᠪᠠᠷ ᠲᠣᠪᠣᠢᠮ᠎ᠠ ᠳᠠᠭᠠᠭᠤᠯᠤᠭ᠍ᠴᠢ ᠬᠥᠳᠡᠯᠮᠦᠷᠢ ᠦᠶ᠋ᠯᠡᠴᠢᠯᠡᠭᠡᠨ᠎ᠦ ᠲᠦᠷᠦᠯ ᠲᠡᠮᠳᠡᠭ᠎ᠢ ᠡᠬᠥᠳᠤᠨᠠ; ᠭᠤᠷᠪᠠ᠎ᠳᠤ᠂ ᠬᠥᠳᠡᠯᠮᠦᠷᠢ ᠦᠶ᠋ᠯᠡᠴᠢᠯᠡᠭᠡᠨ᠎ᠦ ᠲᠥᠷᠥᠯ ᠲᠡᠮᠳᠡᠭ᠎ᠦᠨ ᠠᠯᠳᠠᠷᠱᠢᠯ᠂ ᠮᠡᠳᠡᠷᠡᠬᠦ ᠬᠡᠮᠵᠢᠶ᠎ᠠ ᠪᠠ ᠢᠷᠠᠭᠤ ᠠᠯᠳᠠᠷ᠎ᠤᠨ ᠬᠡᠮᠵᠢᠶ᠎ᠡ᠎ᠶ᠋ᠢ ᠬᠦᠴᠦᠯᠡᠨ ᠳᠡᠭᠡᠭ᠌ᠰᠢᠯᠡᠭᠦᠯᠵᠦ᠍᠂ ᠬᠥᠳᠡᠯᠮᠦᠷᠢ ᠦᠶ᠋ᠯᠡᠴᠢᠯᠡᠭᠡᠨ᠎ᠦ ᠲᠥᠷᠥᠯ ᠲᠡᠮᠳᠡᠭ᠎ᠦᠨ ᠰᠠᠢᠨ ᠰᠠᠢᠬᠠᠨ ᠨᠡᠢᠭᠡᠮ᠎ᠦᠨ ᠳᠦᠷᠢ ᠲᠥᠷᠬᠦ᠌᠎ᠶ᠋ᠢ ᠪᠣᠶ ᠪᠣᠯᠭᠠᠨ᠎ᠠ᠃
ᠠᠰᠠᠭᠤᠯᠲᠠ᠄ ᠲᠠᠷᠠᠭᠠᠴᠢ᠎ᠶ᠋ᠢᠨ ᠠᠯᠬᠤᠮ᠎ᠳᠤ ᠬᠥᠳᠡᠯᠮᠦᠷᠢ ᠦᠶ᠋ᠯᠡᠴᠢᠯᠡᠭᠡᠨ᠎ᠦ ᠲᠥᠷᠥᠯ ᠲᠡᠮᠳᠡᠭ᠎ᠦᠨ ᠪᠠᠢᠭᠤᠯᠤᠯᠲᠠ᠎ᠨᠢ ᠶᠠᠮᠠᠷ ᠶᠠᠮᠠᠷ ᠲᠠᠯ᠎ᠠ᠎ᠪᠠᠷ ᠬᠦᠴᠦᠯᠡᠵᠦ᠍᠂ 《ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠲᠥᠯᠤᠪᠵᠢᠬᠥᠯᠭᠡ ᠵᠢᠨ ᠬᠤᠭᠤᠴᠠᠭᠠᠨ᠎ᠤ ᠬᠥᠭ᠌ᠵᠢᠯᠲᠡ᠎ᠶ᠋ᠢᠨ ᠬᠠᠷᠠᠯᠲᠠ᠎ᠶ᠋ᠢ ᠬᠡᠷᠬᠢᠨ ᠪᠡᠶᠡᠯᠡᠭᠦᠯᠬᠦ᠌ ᠪᠣᠶ?
ᠬᠠᠷᠢᠭᠤᠯᠲᠠ ᠄ ᠨᠢᠭᠡ᠎ᠳᠦ᠂ ᠢᠯᠡᠷᠡᠭᠦᠯᠬᠦ ᠂ ᠪᠣᠢᠵᠢᠭᠤᠯᠬᠤ᠎ᠶ᠋ᠢ ᠴᠢᠩᠭᠠᠳᠭᠠᠨ᠎ᠠ᠃ ᠲᠤᠰ ᠭᠠᠵᠠᠷ ᠣᠷᠣᠨ᠎ᠤ ᠬᠥᠳᠡᠯᠮᠦᠷᠢ ᠦᠢᠯᠡᠴᠢᠯᠡᠭᠡᠨ᠎ᠦ ᠲᠦᠷᠦᠯ ᠲᠡᠮᠳᠡᠭ᠎ᠦᠨ ᠦᠨᠳᠦᠰᠦᠨ ᠪᠠᠢᠳᠠᠯ᠎ᠢ ᠥᠷᠭᠡᠨ᠎ᠢᠶᠡᠷ ᠪᠠᠢᠴᠠᠭᠠᠨ ᠪᠦᠬᠦ᠌ ᠲᠠᠯ᠎ᠠ᠎ᠪᠠᠷ ᠡᠵᠡᠮᠱᠢᠵᠦ᠍ ᠂ ᠲᠥᠷᠥᠯ ᠬᠤᠪᠢᠶᠠᠨ ᠵᠢᠯᠣᠭᠣᠳᠭᠤ᠎ᠶ᠋ᠢ ᠴᠢᠩᠭᠠᠷᠠᠭᠤᠯᠤᠨ᠂ ᠲᠥᠷᠥ᠎ᠶ᠋ᠢᠨ ᠪᠣᠳᠣᠯᠭ᠎ᠠ᠎ᠶ᠋ᠢ ᠣᠨᠣᠪᠴᠢᠲᠠᠶ ᠬᠡᠷᠡᠭ᠌ᠵᠢᠭᠦᠯᠦᠨ᠎ᠠ᠃ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭᠰᠠᠨ ᠠᠵᠤ ᠦᠢᠯᠡᠰ᠂ ᠪᠠᠴᠢᠮ ᠬᠡᠷᠡᠭ᠌ᠰᠡᠬᠦ᠌ ᠳᠤᠲᠠᠭ᠍ᠳᠠᠵᠤ ᠪᠠᠢᠭ᠎ᠠ ᠦᠢᠯᠡᠴᠢᠯᠡᠭᠡᠨ᠎ᠦ ᠦᠢᠯᠡᠰ᠂ ᠰᠣᠶᠣᠯ ᠵᠢᠭᠤᠯᠴᠢᠯᠠᠯ᠎ᠤᠨ ᠬᠦᠷᠢᠶ᠎ᠡ ᠴᠠᠷᠠᠭ᠎ᠠ ᠂ ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ᠌ ᠭᠣᠣᠯᠳᠠᠯᠭ᠎ᠠ᠎ᠲᠠᠶ ᠭᠠᠵᠠᠷ ᠣᠷᠣᠨ᠎ᠳᠤ ᠠᠩᠬᠠᠷᠤᠯ᠎ᠢᠶᠠᠨ ᠲᠥᠪᠯᠡᠷᠡᠭᠦᠯᠵᠦ᠍ ᠂ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ᠂ ᠬᠠᠨᠳᠤᠯᠭᠠᠳᠤ ᠴᠢᠨᠠᠷᠲᠠᠶ᠎ᠪᠠᠷ ᠬᠥᠳᠡᠯᠮᠦᠷᠢ ᠦᠢᠯᠡᠴᠢᠯᠡᠭᠡᠨ᠎ᠦ ᠲᠦᠷᠦᠯ ᠲᠡᠮᠳᠡᠭ᠎ᠢ ᠪᠣᠢᠵᠢᠭᠤᠯᠤᠨ᠎ᠠ᠃
ᠬᠣᠶᠠᠷ᠎ᠲᠤ᠂ ᠶᠠᠰᠤ ᠴᠢᠨᠠᠷ᠎ᠢ ᠲᠦᠷᠭᠡᠨ ᠳᠡᠭᠡᠭ᠌ᠰᠢᠯᠡᠭᠦᠯᠦᠨ᠎ᠡ᠃ ᠨᠡᠢᠭᠡᠮ᠎ᠦᠨ ᠬᠦᠴᠦᠨ᠎ᠢ ᠳᠠᠢᠴᠢᠯᠠᠨ᠂ ᠬᠥᠳᠡᠯᠮᠦᠷᠢ ᠦᠶ᠋ᠯᠡᠴᠢᠯᠡᠭᠡᠨ᠎ᠦ ᠲᠦᠷᠦᠯ ᠲᠡᠮᠳᠡᠭ᠎ᠦᠨ ᠮᠡᠷᠭᠡᠵᠢᠯ᠎ᠦᠨ ᠴᠢᠳᠠᠪᠤᠷᠢ᠎ᠶ᠋ᠢᠨ ᠪᠣᠯᠪᠠᠰᠤᠷᠠᠯ᠎ᠢ ᠶᠡᠬᠡ ᠬᠡᠪᠴᠢᠶ᠎ᠡ᠎ᠪᠡᠷ ᠥᠷᠨᠢᠭᠦᠯᠵᠦ᠍᠂ ᠠᠵᠢᠯᠳᠠᠳ᠎ᠤᠨ ᠮᠡᠷᠭᠡᠵᠢᠯ᠎ᠦᠨ ᠴᠢᠳᠠᠪᠤᠷᠢ᠎ᠶ᠋ᠢᠨ ᠬᠢᠷᠢ ᠬᠡᠮᠵᠢᠶ᠎ᠡ ᠨᠡᠯᠢᠶᠡᠳ ᠳᠤᠤᠷ᠎ᠠ᠂ ᠳᠡᠭᠡᠳᠦ ᠤᠷ᠎ᠠ ᠮᠡᠷᠭᠡᠵᠢᠯ᠎ᠦᠨ ᠴᠢᠳᠠᠪᠤᠷᠢᠲᠠᠨ ᠳᠤᠲᠠᠭ᠍ᠳᠠᠵᠤ ᠪᠠᠢᠭ᠎ᠠ ᠠᠰᠠᠭᠤᠳᠠᠯ᠎ᠢ ᠱᠢᠶ᠋ᠳᠪᠦᠷᠢᠯᠡᠨ᠎ᠠ ᠃ ᠣᠷᠣᠨ ᠪᠦᠰᠡ᠎ᠶ᠋ᠢᠨ ᠬᠣᠭᠣᠷᠣᠨᠳᠣᠬᠢ ᠬᠥᠳᠡᠯᠮᠦᠷᠢ ᠦᠢᠯᠡᠴᠢᠯᠡᠭᠡᠨ᠎ᠦ ᠬᠠᠮᠵᠢᠯᠴᠠᠭ᠎ᠠ᠎ᠶ᠋ᠢ ᠥᠷᠭᠡᠨ᠎ᠢᠶᠡᠷ ᠥᠷᠨᠢᠭᠦᠯᠵᠦ᠍᠂ ᠬᠥᠳᠡᠯᠮᠦᠷᠢ ᠬᠦᠴᠦ᠎ᠶᠢ ᠭᠠᠳᠠᠭᠰᠢ ᠭᠠᠷᠭᠠᠬᠤ ᠤᠷᠲᠤ ᠬᠤᠭᠤᠴᠠᠭᠠᠨ᠎ᠤ ᠲᠣᠭ᠍ᠲᠠᠭᠤᠨ ᠠᠷᠭ᠎ᠠ ᠵᠠᠮ᠎ᠢ ᠪᠠᠢᠭᠤᠯᠤᠨ ᠪᠦᠷᠢᠨᠱᠢᠭᠦᠯᠬᠦ᠌᠎ᠶ᠋ᠢᠨ ᠬᠠᠮᠲᠤ ᠬᠠᠷᠠᠭᠠᠯᠵᠠᠭᠰᠠᠨ ᠲᠤᠰᠠᠯᠠᠮᠵᠢ ᠣᠯᠭᠣᠵᠤ᠂ ᠠᠵᠢᠯ ᠡᠷᠬᠢᠯᠡᠬᠦ᠌ ᠬᠡᠪᠴᠢᠶ᠎ᠡ᠎ᠶ᠋ᠢ ᠨᠢ ᠲᠠᠰᠤᠷᠠᠯᠲᠠ ᠤᠢ᠍ᠭᠡᠢ ᠳᠡᠭᠡᠭ᠌ᠰᠢᠯᠡᠭᠦᠯᠦᠨ᠎ᠠ᠃ ᠦᠨᠡᠨᠴᠢ ᠢᠲᠡᠭᠡᠮᠵᠢ᠎ᠪᠡᠷ ᠭᠤᠤᠯ ᠡᠯᠧᠮᠧᠨ᠋ᠲ ᠪᠣᠯᠭᠠᠵᠤ᠂ ᠬᠥᠳᠡᠯᠮᠦᠷᠢ ᠦᠶ᠋ᠯᠡᠴᠢᠯᠡᠭᠡᠨ᠎ᠦ ᠲᠥᠷᠥᠯ ᠲᠡᠮᠳᠡᠭ᠎ᠦᠨ ᠢᠲᠡᠭᠡᠯ ᠬᠦᠨᠳᠦ᠍᠎ᠶ᠋ᠢ ᠳᠡᠭᠡᠭ᠌ᠰᠢᠯᠡᠭᠦᠯᠦᠨ᠎ᠠ᠃
ᠭᠤᠷᠪᠠ᠎ᠳᠤ᠂ ᠲᠥᠷᠥᠯ ᠲᠡᠮᠳᠡᠭ᠌ ᠤ᠋ᠨ ᠦᠷ᠎ᠠ ᠨᠥᠯᠥᠭᠡ᠎ᠶᠢ ᠶᠡᠬᠡᠰᠭᠡᠨ᠎ᠡ᠃ ᠬᠥᠳᠡᠯᠮᠦᠷᠢ ᠦᠶ᠋ᠯᠡᠴᠢᠯᠡᠭᠡᠨ᠎ᠦ ᠲᠥᠷᠥᠯ ᠲᠡᠮᠳᠡᠭ᠌ ᠡᠷᠭᠢᠯᠡᠭ᠌ᠰᠡᠳᠦᠨ ᠱᠢᠨ᠎ᠡ᠎ᠶ᠋ᠢ ᠡᠭᠦᠳᠦᠨ ᠦᠶ᠋ᠯᠡᠰ ᠪᠤᠰᠬᠠᠬᠤ ᠬᠡᠪᠴᠢᠶ᠎ᠡ᠎ᠶ᠋ᠢ ᠪᠤᠵᠠᠭᠠᠢᠷᠠᠭᠤᠯᠵᠤ᠂ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢ ᠲᠠᠰᠤᠷᠠᠯᠲᠠ ᠥᠬᠡᠶ ᠨᠡᠮᠡᠭ᠌ᠳᠡᠭᠦᠯᠦᠨ᠎ᠡ᠃ ᠳᠠᠭᠠᠭᠤᠯᠤᠭ᠍ᠴᠢ ᠠᠵᠤ ᠠᠬᠤᠢᠯᠠᠯ᠎ᠢ ᠪᠤᠵᠠᠭᠠᠢᠷᠠᠭᠤᠯᠤᠨ᠂ 《ᠲᠤᠰᠭᠠᠶ ᠨᠠᠷᠢᠯᠢᠭ ᠣᠨᠴᠠ ᠱᠢᠨ᠎ᠡ》 ᠬᠥᠭ᠌ᠵᠢᠯᠲᠡ᠎ᠶ᠋ᠢ ᠬᠥᠲᠥᠯᠥᠨ ᠵᠢᠯᠣᠭᠣᠳᠴᠤ᠌᠂ ᠵᠠᠬ᠎ᠠ ᠳᠡᠯᠭᠡᠭᠦᠷ᠎ᠦᠨ ᠥᠷᠢᠰᠥᠯᠳᠦᠬᠦ᠌ ᠬᠦᠴᠦᠨ᠎ᠢ ᠳᠡᠭᠡᠭ᠌ᠰᠢᠯᠡᠭᠦᠯᠦᠨ᠎ᠡ᠃ ᠠᠵᠤ ᠦᠢᠯᠡᠰ᠎ᠦᠨ ᠬᠦᠷᠢᠶᠡᠯᠡᠩ ᠲᠣᠭᠣᠷᠢᠭ᠎ᠢ ᠪᠤᠵᠠᠭᠠᠢᠷᠠᠭᠤᠯᠤᠨ᠂ ᠳᠠᠭᠠᠭᠤᠯᠤᠭ᠍ᠴᠢ ᠲᠥᠷᠥᠯ ᠲᠡᠮᠳᠡᠭ᠌ ᠤ᠋ᠨ ᠬᠥᠲᠥᠯᠥᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠡᠬᠢᠨ᠎ᠤ ᠪᠠ ᠡᠴᠤᠰ᠎ᠤᠨ ᠬᠡᠯᠬᠢᠶ᠎ᠡ ᠵᠢᠨ ᠠᠵᠤ ᠦᠢᠯᠡᠰ᠎ᠦᠨ ᠲᠥᠪᠯᠡᠷᠡᠨ ᠬᠥᠭ᠌ᠵᠢᠬᠦ᠌᠎ᠶ᠋ᠢ ᠲᠦᠯᠬᠢᠨ ᠠᠬᠢᠭᠤᠯᠤᠨ᠎ᠠ᠃
ᠬᠥᠳᠡᠯᠮᠦᠷᠢ ᠦᠶ᠋ᠯᠡᠴᠢᠯᠡᠭᠡᠨ᠎ᠦ ᠲᠦᠷᠦᠯ ᠲᠡᠮᠳᠡᠭ᠎ᠤᠨ ᠶᠡᠬᠡ ᠨᠢ ᠶᠡᠬᠡ ᠳᠠᠪᠠᠭᠤᠯᠢᠭ᠎ᠲᠠᠶ᠂ ᠪᠠᠭ᠎ᠠ ᠨᠢ ᠪᠠᠭᠠᠠᠮᠵᠢᠯᠳᠠ ᠲᠠᠶ᠃ ᠡᠷᠬᠡᠪᠰᠢ ᠭᠠᠵᠠᠷ ᠣᠷᠣᠨ᠎ᠤ ᠪᠠᠢᠳᠠᠯ ᠳ᠋ᠠᠭᠠᠨ ᠲᠤᠬᠢᠷᠠᠭᠤᠯᠵᠤ᠂ ᠣᠷᠣᠨ ᠨᠤᠲᠤᠭ᠎ᠤᠨ ᠪᠣᠳᠠᠲᠤ ᠪᠠᠢᠳᠠᠯᠳ᠋ᠦ ᠰᠠᠭᠤᠷᠢᠯᠠᠵᠤ᠂ ᠣᠨᠴᠠᠯᠢᠭ ᠳᠠᠪᠠᠭᠤᠯᠢᠭ᠎ᠢᠶᠠᠨ ᠠᠭᠤᠳᠠᠯᠤᠨ᠂ ᠬᠥᠳᠡᠯᠮᠦᠷᠢ ᠦᠢᠯᠡᠴᠢᠯᠡᠭᠡᠨ᠎ᠦ ᠲᠦᠷᠦᠯ ᠲᠡᠮᠳᠡᠭ᠎ᠦᠨ ᠪᠠᠢᠭᠤᠯᠤᠯᠲᠠ᠎ᠶ᠋ᠢᠨ ᠱᠢᠨᠵᠢᠯᠡᠬᠦ᠌ ᠤᠬᠠᠭᠠᠨᠴᠢ ᠴᠢᠨᠠᠷ᠂ ᠬᠠᠨᠳᠤᠯᠭᠠᠳᠤ ᠴᠢᠨᠠᠷ᠎ᠢ ᠳᠡᠭᠡᠭ᠌ᠰᠢᠯᠡᠭᠦᠯᠪᠡᠯ ᠵᠤᠬᠢᠨ᠎ᠠ᠃
(ᠰᠢᠨᠬᠤᠸᠠ ᠬᠤᠷᠢᠶᠠᠨ᠎ᠤ ᠪᠡᠭᠡᠵᠢᠩ᠎ᠤᠨ 11 ᠰᠠᠷ᠎ᠠ ᠵᠢᠨ 9 ᠤ᠋ ᠴᠠᠬᠢᠯᠭᠠᠨ ᠮᠡᠳᠡᠭᠡ)