ᠵᠠᠩ ᠱᠣᠸ᠋ ᠴᠦᠨ ᠴᠠᠭᠠᠨ ᠵᠤᠤᠨ᠎ᠤᠨ ᠭᠠᠮᠱᠢᠬ᠎ᠠᠴᠠ ᠠᠪᠤᠷᠬᠠᠸ᠋ ᠠᠵᠢᠯ ᠎ᠳᠤ ᠸᠢᠳᠢᠣ᠋᠎ᠪᠠᠷ ᠲᠣᠬᠢᠷᠠᠭᠤᠯᠤᠯᠲᠠ ᠬᠢᠪᠠ
2021-11-11 10:06:10
ᠵᠣᠬᠢᠶᠠᠭ᠍ᠴᠢ᠄
ᠱᠤᠸᠠᠢ ᠵᠧᠩ
ᠣᠩᠱᠢᠭ᠍ᠰᠠᠨ ᠣᠳᠠᠭ᠎ᠠ᠄
★★★☆☆

11 ᠰᠠᠷ᠎ᠠ᠎ᠶ᠋ᠢᠨ 9 ᠎ᠤ᠋ ᠡᠳᠦᠷ᠂ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶ᠎ᠠ ᠎ᠶ᠋ᠢᠨ ᠪᠠᠢᠩᠭᠤ ᠎ᠶ᠋ᠢᠨ ᠭᠡᠱᠢᠭᠦᠨ᠂ ᠥᠪᠡᠷᠲᠡᠭᠡᠨ ᠵᠠᠰᠠᠬᠤ ᠣᠷᠣᠨ ᠎ᠤ  ᠪᠠᠢᠩᠭᠤ ᠎ᠶ᠋ᠢᠨ ᠳᠡᠳ᠋ ᠲᠡᠷᠢᠭᠦᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠭᠠᠮᠱᠢᠭ ᠎ᠢ ᠪᠠᠭᠠᠰᠭᠠᠬᠤ ᠵᠥᠪᠯᠡᠯ ᠎ᠦᠨ ᠡᠷᠬᠢᠯᠡᠭ᠌ᠴᠢ ᠵᠠᠩ ᠱᠣᠸ᠋ ᠴᠦᠨ ᠥᠪᠡᠷᠲᠡᠭᠡᠨ ᠵᠠᠰᠠᠬᠤ ᠣᠷᠣᠨ ᠎ᠤ ᠪᠠᠴᠢᠮ ᠪᠠᠢᠳᠠᠯ᠎ᠢ ᠠᠷᠭᠠᠴᠠᠭᠠᠬᠤ ᠲᠦᠪ ᠲᠸ᠋ ᠬᠦᠷᠴᠤ᠂ ᠲᠦᠩᠯᠢᠶᠣᠤ ᠬᠣᠲᠠ᠎ᠶ᠋ᠢᠨ ᠪᠠᠴᠢᠮ ᠪᠠᠢᠳᠠᠯ᠎ᠢ ᠠᠷᠭᠠᠴᠠᠭᠠᠬᠤ ᠵᠢᠯᠣᠭᠣᠳᠭᠤ ᠲᠥᠪ ᠪᠣᠯᠤᠨ ᠲᠦᠩᠯᠢᠶᠣᠤ ᠬᠣᠲᠠ᠎ᠶ᠋ᠢᠨ ᠠᠵᠤ ᠠᠬᠤᠶ᠎ᠶ᠋ᠢᠨ ᠨᠡᠭᠡᠭᠡᠯᠲᠡ᠎ᠶ᠋ᠢᠨ ᠲᠣᠭᠣᠷᠢᠭ᠎ᠤᠨ ᠠᠵᠤ ᠠᠬᠤᠢᠯᠠᠯ᠎ᠤᠨ ᠭᠠᠮᠱᠢᠭ᠍ᠳᠠᠭ᠍ᠰᠠᠨ ᠦᠶ᠋ᠯᠡᠳᠪᠦᠷᠢ᠎ᠶ᠋ᠢᠨ ᠲᠠᠰᠤᠭ᠎ᠤᠨ ᠠᠪᠤᠷᠠᠨ ᠲᠤᠰᠠᠯᠠᠬᠤ ᠲᠤᠬᠠᠶ᠎ᠶ᠋ᠢᠨ ᠲᠠᠯᠠᠪᠠᠶ ᠲᠠᠢ ᠸᠢᠳᠢᠣ᠋᠎ᠪᠠᠷ ᠬᠠᠷᠢᠴᠠᠨ ᠳᠣᠭᠢᠷᠠᠭᠤᠯᠤᠯᠲᠠ ᠬᠢᠵᠦ᠂ ᠲᠤᠬᠠᠶ᠎ᠶ᠋ᠢᠨ ᠭᠠᠵᠠᠷ᠎ᠤᠨ ᠭᠠᠮᠱᠢᠬ ᠎ᠠᠴᠠ ᠠᠪᠤᠷᠬᠠᠸ᠋᠂ ᠢᠯᠠᠩᠭᠤᠶ᠎ᠠ ᠮᠠᠯᠴᠢᠨ ᠲᠠᠷᠢᠶᠠᠴᠢᠨ᠎ᠤ ᠦᠶ᠋ᠯᠡᠳᠪᠦᠷᠢᠯᠡᠯ ᠠᠮᠢᠳᠤᠷᠠᠯ᠂ ᠵᠠᠮ ᠨᠡᠪᠲᠡᠷᠡᠯᠭᠡ ᠪᠠ ᠳᠤᠯᠠᠭᠠᠯᠠᠭ᠎ᠠ ᠎ᠶ᠋ᠢᠨ ᠪᠠᠢᠳᠠᠯ᠎ᠢ ᠨᠠᠷᠢᠨ ᠣᠢᠯᠠᠭᠠᠵᠤ᠂ ᠣᠢᠷ᠎ᠠ᠎ᠶ᠋ᠢᠨ ᠬᠤᠭᠤᠴᠠᠭᠠᠨ᠎ᠤ ᠴᠠᠭ ᠠᠭᠤᠷ᠎ᠤᠨ ᠪᠠᠢᠳᠠᠯ᠎ᠢ ᠵᠥᠪᠳᠡᠯᠴᠡᠨ ᠰᠤᠳᠤᠯᠵᠤ ᠮᠠᠭᠠᠳᠯᠠᠭ᠍ᠰᠠᠨ ᠪᠠᠢᠳᠠᠯ᠎ᠢ ᠰᠣᠨᠣᠰᠴᠤ᠌᠂ ᠣᠳᠣᠬᠠᠨ᠎ᠤ ᠰᠡᠷᠭᠡᠢᠯᠡᠨ ᠠᠷᠭᠠᠴᠠᠭᠠᠬᠤ ᠠᠵᠢᠯ ᠎ᠢ ᠴᠢᠨᠠᠬᠰᠢᠳᠠ ᠪᠠᠢᠷᠢᠯᠠᠭᠤᠯᠪᠠ᠃

ᠵᠠᠩ ᠱᠣᠣ ᠴᠦᠨ᠂ ᠣᠳᠣᠬᠠᠨ᠎ᠳᠤ ᠴᠠᠰᠤᠨ᠎ᠤ ᠪᠠᠢᠳᠠᠯ ᠮᠥᠨ ᠬᠦ᠌ ᠦᠷᠭᠦᠯᠵᠢᠯᠡᠵᠦ᠂ ᠭᠠᠮᠱᠢᠭ᠎ᠤᠨ ᠪᠠᠢᠳᠠᠯ ᠬᠦᠨᠳᠦᠷᠡᠵᠦ᠍ ᠮᠡᠳᠡᠬᠦ᠌ ᠪᠥᠭᠡᠳ ᠪᠠᠢᠳᠠᠯ ᠮᠥᠨ ᠬᠦ᠌ ᠲᠤᠢᠯ᠎ᠤᠨ ᠬᠦᠨᠳᠦ ᠬᠡᠴᠡᠭᠦᠦ ᠪᠠᠢᠨ᠎ᠠ᠃ ᠡᠯ᠎ᠡ ᠱᠠᠳᠤ ᠡᠯ᠎ᠡ ᠰᠠᠯᠠᠭ᠎ᠠ ᠮᠥᠴᠢᠷ᠎ᠦᠨ ᠬᠢᠨ ᠰᠡᠷᠭᠡᠢᠯᠡᠨ ᠠᠷᠭᠠᠴᠠᠭᠠᠬᠤ ᠪᠠᠢᠳᠠᠯ᠎ᠢᠶᠠᠨ ᠴᠠᠭ ᠢᠮᠠᠭ᠍ᠲᠠ ᠪᠠᠲᠤᠯᠠᠵᠤ᠂ ᠠᠷᠭ᠎ᠠ ᠪᠦᠬᠦᠨ᠎ᠢ ᠰᠦᠪᠡᠭ᠌ᠴᠢᠯᠡᠨ ᠴᠠᠬᠢᠯᠭᠠᠨ ᠬᠠᠩᠭᠠᠬᠤ᠂ ᠢᠯᠴᠢ ᠬᠠᠩᠭᠠᠬᠤ᠂ ᠬᠡᠢ ᠬᠠᠩᠭᠠᠬᠤ᠂ ᠤᠰᠤ ᠬᠠᠩᠭᠠᠬᠤ ᠪᠠ ᠲᠠᠷᠢᠶᠠᠯᠠᠩ ᠎ᠤᠨ ᠲᠤᠰᠠᠯᠠᠬᠤ ᠦᠢᠯᠡᠳᠭᠦᠨ ᠎ᠤ ᠬᠠᠩᠭᠠᠯᠭ᠎ᠠ᠎ᠶ᠋ᠢ ᠪᠠᠲᠤᠯᠠᠵᠤ᠂ ᠭᠠᠮᠱᠢᠭ᠍ᠳᠠᠭ᠍ᠰᠠᠨ ᠤᠯᠠᠨ ᠲᠦᠮᠡᠨ᠎ᠦ ᠠᠮᠢᠳᠤᠷᠠᠯ᠎ᠢ ᠲᠣᠬᠢᠲᠠᠶ ᠲᠣᠬᠢᠷᠠᠭᠤᠯᠵᠤ᠂ ᠳᠠᠭᠠᠷᠠᠬᠤ ᠦᠭᠡᠢ᠂ ᠥᠯᠥᠰᠭᠦ ᠦᠭᠡᠢ᠂ ᠡᠪᠡᠳᠴᠢᠨ᠎ᠡᠮᠭᠡᠭ ᠵᠢᠡᠨ ᠴᠠᠭ ᠲᠤᠬᠠᠶ᠎ᠳᠤᠨᠢ ᠡᠮᠨᠡᠭᠦᠯᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠭᠡᠷ ᠪᠠᠢᠱᠢᠩ᠂ ᠬᠠᠱᠢᠶ᠎ᠠ ᠰᠠᠷᠠᠪᠴᠢ᠂ ᠰᠠᠩ ᠬᠥᠮᠥᠷᠭᠡ ᠵᠡᠷᠭᠡ ᠭᠣᠣᠯᠳᠠᠯᠭ᠎ᠠ᠎ᠲᠠᠶ ᠣᠷᠣᠨ ᠪᠠᠢᠷᠢ ᠪᠣᠯᠤᠨ ᠵᠠᠮ ᠬᠠᠷᠢᠯᠴᠠᠭ᠎ᠠ᠂ ᠠᠭᠤᠷᠬᠠᠢ᠂ ᠠᠶᠤᠯᠲᠠᠢ ᠬᠢᠮᠢ ᠵᠢᠨ ᠪᠤᠳᠠᠰ ᠵᠡᠷᠭᠡ ᠭᠣᠣᠯᠳᠠᠯᠭ᠎ᠠ᠎ᠲᠠᠶ ᠬᠦᠷᠢᠶᠡᠨ ᠳ᠋ᠡᠬᠢ ᠭᠡᠮ ᠰᠣᠭᠣᠭ᠎ᠢ ᠵᠢᠭ᠍ᠰᠠᠭᠠᠨ ᠪᠠᠢᠴᠠᠭᠠᠬᠤ ᠠᠵᠢᠯ᠎ᠢ ᠳᠠᠷᠤᠢᠬᠠᠨ ᠵᠣᠬᠢᠶᠠᠨ ᠪᠠᠢᠭᠤᠯᠵᠤ᠂ ᠭᠠᠮᠱᠢᠭ᠎ᠢ ᠰᠡᠷᠭᠡᠢᠯᠡᠨ ᠭᠠᠮᠱᠢᠭ᠎ᠢ ᠪᠠᠭᠠᠰᠭᠠᠬᠤ ᠠᠷᠭ᠎ᠠ ᠬᠡᠮᠵᠢᠢ᠎ᠡ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠲᠡᠬᠢᠨ ᠡᠭᠦᠰᠬᠦ ᠭᠠᠮᠱᠢᠭ ᠪᠣᠯᠤᠨ ᠦᠢᠯᠡᠳᠪᠦᠷᠢᠯᠡᠯ᠎ᠦᠨ ᠠᠮᠤᠷ ᠲᠦᠪᠱᠢᠨ᠎ᠦ ᠡᠨᠳᠡᠯ ᠭᠠᠷᠬᠤ᠎ᠶ᠋ᠢ ᠴᠢᠩᠭ᠎ᠠ ᠰᠡᠷᠭᠡᠢᠯᠡᠬᠦ᠌ ᠬᠡᠷᠡᠭ᠌ᠲᠡᠢ᠃ ᠴᠠᠭ ᠠᠭᠤᠷ᠎ᠤᠨ ᠬᠤᠪᠢᠷᠠᠯᠲᠠ᠎ᠶ᠋ᠢ ᠨᠢᠭ᠍ᠲᠠ ᠠᠩᠬᠠᠷᠴᠤ᠌᠂ ᠭᠠᠮᠱᠢᠭ᠍ᠲᠤ ᠴᠠᠭ ᠠᠭᠤᠷ᠎ᠢ ᠵᠥᠪᠳᠡᠯᠴᠡᠨ ᠰᠤᠳᠤᠯᠵᠤ ᠮᠠᠭᠠᠳᠯᠠᠬᠤ᠎ᠪᠠᠨ ᠴᠢᠩᠭᠠᠳᠭᠠᠵᠤ᠂ ᠴᠠᠭ ᠲᠤᠬᠠᠢ᠎ᠳᠤᠨᠢ ᠤᠷᠢᠳᠴᠢᠯᠠᠨ ᠮᠡᠳᠡᠭᠡᠯᠡᠵᠦ᠍ ᠤᠷᠢᠳᠴᠢᠯᠠᠨ ᠰᠡᠷᠡᠮᠵᠢᠯᠡᠭᠦᠯᠬᠦ᠌ ᠬᠡᠷᠡᠭ᠌ᠲᠡᠢ᠃ ᠬᠠᠷᠢᠭᠤᠴᠠᠯᠭ᠎ᠠ᠎ᠶ᠋ᠢ ᠴᠢᠨᠠᠬᠰᠢᠳᠠ ᠪᠣᠳᠠᠲᠠᠢᠵᠢᠭᠤᠯᠵᠤ᠂ ᠵᠢᠵᠢᠭᠦᠷᠯᠡᠨ ᠰᠠᠬᠢᠬᠤ ᠪᠠ ᠮᠡᠳᠡᠭᠡ ᠵᠠᠩᠭᠢ ᠮᠡᠳᠡᠭᠦᠯᠦᠨ ᠬᠦᠷᠭᠡᠬᠦ᠌᠎ᠶ᠋ᠢ ᠴᠢᠩᠳᠠᠯᠠᠵᠤ᠂ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ᠎ᠢ ᠲᠡᠭᠦᠯᠳᠡᠷᠵᠢᠭᠦᠯᠵᠦ᠍᠂ ᠠᠪᠤᠷᠠᠨ ᠲᠤᠰᠠᠯᠠᠬᠤ ᠬᠦᠴᠦᠨ ᠪᠠ ᠡᠳ᠋ ᠪᠣᠳᠠᠰ᠎ᠢ ᠲᠣᠬᠢᠷᠠᠭᠤᠯᠬᠤ᠎ᠶ᠋ᠢ ᠴᠢᠩᠭᠠᠳᠭᠠᠵᠤ᠂ ᠭᠠᠮᠱᠢᠭ᠎ᠤᠨ ᠬᠣᠬᠢᠷᠠᠯ᠎ᠢ ᠬᠠᠮᠤᠭ᠎ᠤᠨ ᠳᠣᠣᠷ᠎ᠠ ᠬᠡᠮᠵᠢᠶᠡᠨ᠎ᠳᠦ ᠬᠦᠷᠲᠡᠯ᠎ᠡ ᠪᠠᠭᠠᠰᠭᠠᠬᠤ᠎ᠪᠠᠷ ᠴᠢᠷᠮᠠᠢᠵᠤ᠂ ᠠᠷᠠᠳ ᠤᠯᠠᠨ᠎ᠤ ᠠᠮᠢ ᠨᠠᠰᠤ ᠡᠳ᠋ ᠬᠦᠷᠦᠨᠭ᠌ᠭᠡ᠎ᠶ᠋ᠢᠨ ᠠᠮᠤᠷ ᠲᠦᠪᠱᠢᠨ ᠪᠠ ᠦᠢᠯᠡᠳᠪᠦᠷᠢᠯᠡᠯ ᠠᠮᠢᠳᠤᠷᠠᠯ᠎ᠤᠨ ᠡᠮᠬᠢ ᠵᠢᠷᠤᠮ᠎ᠢ ᠦᠨᠡᠨ ᠬᠦ᠌ ᠬᠠᠮᠠᠭᠠᠯᠠᠬᠤ ᠬᠡᠷᠡᠭ᠌ᠲᠡᠶ ᠭᠡᠵᠦ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号