ᠸᠠᠩ ᠯᠢ ᠱᠢᠶᠠ ᠴᠠᠭᠠᠨ ᠵᠤᠤᠨ ᠲᠠᠢ ᠲᠡᠮᠡᠴᠡᠵᠦ᠍ ᠭᠠᠮᠱᠢᠭ᠎ᠠᠴᠠ ᠠᠪᠤᠷᠠᠬᠤ ᠠᠵᠢᠯ ᠎ᠢ᠋ ᠮᠥᠷᠳᠡᠵᠤ ᠲᠤᠬᠢᠷᠠᠭᠤᠯᠤᠯᠲᠠ ᠪᠠᠢᠷᠢᠯᠠᠭᠤᠯᠤᠯᠲᠠ ᠬᠢᠪᠡ
2021-11-11 10:12:04
ᠵᠣᠬᠢᠶᠠᠭ᠍ᠴᠢ᠄
​ᠵᠠᠩ ᠺᠦᠢ
ᠣᠩᠱᠢᠭ᠍ᠰᠠᠨ ᠣᠳᠠᠭ᠎ᠠ᠄
★★★☆☆

ᠮᠠᠨ᠎ᠤ ᠣᠷᠣᠨ᠎ᠤ ᠲᠦᠩᠯᠢᠶᠣᠤ ᠬᠤᠳᠠ᠎ᠳᠤ ᠶᠡᠬᠡ ᠴᠠᠰᠤ ᠤᠷᠤᠵᠤ ᠭᠠᠮᠰᠢᠭ ᠡᠭᠦᠰᠦᠭᠰᠡᠨ᠎ᠤ ᠲᠠᠷᠠᠭ᠎ᠠ᠂ ᠰᠠᠶᠢᠬᠠᠨ ᠡᠵᠡᠨ᠎ᠡ ᠬᠣᠱᠢᠭᠤᠨ᠎ᠤ ᠬᠢᠵᠢᠭ᠎ᠲᠡᠶ ᠲᠡᠮᠡᠴᠡᠬᠦ᠌ ᠡᠮᠦᠨ᠎ᠡ ᠹᠷᠣᠨᠲ᠎ᠠᠴᠠ ᠪᠤᠴᠠᠵᠤ᠂ ᠶᠠᠭ ᠲᠥᠪᠯᠡᠷᠡᠭᠦᠯᠦᠨ ᠲᠤᠰᠠᠭᠠᠷᠯᠠᠬᠤ᠎ᠶ᠋ᠢ ᠬᠦᠯᠢᠶᠡᠵᠦ᠍ ᠪᠠᠢᠭ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭ᠌ᠴᠢ ᠸᠠᠩ ᠯᠢ ᠱᠢᠶᠠ ᠮᠡᠳᠡᠭᠡ ᠵᠠᠩᠭᠢ ᠳ᠋ᠤ ᠴᠣᠬᠣᠯᠠᠪᠤᠷᠢ ᠥᠭ᠌ᠬᠦ᠂ ᠤᠲᠠᠰᠤ᠎ᠪᠠᠷ ᠨᠡᠪᠲᠡᠷᠡᠯᠴᠡᠬᠦ᠌᠂ ᠲᠤᠰᠭᠠᠢ ᠲᠤᠬᠢᠷᠠᠭᠤᠯᠤᠯᠳᠠ ᠬᠢᠬᠦ᠌ ᠵᠡᠷᠭᠡ ᠠᠷᠭ᠎ᠠ ᠬᠡᠯᠪᠡᠷᠢ᠎ᠪᠡᠷ᠂ ᠭᠠᠮᠱᠢᠭ᠎ᠲᠠᠶ ᠲᠡᠮᠡᠴᠡᠵᠦ᠍ ᠭᠠᠮᠱᠢᠭ᠎ᠠᠴᠠ ᠠᠪᠤᠷᠠᠬᠤ ᠠᠵᠢᠯ᠎ᠢ ᠮᠥᠷᠳᠡᠨ ᠲᠠᠭᠠᠵᠤ ᠪᠠᠢᠷᠢᠯᠠᠭᠤᠯᠤᠯᠲᠠ ᠬᠢᠵᠦ᠍᠂ ᠲᠣᠳᠣᠷᠬᠠᠢ ᠱᠠᠭᠠᠷᠳᠠᠯᠭ᠎ᠠ ᠳᠤᠷᠠᠳᠪᠠ᠃

ᠸᠠᠩ ᠯᠢ ᠱᠢᠶᠠ᠂ ᠮᠠᠨ᠎ᠤ ᠣᠷᠣᠨ᠎ᠤ ᠵᠡᠭᠦᠨ ᠡᠮᠦᠨ᠎ᠠ ᠪᠡᠶ᠎ᠡ ᠵᠢᠨ ᠬᠡᠰᠡᠭ ᠭᠠᠵᠠᠷ ᠣᠷᠣᠨ᠎ᠳᠤ ᠶᠡᠬᠡ ᠴᠠᠰᠤ ᠪᠤᠶᠤ ᠣᠨᠴᠠ ᠶᠡᠬᠡ ᠴᠠᠰᠤ ᠣᠷᠣᠵᠤ᠂ ᠭᠠᠮᠱᠢᠭ᠎ᠲᠠᠶ ᠲᠡᠮᠡᠴᠡᠵᠦ᠍ ᠭᠠᠮᠱᠢᠭ᠎ᠠᠴᠠ ᠠᠪᠤᠷᠠᠬᠤ ᠠᠵᠢᠯ᠎ᠤᠨ ᠡᠭᠦᠷᠭᠡ ᠪᠠᠴᠢᠮ ᠪᠥᠭᠡᠳ ᠪᠡᠷᠬᠡ ᠬᠠᠲᠠᠭᠤᠵᠢᠯᠲᠠᠢ ᠪᠠᠢᠨ᠎ᠠ᠃ ᠡᠯ᠎ᠡ ᠱᠠᠲᠤ ᠡᠯ᠎ᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ᠎ᠬᠢᠨ ᠠᠷᠠᠳ ᠣᠯᠠᠨ᠎ᠤ ᠠᠮᠢ ᠨᠠᠰᠤ ᠪᠠ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠪᠠᠲᠤᠯᠠᠬᠤ ᠪᠠ ᠦᠨᠳᠦᠰᠦᠨ ᠦᠶ᠋ᠯᠡᠳᠪᠦᠷᠢᠯᠡᠯ ᠠᠮᠢᠳᠤᠷᠠᠯ᠎ᠢ ᠪᠠᠲᠤᠯᠠᠬᠤ᠎ᠶ᠋ᠢ ᠠᠯᠢᠪᠠ᠎ᠠᠴᠠ ᠴᠢᠬᠤᠯᠠ ᠡᠭᠦᠷᠭᠡ ᠪᠡᠨ ᠪᠣᠯᠭᠠᠵᠤ᠂ ᠣᠯᠠᠨ ᠲᠦᠮᠡᠨ᠎ᠦ ᠭᠠᠮᠱᠢᠭ᠍ᠳᠠᠭ᠍ᠰᠠᠨ ᠪᠠᠢᠳᠠᠯ᠎ᠢ ᠳᠠᠷᠤᠶ ᠲᠦᠷᠭᠡᠨ ᠨᠠᠷᠢᠨ ᠲᠤᠳᠤᠷᠬᠠᠢ ᠣᠢᠯᠠᠭᠠᠵᠤ᠂ ᠭᠠᠮᠱᠢᠭ᠎ᠤᠨ ᠪᠠᠢᠳᠠᠯ ᠪᠠ ᠬᠤᠪᠢᠷᠠᠯᠲᠠ᠎ᠶ᠋ᠢ ᠨᠢᠭ᠍ᠲᠠ ᠠᠩᠬᠠᠷᠴᠤ᠌᠂ ᠬᠦᠴᠦᠲᠡᠶ ᠠᠷᠭ᠎ᠠ ᠬᠡᠮᠵᠢᠶ᠎ᠡ ᠠᠪᠴᠤ᠌ ᠭᠠᠮᠱᠢᠭ᠎ᠲᠠᠶ ᠲᠡᠮᠡᠴᠡᠵᠦ᠍ ᠭᠠᠮᠱᠢᠭ᠎ᠠᠴᠠ ᠠᠪᠤᠷᠬᠠᠸ᠋ ᠬᠡᠷᠡᠭ᠌ᠲᠡᠶ᠃ ᠲᠦᠩᠯᠢᠶᠣᠤ ᠬᠣᠲᠠ ᠵᠡᠷᠭᠡ ᠭᠠᠵᠠᠷ ᠤᠷᠤᠨ ᠪᠣᠯᠤᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ᠎ᠦᠳ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ᠎ᠢ ᠴᠠᠭ᠎ᠲᠤᠨᠢ ᠲᠣᠬᠢᠷᠠᠭᠤᠯᠤᠨ ᠡᠬᠢᠯᠡᠭᠦᠯᠵᠦ᠍᠂ ᠡᠳᠦᠷ᠎ᠰᠦᠨᠢ ᠦᠭᠡᠢ᠂ ᠲᠠᠰᠤᠷᠠᠯᠲᠠ ᠤᠢ᠍ᠭᠡᠢ ᠵᠣᠬᠢᠶᠠᠨ ᠪᠠᠢᠭᠤᠯᠤᠨ ᠲᠣᠬᠢᠷᠠᠭᠤᠯᠬᠤ᠎ᠪᠠᠨ ᠴᠢᠩᠭᠠᠳᠭᠠᠨ᠂ ᠠᠶᠤᠯ᠎ᠠᠴᠠ ᠠᠪᠤᠷᠠᠬᠤ ᠡᠩᠨᠡᠭᠡ᠂ ᠠᠪᠤᠷᠠᠨ ᠲᠤᠰᠠᠯᠠᠬᠤ ᠲᠣᠨᠣᠭ ᠲᠥᠬᠥᠭᠡᠷᠦᠮᠵᠢ ᠪᠣᠯᠤᠨ ᠪᠠᠴᠢᠮ ᠪᠠᠢᠳᠠᠯ᠎ᠢ ᠠᠷᠭᠠᠴᠠᠭᠠᠬᠤ ᠡᠳ᠋  ᠪᠤᠳᠠᠰ ᠎ᠢ  ᠰᠠᠢᠲᠤᠷ ᠲᠣᠬᠢᠷᠠᠭᠤᠯᠵᠤ᠂ ᠤᠰᠤ᠂ ᠴᠠᠬᠢᠯᠭᠠᠨ᠂ ᠳᠤᠯᠠᠭᠠᠯᠠᠭ᠎ᠠ᠂ ᠰᠢᠳᠠᠮᠠᠬᠠᠢ ᠬᠡᠢ ᠵᠡᠷᠭᠡ᠎ᠶ᠋ᠢᠨ ᠬᠠᠩᠭᠠᠯᠭ᠎ᠠ᠎ᠶ᠋ᠢ ᠰᠠᠢᠲᠤᠷ ᠵᠣᠬᠢᠶᠠᠨ ᠪᠠᠢᠭᠤᠯᠵᠤ᠂ ᠠᠮᠤ ᠪᠤᠳᠠᠭ᠎ᠠ᠂ ᠲᠣᠰᠣ᠂ ᠮᠢᠬ᠎ᠠ᠂ ᠥᠨᠳᠡᠭᠡ᠂ ᠨᠣᠭᠣᠭ᠎ᠠ᠂ ᠰᠦ ᠵᠡᠷᠭᠡ ᠲᠠᠸᠠᠷ ᠪᠣᠯᠤᠨ ᠮᠠᠯ ᠤᠨᠤᠭ᠎ᠠ᠎ᠶ᠋ᠢᠨ ᠲᠡᠵᠢᠭᠡᠯ ᠡᠪᠡᠰᠦ ᠪᠣᠷᠳᠣᠭᠠᠨ᠎ᠤ ᠬᠠᠩᠭᠠᠯᠭ᠎ᠠ᠎ᠶ᠋ᠢ ᠰᠠᠢᠲᠤᠷ ᠪᠠᠲᠤᠯᠠᠵᠤ᠂ ᠭᠠᠮᠱᠢᠭ᠎ᠡᠴᠡ ᠪᠤᠯᠵᠤ ᠣᠯᠠᠨ ᠲᠦᠮᠡᠨ᠎ᠦ ᠦᠢᠯᠡᠳᠪᠦᠷᠢᠯᠡᠯ ᠠᠮᠢᠳᠤᠷᠠᠯ᠎ᠳᠤ ᠦᠵᠡᠬᠦᠯᠦᠭᠰᠡᠨ ᠨᠥᠯᠥᠭᠡ᠎ᠶ᠋ᠢ ᠬᠠᠮᠤᠭ᠎ᠤᠨ ᠳᠣᠣᠷ᠎ᠠ ᠬᠡᠮᠵᠢᠶᠡᠨ᠎ᠳᠦ ᠬᠦᠷᠲᠡᠯ᠎ᠡ ᠪᠠᠭᠠᠰᠭᠠᠬᠤ ᠬᠡᠷᠡᠭ᠌ᠲᠡᠶ᠃ ᠭᠠᠮᠱᠢᠭ᠍ᠳᠠᠭ᠍ᠰᠠᠨ ᠭᠠᠵᠠᠷ ᠣᠷᠣᠨ᠎ᠤ ᠣᠯᠠᠨ ᠲᠦᠮᠡᠨ᠎ᠦ ᠣᠷᠣᠨ ᠰᠠᠭᠤᠴᠠ ᠪᠣᠯᠤᠨ ᠲᠠᠷᠢᠶᠠᠯᠠᠩ ᠮᠠᠯ ᠠᠵᠤ ᠠᠬᠤᠶ᠎ᠶ᠋ᠢᠨ ᠲᠤᠨᠤᠭ ᠲᠦᠭᠦᠭᠡᠷᠦᠮᠵᠢ ᠵᠡᠷᠭᠡ᠎ᠶ᠋ᠢ ᠦᠳᠲᠡᠷ ᠲᠦᠷᠭᠡᠨ ᠪᠦᠬᠦ᠌ ᠲᠠᠯ᠎ᠠ᠎ᠪᠠᠷ ᠵᠢᠭ᠍ᠰᠠᠭᠠᠨ ᠪᠠᠢᠴᠠᠭᠠᠵᠤ᠂ ᠪᠣᠳᠠᠲᠤ ᠪᠠᠢᠳᠠᠯ᠎ᠢ ᠦᠨᠳᠦᠰᠦᠯᠡᠨ ᠰᠡᠯᠪᠢᠨ ᠪᠡᠬᠢᠵᠢᠭᠦᠯᠬᠦ᠌᠂ ᠬᠡᠷᠡᠭ᠌ᠯᠡᠬᠦ᠌᠎ᠶ᠋ᠢ ᠨᠢ ᠵᠣᠭ᠍ᠰᠣᠭᠠᠬᠤ᠂ ᠵᠠᠢᠯᠠᠭᠤᠯᠬᠤ ᠵᠡᠷᠭᠡ ᠣᠨᠣᠪᠴᠢᠲᠠᠶ ᠠᠷᠭ᠎ᠠ ᠬᠡᠮᠵᠢᠶ᠎ᠡ ᠠᠪᠴᠤ᠌ ᠱᠢᠶ᠋ᠳᠪᠦᠷᠢᠯᠡᠨ᠂ ᠬᠥᠮᠦᠨ ᠬᠠᠷ᠎ᠠ ᠣᠯᠠᠨ ᠴᠤᠭ᠍ᠯᠠᠷᠠᠬᠤ ᠲᠠᠯᠠᠪᠤᠷ ᠭᠠᠵᠠᠷ᠎ᠤᠨ ᠠᠶᠤᠯ ᠦᠭᠡᠶ᠎ᠶ᠋ᠢᠨ ᠰᠡᠷᠭᠡᠢᠯᠡᠬᠦ᠌ ᠠᠵᠢᠯ᠎ᠳᠤ ᠳᠡᠰ ᠳᠡᠪᠱᠢᠬᠦ᠌ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠪᠤᠰᠤᠳ ᠭᠠᠮᠱᠢᠭ ᠲᠡᠭᠠᠯᠳᠤᠨ ᠡᠬᠦᠰᠬᠦ ᠡᠴᠡ ᠡᠷᠡᠰ ᠰᠡᠷᠭᠡᠢᠯᠡᠬᠦ᠌ ᠬᠡᠷᠡᠭ᠌ᠲᠡᠶ᠃ ᠭᠤᠤᠯᠳᠠᠯᠭ᠎ᠠ᠎ᠲᠠᠶ ᠵᠠᠮ᠎ᠤᠨ ᠬᠡᠰᠡᠭ᠂ ᠭᠤᠤᠯᠳᠠᠯᠭ᠎ᠠ᠎ᠲᠠᠶ ᠣᠷᠣᠨ ᠪᠠᠢᠷᠢ᠎ᠶ᠋ᠢ ᠨᠢᠭ᠍ᠲᠠ ᠴᠠᠭᠳᠠᠨ ᠪᠠᠢᠴᠠᠭᠠᠬᠤ ᠪᠠ ᠴᠢᠩᠭ᠎ᠠ ᠬᠠᠮᠢᠶᠠᠷᠤᠨ ᠡᠵᠡᠮᠳᠡᠵᠦ᠍᠂ ᠴᠠᠰᠤ ᠮᠥᠰᠥ᠎ᠶ᠋ᠢ ᠠᠷᠢᠯᠭᠠᠬᠤ᠂ ᠲᠡᠭᠡᠭᠡᠪᠦᠷᠢ᠎ᠶ᠋ᠢᠨ ᠬᠦᠴᠦᠨ᠎ᠢ ᠪᠠᠲᠤᠯᠠᠬᠤ ᠵᠡᠷᠭᠡ ᠠᠵᠢᠯ᠎ᠢ ᠴᠠᠭ ᠲᠤᠬᠠᠶ᠎ᠳᠤᠨᠢ ᠥᠨᠳᠥᠷ ᠪᠦᠲᠦᠮᠵᠢᠲᠡᠶ᠎ᠪᠡᠷ ᠵᠣᠬᠢᠶᠠᠨ ᠪᠠᠢᠭᠤᠯᠵᠤ᠂ ᠭᠠᠮᠱᠢᠭ᠎ᠤᠨ ᠳᠠᠷᠠᠭᠠᠬᠢ ᠵᠠᠮ ᠬᠠᠷᠢᠯᠴᠠᠭ᠎ᠠ᠎ᠶ᠋ᠢ ᠡᠮᠬᠢ ᠵᠢᠷᠤᠮ᠎ᠲᠠᠶ᠎ᠪᠠᠷ ᠰᠡᠷᠭᠦᠭᠡᠬᠦ᠌᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠬᠤ ᠬᠡᠷᠡᠭ᠌ᠲᠡᠶ᠃ ᠡᠯ᠎ᠡ ᠲᠠᠯ᠎ᠠ᠎ᠶ᠋ᠢᠨ ᠬᠠᠷᠢᠭᠤᠴᠠᠯᠭ᠎ᠠ᠎ᠶ᠋ᠢ ᠴᠢᠩᠭᠠᠳᠭᠠᠨ ᠪᠣᠳᠠᠲᠠᠢᠵᠢᠭᠤᠯᠵᠤ᠂ ᠭᠠᠮᠱᠢᠭ᠎ᠤᠨ ᠴᠢᠨᠠᠷᠲᠠᠶ ᠴᠠᠭ ᠠᠭᠤᠷ᠎ᠢ ᠤᠷᠢᠳᠴᠢᠯᠠᠨ ᠵᠢᠱ᠌ᠢᠵᠦ᠍ ᠤᠷᠢᠳᠴᠢᠯᠠᠨ ᠮᠡᠳᠡᠭᠡᠯᠡᠵᠦ᠍ ᠤᠷᠢᠳᠴᠢᠯᠠᠨ ᠰᠡᠷᠡᠮᠵᠢᠯᠡᠭᠦᠯᠬᠦ᠌ ᠪᠠ ᠮᠡᠳᠡᠭᠡ ᠵᠠᠩᠭᠢ᠎ᠶ᠋ᠢ ᠰᠠᠭᠠᠳ ᠥᠬᠡᠶ ᠲᠡᠬᠡᠭᠰᠢ ᠮᠡᠳᠡᠭᠦᠯᠬᠦ᠌᠎ᠶ᠋ᠢ ᠴᠢᠩᠭᠠᠳᠭᠠᠵᠤ᠂ ᠪᠠᠴᠢᠮ ᠪᠠᠢᠳᠠᠯ᠎ᠢ ᠠᠷᠭᠠᠴᠠᠭᠠᠨ ᠵᠢᠵᠢᠭᠦᠷᠯᠡᠬᠦ ᠪᠠ ᠵᠥᠪᠳᠡᠯᠴᠡᠵᠤ ᠵᠠᠳᠠᠯᠬᠤ᠎ᠶ᠋ᠢ ᠴᠢᠩᠭᠠᠳᠭᠠᠵᠤ᠂ ᠭᠠᠮᠱᠢᠭ᠎ᠠᠴᠠ ᠠᠪᠤᠷᠬᠠᠸ᠋ ᠡᠳ᠋ ᠪᠣᠳᠠᠰ᠎ᠢ ᠨᠥᠭᠡᠴᠡᠯᠡᠬᠦ ᠪᠠ ᠪᠠᠴᠢᠮ ᠠᠪᠤᠷᠠᠨ ᠲᠤᠰᠠᠯᠠᠬᠤ ᠪᠡᠯᠡᠳᠭᠡᠯ᠎ᠢ ᠴᠢᠩᠭᠠᠳᠭᠠᠵᠤ᠂ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ᠎ᠠᠴᠠ ᠠᠪᠤᠷᠬᠠᠸ᠋ ᠡᠯ᠎ᠡ ᠵᠦᠶ᠋ᠯ᠎ᠦᠨ ᠠᠵᠢᠯ᠎ᠢ ᠯᠠᠪᠳᠠᠭᠤᠨ ᠪᠠᠲᠤᠲᠠᠶ ᠲᠤᠭᠤᠱᠢᠲᠠᠶ ᠬᠢᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号