ᠠᠯᠠᠱᠠ ᠠᠢᠮᠠᠭ ᠤᠨ ᠨᠠᠮ ᠤᠨ ᠬᠣᠷᠢᠶᠠᠨ ᠤ ᠱᠦᠵᠢ ᠳᠠᠢᠴᠢᠨ
ᠲᠥᠪᠦᠨ ᠦᠨᠳᠦᠰᠦᠲᠡᠨ ᠦ ᠠᠵᠢᠯᠤᠨ ᠬᠤᠷᠠᠯ ᠡᠴᠡ ᠶᠡᠷᠦᠩᠬᠡᠢ ᠱᠦᠵᠢ ᠰᠢᠶ᠋ᠢᠨ ᠫᠢᠩ ᠦᠨ ᠦᠨᠳᠦᠰᠦᠲᠡᠨ ᠦ
ᠠᠵᠢᠯ ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶ᠋ᠢ ᠱᠢᠰᠲ᠋ᠧᠮ ᠲᠡᠶ ᠲᠣᠳᠣᠷᠬᠠᠢᠯᠠᠨ
ᠥᠭᠦᠯᠡᠵᠦ᠍᠂ ᠱᠢᠨ᠎ᠡ ᠴᠠᠭ ᠦᠶᠡᠶ᠋ᠢᠨ ᠨᠠᠮ ᠤᠨ ᠦᠨᠳᠦᠰᠦᠲᠡᠨ ᠦ ᠠᠵᠢᠯ ᠤᠨ ᠭᠣᠣᠯ ᠰᠡᠳᠦᠪ ᠭᠣᠣᠯ ᠱᠢᠵᠢᠮ
ᠢ ᠲᠣᠳᠣᠷᠬᠠᠢ ᠳᠤᠷᠠᠳᠴᠠᠢ᠃ ᠱ᠌ᠢᠲᠡᠶ ᠹᠸᠩ ᠱᠦᠵᠢ ᠥᠪᠡᠷᠲᠡᠭᠡᠨ ᠵᠠᠰᠠᠬᠤ ᠣᠷᠣᠨ ᠤ ᠨᠠᠮᠤᠨ ᠬᠣᠷᠢᠶᠠᠨ
ᠤ ᠦᠨᠳᠦᠰᠦᠲᠡᠨ ᠦ ᠠᠵᠢᠯᠤᠨ ᠬᠤᠷᠠᠯ ᠳᠡᠭᠡᠷ᠎ᠡ᠂ ᠳᠤᠮᠳᠠᠳᠤ ᠶ᠋ᠢᠨ ᠦᠨᠳᠦᠰᠦᠲᠡᠨ ᠦ ᠬᠠᠮᠲᠤ ᠵᠢᠨ ᠴᠣᠭ᠍ᠴᠠ
ᠶ᠋ᠢᠨ ᠤᠬᠠᠮᠰᠠᠷ ᠢ ᠪᠠᠲᠤ ᠴᠣᠭ᠍ᠴᠠᠯᠠᠬᠤ ᠡᠨᠡ ᠬᠦ᠌ ᠭᠤᠤᠯ ᠱᠢᠵᠢᠮ ᠢ ᠦᠨᠳᠦᠰᠦᠲᠡᠨ ᠦ ᠠᠵᠢᠯ ᠤᠨ ᠪᠥᠬᠥ᠌
ᠶᠠᠪᠤᠴᠠ ᠡᠯ᠎ᠡ ᠲᠠᠯ᠎ᠠ ᠳᠤ ᠲᠤᠭᠤᠱᠢᠯᠠᠭᠤᠯᠵᠤ ᠂ ᠪᠣᠶ ᠪᠥᠬᠥᠶ ᠠᠵᠢᠯ ᠢ ᠴᠥᠮ ᠡᠭᠦᠨᠳᠦ ᠲᠥᠪᠯᠡᠷᠡᠭᠦᠯᠬᠦ᠌
ᠬᠡᠷᠡᠭ᠌ᠲᠡᠶ ᠬᠡᠵᠦ ᠴᠢᠬᠤᠯᠠᠴᠢᠯᠠᠪᠠ ᠃ ᠠᠯᠠᠱᠠ ᠠᠢᠮᠠᠭ ᠲᠥᠪ ᠦᠨ ᠪᠠ ᠥᠪᠡᠷᠲᠡᠭᠡᠨ ᠵᠠᠰᠠᠬᠤ ᠣᠷᠣᠨ ᠤ ᠨᠠᠮ
ᠤᠨ ᠬᠣᠷᠢᠶᠠᠨ ᠤ ᠦᠨᠳᠦᠰᠦᠲᠡᠨ ᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠶ
ᠲᠤᠭᠤᠱᠢᠯᠠᠭᠤᠯᠤᠨ ᠨᠠᠢᠳᠠᠪᠤᠷᠢᠵᠢᠭᠤᠯᠵᠤ ᠂ ᠦᠨᠳᠦᠰᠦᠲᠡᠨ ᠦ ᠠᠵᠢᠯ ᠢ ᠪᠥᠬᠥ᠌ ᠲᠠᠯ᠎ᠠ ᠶ᠋ᠢᠨ ᠴᠢᠨᠠᠷᠲᠠᠶ
ᠠᠵᠢᠯ ᠂ ᠪᠠᠢᠯᠳᠤᠬᠤ ᠪᠣᠳᠣᠯᠭ᠎ᠠ ᠶ᠋ᠢᠨ ᠴᠢᠨᠠᠷᠲᠠᠶ ᠡᠭᠦᠷᠭᠡ᠂ ᠰᠠᠭᠤᠷᠢ ᠴᠢᠨᠠᠷᠲᠠᠶ ᠦᠶ᠋ᠯᠡᠰ ᠪᠣᠯᠭᠠᠨ ᠠᠳᠭᠤᠬᠤ
ᠶ᠋ᠢ ᠪᠠᠷᠢᠮᠲᠠᠯᠠᠵᠤ᠂ 《ᠲᠠᠪᠤᠶ᠋ᠢ ᠴᠢᠩᠭᠠᠳᠭᠠᠨ ᠬᠥᠲᠥᠯᠥᠨ ᠳᠠᠭᠠᠭᠤᠯᠬᠤ 》ᠶ᠋ᠢ ᠳᠣᠪᠣᠢᠯᠭᠠᠵᠤ ᠂ ᠦᠨᠳᠦᠰᠦᠲᠡᠨᠦ ᠠᠵᠢᠯᠤᠨ ᠴᠢᠨᠠᠷ ᠰᠠᠢᠲᠠᠶ ᠬᠥᠭ᠌ᠵᠢᠯᠲᠡ ᠶ᠋ᠢ
ᠯᠠᠪᠳᠠᠭᠤᠨ ᠪᠠᠲᠤᠲᠠᠶ ᠠᠬᠢᠭᠤᠯᠪᠠ ᠃
ᠤᠯᠤᠰ ᠲᠥᠷᠥ ᠪᠡᠷ ᠬᠦᠳᠦᠯᠦᠨ ᠳᠠᠭᠠᠭᠤᠯᠬᠤ ᠵᠢ ᠴᠢᠩᠭᠠᠳᠭᠠᠵᠤ᠂ ᠦᠨᠳᠦᠰᠦᠲᠡᠨᠦ ᠠᠵᠢᠯ ᠤᠨ ᠵᠥᠪ ᠴᠢᠭ᠌ᠯᠡᠯ ᠢ ᠪᠠᠲᠤᠳᠭᠠᠪᠠ᠃ ᠶᠡᠷᠦᠩᠬᠡᠢ ᠱᠦᠵᠢ ᠰᠢᠶ᠋ᠢᠨ ᠫᠢᠩ᠂ ᠦᠨᠳᠦᠰᠦᠲᠡᠨ ᠦ ᠠᠵᠢᠯ
ᠢ ᠰᠠᠢᠲᠤᠷ ᠬᠢᠵᠦ᠍ ᠳᠡᠢᠯᠬᠦ᠌ ᠡᠰᠡᠬᠦ᠌ ᠶ᠋ᠢᠨ ᠬᠠᠮᠤᠭ ᠤᠨ ᠦᠨᠳᠦᠰᠦᠨ ᠵᠦᠢᠯ ᠪᠣᠯ ᠳᠠᠷᠤᠢ ᠨᠠᠮ ᠤᠨ ᠤᠳᠤᠷᠢᠳᠤᠯᠭ᠎ᠠ ᠪᠠᠲᠤ ᠴᠢᠩᠭ᠎ᠠ ᠬᠦᠴᠦᠨ
ᠳᠡᠭᠦᠯᠳᠡᠷ ᠪᠠᠢᠬᠤ ᠡᠰᠡᠬᠦ᠌ ᠳᠦ ᠪᠤᠢ ᠭᠡᠵᠦ᠍ ᠵᠢᠭᠠᠵᠤ
ᠭᠠᠷᠭᠠᠪᠠ ᠃ ᠪᠢᠳᠡ ᠦᠨᠳᠦᠰᠦᠲᠡᠨ ᠦ ᠠᠵᠢᠯ ᠢ ᠡᠯ᠎ᠡ ᠱᠠᠲᠤᠨ ᠤ ᠨᠠᠮ ᠤᠨ ᠬᠣᠷᠢᠶᠠᠨ ᠤ ᠡᠳᠦᠷ ᠲᠤᠳᠤᠮ
ᠤᠨ ᠴᠢᠬᠤᠯᠠ ᠵᠥᠪᠯᠡᠬᠦ᠌ ᠵᠦᠢᠯ᠂ ᠤᠯᠤᠰ ᠲᠥᠷᠥ ᠶ᠋ᠢᠨ ᠴᠠᠭ᠍ᠳᠠᠨ ᠪᠠᠢᠴᠠᠭᠠᠯᠲᠠ ᠶ᠋ᠢᠨ ᠴᠢᠬᠤᠯᠠ ᠠᠭᠤᠯᠭ᠎ᠠ᠂ ᠤᠳᠤᠷᠢᠳᠭᠤ ᠪᠠᠭ ᠪᠣᠯᠤᠨ ᠤᠳᠤᠷᠢᠳᠭᠤ ᠺᠠᠳ᠋ᠷ ᠤᠨ ᠪᠣᠳᠠᠲᠤ ᠠᠮᠵᠢᠯᠲᠠ ᠶ᠋ᠢ ᠬᠢᠨᠠᠨ ᠱᠢᠯᠭᠠᠬᠤ ᠭᠤᠤᠯᠳᠠᠯᠭ᠎ᠠ ᠳ᠋ᠠᠭᠠᠨ ᠣᠷᠣᠭᠤᠯᠵᠦ᠂ ᠨᠠᠮ ᠤᠨ ᠦᠨᠳᠦᠰᠦᠲᠡᠨ ᠦ ᠲᠦᠷᠦ᠍ ᠶ᠋ᠢᠨ
ᠪᠤᠳᠤᠯᠭ᠎ᠠ ᠦᠨᠳᠦᠰᠦᠲᠡᠨ ᠦ ᠤᠨᠤᠯ ᠢ ᠡᠯ᠎ᠡ ᠱᠠᠲᠤᠨ ᠤ ᠨᠠᠮ ᠤᠨ ᠬᠣᠷᠢᠶ᠎ᠠ ( ᠨᠠᠮᠤᠨ ᠤᠳᠤᠷᠢᠳᠭᠤ ᠳᠤᠭᠤᠢᠯᠠᠩ ) ᠵᠢᠨ ᠤᠨᠤᠯ
ᠰᠤᠷᠤᠯᠴᠠᠬᠤ ᠭᠣᠣᠯ ᠳᠤᠭᠤᠢᠯᠠᠩ ᠤᠨ ᠰᠤᠷᠤᠯᠴᠠᠯᠭ᠎ᠠ ᠪᠣᠯᠤᠨ ᠨᠠᠮ ᠤᠨ ᠰᠤᠷᠭᠠᠭᠤᠯᠢ ᠶ᠋ᠢᠨ ᠺᠠᠳ᠋ᠷ ᠤᠨ
ᠬᠥᠮᠦᠵᠢᠯ ᠪᠣᠯᠪᠠᠰᠤᠷᠠᠯ ᠤᠨ ᠠᠭᠤᠯᠭ᠎ᠠ ᠳᠤ ᠣᠷᠣᠭᠤᠯᠵᠦ ᠂ ᠠᠢᠮᠠᠭ ᠤᠨ ᠨᠠᠮ ᠤᠨ ᠬᠣᠷᠢᠶᠠᠨ ᠤ ᠦᠨᠳᠦᠰᠦᠲᠡᠨ
ᠦ ᠠᠵᠢᠯ ᠤᠨ ᠬᠤᠷᠠᠯ ᠢ ᠬᠤᠷᠠᠯᠳᠤᠭᠤᠯᠵᠦ᠂ ᠥᠷᠭᠡᠨ ᠣᠯᠠᠨ ᠨᠠᠮ ᠤᠨ ᠭᠡᠱᠢᠭᠦᠨ ᠺᠠᠳ᠋ᠷ ᠢ ᠬᠥᠮᠦᠵᠢᠭᠦᠯᠦᠨ
ᠵᠢᠯᠣᠭᠣᠳᠴᠤ᠌ ᠶᠡᠷᠦᠩᠬᠡᠶ ᠱᠦᠵᠢ ᠰᠢᠶ᠋ᠢᠨ ᠫᠢᠩ ᠦᠨ ᠦᠨᠳᠦᠰᠦᠲᠡᠨ ᠦ ᠠᠵᠢᠯ ᠢ ᠴᠢᠩᠭᠠᠳᠭᠠᠨ ᠰᠠᠢᠵᠢᠷᠠᠭᠤᠯᠬᠤ
ᠲᠤᠬᠠᠶ ᠴᠢᠬᠤᠯᠠ ᠦᠵᠡᠯ ᠰᠠᠨᠠᠭ᠎ᠠ ᠶ᠋ᠢ ᠭᠦᠨᠵᠡᠭᠡᠶ ᠰᠤᠷᠤᠯᠴᠠᠨ ᠨᠠᠷᠢᠯᠢᠭ ᠣᠢᠯᠠᠭᠠᠭᠤᠯᠵᠦ᠂ ᠤᠯᠤᠰ ᠲᠥᠷᠥ
ᠶ᠋ᠢᠨ ᠮᠠᠭᠠᠳᠯᠠᠬᠤ ᠴᠢᠳᠠᠪᠤᠷᠢ ᠂ ᠤᠯᠤᠰ ᠲᠥᠷᠥ ᠶ᠋ᠢᠨ ᠤᠢᠯᠠᠭᠠᠬᠤ ᠴᠢᠳᠠᠪᠤᠷᠢ᠂ ᠤᠯᠤᠰ ᠲᠦᠷᠦ᠍ ᠶ᠋ᠢᠨ
ᠭᠦᠢᠴᠡᠳᠭᠡᠬᠦ᠌ ᠴᠢᠲᠠᠪᠤᠷᠢ ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠵᠦ ᠂ ᠦᠨᠳᠦᠰᠦᠲᠡᠨ ᠦ ᠠᠰᠠᠭᠤᠳᠠᠯ
ᠢ ᠰᠢᠢᠳᠪᠤᠷᠢᠯᠡᠬᠦᠳᠦ ᠠᠯᠳᠠᠭ᠎ᠠ ᠭᠠᠷᠭᠠᠬᠤ ᠦᠭᠡᠢ᠂ ᠦᠨᠳᠦᠰᠦᠲᠡᠨᠦ ᠬᠠᠷᠢᠴᠠᠭ᠎ᠠ ᠶ᠋ᠢ ᠵᠤᠬᠢᠴᠠᠭᠤᠯᠬᠤᠳᠦ
ᠴᠢᠭᠯᠡᠯᠳᠡ ᠵᠢ ᠬᠤᠪᠢᠷᠠᠭᠤᠯᠬᠤ ᠦᠭᠡᠢ ᠂ ᠦᠨᠳᠦᠰᠦᠲᠡᠨ ᠦ ᠠᠵᠢᠯ ᠢ ᠠᠬᠢᠭᠤᠯᠬᠤᠳᠦ ᠬᠡᠯᠪᠡᠢᠭᠦ ᠦᠭᠡᠢ ᠪᠠᠢᠬᠤ
ᠵᠢ ᠦᠨᠡᠨ ᠬᠦ᠌ ᠪᠠᠶᠠᠯᠡᠭᠦᠯᠪᠠ᠃
ᠭᠤᠤᠯ ᠱᠢᠵᠢᠮ ᠢᠶᠡᠷ ᠬᠥᠲᠥᠯᠥᠨ ᠳᠠᠭᠠᠭᠤᠯᠬᠤᠶ᠋ᠢ ᠴᠢᠩᠭᠠᠳᠭᠠᠵᠤ᠂ ᠳᠤᠮᠳᠠᠳᠤ
ᠶ᠋ᠢᠨ ᠦᠨᠳᠦᠰᠦᠲᠡᠨ ᠦ ᠬᠠᠮᠲᠤ ᠵᠢᠨ ᠴᠣᠭ᠍ᠴᠠ ᠶ᠋ᠢᠨ ᠣᠢᠯᠠᠭᠠᠭ᠍ᠳᠠᠬᠤᠨ ᠢ ᠪᠤᠢ ᠪᠣᠯᠭᠠᠪᠠ᠃ ᠶᠡᠷᠦᠩᠬᠡᠢ
ᠱᠦᠵᠢ ᠰᠢᠶ᠋ᠢᠨ ᠫᠢᠩ᠂ ᠳᠤᠮᠳᠠᠳᠤ ᠶ᠋ᠢᠨ ᠦᠨᠳᠦᠰᠦᠲᠡᠨ ᠦ ᠬᠠᠮᠲᠤ ᠵᠢᠨ ᠴᠣᠭ᠍ᠴᠠ ᠶ᠋ᠢᠨ ᠤᠬᠠᠮᠰᠠᠷ ᠪᠣᠯ ᠦᠨᠳᠦᠰᠦᠲᠡᠨ ᠦ ᠪᠦᠯᠬᠦᠮᠳᠡᠯ ᠦᠨ ᠦᠨᠳᠦᠰᠦ ᠮᠥᠨ᠃ ᠪᠢᠳᠡ
ᠳᠤᠮᠳᠠᠳᠤ ᠶ᠋ᠢᠨ ᠦᠨᠳᠦᠰᠦᠲᠡᠨ ᠦ ᠬᠠᠮᠲᠤ ᠵᠢᠨ ᠴᠣᠭ᠍ᠴᠠ ᠶ᠋ᠢᠨ ᠤᠬᠠᠮᠰᠠᠷ ᠢ ᠪᠠᠲᠤ ᠴᠣᠭ᠍ᠴᠠᠯᠠᠬᠤ ᠪᠠ
ᠨᠠᠮᠤᠨ ᠲᠡᠦᠬᠡ᠂ ᠱᠢᠨ᠎ᠡ ᠳᠤᠮᠳᠠᠳᠤ ᠤᠯᠤᠰᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶ᠋ᠢᠨ ᠲᠡᠦᠬᠡ
᠂ ᠨᠡᠢᠭᠡᠮ ᠵᠢᠷᠤᠮ ᠤᠨ ᠬᠥᠭ᠌ᠵᠢᠯᠲᠡ ᠶ᠋ᠢᠨ ᠲᠡᠦᠬᠡ ᠢ᠋ᠢᠨ ᠰᠤᠷᠤᠯᠴᠠᠯᠭ᠎ᠠ ᠬᠥᠮᠦᠵᠢᠯ ᠢ ᠤᠶᠠᠯᠳᠤᠭᠤᠯᠤᠨ᠂ ᠨᠡᠢᠭᠡᠮ ᠳᠠᠶᠠᠭᠠᠷ ᠲᠤ ᠮᠠᠷᠺᠰᠤᠨ ᠦᠵᠡᠯ
ᠦᠨ ᠦᠨᠳᠦᠰᠦᠲᠡᠨ ᠦ ᠦᠵᠡᠯᠲᠡ᠂ ᠲᠡᠦᠬᠡ ᠶ᠋ᠢᠨ ᠪᠣᠳᠠᠰᠴᠢ ᠦᠵᠡᠯᠲᠡ᠂ ᠦᠨᠳᠦᠰᠦᠲᠡᠨ ᠦ ᠣᠷᠣᠨ ᠤ ᠥᠪᠡᠷᠲᠡᠭᠡᠨ
ᠵᠠᠰᠠᠬᠤ ᠬᠠᠤᠯᠢ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠦ ᠪᠦᠯᠬᠦᠮᠳᠡᠯ ᠳᠠᠪᠱᠢᠯᠲᠠ ᠶ᠋ᠢ ᠠᠬᠢᠭᠤᠯᠬᠤ
ᠲᠦᠷᠢᠮ ᠵᠡᠷᠭᠡᠪᠡᠷ ᠭᠤᠤᠯ ᠠᠭᠤᠯᠭ᠎ᠠ ᠪᠣᠯᠭᠠᠭ᠍ᠰᠠᠨ ᠨᠠᠮ ᠤᠨ ᠦᠨᠳᠦᠰᠦᠲᠡᠨ ᠦ ᠣᠨᠣᠯ ᠲᠥᠷᠥ ᠶ᠋ᠢᠨ ᠪᠣᠳᠣᠯᠭ᠎ᠠ
ᠬᠠᠤᠯᠢ ᠲᠣᠭ᠍ᠲᠠᠭᠠᠯ ᠤᠨ ᠤᠬᠠᠭᠤᠯᠭ᠎ᠠ ᠬᠥᠮᠦᠵᠢᠯ ᠢ᠋
ᠦᠷᠭᠡᠨ ᠢ᠋ᠢᠡᠷ ᠦᠷᠨᠢᠭᠦᠯᠵᠦ᠂ ᠪᠦᠬᠦ᠌ ᠠᠢᠮᠠᠭ ᠤᠨ ᠦᠨᠳᠦᠰᠦᠲᠡᠨᠨᠦᠭᠦᠳ
ᠦᠨ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠣᠳᠴᠤ᠌ ᠪᠠᠢᠭᠠᠳ ᠵᠥᠪ ᠣᠨᠣᠪᠴᠢᠲᠠᠶ ᠤᠯᠤᠰ ᠤᠨ ᠦᠵᠡᠯᠲᠡ
᠂ ᠲᠡᠦᠬᠡ ᠶ᠋ᠢᠨ ᠦᠵᠡᠯᠲᠡ᠂ ᠦᠨᠳᠦᠰᠦᠲᠡᠨ ᠦ ᠦᠵᠡᠯᠲᠡ ᠂ ᠰᠣᠶᠣᠯ ᠤᠨ ᠦᠵᠡᠯᠲᠡ ᠂ ᠱᠠᠱᠢᠨ ᠰᠤᠷᠲᠠᠬᠤᠨ ᠤ
ᠦᠵᠡᠯᠲᠡ ᠶ᠋ᠢ ᠪᠣᠶ ᠪᠣᠯᠭᠠᠪᠠ᠃ ᠦᠨᠳᠦᠰᠦᠲᠡᠨᠨᠦᠭᠦᠳ ᠦᠨ ᠣᠯᠠᠨ ᠲᠦᠮᠡᠨ ᠬᠠᠷᠢᠯᠴᠠᠨ ᠲᠦᠱᠢᠯᠴᠡᠨ ᠣᠷᠣᠱᠢᠵᠤ
᠂ ᠠᠬ᠎ᠠ ᠳᠡᠭᠦᠦ ᠪᠣᠯᠤᠯᠴᠠᠵᠦ ᠂ ᠨᠢᠭᠡ ᠭᠡᠷ ᠪᠦᠯᠢ ᠳ᠋ᠤ
ᠬᠣᠶᠠᠷ ᠪᠤᠶᠤ ᠣᠯᠠᠨ ᠦᠨᠳᠦᠰᠦᠲᠡᠨ ᠦ ᠪᠦᠷᠢᠯᠳᠦᠬᠦᠨ ᠲᠠᠢ
ᠭᠡᠷ ᠪᠦᠯᠢ ᠠᠯᠠᠱᠠ ᠳᠤ ᠮᠠᠰᠢ ᠲᠦᠭᠡᠮᠡᠯ ᠪᠠᠢᠵᠦ ᠂ 《 ᠦᠨᠳᠦᠰᠦᠲᠡᠨ ᠨᠤᠬᠦᠳ
ᠪᠦᠯᠬᠦᠮᠲᠡᠵᠦ ᠨᠢᠭᠡ ᠭᠡᠷ ᠦᠨ ᠬᠥᠮᠦᠨ ᠮᠡᠲᠦ ᠳᠣᠲᠣᠨᠣ 》 ᠠᠭᠤᠷ ᠠᠮᠢᠰᠭᠤᠯ
ᠮᠠᠰᠢ ᠭᠦᠨ ᠵᠤᠵᠠᠭᠠᠨ ᠪᠠᠢᠲᠠᠭ ᠃
ᠰᠣᠶᠣᠯ ᠵᠢᠡᠷ ᠬᠦᠳᠦᠯᠦᠨ ᠳᠠᠭᠠᠭᠤᠯᠬᠤ ᠵᠢ ᠴᠢᠩᠭᠠᠳᠭᠠᠵᠤ᠂ ᠦᠨᠳᠦᠰᠦᠲᠡᠨᠨᠦᠭᠦᠳ ᠦᠨ ᠬᠠᠮᠲᠤ ᠶ᠋ᠢᠨ ᠣᠶᠤᠨ ᠰᠠᠨᠠᠭᠠᠨ ᠤ ᠭᠡᠷ ᠣᠷᠣᠨ ᠢ ᠪᠠᠢᠭᠤᠯᠪᠠ᠃ ᠶᠡᠷᠦᠩᠬᠡᠢ ᠱᠦᠵᠢ ᠰᠢᠶ᠋ᠢᠨ ᠫᠢᠩ᠂ ᠦᠨᠳᠦᠰᠦᠲᠡᠨ ᠦ ᠪᠦᠯᠬᠦᠮᠳᠡᠯ
ᠢ ᠴᠢᠩᠭᠠᠳᠭᠠᠬᠤ ᠶ᠋ᠢᠨ ᠠᠯᠤᠰ ᠬᠡᠳᠦ᠍ ᠶ᠋ᠢᠨ ᠪᠠ ᠦᠨᠳᠦᠰᠦᠨ
ᠵᠦᠢᠯ ᠪᠣᠯ ᠰᠣᠶᠣᠯ ᠤᠨ ᠬᠠᠮᠲᠤ ᠶ᠋ᠢᠨ ᠲᠠᠨᠢᠯᠲᠠ ᠶ᠋ᠢ
ᠴᠢᠩᠭᠠᠳᠭᠠᠵᠤ᠂ ᠦᠨᠳᠦᠰᠦᠲᠡᠨᠨᠦᠭᠦᠳ ᠦᠨ ᠬᠠᠮᠲᠤ ᠶ᠋ᠢᠨ ᠤᠶᠤᠨ ᠰᠠᠨᠠᠭᠠᠨ ᠤ ᠭᠡᠷ ᠣᠷᠣᠨᠢ ᠪᠠᠢᠭᠤᠯᠬᠤ
ᠶᠠᠪᠤᠳᠠᠯ ᠪᠣᠯᠤᠨ᠎ᠠ ᠭᠡᠵᠦ᠍ ᠵᠢᠭᠠᠵᠤ ᠭᠠᠷᠭᠠᠪᠠ᠃ ᠪᠢᠳᠡ ᠨᠡᠢᠭᠡᠮ ᠵᠢᠷᠤᠮ ᠤᠨ ᠭᠣᠣᠯᠯᠠᠬᠴᠢ ᠦᠷᠳᠡᠭ ᠦᠨ
ᠦᠵᠡᠯᠲᠡ ᠶ᠋ᠢ ᠢᠳᠡᠪᠬᠢᠲᠡᠢ ᠪᠣᠢᠵᠢᠭᠤᠯᠤᠨ ᠦᠢᠯᠡᠳᠦᠯᠭᠡᠵᠢᠭᠦᠯᠵᠤ᠂ ᠤᠯᠤᠰ ᠤᠨ ᠨᠡᠢᠳᠡᠮ ᠬᠡᠷᠡᠭ᠌ᠯᠡᠬᠦ᠌ ᠦᠭᠡ
ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠤ᠂ ᠤᠯᠤᠰ ᠤᠨ ᠨᠢᠭᠡᠳᠦᠯᠲᠡᠢ ᠨᠠᠢᠷᠠᠭᠤᠯᠤᠭ᠍ᠰᠠᠨ
ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭ᠌ᠯᠡᠵᠤ᠂ ᠠᠯᠠᠱᠠ ᠶ᠋ᠢᠨ ᠬᠤᠪᠢᠰᠭᠠᠯ ᠤᠨ ᠡᠬᠢ ᠪᠠᠶᠠᠯᠢᠭ ᠢ ᠠᠭᠤᠳᠠᠯᠵᠤ᠂ ᠡᠵᠡᠨ᠎ᠡ ᠶ᠋ᠢᠨ
ᠰᠠᠨᠰᠠᠷ ᠤᠨ ᠠᠶᠠᠯᠠᠯ ᠤᠨ ᠵᠣᠷᠢᠭ ᠰᠠᠨᠠᠭᠠᠨ ᠤ ᠬᠥᠮᠦᠵᠢᠯ ᠦᠨ ᠰᠠᠭᠤᠷᠢᠨ ᠢ ᠪᠥᠲᠥᠭᠡᠨ ᠪᠠᠢᠭᠤᠯᠵᠤ᠂
ᠨᠡᠢᠭᠡᠮ ᠵᠢᠷᠤᠮ ᠤᠨ ᠲᠡᠷᠢᠭᠦᠨ ᠦ ᠰᠣᠶᠣᠯ ᠢᠶᠠᠷ ᠦᠨᠳᠦᠰᠦᠲᠡᠨᠨᠦᠭᠦᠳ ᠦᠨ ᠰᠣᠶᠣᠯ ᠢ ᠤᠯᠠᠮᠵᠢᠯᠠᠨ ᠬᠥᠭ᠌ᠵᠢᠭᠦᠯᠬᠦ᠌
ᠶ᠋ᠢ ᠬᠥᠲᠥᠯᠥᠨ ᠳᠠᠭᠠᠭᠤᠯᠬᠤ ᠶᠢ ᠠᠬᠢᠭᠤᠯᠤᠨ᠂ ᠳᠤᠮᠳᠠᠳᠤ ᠶ᠋ᠢᠨ ᠱᠢᠯᠢᠳᠡᠭ ᠤᠯᠠᠮᠵᠢᠯᠠᠯᠲᠤ ᠰᠣᠶᠣᠯ ᠢ
ᠶᠡᠬᠡ ᠪᠡᠷ ᠪᠠᠳᠠᠷᠠᠭᠤᠯᠬᠤ ᠶ᠋ᠢᠨ ᠬᠠᠮᠲᠤ᠌᠂ ᠤᠯᠠᠭᠠᠨᠮᠥ᠋ᠴᠢᠷ ᠦᠨ ᠨᠠᠷᠠᠲᠤ ᠲᠡᠮᠳᠡᠭ᠌ᠲᠦ᠍ ᠶ᠋ᠢ ᠪᠣᠶ ᠪᠣᠯᠭᠠᠨ᠂
ᠮᠣᠩᠭᠣᠯ ᠦᠨᠳᠦᠰᠦᠲᠡᠨ ᠦ ᠤᠷᠲᠤ ᠶ᠋ᠢᠨ ᠳᠠᠭᠤᠤ ᠶ᠋ᠢ ᠤᠯᠠᠮᠵᠢᠯᠠᠨ ᠬᠥᠭ᠌ᠵᠢᠭᠦᠯᠵᠤ᠂ ᠰᠠᠪᠡᠷᠳᠠᠩ ᠪᠥᠵᠢᠭ
ᠵᠡᠷᠭᠡ ᠱᠢᠯᠢᠳᠡᠭ ᠤᠳᠭ᠎ᠠ ᠤᠷᠠᠯᠢᠭ᠂ 《ᠭᠤᠷᠪᠠᠨ ᠰᠠᠯᠵᠤ ᠴᠢᠳᠠᠬᠤ ᠦᠭᠡᠢ》᠂ 《ᠲᠠᠪᠤᠨ ᠬᠠᠮᠲᠤᠶ᠋ᠢᠨ ᠲᠠᠨᠢᠯᠲᠠ》 ᠶ᠋ᠢᠨ ᠦᠵᠡᠯ ᠰᠠᠨᠠᠭ᠎ᠠ ᠦᠨᠳᠦᠰᠦᠲᠡᠨᠨᠦᠭᠦᠳᠦᠨ ᠣᠯᠠᠨ ᠲᠦᠮᠡᠨ ᠦ ᠰᠡᠳᠭᠢᠯ ᠳᠦ
ᠭᠦᠨ ᠬᠠᠳᠠᠩᠱᠢᠵᠤ᠂ ᠦᠨᠳᠦᠰᠦᠲᠡᠨ ᠦ ᠪᠦᠯᠬᠦᠮᠳᠡᠯ᠂ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠢᠭᠤᠯᠬᠤ
ᠣᠶᠤᠨ ᠤᠬᠠᠭᠠᠨ ᠪᠠ ᠬᠦᠴᠦᠨ ᠴᠢᠳᠠᠯ ᠠᠯᠠᠱᠠ ᠳᠤ ᠭᠦᠶ᠋ᠴᠡᠳ
ᠲᠥᠪᠯᠡᠷᠡᠪᠡ᠃
ᠡᠭᠦᠳᠦᠨ ᠪᠠᠢᠭᠤᠯᠬᠤ ᠪᠡᠷ ᠬᠥᠲᠥᠯᠥᠨ ᠳᠠᠭᠠᠭᠤᠯᠬᠤ ᠶ᠋ᠢ ᠴᠢᠩᠭᠠᠳᠭᠠᠵᠤ᠂
ᠦᠨᠳᠦᠰᠦᠲᠡᠨ ᠦ ᠪᠦᠯᠬᠦᠮᠳᠡᠯ ᠦᠨ ᠭᠦᠨᠵᠡᠭᠡᠢᠷᠡᠨ ᠬᠥᠭ᠌ᠵᠢᠬᠦ᠌ ᠶ᠋ᠢ ᠠᠬᠢᠭᠤᠯᠵᠠᠢ᠃ ᠶᠡᠷᠦᠩᠬᠡᠢ ᠱᠦᠵᠢ ᠰᠢᠶ᠋ᠢᠨ
ᠫᠢᠩ᠂ ᠦᠨᠳᠦᠰᠦᠲᠡᠨᠨᠦᠭᠦᠳ ᠦᠨ ᠶᠡᠬᠡ ᠪᠦᠯᠬᠦᠮᠳᠡᠯ ᠦᠨ ᠲᠤᠭ ᠢ ᠥᠨᠳᠥᠷ ᠮᠠᠨᠳᠤᠭᠤᠯᠵᠤ᠂ ᠦᠨᠳᠦᠰᠦᠲᠡᠨᠦ
ᠪᠦᠯᠬᠦᠮᠳᠡᠯ ᠳᠠᠪᠱᠢᠯᠲᠠᠶ᠋ᠢ ᠡᠭᠦᠳᠦᠨ ᠪᠠᠢᠭᠤᠯᠬᠤ ᠠᠵᠢᠯ ᠢ ᠭᠦᠨᠵᠡᠭᠡᠢ ᠠᠬᠢᠭᠤᠯᠬᠤ ᠬᠡᠷᠡᠭ᠌ᠲᠡᠢ ᠭᠡᠵᠦ᠍
ᠴᠢᠬᠤᠯᠠᠴᠢᠯᠠᠪᠠ᠃ ᠪᠢᠳᠡ ᠪᠥᠬᠥ᠌ ᠤᠯᠤᠰ ᠤᠨ ᠦᠨᠳᠦᠰᠦᠲᠡᠨ ᠦ ᠪᠦᠯᠬᠦᠮᠳᠡᠯ ᠳᠠᠪᠱᠢᠯᠲᠠ ᠶ᠋ᠢᠨ ᠵᠢᠱ᠌ᠢᠶ᠎ᠡ
ᠦᠵᠡᠭᠦᠯᠬᠦ᠌ ᠠᠢᠮᠠᠭ ᠢ ᠡᠭᠦᠳᠦᠨ ᠪᠠᠢᠭᠤᠯᠬᠤ ᠠᠴᠠ ᠭᠠᠷᠳᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ
ᠱᠢᠪᠲᠤᠯᠬᠤ᠂ ᠨᠤᠲᠤᠭ ᠳᠡᠪᠢᠰᠭᠡᠷ ᠢᠶᠡᠨ ᠰᠠᠬᠢᠨ ᠬᠢᠯᠢ ᠬᠢᠵᠠᠭᠠᠷ ᠢᠶᠠᠨ ᠪᠡᠬᠢᠵᠢᠭᠦᠯᠬᠦ᠌᠂ ᠶᠡᠷᠦᠩᠬᠡᠢᠯᠡᠨ
ᠵᠠᠰᠠᠵᠤ ᠲᠣᠭ᠍ᠲᠠᠭᠤᠨ ᠪᠠᠢᠳᠠᠯ ᠢ ᠬᠠᠮᠠᠭᠠᠯᠠᠬᠤ᠂ ᠠᠮᠢ ᠠᠬᠤᠶ ᠶ᠋ᠢᠨ ᠪᠥᠲᠥᠭᠡᠨ ᠪᠠᠢᠭᠤᠯᠤᠯᠲᠠ ᠵᠡᠷᠭᠡ ᠭᠤᠤᠯᠳᠠᠯᠭ᠎ᠠ
ᠲᠠᠶ ᠠᠵᠢᠯ ᠲᠠᠶ ᠤᠶᠠᠯᠳᠤᠭᠤᠯᠤᠨ᠂ ᠦᠨᠳᠦᠰᠦᠲᠡᠨ ᠦ ᠪᠦᠯᠬᠦᠮᠳᠡᠯ ᠳᠠᠪᠱᠢᠯᠲᠠ ᠶ᠋ᠢᠨ 《 ᠨᠠᠮ ᠤᠨ ᠪᠠᠢᠭᠤᠯᠤᠯᠲᠠ + 》 ᠢᠨᠵᠧᠨᠧᠷᠢᠩ ᠪᠠ 《ᠢᠨᠲ᠋ᠧᠷ ᠰᠦᠯᠵᠢᠶ᠎ᠡ
+ ᠦᠨᠳᠦᠰᠦᠲᠡᠨᠦ ᠪᠦᠯᠬᠦᠮᠳᠡᠯ》ᠤ᠋ᠨ ᠠᠵᠢᠯᠯᠠᠭ᠎ᠠ ᠶ᠋ᠢ
ᠶᠡᠬᠡ ᠪᠡᠷ ᠬᠡᠷᠡᠭ᠌ᠵᠢᠭᠦᠯᠵᠦ᠍᠂ ᠡᠭᠦᠳᠦᠨ ᠪᠠᠢᠭᠤᠯᠬᠤ ᠠᠵᠢᠯᠯᠠᠭ᠎ᠠ ᠶ᠋ᠢ ᠪᠠᠢᠭᠤᠯᠭ᠎ᠠ᠂ ᠠᠵᠤ ᠠᠬᠤᠢᠯᠠᠯ᠂
ᠨᠡᠢᠭᠡᠮ ᠲᠣᠭᠣᠷᠢᠭ᠂ ᠱᠢᠶᠠᠩ ᠪᠠᠯᠭᠠᠰᠤ᠂ ᠰᠤᠷᠭᠠᠭᠤᠯᠢ᠂ ᠰᠤᠮᠤ᠂ ᠱᠠᠱᠢᠨ ᠰᠤᠷᠲᠠᠬᠤᠨ ᠤ ᠠᠵᠢᠯᠯᠠᠭᠠᠨ ᠤ ᠲᠠᠯᠠᠪᠤᠷ᠂
ᠲᠤᠤᠷ ᠰᠦᠯᠵᠢᠶ᠎ᠡ ᠪᠠ ᠪᠣᠭᠣᠮᠲᠠ ᠳᠤ ᠣᠷᠣᠭᠤᠯᠬᠤ ᠂ ᠦᠵᠡᠮᠵᠢ ᠶ᠋ᠢᠨ ᠣᠷᠣᠨ ᠳᠤ ᠣᠷᠣᠭᠤᠯᠬᠤ᠂ ᠬᠦᠷᠢᠶᠡᠯᠡᠩ
ᠲᠣᠭᠣᠷᠢᠭᠲᠤ ᠣᠷᠣᠭᠤᠯᠬᠤᠶ᠋ᠢ ᠠᠬᠢᠭᠤᠯᠵᠤ᠂ ᠪᠥᠬᠥ᠌ ᠣᠷᠣᠨ ᠪᠦᠰᠡ ᠶ᠋ᠢ ᠬᠠᠮᠤᠷᠬᠤ ᠂ ᠪᠥᠬᠥ᠌ ᠬᠥᠮᠦᠰ
ᠢ ᠣᠷᠣᠯᠴᠠᠭᠤᠯᠬᠤ᠂ ᠪᠥᠬᠥ᠌ ᠲᠠᠯᠠᠪᠠᠷ ᠠᠬᠢᠭᠤᠯᠬᠤ ᠶ᠋ᠢ ᠪᠡᠶᠡᠯᠡᠭᠦᠯᠪᠡ᠃ ᠪᠦᠬᠦ᠌ ᠠᠢᠮᠠᠭ ᠤᠨ 3 ᠬᠣᠱᠢᠭᠤ ᠨᠢ ᠴᠥᠮ ᠪᠦᠬᠦ᠌ ᠤᠯᠤᠰᠤᠨ ᠦᠨᠳᠦᠰᠦᠲᠡᠨ
ᠦ ᠪᠦᠯᠬᠦᠮᠳᠡᠯ ᠳᠠᠪᠱᠢᠯᠲᠠ ᠶ᠋ᠢᠨ ᠵᠢᠱ᠌ᠢᠶᠡᠴᠢ ᠬᠠᠮᠲᠤ ᠨᠡᠢᠲᠡ ᠪᠠᠢᠵᠤ᠂ ᠪᠦᠬᠦ᠌ ᠤᠯᠤᠰ ᠪᠠ ᠪᠦᠬᠦ᠌ ᠣᠷᠣᠨ
ᠤ ᠦᠨᠳᠦᠰᠦᠲᠡᠨ ᠦ ᠪᠦᠯᠬᠦᠮᠳᠡᠯ ᠳᠠᠪᠱᠢᠯᠲᠠ ᠶ᠋ᠢ ᠡᠭᠦᠳᠦᠨ ᠪᠠᠢᠭᠤᠯᠤᠭ᠍ᠰᠠᠨ ᠵᠢᠱ᠌ᠢᠶ᠎ᠡ ᠦᠵᠡᠭᠦᠯᠬᠦ᠌ ᠨᠢᠭᠡᠴᠢ
4 ᠪᠠ 24 ᠪᠤᠢ᠃
ᠬᠥᠭ᠌ᠵᠢᠯᠲᠡᠪᠡᠷ ᠬᠥᠲᠥᠯᠥᠨ ᠳᠠᠭᠠᠭᠤᠯᠬᠤ ᠶ᠋ᠢ ᠴᠢᠩᠭᠠᠳᠭᠠᠵᠤ᠂ ᠦᠨᠳᠦᠰᠦᠲᠡᠨ
ᠦ ᠪᠦᠯᠬᠦᠮᠳᠡᠯ ᠦᠨ ᠪᠠᠲᠤ ᠪᠡᠬᠢ ᠰᠠᠭᠤᠷᠢ ᠶ᠋ᠢ ᠪᠡᠬᠢᠵᠢᠭᠦᠯᠪᠠ ᠃ ᠶᠡᠷᠦᠩᠬᠡᠢ ᠱᠦᠵᠢ ᠰᠢᠶ᠋ᠢᠨ ᠫᠢᠩ᠂ ᠬᠥᠭ᠌ᠵᠢᠯᠲᠡ ᠪᠣᠯ ᠦᠨᠳᠦᠰᠦᠲᠡᠨ ᠦ ᠭᠠᠵᠠᠷ ᠣᠷᠣᠨ ᠤ ᠡᠯ᠎ᠡ ᠵᠦᠢᠯ ᠦᠨ ᠠᠰᠠᠭᠤᠳᠠᠯ
ᠢ ᠱᠢᠢᠳᠪᠦᠷᠢᠯᠡᠬᠦ᠌ ᠶᠡᠷᠦᠩᠬᠡᠢ ᠲᠦᠯᠬᠢᠭᠦᠷ ᠮᠥᠨ ᠬᠡᠵᠠᠢ᠃
ᠪᠢᠳᠡ ᠱᠢᠨ᠎ᠡ ᠬᠥᠭ᠌ᠵᠢᠯᠲᠡ ᠶ᠋ᠢᠨ ᠣᠢᠯᠠᠭᠠᠭ᠍ᠳᠠᠬᠤᠨᠢ ᠪᠦᠬᠦ᠌ ᠲᠠᠯᠠᠪᠠᠷ ᠲᠤᠭᠤᠱᠢᠯᠠᠭᠤᠯᠵᠤ᠂
ᠥᠪᠡᠷᠲᠡᠭᠡᠨ ᠵᠠᠰᠠᠬᠤ ᠣᠷᠣᠨ ᠤ 《ᠬᠣᠶᠠᠷ ᠬᠠᠯᠬᠠᠪᠴᠢ 》᠂ 《 ᠬᠣᠶᠠᠷ ᠰᠠᠭᠤᠷᠢᠨ》 《ᠨᠢᠭᠡ ᠪᠡᠬᠢᠯᠡᠯᠲᠡ》ᠶ᠋ᠢᠨ ᠪᠠᠢᠯᠳᠤᠬᠤ ᠪᠣᠳᠣᠯᠭᠠᠶ᠋ᠢᠨ ᠪᠠᠢᠷᠢ ᠲᠣᠭ᠍ᠲᠠᠭᠠᠯᠲᠠᠶ᠋ᠢᠨ ᠲᠣᠭᠣᠷᠢᠨᠳᠤ᠂
ᠪᠠᠶᠠᠨᠬᠤᠲᠠ ᠡᠴᠠ ᠢᠷᠭᠠᠢ ᠬᠦᠷᠬᠦ ᠲᠦᠷᠭᠡᠨ ᠤ ᠲᠡᠮᠦᠷ ᠵᠠᠮ᠂ ᠯᠢᠨ ᠬᠠ ᠲᠡᠮᠦᠷ ᠵᠠᠮ᠂ ᠭᠤᠷᠪᠠᠨ ᠬᠣᠱᠢᠭᠤᠨ
ᠤ ᠠᠵᠢᠯᠳᠤ ᠭᠠᠷᠬᠤ ᠨᠢᠰᠭᠡᠯ ᠦᠨ ᠪᠠᠭᠤᠳᠠᠯ ᠪᠠ G 7᠂ G 1817᠂ G 331᠂ S 218 ᠲᠦᠷᠭᠡᠨ ᠦ ᠵᠠᠰᠠᠮᠠᠯ ᠵᠠᠮ ᠵᠡᠷᠭᠡ ᠴᠢᠬᠤᠯᠠ ᠶᠡᠬᠡ ᠰᠠᠭᠤᠷᠢ ᠲᠥᠬᠥᠭᠡᠷᠦᠮᠵᠢ ᠶ᠋ᠢᠨ
ᠪᠦᠲᠦᠭᠡᠨ ᠪᠠᠢᠭᠤᠯᠤᠯᠲᠠ ᠵᠢ ᠠᠬᠢᠭᠤᠯᠵᠤ᠂ ᠮᠤᠨᠢ ᠠᠭᠤᠯᠠ᠂ ᠲᠤᠤᠷᠠᠢ ᠵᠢᠨ ᠤᠢ᠂ ᠬᠠᠲᠤᠨ ᠭᠣᠣᠯ᠂ ᠬᠠᠷ᠎ᠠ ᠭᠤᠤᠯ᠂
ᠰᠤᠪᠨᠠᠭᠤᠷ ᠵᠡᠷᠭᠡ ᠭᠣᠣᠯᠳᠠᠯᠭ᠎ᠠ ᠲᠠᠶ ᠣᠷᠣᠨ ᠪᠦᠰᠡ ᠶ᠋ᠢᠨ ᠠᠮᠢ ᠠᠬᠤᠢ ᠶ᠋ᠢᠨ ᠬᠠᠮᠠᠭᠠᠯᠠᠯᠲᠠ ᠵᠠᠰᠠᠯᠲᠠ
ᠵᠢ ᠠᠬᠢᠭᠤᠯᠵᠦ᠂ ᠨᠡᠭᠦᠷᠡᠰᠦ ᠳᠠᠪᠤᠰᠤᠨ ᠤ ᠬᠢᠮᠢ ᠶ᠋ᠢᠨ ᠠᠵᠤ ᠦᠢᠯᠡᠳᠪᠦᠷᠢ ᠂ ᠨᠠᠷᠢᠯᠢᠭ ᠬᠢᠮᠢ ᠶ᠋ᠢᠨ ᠠᠵᠤ
ᠦᠶ᠋ᠯᠡᠳᠪᠦᠷᠢ ᠪᠠ ᠦᠵᠡᠮᠵᠢ ᠶ᠋ᠢᠨ ᠴᠡᠪᠡᠷ ᠡᠨᠧᠷᠭᠢ ᠵᠢᠴᠢ ᠰᠣᠶᠣᠯ ᠵᠢᠭᠤᠯᠴᠢᠯᠠᠯ᠂ ᠲᠡᠮᠡᠭᠡᠨ ᠦ ᠠᠵᠤ ᠦᠶ᠋ᠯᠡᠰ ᠦᠨ ᠬᠥᠭ᠌ᠵᠢᠯᠲᠡ
ᠵᠡᠷᠭᠡ ᠶ᠋ᠢ ᠠᠬᠢᠭᠤᠯᠵᠤ᠂ ᠬᠢᠯᠢ ᠬᠢᠵᠠᠭᠠᠷ ᠣᠷᠣᠨ ᠢ
ᠬᠥᠭ᠌ᠵᠢᠭᠦᠯᠵᠦ᠍ ᠠᠷᠠᠳ ᠢ ᠪᠠᠶᠠᠵᠢᠭᠤᠯᠬᠤ ᠠᠵᠢᠯᠯᠠᠭ᠎ᠠ ᠶ᠋ᠢ ᠶᠡᠬᠡ ᠪᠡᠷ ᠬᠡᠷᠡᠭ᠌ᠵᠢᠭᠦᠯᠦᠨ᠂ ᠠᠮᠢ ᠠᠬᠤᠶᠶ᠋ᠢ ᠤᠷᠢᠳ ᠵᠢᠡᠷ ᠪᠤᠳᠤᠯᠬᠢᠯᠠᠬᠤ ᠪᠣᠬᠢᠷᠲᠤᠯ ᠦᠭᠡᠢ
ᠬᠥᠭ᠌ᠵᠢᠯᠲᠡ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ ᠶ᠋ᠢᠨ ᠱᠢᠨ᠎ᠡ ᠵᠠᠮ ᠢ ᠭᠤᠢᠪᠢᠰᠢ
ᠦᠭᠡᠢ ᠪᠠᠷᠢᠮᠲᠠᠯᠠᠵᠠᠢ᠃ ᠪᠥᠬᠥ᠌ ᠠᠢᠮᠠᠭ ᠤᠨ ᠬᠣᠲᠠ ᠬᠥᠳᠡᠭᠡ ᠶ᠋ᠢᠨ ᠰᠠᠭᠤᠭᠠᠯᠢ ᠠᠷᠠᠳ ᠤᠨ ᠬᠥᠮᠦᠨ ᠳᠤᠮᠳᠠᠴᠢ
ᠶ᠋ᠢᠨ ᠡᠵᠡᠮᠳᠡᠵᠦ᠍ ᠪᠣᠯᠬᠤ ᠣᠷᠣᠯᠭ᠎ᠠ ᠲᠣᠰ ᠲᠣᠰ 44009 ᠲᠥᠭᠥᠷᠢᠭ ᠪᠠ 23144 ᠲᠥᠭᠥᠷᠢᠭ ᠲᠦ ᠬᠦᠷᠴᠦ᠍᠂ ᠦᠨᠳᠦᠰᠦᠲᠡᠨᠨᠦᠭᠦᠳᠦᠨ ᠠᠷᠠᠳ ᠲᠦᠮᠡᠨ ᠬᠥᠭ᠌ᠵᠢᠯᠲᠡ ᠶ᠋ᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠵᠦ᠍᠂ ᠬᠠᠮᠲᠤ ᠪᠠᠷ ᠪᠦᠯᠬᠦᠮᠳᠡᠨ
ᠲᠡᠮᠡᠴᠡᠵᠦ᠍ ᠵᠣᠯ ᠵᠢᠷᠭᠠᠯᠲᠤ ᠰᠠᠢᠨ ᠰᠠᠢᠬᠠᠨ ᠠᠯᠠᠱᠠᠶ᠋ᠢ ᠪᠥᠲᠥᠭᠡᠨ ᠪᠠᠢᠭᠤᠯᠬᠤ ᠡᠷᠴᠢ ᠵᠣᠷᠢᠭ ᠨᠠᠩ ᠬᠦᠪᠴᠢᠯᠡᠭᠳᠡᠵᠡᠢ᠃