— ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠᠪᠤᠯᠬᠤ
ᠤᠯᠠᠭᠠᠨᠬᠠᠳᠠ ᠬᠣᠲᠠ᠎ᠶ᠋ᠢᠨ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶ᠋ᠢᠨ ᠪᠠᠢᠭᠤᠯᠭ᠎ᠠ᠎ᠶ᠋ᠢᠨ
ᠨᠠᠮ ᠤᠨ ᠬᠣᠷᠢᠶ᠎ᠠ ᠶ᠋ᠢ ᠲᠡᠮᠳᠡᠭ᠌ᠯᠡᠪᠡ
ᠤᠯᠠᠭᠠᠨᠬᠠᠳᠠ ᠬᠣᠲᠠ ᠶ᠋ᠢᠨ ᠣᠶ ᠱᠢᠭᠤᠶ ᠪᠠ ᠨᠤᠲᠤᠭ ᠪᠡᠯᠴᠢᠭᠡᠷ ᠦᠨ
ᠲᠣᠪᠴᠢᠶ᠎ᠠ ᠶ᠋ᠢᠨ ᠪᠠᠢᠭᠤᠯᠭ᠎ᠠ᠎ᠶ᠋ᠢᠨ ᠨᠠᠮ᠎ᠤᠨ ᠬᠣᠷᠢᠶ᠎ᠠ ᠨᠢ ᠤᠯᠠᠭᠠᠨᠬᠠᠳᠠ ᠬᠣᠲᠠ᠎ᠶ᠋ᠢᠨ ᠴᠣᠷ᠎ᠤᠨ ᠭᠠᠭ᠍ᠴᠠ
ᠪᠠᠢᠭᠤᠯᠭ᠎ᠠ᠎ᠶ᠋ᠢᠨ ᠨᠠᠮ᠎ᠤᠨ ᠬᠣᠷᠢᠶᠠᠨ᠎ᠤ ᠲᠥᠯᠥᠭᠡᠯᠡᠭ᠌ᠴᠢ᠎ᠵᠢᠨ ᠬᠤᠪᠢ ᠪᠡᠷ᠂《ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ》 ᠵᠢᠨ ᠢᠷᠠᠭᠤ
ᠠᠯᠳᠠᠷ ᠤᠨ ᠴᠣᠯᠠ᠎ᠶ᠋ᠢ ᠭᠥᠷᠳᠡᠪᠡ ᠃ ᠡᠨᠡ ᠬᠦ᠌ ᠢᠷᠠᠭᠤ
ᠠᠯᠳᠠᠷ ᠨᠢ 《 ᠠᠷᠠᠳ ᠲᠦᠮᠡᠨ᠎ᠢ
ᠳᠡᠭᠡᠳᠦᠯᠡᠭ᠌ᠰᠡᠨ》ᠭᠡᠷᠡᠴᠢ ᠪᠤᠯᠬᠤ ᠪᠦᠭᠡᠳ ᠨᠡᠩ ᠴᠤ᠌ 《 ᠤᠢ ᠱᠢᠭᠤᠢ ᠨᠤᠳᠤᠬ
ᠪᠡᠯᠴᠢᠭᠡᠷ ᠤᠨ ᠠᠵᠢᠯᠳᠠᠳ᠎ᠤᠨ ᠬᠠᠷᠢᠭᠤᠴᠠᠯᠭ᠎ᠠ ᠡᠭᠦᠷᠭᠡᠯᠡᠯ》 ᠢ ᠭᠡᠷᠡᠴᠢᠯᠡᠵᠦ᠍
ᠪᠠᠢ᠌ᠭ᠎ᠠ ᠶᠤᠮ ᠃
ᠤᠯᠠᠭᠠᠨᠬᠠᠳᠠ ᠬᠣᠲᠠ ᠶ᠋ᠢᠨ ᠣᠶ ᠱᠢᠭᠤᠶ ᠪᠠ ᠨᠤᠲᠤᠭ ᠪᠡᠯᠴᠢᠭᠡᠷ ᠦᠨ
ᠲᠣᠪᠴᠢᠶ᠎ᠠ᠎ᠶ᠋ᠢᠨ ᠪᠠᠢᠭᠤᠯᠭ᠎ᠠ᠎ᠶ᠋ᠢᠨ ᠨᠠᠮ᠎ᠤᠨ ᠬᠣᠷᠢᠶ᠎ᠠ 1 ᠬᠣᠶᠠᠳᠤᠭᠠᠷ ᠳᠡᠰ᠎ᠤᠨ ᠠᠵᠢᠯ ᠦᠶ᠋ᠯᠡᠰ᠎ᠦᠨ ᠨᠢᠭᠡᠴᠢ᠎ᠶ᠋ᠢᠨ ᠨᠠᠮ᠎ᠤᠨ ᠬᠣᠷᠢᠶ᠎ᠠ ᠂ 1 ᠨᠠᠮ᠎ᠤᠨ ᠶᠡᠷᠦᠩᠬᠡᠶ ᠡᠭᠦᠷ ᠂ 10 ᠨᠠᠮ᠎ᠤᠨ ᠡᠭᠦᠷ᠎ᠢᠶᠡᠷ ᠪᠦᠷᠢᠯᠳᠦᠵᠦ ᠂ ᠨᠡᠢᠲᠡ 209 ᠨᠠᠮ᠎ᠤᠨ ᠭᠡᠱᠢᠭᠦᠨ᠎ᠲᠠᠢ᠃ ᠣᠢᠷ᠎ᠠ᠎ᠶ᠋ᠢᠨ ᠵᠢᠯ᠎ᠡᠴᠡ ᠨᠠᠭᠠᠰᠢ ᠂ ᠤᠯᠠᠭᠠᠨᠬᠠᠳᠠ ᠬᠣᠲᠠ᠎ᠶ᠋ᠢᠨ
ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶ᠋ᠢᠨ ᠪᠠᠢᠭᠤᠯᠭ᠎ᠠ᠎ᠶ᠋ᠢᠨ ᠨᠠᠮ᠎ᠤᠨ ᠬᠣᠷᠢᠶ᠎ᠠ ᠱᠢᠨ᠎ᠡ
ᠴᠠᠭ ᠦᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠶᠡᠷᠦᠩᠬᠡᠶ ᠱᠠᠭᠠᠷᠳᠠᠯᠭ᠎ᠠ᠎ᠶ᠋ᠢᠨ ᠲᠣᠭᠣᠷᠢᠨ᠎ᠳᠤ ᠂ ᠨᠠᠮ᠎ᠤᠨ
ᠤᠯᠤᠰ ᠲᠥᠷᠥ᠍ ᠶ᠋ᠢᠨ ᠪᠠᠢᠭᠤᠯᠤᠯᠲᠠ ᠪᠠᠷ ᠶᠡᠷᠦᠩᠬᠡᠢᠯᠡᠨ ᠵᠢᠯᠣᠭᠣᠳᠣᠭᠤᠯᠬᠤ᠎ᠶ᠋ᠢ ᠪᠠᠷᠢᠮᠲᠠᠯᠠᠵᠤ ᠂ ᠨᠠᠮ᠎ᠤᠨ
ᠪᠠᠢᠭᠤᠯᠤᠯᠲᠠ ᠶ᠋ᠢᠨ ᠰᠠᠭᠤᠷᠢ ᠶ᠋ᠢ ᠲᠠᠰᠤᠷᠠᠯᠲᠠ ᠥᠬᠡᠶ
ᠪᠡᠬᠢᠵᠢᠭᠦᠯᠦᠭ᠌ᠰᠡᠨ ᠡᠴᠠ ᠨᠠᠮ᠎ᠤᠨ ᠪᠠᠢᠭᠤᠯᠤᠯᠲᠠ ᠵᠢᠨ ᠠᠵᠢᠯ
ᠢᠯᠡᠳᠲᠡ ᠦᠷ᠎ᠡ ᠪᠦᠲᠦᠮᠵᠢ ᠣᠯᠵᠤ ᠂ ᠪᠦᠬᠦ
ᠬᠣᠲᠠ᠎ᠶ᠋ᠢᠨ ᠣᠶ ᠱᠢᠭᠤᠶ ᠨᠤᠲᠤᠭ ᠪᠡᠯᠴᠢᠭᠡᠷ ᠦᠨ ᠠᠵᠢᠯ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠳᠦ
ᠪᠠᠲᠤ ᠴᠢᠩᠭ᠎ᠠ ᠤᠯᠤᠰ ᠲᠥᠷᠥ᠍ ᠶ᠋ᠢᠨ
ᠪᠠᠲᠤᠯᠠᠭ᠎ᠠ ᠬᠠᠩᠭᠠᠵᠠᠢ ᠃
ᠨᠠᠮ ᠤᠨ ᠪᠠᠢᠭᠤᠯᠤᠯᠲᠠ ᠶ᠋ᠢᠨ ᠰᠠᠭᠤᠷᠢ ᠶ᠋ᠢ ᠪᠡᠬᠢᠵᠢᠭᠦᠯᠵᠦ᠍
᠂ 《 ᠲᠠᠢ᠌ᠴᠢᠨ ᠪᠡᠬᠢᠯᠡᠯᠲᠡ》 ᠵᠢ ᠪᠠᠢᠭᠤᠯᠤᠨ ᠬᠦᠴᠦᠷᠬᠡᠭ᠌ᠵᠢᠭᠦᠯᠪᠡ ᠃ ᠦᠨᠳᠦᠰᠦᠨ ᠱᠠᠲᠤᠨ᠎ᠤ ᠨᠠᠮ᠎ᠤᠨ
ᠪᠠᠢᠭᠤᠯᠤᠯᠲᠠ᠎ᠶ᠋ᠢᠨ ᠠᠵᠢᠯ ᠤᠨ ᠭᠣᠣᠯᠳᠠᠯᠭ᠎ᠠ ᠨᠢ ᠰᠠᠭᠤᠷᠢ᠎ᠶ᠋ᠢ
ᠴᠢᠩᠭᠠᠳᠭᠠᠬᠤ᠎ᠳᠤ ᠪᠤᠢ᠃ ᠤᠯᠠᠭᠠᠨᠬᠠᠳᠠ ᠬᠣᠲᠠ᠎ᠶ᠋ᠢᠨ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶ᠋ᠢᠨ ᠪᠠᠢᠭᠤᠯᠭ᠎ᠠ᠎ᠶ᠋ᠢᠨ ᠨᠠᠮ᠎ᠤᠨ ᠬᠣᠷᠢᠶ᠎ᠠ ᠢᠮᠠᠭ᠍ᠲᠠ ᠨᠠᠮ᠎ᠤᠨ ᠪᠠᠢᠭᠤᠯᠤᠯᠲᠠ
ᠵᠢᠨ ᠠᠵᠢᠯ᠎ᠢ ᠬᠠᠮᠤᠭ᠎ᠦᠨ ᠴᠢᠬᠤᠯᠠ ᠠᠵᠢᠯ ᠪᠤᠯᠭᠠᠨ ᠠᠳᠬᠤᠵᠦ᠂ ᠲᠣᠭ᠎ᠢ ᠮᠠᠨᠳᠤᠭᠤᠯᠤᠨ ᠴᠢᠭ᠌ᠯᠡᠯ᠎ᠢ ᠲᠣᠭ᠍ᠲᠠᠭᠠᠵᠤ
᠂ ᠲᠥᠯᠥᠪᠵᠢᠭᠦᠯᠦᠨ ᠪᠠᠢᠷᠢᠯᠠᠭᠤᠯᠵᠤ ᠂ 《 ᠣᠭ ᠰᠠᠨᠠᠭ᠎ᠠ
ᠪᠠᠨ ᠥᠯᠥ᠍ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠌ 》 ᠭᠤᠤᠯ ᠰᠡᠳᠦᠪᠲᠦ
ᠬᠥᠮᠦᠵᠢᠯ ᠢ ᠪᠠᠢᠩᠭᠤᠵᠢᠭᠤᠯᠤᠨ ᠳᠦᠷᠢᠮᠵᠢᠭᠦᠯᠬᠦ᠌
ᠶ᠋ᠢ ᠦᠷᠭᠦᠯᠵᠢᠯᠡᠨ ᠠᠬᠢᠭᠤᠯᠵᠤ ᠂ 《 ᠭᠤᠷᠪᠠᠨ ᠬᠤᠷᠠᠯ
ᠨᠢᠭᠡ ᠬᠢᠴᠢᠶᠡᠯ》᠂ ᠭᠤᠤᠯ ᠰᠡᠳᠦᠪᠲᠦ ᠨᠠᠮ᠎ᠤᠨ ᠡᠳᠦᠷ ᠂ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠬᠤᠷᠠᠯ
ᠵᠡᠷᠭᠡ ᠨᠠᠮ᠎ᠤᠨ ᠳᠣᠲᠣᠭᠠᠳᠤ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠲᠦᠷᠢᠮ᠎ᠢ ᠵᠢᠷᠤᠮᠵᠢᠭᠤᠯᠵᠤ᠂
ᠤᠳᠤᠷᠢᠳᠭᠤ ᠪᠠᠭ ᠪᠣᠯᠤᠨ ᠨᠠᠮ᠎ᠤᠨ ᠭᠡᠱᠢᠭᠦᠨ ᠺᠠᠳ᠋ᠷ᠎ᠤᠨ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭ᠎ᠠ ᠠᠳᠭᠤᠵᠤ᠂《ᠠᠭᠤᠰᠤᠯᠴᠠᠭ᠍ᠰᠠᠨ ᠨᠠᠮ᠎ᠤᠨ ᠪᠠᠢᠭᠤᠯᠤᠯᠲᠠ》 ᠂ 《ᠪᠠᠷᠢᠮᠵᠢᠶᠠᠵᠢᠭ᠍ᠰᠠᠨ ᠨᠠᠮ᠎ᠤᠨ ᠡᠭᠦᠷ》᠂ 《ᠬᠠᠮᠤᠭ᠎ᠤᠨ ᠬᠦᠴᠦᠷᠬᠡᠭ ᠨᠠᠮ᠎ᠤᠨ ᠡᠭᠦᠷ》 ᠵᠡᠷᠭᠡ ᠠᠵᠢᠯ᠎ᠢ
ᠬᠦᠴᠦᠯᠡᠨ ᠰᠠᠢᠲᠤᠷ ᠠᠳᠭᠤᠵᠤ᠂ ᠤᠯᠠᠭᠠᠨᠬᠠᠳᠠ ᠬᠣᠲᠠ᠎ᠶ᠋ᠢᠨ ᠬᠣᠱᠢᠭᠤᠴᠢ ᠨᠢᠭᠡᠴᠢ ᠪᠠ ᠵᠢᠱ᠌ᠢᠶ᠎ᠡ ᠦᠵᠡᠭᠦᠯᠬᠦ᠌
ᠴᠡᠭ ᠪᠣᠯᠵᠠᠶ ᠃《ᠨᠠᠮ᠎ᠤᠨ ᠭᠡᠱᠢᠭᠦᠨ᠎ᠦ ᠬᠡᠷ ᠪᠦᠯᠢ 》 ᠂《 ᠨᠠᠮ᠎ᠤᠨ ᠲᠤᠳᠤᠭᠠᠳᠦ᠍ᠳᠦ
ᠬᠠᠢᠷ᠎ᠠ ᠬᠠᠯᠠᠮᠵᠢ ᠬᠦᠷᠭᠡᠬᠦ᠌ 》 ᠵᠡᠷᠭᠡ ᠡᠯᠪᠡᠭ
ᠪᠠᠶᠠᠯᠢᠭ ᠰᠣᠶᠣᠯ ᠪᠡᠶ᠎ᠡ ᠶ᠋ᠢᠨ ᠲᠠᠮᠢᠷ᠎ᠤᠨ ᠠᠵᠢᠯᠯᠠᠭ᠎ᠠ᠎ᠪᠡᠷ ᠨᠠᠮ᠎ᠤᠨ ᠭᠡᠱᠢᠭᠦᠨ ᠪᠣᠯᠤᠨ ᠣᠯᠠᠨ ᠲᠦᠮᠡᠨ
ᠦ ᠬᠣᠭᠣᠷᠣᠨᠳᠣᠬᠢ ᠬᠠᠷᠢᠴᠠᠭ᠎ᠠ ᠶ᠋ᠢ ᠨᠢᠬᠳᠠᠷᠠᠭᠤᠯᠵᠦ ᠂ ᠨᠠᠮ ᠤᠨ
ᠭᠡᠱᠢᠭᠦᠨ᠎ᠦ ᠦᠶ᠋ᠯᠡᠴᠢᠯᠡᠬᠦ᠌ ᠤᠬᠠᠮᠰᠠᠷ ᠪᠣᠯᠤᠨ
ᠦᠷ᠎ᠡ ᠪᠦᠲᠦᠮᠵᠢ ᠶ᠋ᠢᠨ ᠤᠬᠠᠮᠰᠠᠷ᠎ᠢ ᠦᠷᠭᠦᠯᠵᠢᠯᠡᠨ ᠴᠢᠩᠭᠠᠷᠠᠭᠤᠯᠤᠬᠰᠠᠨ
ᠡᠴᠨ ᠺᠠᠳ᠋ᠷ ᠣᠯᠠᠨ ᠲᠦᠮᠡᠨ᠎ᠦ
ᠬᠠᠷᠢᠴᠠᠭ᠎ᠠ ᠲᠠᠰᠤᠷᠠᠯᠲᠠ ᠥᠬᠡᠶ ᠡᠶ᠎ᠡ
ᠨᠠᠢᠷᠰᠠᠭ ᠪᠣᠯᠪᠠ;《 ᠨᠠᠮ᠎ᠤᠨ ᠪᠠᠢᠭᠤᠯᠤᠯᠲᠠ᠎ᠪᠠᠷ
ᠬᠥᠲᠥᠯᠥᠨ ᠳᠠᠭᠠᠭᠤᠯᠵᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠠᠭᠤᠰᠤᠯᠴᠠᠬᠤ》 ᠪᠠᠷ ᠬᠠᠷᠠᠯᠲᠠ
ᠪᠣᠯᠭᠠᠵᠤ ᠂ ᠣᠯᠠᠨ ᠤᠯᠤᠰ ᠤᠨ ᠬᠠᠮᠲᠤᠷᠠᠯᠴᠠᠭ᠎ᠠ ᠂ ᠠᠮᠢ ᠠᠬᠤᠶ ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ
ᠨᠢᠭᠡ ᠴᠣᠭ᠍ᠴᠠᠵᠢᠭᠤᠯᠤᠭ᠍ᠰᠠᠨ ᠤᠯᠠᠭᠠᠨᠬᠠᠳᠠ ᠬᠣᠲᠠ᠎ᠶ᠋ᠢᠨ ᠪᠣᠬᠢᠷᠲᠤᠯ ᠥᠬᠡᠶ ᠱᠢᠭᠤᠢᠲᠤ ᠣᠷᠣᠨ᠎ᠤ ᠨᠠᠮ᠎ᠤᠨ
ᠪᠠᠢᠭᠤᠯᠤᠯᠲᠠ᠎ᠶ᠋ᠢᠨ ᠬᠣᠯᠪᠣᠭᠠᠲᠤ ᠴᠣᠭ᠍ᠴᠠ ᠡᠴᠡ ᠪᠠᠢᠭᠤᠯᠤᠭ᠍ᠰᠠᠨ ᠣᠯᠠᠨ ᠴᠢᠳᠠᠮᠵᠢᠲᠤ ᠣᠶ ᠱᠢᠭᠤᠶ᠎ᠶ᠋ᠢ ᠪᠡᠶᠡᠴᠢᠯᠡᠨ
ᠣᠢᠯᠠᠭᠠᠬᠤ ᠰᠠᠭᠤᠷᠢᠨ᠎ᠨᠢ ᠠᠽᠢᠶ᠎ᠠ ᠲᠢᠪ ᠨᠣᠮᠣᠬᠠᠨ ᠲᠡᠯᠡᠶ᠎ᠶ᠋ᠢᠨ
ᠣᠷᠣᠨ᠎ᠤ 50 ᠭᠠᠷᠤᠶ ᠤᠯᠤᠰ᠎ᠤᠨ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠢᠳ᠂
ᠣᠶ ᠱᠢᠭᠤᠶ᠎ᠶ᠋ᠢᠨ ᠶᠠᠪᠤᠳᠠᠯ᠎ᠤᠨ ᠲᠤᠱᠢᠶᠠᠯᠲᠠᠨ ᠂ ᠡᠷᠳᠡᠮᠲᠡᠨ ᠵᠡᠷᠭᠡ 300 ᠭᠠᠷᠤᠶ ᠬᠥᠮᠦᠨ ᠤᠳᠠᠭ᠎ᠠ᠎ᠶ᠋ᠢ ᠭᠥᠯᠢᠶᠡᠨ ᠠᠪᠴᠤ᠌ ᠵᠣᠴᠢᠯᠠᠭᠠᠳ᠂ ᠳᠤᠮᠳᠠᠳᠤ ᠤᠯᠤᠰ᠎ᠤᠨ ᠠᠮᠢ
ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠳᠡᠯᠭᠡᠨ ᠦᠵᠡᠭᠦᠯᠬᠦ᠌ ᠴᠢᠬᠤᠯᠠ ᠴᠤᠩᠬᠤᠪᠴᠢ ᠪᠣᠯᠤᠭ᠍ᠰᠠᠨ ᠪᠠᠢᠨ᠎ᠠ; ᠨᠠᠮ᠎ᠤᠨ ᠡᠭᠦᠷ᠎ᠦᠨ《ᠨᠢᠭᠡ ᠳᠡᠪᠲᠡᠷ ᠨᠢᠭᠡ ᠲᠠᠩᠰᠠ》ᠵᠢᠨ ᠠᠵᠢᠯ᠎ᠤᠨ
ᠡᠬᠡ ᠲᠠᠩᠰᠠ᠎ᠶ᠋ᠢᠨ ᠬᠠᠮᠢᠶᠠᠷᠤᠯᠲᠠ᠎ᠶ᠋ᠢᠨ ᠵᠠᠭ᠍ᠪᠤᠷ ᠂ 《 ᠰᠠᠷ᠎ᠠ ᠳᠤ
ᠠᠬᠢᠭᠤᠯᠬᠤ ᠂ ᠤᠯᠠᠷᠢᠯ᠎ᠳᠤ ᠱᠠᠭᠠᠷᠳᠠᠨ ᠪᠠᠢᠴᠠᠭᠠᠬᠤ᠂ ᠬᠠᠭᠠᠰ ᠵᠢᠯ᠎ᠳᠦ ᠰᠤᠳᠤᠯᠤᠨ ᠮᠠᠭᠠᠳᠯᠠᠬᠤ ᠂ ᠵᠢᠯ᠎ᠦᠨ
ᠡᠴᠦᠰ᠎ᠲᠦ ᠬᠢᠨᠠᠨ ᠱᠢᠯᠭᠠᠬᠤ》 ᠨᠠᠮ᠎ᠤᠨ ᠪᠠᠢᠭᠤᠯᠤᠯᠲᠠ᠎ᠶ᠋ᠢᠨ
ᠠᠵᠢᠯ᠎ᠤᠨ ᠲᠣᠭ᠍ᠲᠠᠴᠠ᠂ ᠭᠤᠤᠯ ᠰᠡᠳᠦᠪᠲᠦ ᠬᠥᠮᠦᠵᠢᠯ᠎ᠦᠨ ᠬᠤᠭᠤᠴᠠᠭᠠᠨ᠎ᠳᠤ 《 ᠱᠦᠵᠢ ᠡᠴᠡ ᠰᠤᠷᠤᠯᠴᠠᠯᠭ᠎ᠠ
ᠵᠢ ᠱᠠᠯᠠᠪᠳᠠᠭᠤᠯᠬᠤ᠂ ᠣᠯᠠᠨᠲᠠ ᠵᠣᠬᠢᠶᠠᠨ ᠪᠠᠢᠭᠤᠯᠵᠤ ᠰᠤᠷᠤᠯᠴᠠᠬᠤ ᠂ ᠰᠤᠷᠤᠯᠴᠠᠬᠤ ᠪᠠ ᠰᠡᠳᠭᠢᠬᠦ᠌ ᠶ᠋ᠢ
ᠤᠶᠠᠯᠳᠤᠭᠤᠯᠬᠤ ᠂ ᠱᠢᠯᠭᠠᠯᠲᠠ ᠪᠠᠷ ᠰᠤᠷᠤᠯᠴᠠᠯᠭ᠎ᠠ᠎ᠶ᠋ᠢ ᠠᠬᠢᠭᠤᠯᠬᠤ ᠂ ᠰᠤᠷᠤᠯᠴᠠᠯᠭ᠎ᠠ ᠵᠢ ᠶᠡᠷᠦᠩᠭᠡᠢ᠌ᠯᠡᠨ ᠦᠨᠡᠯᠡᠬᠦ᠌
》 ᠵᠡᠷᠭᠡ ᠲᠤᠷᠱᠢᠯᠭ᠎ᠠ
ᠠᠷᠭ᠎ᠠ ᠬᠢᠳᠡᠯ ᠢ ᠪᠥᠬᠥ᠌ ᠬᠣᠲᠠ᠎ᠶ᠋ᠢᠨ ᠬᠡᠪᠴᠢᠶᠡᠨ᠎ᠳᠦ ᠲᠠᠰᠤᠷᠠᠯᠲᠠ ᠥᠬᠡᠶ ᠳᠡᠯᠭᠡᠷᠡᠭᠦᠯᠦᠨ ᠲᠠᠨᠢᠯᠴᠠᠭᠤᠯᠵᠤ
᠂ ᠨᠡᠢᠲᠡ 50 ᠭᠠᠷᠤᠶ ᠪᠦᠯᠦᠭ ᠤᠳᠠᠭ᠎ᠠ ᠵᠢᠨ 600 ᠱᠢᠬᠠᠮ ᠬᠥᠮᠦᠨ ᠤᠳᠠᠭ᠎ᠠ᠎ᠶ᠋ᠢᠨ ᠲᠣᠭᠣᠷᠢᠨ ᠦᠵᠡᠵᠦ᠍ ᠰᠣᠯᠢᠯᠴᠠᠬᠤ ᠠᠵᠢᠯᠯᠠᠭ᠎ᠠ ᠵᠢ ᠬᠦᠯᠢᠶᠡᠨ
ᠠᠪᠴᠠᠶ ᠃ ᠡᠯ᠎ᠡ ᠨᠠᠮ ᠤᠨ ᠡᠭᠦᠷ ᠦᠨ ᠪᠠᠢᠷᠢᠯᠠᠭᠤᠯᠤᠯᠲᠠ
ᠵᠢᠷᠤᠮᠵᠢᠭᠤᠨ ᠂ ᠡᠩᠨᠡᠭᠡ ᠪᠦᠷᠢᠨ ᠲᠡᠭᠦᠯᠳᠡᠷ ᠂ ᠪᠦᠲᠦᠴᠡ ᠱᠢᠯᠢᠳᠡᠭ᠌ᠵᠢᠭ᠌ᠰᠡᠨ ᠡᠴᠡ ᠱᠢᠰᠲ᠋ᠧᠮ ᠦᠨ ᠳᠣᠲᠣᠷᠠᠬᠢ ᠨᠠᠮ᠎ᠦᠨ
ᠡᠭᠦᠷ ᠪᠦᠬᠦᠨ᠎ᠢᠶᠡᠷ ᠢᠶᠡᠨ 《 ᠪᠠᠷᠢᠮᠵᠢᠶᠠᠵᠢᠭ᠍ᠰᠠᠨ
ᠨᠠᠮ᠎ᠤᠨ ᠡᠭᠦᠷ 》 ᠵᠢᠡᠷ ᠦᠨᠡᠯᠡᠭ᠌ᠳᠡᠪᠡ᠃
ᠤᠯᠠᠭᠠᠨᠬᠠᠳᠠ ᠬᠣᠲᠠ᠎ᠶ᠋ᠢᠨ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶ᠋ᠢᠨ ᠪᠠᠢᠭᠤᠯᠭ᠎ᠠ᠎ᠶ᠋ᠢᠨ
ᠨᠠᠮ᠎ᠤᠨ ᠬᠣᠷᠢᠶ᠎ᠠ 10 ᠵᠢᠯ ᠳᠠᠷᠠᠭᠠᠯᠠᠨ ᠤᠯᠠᠭᠠᠨᠬᠠᠳᠠ ᠬᠣᠲᠠ᠎ᠶ᠋ᠢᠨ ᠱᠢᠭᠤᠳ ᠬᠠᠷᠢᠶ᠎ᠠ ᠪᠠᠢᠭᠤᠯᠭ᠎ᠠ᠎ᠶ᠋ᠢᠨ
ᠨᠠᠮ ᠤᠨ ᠠᠵᠢᠯ᠎ᠤᠨ ᠬᠣᠷᠢᠶ᠎ᠠ᠎ᠳᠤ 《 ᠱᠢᠯᠢᠳᠡᠭ ᠱᠢᠰᠲ᠋ᠧᠮ᠎ᠦᠨ
ᠨᠠᠮ᠎ᠤᠨ ᠬᠣᠷᠢᠶ᠎ᠠ 》 ᠪᠠᠷ ᠦᠨᠡᠯᠡᠭ᠌ᠳᠡᠭ᠌ᠰᠡᠨ
ᠪᠥᠭᠡᠳ《ᠤᠯᠠᠭᠠᠨᠬᠠᠳᠠ ᠬᠣᠲᠠ᠎ᠶ᠋ᠢᠨ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ
》 ᠂ 《 ᠪᠥᠬᠥ᠌ ᠬᠣᠲᠠ᠎ᠶ᠋ᠢᠨ
ᠵᠢᠷᠭᠤᠳᠤᠭᠠᠷ ᠪᠦᠯᠦᠭ ᠦᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠤᠭ᠍ᠰᠠᠨ ᠵᠢᠱ᠌ᠢᠶ᠎ᠡ ᠦᠵᠡᠭᠦᠯᠬᠦ᠌
ᠨᠢᠭᠡᠴᠢ 》 ᠵᠡᠷᠭᠡ ᠢᠷᠠᠭᠤ ᠠᠯᠳᠠᠷ
ᠢ ᠭᠥᠷᠳᠡᠵᠦ᠍ ᠥᠩᠭᠡᠷᠡᠵᠡᠶ᠃
ᠨᠠᠮ᠎ᠤᠨ ᠪᠠᠢᠭᠤᠯᠤᠯᠲᠠ᠎ᠶ᠋ᠢ ᠰᠤᠯᠠᠷᠠᠭᠤᠯᠤᠯ ᠦᠭᠡᠢ ᠠᠳᠭᠤᠵᠤ᠂ ᠬᠥᠭ᠌ᠵᠢᠯᠲᠡ᠎ᠶ᠋ᠢ
ᠦᠨᠡᠨ ᠪᠣᠳᠠᠲᠠᠢ ᠪᠣᠯᠭᠠᠪᠠ ᠃ ᠤᠯᠠᠭᠠᠨᠬᠠᠳᠠ ᠬᠣᠲᠠ᠎ᠶ᠋ᠢᠨ ᠣᠶ ᠱᠢᠭᠤᠶ ᠪᠠ ᠨᠤᠲᠤᠭ ᠪᠡᠯᠴᠢᠭᠡᠷ ᠦᠨ ᠲᠣᠪᠴᠢᠶ᠎ᠠ
ᠶ᠋ᠢᠨ ᠪᠠᠢᠭᠤᠯᠭ᠎ᠠ ᠶ᠋ᠢᠨ ᠨᠠᠮ᠎ᠤᠨ ᠬᠣᠷᠢᠶ᠎ᠠ ᠶᠡᠷᠦᠩᠬᠡᠢ ᠱᠦᠵᠢ ᠰᠢ᠎ᠶ᠋ᠢᠨ ᠫᠢᠩ᠎ᠦᠨ ᠠᠮᠢ ᠠᠬᠤᠶ ᠶ᠋ᠢᠨ
ᠪᠣᠯᠪᠠᠰᠤᠨ᠎ᠤ ᠦᠵᠡᠯ ᠰᠠᠨᠠᠭ᠎ᠠ
ᠪᠠ ᠬᠥᠬᠡᠮᠳᠦᠭ ᠨᠣᠭᠣᠭᠠᠨ ᠠᠭᠤᠯᠠ
ᠤᠰᠤ ᠪᠣᠯ ᠠᠯᠲᠠ ᠮᠥᠩᠭᠥᠨ ᠠᠭᠤᠯᠠ ᠮᠥᠨ ᠭᠡᠬᠦ᠌ ᠣᠢᠯᠠᠭᠠᠭ᠍ᠳᠠᠬᠤᠨ᠎ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ ᠂ ᠠᠭᠤᠯᠠ ᠤᠰᠤ ᠣᠶ ᠮᠣᠳᠣ
ᠭᠠᠵᠠᠷ ᠲᠠᠷᠢᠶ᠎ᠠ ᠨᠠᠭᠤᠷ ᠪᠦᠷᠢᠳᠦ
ᠨᠤᠲᠤᠭ ᠪᠡᠯᠴᠢᠭᠡᠷ ᠡᠯᠡᠰᠦ ᠮᠠᠩᠬ᠎ᠠ
ᠵᠢ ᠱᠢᠰᠲ᠋ᠧᠮ᠎ᠲᠡᠶ ᠵᠠᠰᠠᠬᠤ ᠱᠠᠭᠠᠷᠳᠠᠯᠭ᠎ᠠ ᠶᠣᠰᠣᠭᠠᠷ
᠂ ᠠᠮᠢ ᠠᠬᠤᠶ᠎ᠶ᠋ᠢ ᠤᠷᠢᠳ ᠵᠢᠡᠷ ᠪᠤᠳᠤᠯᠬᠢᠯᠠᠵᠦ᠂ ᠪᠣᠬᠢᠷᠲᠤᠯ ᠦᠭᠡᠢ ᠬᠥᠭ᠌ᠵᠢᠭᠦᠯᠬᠦ᠌
ᠵᠠᠮ ᠢ ᠪᠠᠷᠢᠮᠲᠠᠯᠠᠵᠤ ᠂ ᠨᠠᠮ᠎ᠤᠨ ᠪᠠᠢᠭᠤᠯᠤᠯᠲᠠ᠎ᠶ᠋ᠢᠨ
ᠠᠵᠢᠯ ᠢ ᠭᠤᠤᠯ ᠠᠵᠢᠯ ᠲᠠᠶ ᠭᠦᠨᠵᠡᠭᠡᠶ ᠠᠭᠤᠰᠤᠯᠴᠠᠭᠤᠯᠵᠤ
᠂ 《ᠬᠤᠭᠤᠴᠠᠭ᠎ᠠ ᠬᠤᠭᠤᠴᠠᠭ᠎ᠠ ᠪᠠᠷ ᠵᠠᠯᠭᠠᠨ ᠠᠵᠢᠯᠯᠠᠬᠤ ᠂ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭ᠍ᠯᠠᠬᠤ 》 ᠱᠢᠯᠢᠳᠡᠭ ᠤᠯᠠᠮᠵᠢᠯᠠᠯ
ᠢ ᠪᠠᠳᠠᠷᠠᠭᠤᠯᠵᠤ ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ
ᠦ ᠡᠬᠢ ᠶ᠋ᠢ ᠵᠠᠰᠠᠬᠤ ᠂ ᠲᠠᠷᠢᠶᠠᠯᠠᠬᠤ ᠪᠠᠨ ᠵᠣᠭ᠍ᠰᠣᠵᠤ ᠡᠪᠡᠰᠦ ᠮᠣᠳᠣ
ᠲᠠᠷᠢᠬᠤ ᠂ ᠤᠢᠱᠢᠭᠤᠢ ᠶ᠋ᠢ ᠥᠭᠡᠷᠡᠴᠢᠯᠡᠨ ᠰᠠᠢ᠌ᠵᠢᠷᠠᠭᠤᠯᠬᠤ ᠵᠡᠷᠭᠡ ᠠᠮᠢ ᠠᠬᠤᠶ᠎ᠶ᠋ᠢᠨ ᠢᠨᠵᠧᠨᠧᠷᠢᠩ᠎ᠢ ᠬᠦᠴᠦᠯᠡᠨ ᠬᠡᠷᠡᠭ᠌ᠵᠢᠭᠦᠯᠵᠦ᠍
᠂ ᠥᠨᠳᠥᠷ ᠪᠦᠲᠦᠮᠵᠢ ᠲᠡᠢ ᠡᠯᠪᠡᠭ ᠬᠤᠷᠢᠶᠠᠯᠲᠠ ᠲᠠᠶ ᠠᠵᠤ
ᠠᠬᠤᠢ᠎ᠶ᠋ᠢᠨ ᠣᠢ ᠵᠡᠷᠭᠡ ᠵᠢᠱ᠌ᠢᠶ᠎ᠡ ᠦᠵᠡᠭᠦᠯᠬᠦ᠌ ᠰᠠᠭᠤᠷᠢᠨ᠎ᠤ ᠪᠦᠲᠦᠭᠡᠨ ᠪᠠᠢᠭᠤᠯᠤᠯᠲᠠ᠎ᠶ᠋ᠢ ᠭᠦᠨᠵᠡᠭᠡᠢ
ᠠᠬᠢᠭᠤᠯᠵᠤ ᠂ ᠪᠠᠢᠭᠠᠯᠢ ᠶ᠋ᠢᠨ ᠤᠢ ᠶ᠋ᠢᠨ ᠬᠠᠮᠠᠭᠠᠯᠠᠯᠲᠠ ᠂ ᠨᠤᠲᠤᠭ ᠪᠡᠯᠴᠢᠭᠡᠷ ᠦᠨ ᠬᠠᠮᠠᠭᠠᠯᠠᠯᠲᠠ᠂ ᠨᠤᠭᠤ ᠭᠠᠵᠠᠷ ᠪᠠ ᠬᠡᠭᠡᠷ᠎ᠡ᠎ᠶ᠋ᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠵᠡᠷᠭᠡ
ᠱᠢᠰᠲ᠋ᠧᠮᠲᠦ ᠬᠠᠮᠠᠭᠠᠯᠠᠯᠲᠠ᠎ᠶ᠋ᠢᠨ ᠢᠨᠵᠧᠨᠧᠷᠢᠩ ᠢ ᠭᠣᠣᠯᠳᠠᠯᠭ᠎ᠠ ᠲᠠᠶ ᠥᠷᠨᠢᠭᠦᠯᠵᠦ᠍ ᠂ ᠠᠮᠢ ᠠᠬᠤᠶ ᠪᠠᠷ ᠬᠣᠲᠠ ᠪᠠᠢᠭᠤᠯᠬᠤ᠎ᠶ᠋ᠢᠨ ᠰᠠᠭᠤᠷᠢ ᠶ᠋ᠢ ᠲᠠᠯᠪᠢᠪᠠ᠃ ᠣᠳᠣᠬᠠᠨ
ᠪᠣᠯᠲᠠᠯ᠎ᠠ ᠂ ᠤᠯᠠᠭᠠᠨᠬᠠᠳᠠ ᠬᠣᠲᠠ᠎ᠶ᠋ᠢᠨ ᠣᠶ ᠱᠢᠭᠤᠶ᠎ᠶ᠋ᠢᠨ ᠶᠡᠷᠦᠩᠬᠡᠢ ᠲᠠᠯᠠᠪᠠᠶ 4547 ᠲᠦᠮᠡᠨ ᠮᠤ᠌
ᠳᠤ ᠬᠦᠷᠴᠦ᠍᠂ ᠨᠤᠲᠤᠭ ᠪᠡᠯᠴᠢᠭᠡᠷ᠎ᠦᠨ ᠶᠡᠷᠦᠩᠬᠡᠢ ᠲᠠᠯᠠᠪᠠᠶ 8600 ᠲᠦᠮᠡᠨ ᠮᠤ᠌ ᠳᠦ ᠬᠦᠷᠴᠦ᠍ ᠂ ᠪᠥᠬᠥ᠌ ᠬᠣᠲᠠ᠎ᠶ᠋ᠢᠨ ᠣᠶ ᠱᠢᠭᠤᠶ᠎ᠶ᠋ᠢᠨ ᠪᠦᠷᠬᠦᠴᠡ ᠪᠠ ᠨᠤᠲᠤᠭ ᠪᠡᠯᠴᠢᠭᠡᠷ
ᠦᠨ ᠤᠷᠭᠤᠮᠠᠯ ᠤᠨ ᠪᠦᠷᠬᠦᠴᠡ ᠲᠣᠰ ᠲᠣᠰ 35.78% ᠪᠠ 60.47% ᠳ᠋ᠤ ᠬᠦᠷᠴᠦ᠍ ᠂ ᠥᠪᠡᠷᠲᠡᠭᠡᠨ ᠵᠠᠰᠠᠬᠤ
ᠣᠷᠣᠨ᠎ᠤ ᠬᠢ ᠡᠴᠡ ᠵᠠᠭᠤᠨ᠎ᠤ ᠬᠠᠷᠢᠴᠠᠯ᠎ᠢᠶᠡᠷ12.78 ᠪᠠ 15.47 ᠬᠤᠪᠢ ᠥᠨᠳᠥᠷ ᠪᠣᠯᠵᠣ᠂
ᠡᠯᠡᠰᠦᠷᠬᠡᠭ᠌ᠵᠢᠯ᠎ᠢ ᠵᠠᠰᠠᠬᠤ ᠠᠵᠢᠯ ᠲᠡᠦᠬᠡᠲᠦ ᠴᠢᠨᠠᠷᠲᠠᠶ ᠦᠷ᠎ᠡ ᠪᠦᠲᠦᠮᠵᠢ
ᠤᠯᠪᠠ ᠃ ᠤᠯᠠᠭᠠᠨᠬᠠᠳᠠ ᠬᠣᠲᠠ ᠤᠷᠢᠳ ᠬᠣᠵᠢᠳ《ᠤᠯᠤᠰ᠎ᠤᠨ ᠱᠢᠭᠤᠢᠲᠤ
ᠬᠣᠲᠠ 》᠂《 ᠪᠥᠬᠥ᠌ ᠤᠯᠤᠰ᠎ᠤᠨ
ᠣᠶ ᠱᠢᠭᠤᠶ᠎ᠵᠢᠨ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠡᠷᠢᠭᠦᠨ᠎ᠦ ᠬᠣᠲᠠ 》᠂《ᠳᠤᠮᠳᠠᠳᠤ ᠤᠯᠤᠰ᠎ᠤᠨ ᠬᠤᠨ ᠭᠠᠯᠠᠭᠤᠨ᠎ᠤ ᠨᠤᠲᠤᠭ 》 ᠵᠡᠷᠭᠡ 11 ᠲᠥᠷᠥᠯ᠎ᠦᠨ ᠤᠯᠤᠰ᠎ᠤᠨ
ᠲᠠᠰ ᠤᠨ ᠢᠷᠠᠭᠤ ᠠᠯᠳᠠᠷ ᠢ
ᠭᠥᠷᠳᠡᠪᠡ ᠃
ᠨᠠᠮ ᠤᠨ ᠪᠠᠢᠭᠤᠯᠤᠯᠲᠠ᠎ᠪᠠᠷ ᠶᠠᠳᠠᠭᠤ ᠡᠴᠡ ᠠᠩᠭᠢᠵᠢᠷᠠᠭᠤᠯᠬᠤ ᠶ᠋ᠢ
ᠬᠥᠲᠥᠯᠥᠨ ᠳᠠᠭᠠᠭᠤᠯᠵᠤ ᠂ ᠤᠨᠢᠨ ᠳᠡᠭᠡᠷ᠎ᠡ ᠨᠢ ᠬᠦᠴᠦᠯᠡᠵᠦ᠍ ᠶᠠᠳᠠᠭᠤ᠎ᠠᠴᠠ ᠠᠩᠭᠢᠵᠢᠷᠠᠭᠤᠯᠵᠠᠢ᠃ ᠤᠯᠠᠭᠠᠨᠬᠠᠳᠠ
ᠬᠣᠲᠠ᠎ᠶ᠋ᠢᠨ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶ᠋ᠢᠨ ᠪᠠᠢᠭᠤᠯᠭ᠎ᠠ᠎ᠶ᠋ᠢᠨ ᠨᠠᠮ ᠤᠨ ᠬᠣᠷᠢᠶ᠎ᠠ
《 ᠨᠠᠮ᠎ᠤᠨ ᠪᠠᠢᠭᠤᠯᠤᠯᠲᠠ᠎ᠶ᠋ᠢᠨ
ᠬᠡᠯᠬᠢᠶ᠎ᠡ + ᠠᠵᠢᠯ ᠲᠦᠷᠦᠯ᠎ᠤᠨ ᠬᠡᠯᠬᠢᠶ᠎ᠡ 》 ᠵᠢᠨ ᠠᠵᠢᠯ᠎ᠤᠨ
ᠬᠠᠮ ᠵᠠᠭ᠍ᠪᠤᠷ ᠢ ᠬᠡᠷᠡᠭ᠌ᠵᠢᠭᠦᠯᠵᠦ᠍ ᠂ ᠠᠮᠢ ᠠᠬᠤᠶ
ᠶ᠋ᠢᠨ ᠪᠥᠲᠥᠭᠡᠨ ᠪᠠᠢᠭᠤᠯᠤᠯᠲᠠ ᠬᠢᠭᠡᠳ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠱᠢᠪᠲᠤᠯᠬᠤ ᠶ᠋ᠢ ᠣᠷᠭᠠᠨᠢᠭ᠎ᠢᠶᠠᠷ
ᠤᠶᠠᠯᠳᠤᠭᠤᠯᠤᠨ ᠂ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠱᠢᠪᠲᠤᠯᠬᠤ᠎ᠵᠢᠨ《ᠲᠣᠮᠣ ᠠᠯᠬᠤᠮ᠎ᠢᠶᠠᠷ ᠶᠠᠪᠤᠬᠤ 》 ᠵᠢ ᠠᠬᠢᠭᠤᠯᠪᠠ᠃
《ᠠᠷᠪᠠᠨ ᠭᠤᠷᠪᠠᠳᠤᠭᠠᠷ ᠲᠠᠪᠤᠨ ᠵᠢᠯ 》 ᠦᠨ ᠬᠤᠭᠤᠴᠠᠭᠠᠨ᠎ᠳᠤ᠂
ᠪᠥᠬᠥ᠌ ᠬᠣᠲᠠ᠎ᠶ᠋ᠢᠨ ᠣᠶ ᠱᠢᠭᠤᠶ᠎ᠶ᠋ᠢᠨ ᠠᠮᠢ ᠠᠬᠤᠶ᠎ᠶ᠋ᠢᠨ
ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠪᠠᠯᠠ ᠮᠥᠩᠭᠥ᠎ᠶ᠋ᠢᠨ 70% ᠡᠴᠡ ᠳᠡᠭᠡᠭ᠌ᠰᠢᠬᠢ᠎ᠶ᠋ᠢ ᠶᠠᠳᠠᠭᠤ ᠬᠦᠴᠢᠷᠳᠡᠯᠲᠡᠶ ᠬᠣᠱᠢᠭᠤ ᠱᠢᠶᠠᠨ ᠲᠣᠭᠣᠷᠢᠭ᠎ᠲᠤ ᠣᠷᠣᠭᠤᠯᠪᠠ ᠂ ᠡᠭᠦᠨ᠎ᠳᠦ ᠶᠠᠳᠠᠭᠤ ᠬᠦᠴᠢᠷᠳᠡᠯᠲᠡᠶ
ᠬᠣᠱᠢᠭᠤ ᠱᠢᠶᠠᠨ᠎ᠤ ᠤᠯᠤᠰ ᠤᠨ ᠨᠡᠢᠲᠡ᠎ᠶ᠋ᠢᠨ ᠠᠰᠠᠷᠠᠮᠵᠢ ᠶ᠋ᠢᠨ ᠣᠶ ᠶ᠋ᠢᠨ ᠨᠥᠬᠥᠪᠥᠷᠢ ᠶ᠋ᠢᠨ ᠪᠠᠯᠠ ᠮᠥᠩᠭᠥ᠌ 12 ᠳ᠋ᠦᠩᠱᠢᠭᠤᠷ ᠲᠥᠭᠥᠷᠢᠭ ᠲᠤ ᠬᠦᠷᠴᠦ᠍ ᠂ 2.2 ᠲᠦᠮᠡᠨ ᠶᠠᠳᠠᠭᠤ ᠬᠦᠴᠢᠷᠳᠡᠯᠲᠡᠢ ᠬᠥᠮᠦᠨ ᠠᠮᠠ ᠳ᠋ᠦ᠍ ᠱᠢᠭᠤᠳ ᠠᠱᠢᠭ ᠭᠥᠷᠳᠡᠭᠡᠪᠡ;
ᠲᠥᠪ᠎ᠦᠨ ᠣᠶ ᠱᠢᠭᠤᠶ᠎ᠶ᠋ᠢᠨ ᠠᠮᠢ ᠠᠬᠤᠶ᠎ᠶ᠋ᠢᠨ ᠣᠶ ᠬᠠᠮᠠᠭᠠᠯᠠᠭ᠍ᠴᠢ ᠶ᠋ᠢᠨ ᠨᠥᠬᠥᠪᠥᠷᠢ
ᠪᠠᠯᠠ ᠮᠥᠩᠭᠥ᠌ ᠶ᠋ᠢ 1.38 ᠳ᠋ᠦᠩᠱᠢᠭᠤᠷ ᠲᠥᠭᠥᠷᠢᠭ
ᠭᠤᠶᠤᠴᠢᠯᠡᠨ ᠤᠯᠵᠦ᠍ ᠂ ᠲᠠᠩᠰᠠᠯᠠᠵᠤ ᠺᠠᠷᠲᠯᠠᠭ᠍ᠰᠠᠨ 4078 ᠶᠠᠳᠠᠭᠤ ᠬᠦᠴᠢᠷᠳᠡᠯᠲᠡᠶ ᠡᠷᠦᠬᠡ ᠶ᠋ᠢ ᠬᠠᠪᠰᠤᠷᠤᠨ ᠶᠠᠳᠠᠭᠤ ᠡᠴᠡ ᠠᠩᠭᠢᠵᠢᠷᠠᠭᠤᠯᠪᠠ; ᠲᠠᠷᠢᠶᠠᠯᠠᠬᠤ
ᠶ᠋ᠢ ᠵᠣᠭ᠍ᠰᠣᠭᠠᠵᠤ ᠤᠢ ᠱᠢᠭᠤᠢ ᠶ᠋ᠢ ᠰᠡᠷᠭᠦᠭᠡᠬᠦ᠌ ᠳᠦ ᠣᠷᠣᠭᠤᠯᠤᠭ᠍ᠰᠠᠨ ᠨᠥᠬᠥᠪᠥᠷᠢ ᠪᠡᠯᠡ ᠮᠥᠩᠭᠥ᠌ 11.9 ᠳ᠋ᠦᠩᠱᠢᠭᠤᠷ ᠲᠥᠭᠥᠷᠢᠭ ᠲᠦ ᠬᠦᠷᠴᠦ᠍᠂ 1.8 ᠲᠦᠮᠡᠨ ᠶᠠᠳᠠᠭᠤ ᠬᠦᠴᠢᠷᠳᠡᠯᠲᠡᠢ ᠡᠷᠦᠬᠡ᠎ᠳᠦ
ᠠᠱᠢᠭ ᠬᠦᠷᠲᠡᠭᠡᠪᠡ; 2020 ᠣᠨ᠎ᠳᠤ ᠪᠥᠬᠥ᠌ ᠬᠣᠲᠠ᠎ᠳᠤ ᠶᠠᠳᠠᠭᠤ᠎ᠶ᠋ᠢ ᠲᠡᠳᠬᠦᠬᠦ᠌ ᠣᠶ ᠱᠢᠭᠤᠶ ᠶ᠋ᠢᠨ ᠲᠤᠰᠭᠠᠶ
ᠬᠣᠷᠱᠢᠶ᠎ᠠ ᠵᠢ ᠪᠠᠢᠭᠤᠯᠵᠤ ᠂ ᠣᠶ ᠱᠢᠭᠤᠶ ᠡᠪᠡᠰᠦᠨ
ᠦ ᠦᠶ᠋ᠯᠡᠰ ᠦᠨ 4 ᠬᠣᠷᠱᠢᠶ᠎ᠠ ᠵᠢ ᠭᠤᠤᠯᠳᠠᠯᠭ᠎ᠠ ᠲᠠᠶ ᠲᠡᠳᠬᠦᠵᠦ᠍ ᠂ ᠣᠯᠠᠨ ᠵᠦᠶ᠋ᠯ᠎ᠦᠨ ᠠᠷᠭ᠎ᠠ ᠵᠠᠮ ᠢᠶᠠᠷ ᠳᠠᠮᠵᠢᠭᠤᠯᠤᠨ 870 ᠶᠠᠳᠠᠭᠤ ᠬᠦᠴᠢᠷᠳᠡᠯᠲᠡᠶ ᠡᠷᠦᠬᠡ ᠶ᠋ᠢ
ᠳᠠᠢᠴᠢᠯᠠᠨ ᠣᠷᠣᠯᠭ᠎ᠠ ᠶ᠋ᠢ ᠨᠢ ᠨᠡᠮᠡᠭ᠌ᠳᠡᠭᠦᠯᠪᠡ᠃ ᠶᠠᠳᠠᠭᠤ᠎ᠶ᠋ᠢ ᠲᠡᠳᠬᠦᠬᠦ᠌ ᠬᠠᠷᠢᠯᠴᠠᠬᠤ ᠴᠡᠭ
ᠪᠣᠯᠬᠤ ᠪᠠᠭᠠᠷᠢᠨ ᠪᠠᠷᠠᠭᠤᠨ ᠬᠣᠱᠢᠭᠤᠨ᠎ᠤ ᠴᠠᠭᠠᠨᠮᠥ᠋ᠷᠡᠨ ᠰᠤᠮᠤ᠎ᠶ᠋ᠢᠨ ᠱᠢᠪᠠᠷ᠎ᠲᠠᠢ ᠭᠠᠴᠠᠭ᠎ᠠ᠎ᠶ᠋ᠢᠨ ᠶᠠᠳᠠᠭᠤ ᠬᠦᠴᠢᠷᠳᠡᠯᠲᠡᠢ
ᠬᠥᠮᠦᠨ ᠠᠮᠠ᠎ᠶ᠋ᠢ ᠡᠷᠲᠡᠬᠡᠨ ᠶᠠᠳᠠᠭᠤ ᠡᠴᠡ ᠠᠩᠭᠢᠵᠢᠷᠠᠭᠤᠯᠬᠤ ᠶ᠋ᠢᠨ ᠲᠥᠯᠥᠭᠡ ᠂ ᠤᠯᠠᠭᠠᠨᠬᠠᠳᠠ ᠬᠤᠳᠠ᠎ᠶ᠋ᠢᠨ
ᠤᠢ ᠱᠢᠭᠤᠢ ᠪᠠ ᠨᠤᠲᠤᠭ ᠪᠡᠯᠴᠢᠭᠡᠷ ᠦᠨ ᠲᠣᠪᠴᠢᠢ᠎ᠠ ᠶ᠋ᠢᠨ
ᠪᠠᠢᠭᠤᠯᠭ᠎ᠠ ᠶ᠋ᠢᠨ ᠨᠠᠮ᠎ᠤᠨ ᠬᠣᠷᠢᠶ᠎ᠠ
ᠤᠷᠢᠳ ᠬᠣᠵᠢᠳ 11 ᠤᠢ ᠱᠢᠭᠤᠢ ᠨᠤᠲᠤᠭ ᠪᠡᠯᠴᠢᠭᠡᠷ ᠦᠨ ᠺᠠᠳ᠋ᠷ ᠢ ᠲᠤᠮᠢᠯᠠᠨ ᠭᠠᠴᠠᠭᠠᠨ᠎ᠳᠤ ᠰᠠᠭᠤᠯᠭᠠᠨ
ᠶᠠᠳᠠᠭᠤ᠎ᠶ᠋ᠢ ᠲᠡᠳᠬᠦᠬᠦ᠌ ᠶ᠋ᠢᠨ ᠬᠠᠮᠲᠤ ᠨᠠᠮ᠎ᠤᠨ ᠭᠡᠱᠢᠭᠦᠨ᠎ᠦ
ᠬᠠᠨᠳᠢᠪᠯᠠᠭ᠍ᠰᠠᠨ ᠵᠣᠭᠣᠰ ᠪᠠ ᠲᠦᠷᠦᠯ ᠵᠦᠢᠯ᠎ᠦᠨ ᠪᠡᠯᠡ ᠮᠥᠩᠭᠥ᠌ ᠶ᠋ᠢ ᠴᠤᠭ᠍ᠯᠠᠭᠤᠯᠤᠨ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠤ
ᠪᠦᠳᠦᠭᠡᠨ ᠪᠠᠢᠭᠤᠯᠤᠯᠲᠠ᠎ᠳᠤ ᠬᠡᠷᠡᠭ᠌ᠯᠡᠵᠦ᠍᠂ ᠡᠴᠦᠰ ᠲᠡᠬᠡᠨ ᠳᠠᠭᠠᠭᠠᠴᠢᠯᠠᠨ ᠲᠡᠳᠬᠦᠵᠦ᠍ ᠪᠠᠢᠭ᠍ᠰᠠᠨ 43 ᠡᠷᠦᠭᠡ ᠵᠢᠨ 82 ᠶᠠᠳᠠᠭᠤ ᠬᠦᠴᠢᠷᠳᠡᠯᠲᠡᠢ
ᠬᠥᠮᠦᠨ ᠠᠮᠠ᠎ᠶ᠋ᠢ ᠪᠦᠬᠦᠨ᠎ᠢ ᠶᠠᠳᠠᠭᠤ ᠡᠴᠡ ᠠᠩᠭᠢᠵᠢᠷᠠᠭᠤᠯᠵᠤ᠂
ᠥᠩᠭᠡᠷᠡᠭ᠌ᠰᠡᠨ᠎ᠦ ᠶᠠᠳᠠᠭᠤ ᠬᠦᠴᠢᠷᠳᠡᠯᠲᠡᠢ ᠲᠣᠰᠭᠣᠨ ᠢ ᠤᠳᠤ ᠶ᠋ᠢᠨ ᠴᠢᠨᠡᠭᠡᠯᠢᠭ ᠭᠠᠴᠠᠭ᠎ᠠ᠎ᠶ᠋ᠢ ᠪᠣᠯᠭᠠᠨ
ᠬᠤᠪᠢᠷᠠᠭᠤᠯᠵᠤ ᠂ 《 ᠨᠠᠮ ᠤᠨ ᠪᠠᠢᠭᠤᠯᠤᠯᠲᠠ
ᠶ᠋ᠢ ᠠᠳᠭᠤᠨ ᠶᠠᠳᠠᠭᠤ ᠡᠴᠡ ᠠᠩᠭᠢᠵᠢᠷᠠᠭᠤᠯᠬᠤ᠎ᠶ᠋ᠢ ᠠᠬᠢᠭᠤᠯᠬᠤ 》
ᠶᠡᠬᠡ ᠱᠢᠯᠭᠠᠯᠲᠠ ᠳᠤ ᠪᠦᠷᠢᠨ ᠲᠡᠭᠦᠯᠳᠡᠷ ᠬᠠᠷᠢᠭᠤᠯᠲᠠ᠎ᠶ᠋ᠢᠨ ᠬᠠᠭᠤᠳᠠᠰᠤ ᠲᠤᠱᠢᠶᠠᠭ᠍ᠰᠠᠨ
ᠪᠠᠢᠨ᠎ᠠ᠃
ᠨᠠᠮ᠎ᠤᠨ ᠪᠠᠢᠭᠤᠯᠤᠯᠲᠠ᠎ᠪᠠᠷ ᠤᠳᠤᠷᠢᠳᠤᠮᠵᠢ ᠪᠣᠯᠭᠠᠵᠤ ᠂ ᠬᠢᠵᠢᠭ᠎ᠲᠡᠶ ᠲᠡᠮᠡᠴᠡᠬᠦ᠌ ᠪᠠᠲᠤ ᠪᠡᠬᠢ ᠰᠡᠷᠭᠡᠢᠯᠡᠯᠲᠡ᠎ᠶ᠋ᠢᠨ
ᠱᠤᠭᠤᠮ ᠢ ᠪᠠᠢᠭᠤᠯᠤᠯ᠎ᠠ᠃ ᠱᠢᠨ᠎ᠡ ᠲᠢᠲᠢᠮᠯᠢᠭ ᠠᠭᠤᠰᠭᠢᠨ ᠦᠷᠪᠢᠰᠦᠯ ᠦᠨ ᠬᠢᠵᠢᠭ᠎ᠦᠨ ᠪᠠᠢᠳᠠᠯ ᠢ
ᠰᠡᠷᠭᠡᠢᠯᠡᠨ ᠡᠵᠡᠮᠳᠡᠬᠦ᠌ ᠠᠵᠢᠯ ᠤᠨ ᠳᠤᠮᠳᠠ᠂ ᠤᠯᠠᠭᠠᠨᠬᠠᠳᠠ ᠬᠣᠲᠠ ᠶ᠋ᠢᠨ ᠣᠶ ᠱᠢᠭᠤᠶ ᠪᠠ ᠨᠤᠲᠤᠭ ᠪᠡᠯᠴᠢᠭᠡᠷ
ᠦᠨ ᠲᠣᠪᠴᠢᠶ᠎ᠠ᠎ᠶ᠋ᠢᠨ ᠪᠠᠢᠭᠤᠯᠭ᠎ᠠ ᠶ᠋ᠢᠨ ᠨᠠᠮ ᠤᠨ ᠬᠣᠷᠢᠶ᠎ᠠ ᠨᠢᠭᠡᠳᠦᠯᠲᠡᠶ ᠲᠣᠬᠢᠷᠠᠭᠤᠯᠵᠤ ᠂ ᠡᠭᠦᠷᠭᠡ
ᠬᠠᠷᠢᠭᠤᠴᠠᠯᠭ᠎ᠠ ᠪᠠᠨ ᠭᠦᠶ᠋ᠴᠡᠳᠭᠡᠨ ᠂ ᠡᠬᠡ ᠬᠠᠭᠤᠷᠠᠶ ᠳ᠋ᠦ᠍ ᠠᠮᠢᠳᠤᠷᠠᠬᠤ ᠬᠡᠭᠡᠷ᠎ᠡ ᠶ᠋ᠢᠨ ᠠᠮᠢᠲᠠᠨ᠎ᠢ ᠬᠠᠮᠠᠭᠠᠯᠠᠵᠤ
ᠬᠢᠨᠠᠨ ᠬᠠᠮᠢᠶᠠᠷᠬᠤ ᠂ ᠬᠢᠨᠠᠨ ᠪᠠᠢ᠌ᠴᠠᠭᠠᠬᠤ ᠬᠠᠷᠢᠭᠤᠴᠠᠯᠭ᠎ᠠ᠎ᠶ᠋ᠢ ᠨᠠᠷᠢᠯᠢᠭ ᠨᠠᠢᠳᠠᠪᠤᠷᠢᠵᠢᠭᠤᠯᠪᠠ
᠃ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ ᠬᠦᠴᠦᠲᠡᠶ ᠪᠣᠯᠤᠭ᠍ᠰᠠᠨ ᠡᠴᠡ ᠬᠡᠭᠡᠷ᠎ᠡ ᠶ᠋ᠢᠨ ᠠᠮᠢᠲᠠᠨ ᠡᠴᠡ ᠡᠬᠢ ᠡᠭᠦᠰᠦᠯ ᠲᠠᠢ ᠬᠢᠵᠢᠭ ᠡᠪᠡᠳᠴᠢᠨᠬᠥᠮᠦᠨ ᠳᠦ ᠬᠠᠯᠳᠠᠪᠤᠷᠢᠯᠠᠬᠤ ᠲᠦᠭ᠌ᠰᠢᠭᠦᠷᠢ ᠶ᠋ᠢ ᠪᠦᠲᠦᠮᠵᠢᠲᠡᠶ ᠰᠡᠷᠭᠡᠢᠯᠡᠨ ᠡᠵᠡᠮᠳᠡᠵᠦ᠍᠂
ᠬᠡᠭᠡᠷ᠎ᠡ ᠶ᠋ᠢᠨ ᠠᠮᠢᠲᠠᠨ ᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶ᠋ᠢᠨ ᠰᠡᠷᠭᠡᠢᠯᠡᠯᠲᠡ᠎ᠶ᠋ᠢᠨ ᠱᠤᠭᠤᠮ᠎ᠢ
ᠪᠠᠲᠤ ᠴᠣᠭ᠍ᠴᠠᠯᠠᠵᠤ ᠂ ᠬᠢᠵᠢᠭ ᠦᠨ ᠪᠠᠢᠳᠠᠯ ᠢ ᠰᠡᠷᠭᠡᠢᠯᠡᠨ ᠡᠵᠡᠮᠳᠡᠬᠦ᠌᠎ᠳᠦ ᠰᠠᠯᠠᠭ᠎ᠠ ᠮᠥᠴᠢᠷ᠎ᠦᠨ ᠬᠦᠴᠦᠨ
ᠴᠢᠳᠠᠯ᠎ᠢᠶᠠᠨ ᠡᠷᠭᠦᠭ᠌ᠰᠡᠨ ᠪᠠᠢ᠌ᠨ᠎ᠠ᠃

ᠤᠯᠠᠭᠠᠨᠬᠠᠳᠠ ᠬᠣᠲᠠ ᠶ᠋ᠢᠨ ᠣᠶ ᠱᠢᠭᠤᠶ ᠪᠠ ᠨᠤᠲᠤᠭ ᠪᠡᠯᠴᠢᠭᠡᠷ ᠦᠨ
ᠲᠣᠪᠴᠢᠶ᠎ᠠ ᠶ᠋ᠢᠨ ᠪᠠᠢᠭᠤᠯᠭ᠎ᠠ ᠶ᠋ᠢᠨ ᠨᠠᠮ᠎ᠤᠨ ᠬᠣᠷᠢᠶ᠎ᠠ ᠵᠢᠨ ᠠᠵᠢᠯᠳᠠᠳ ᠮᠤᠳᠤ ᠵᠠᠢ᠌ᠯᠠᠵᠦ᠍ ᠪᠠᠢ᠌ᠭ᠎ᠠ ᠨᠢ᠃