ᠳᠤᠮᠳᠠᠳᠤ ᠤᠯᠤᠰ ᠪᠦᠬᠦ᠌ ᠪᠥᠮᠪᠥᠷᠴᠡᠭ᠎ᠦᠨ ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠲᠣᠭ᠍ᠲᠠᠪᠤᠷᠢᠵᠢᠭᠤᠯᠬᠤ ᠳ᠋ᠦ ᠴᠢᠬᠤᠯᠠ ᠦᠢᠯᠡᠳᠦᠯ᠎ᠢᠶᠡᠨ ᠪᠠᠳᠠᠷᠠᠭᠤᠯᠤᠨ᠎ᠠ
2021-11-12 09:31:12
ᠵᠣᠬᠢᠶᠠᠭ᠍ᠴᠢ᠄
ᠳ᠋ᠧᠩ ᠴᠢᠶᠠᠨ ᠯᠢᠦ ᠶᠠ ᠨᠠᠨ ᠫᠠᠨ ᠯᠢ ᠵᠢᠶᠦ᠋ᠨ ᠵᠠᠩ ᠮᠦᠸᠸ ᠴᠧᠩ ᠬᠤᠸᠠᠩ ᠾᠧᠩ ᠯᠢᠦ ᠴᠦᠨ ᠶᠠᠨ ᠭᠦᠸᠧ ᠳ᠋ᠠᠨ ᠳ᠋ᠦ᠋ ᠪᠠᠢ ᠢᠦᠢ ᠯᠦ᠍ ᠷᠦᠢ ᠴᠧᠨ ᠸᠧᠢ ᠬᠤᠸᠠ ᠵᠤᠤ ᠶᠠᠨ ᠰᠦᠨ ᠱᠢᠶᠤᠤ ᠯᠢᠩ ᠬᠤ᠌ ᠭᠤᠸᠠᠨ ᠶᠢᠨ ᠨᠠᠨ ᠵᠠᠩ ᠱᠢᠶᠤᠤ ᠷᠠᠨ ᠢᠦᠢ ᠴᠢᠶᠠᠨ ᠯᠢᠶᠠᠩ ᠵᠧᠩ ᠱ᠌ᠢ ᠪᠥᠸᠧ
ᠣᠩᠱᠢᠭ᠍ᠰᠠᠨ ᠣᠳᠠᠭ᠎ᠠ᠄
★★★☆☆

ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ

ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠤᠨ ᠨᠥᠯᠥᠭᠡ ᠲᠠᠢ ᠲᠠᠪᠬᠤᠴᠠᠭᠰᠠᠠ ᠠᠷᠠᠯᠵᠢᠶᠠᠨ᠎ᠤ ᠬᠠᠮᠠᠭᠠᠯᠠᠬᠤ ᠦᠵᠡᠯ ᠤᠯᠠᠮ ᠴᠢᠨᠠᠭ᠍ᠰᠢᠳᠠ ᠵᠠᠢ ᠠᠪᠴᠤ᠂ ᠪᠦᠬᠦ᠌ ᠪᠥᠮᠪᠥᠷᠴᠡᠭ᠎ᠦᠨ ᠬᠠᠩᠭᠠᠯᠭ᠎ᠠ᠎ᠶ᠋ᠢᠨ ᠬᠡᠯᠬᠢᠶ᠎ᠡ ᠶᠠᠭ ᠬᠦᠨᠳᠦ ᠨᠣᠴᠢᠲᠠᠢ ᠥᠷᠢᠰᠥᠯᠳᠦᠭᠡᠨ᠎ᠳᠦ ᠲᠤᠯᠭᠠᠷᠠᠵᠤ ᠪᠠᠢᠨ᠎ᠠ᠃ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠬᠢᠮᠤᠷᠠᠯ ᠪᠣᠯ ᠮᠥᠨ ᠴᠢᠨᠠᠷ ᠳᠡᠭᠡᠷ᠎ᠡ᠎ᠪᠡᠨ ᠣᠢᠷ᠎ᠠ᠎ᠶ᠋ᠢᠨ ᠵᠢᠯ᠎ᠦᠨ ᠲᠤᠷᠱᠢᠬᠢ ᠪᠥᠬᠥ᠌ ᠳᠡᠯᠡᠬᠡᠶ᠎ᠶ᠋ᠢᠨ ᠠᠷᠠᠯᠵᠢᠶ᠎ᠠ ᠪᠠ ᠠᠵᠤ ᠦᠶ᠋ᠯᠡᠰ᠎ᠦᠨ ᠬᠦᠷᠢᠶᠡᠨ᠎ᠦ ᠠᠰᠠᠭᠤᠳᠠᠯ᠎ᠤᠨ ᠬᠢᠵᠢᠭ᠎ᠦᠨ ᠣᠨᠴᠠᠭᠠᠶ ᠪᠠᠢᠳᠠᠯ ᠳᠤᠤᠷ᠎ᠠ ᠲᠥᠪᠯᠡᠷᠡᠩᠭᠦᠶ ᠡᠭᠦᠰᠦᠭ᠌ᠰᠡᠨ ᠶᠠᠪᠤᠳᠠᠯ ᠪᠣᠯᠤᠨ᠎ᠠ᠃ ᠣᠯᠠᠨ ᠤᠯᠤᠰ᠎ᠤᠨ ᠲᠤᠰᠭᠠᠶ ᠮᠡᠷᠭᠡᠵᠢᠯᠲᠡᠨ᠎ᠦ ᠦᠵᠡᠬᠦ᠌᠎ᠪᠡᠷ᠂ ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠲᠣᠭ᠍ᠲᠠᠭᠤᠨ ᠪᠠᠢᠬᠤ᠎ᠶ᠋ᠢ ᠦᠨᠡᠨ ᠬᠦ᠌ ᠪᠠᠲᠤᠯᠠᠬᠤ ᠪᠣᠯ ᠠᠵᠤ ᠠᠬᠤᠶ᠎ᠶ᠋ᠢᠨ ᠰᠠᠭᠠᠳ ᠥᠬᠡᠶ ᠠᠵᠢᠯᠯᠠᠭᠠᠨ᠎ᠤ ᠴᠢᠬᠤᠯᠠ ᠰᠠᠭᠤᠷᠢ ᠮᠥᠨ᠂ ᠳᠡᠯᠡᠬᠡᠶ ᠨᠡᠢᠲᠡ᠎ᠪᠡᠷ᠎ᠢᠶᠡᠨ ᠬᠦᠴᠦ᠍᠎ᠪᠡᠨ ᠬᠠᠮᠲᠤᠳᠭᠠᠨ ᠬᠠᠮᠲᠤᠷᠠᠯᠴᠠᠬᠤ ᠴᠢᠬᠤᠯᠠᠲᠠᠢ᠃ ᠳᠤᠮᠳᠠᠳᠤ ᠤᠯᠤᠰ᠎ᠤᠨ ᠬᠠᠩᠭᠠᠯᠭ᠎ᠠ ᠵᠢᠨ ᠬᠡᠯᠬᠢᠶ᠎ᠡ᠎ᠶ᠋ᠢ ᠲᠣᠭ᠍ᠲᠠᠪᠤᠷᠢᠵᠢᠭᠤᠯᠵᠤ ᠬᠠᠩᠭᠠᠯᠭ᠎ᠠ᠎ᠶ᠋ᠢ ᠪᠠᠲᠤᠯᠠᠬᠤ ᠲᠠᠯ᠎ᠠ᠎ᠪᠠᠷ᠎ᠬᠢ ᠠᠷᠭ᠎ᠠ ᠬᠢᠳᠡᠯ ᠪᠣᠯᠤᠨ ᠰᠠᠨᠠᠭᠠᠴᠢᠯᠠᠭ᠎ᠠ᠎ᠨᠢ ᠳᠡᠯᠡᠬᠡᠶ᠎ᠶ᠋ᠢᠨ ᠠᠵᠤ ᠠᠬᠤᠶ᠎ᠶ᠋ᠢᠨ ᠲᠣᠭ᠍ᠲᠠᠭᠤᠨ᠎ᠢᠶᠠᠷ ᠰᠡᠷᠭᠦᠬᠦ᠌᠎ᠳᠦ ᠴᠢᠬᠤᠯᠠ ᠠᠴᠢ ᠬᠣᠯᠪᠣᠭ᠍ᠳᠠᠯ᠎ᠲᠠᠶ ᠶᠤᠮ᠃

ᠳᠡᠯᠡᠬᠡᠢᠵᠢᠭᠰᠡᠨ ᠬᠡᠯᠬᠢᠶ᠎ᠡ 《ᠨᠢᠭᠡ ᠨᠢ ᠬᠦᠲᠡᠯᠪᠡᠯ ᠨᠡᠢᠳᠡ ᠪᠠᠷ ᠬᠥᠳᠡᠯᠦᠨ᠎ᠠ》

ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠪᠦᠷᠢᠯᠳᠦᠭ᠌ᠰᠡᠨ ᠨᠢ ᠤᠯᠠᠨ ᠤᠯᠤᠰ᠎ᠤᠨ ᠠᠷᠠᠯᠵᠢᠶᠠᠨ᠎ᠤ ᠪᠡᠯᠡ ᠣᠷᠣᠭᠤᠯᠤᠯᠲᠠ᠎ᠶ᠋ᠢᠨ ᠤᠷᠳᠤ ᠬᠤᠭᠤᠴᠠᠭᠠᠨ᠎ᠤ ᠬᠥᠭ᠌ᠵᠢᠯᠲᠡ᠎ᠶ᠋ᠢᠨ ᠦᠷ᠎ᠡ ᠳ᠋ᠦᠩ ᠪᠣᠯᠤᠨ᠎ᠠ᠃ ᠬᠡᠯᠬᠢᠶ᠎ᠠ ᠎ᠶ᠋ᠢᠨ ᠡᠯ᠎ᠡ ᠵᠠᠩᠭᠢᠯᠠᠭ᠎ᠠ᠎ᠶ᠋ᠢᠨ ᠴᠡᠭ᠎ᠦᠨ ᠠᠵᠢᠯ᠎ᠤᠨ ᠬᠤᠪᠢᠶᠠᠷᠢᠯᠠᠯ ᠤᠯᠠᠮ ᠲᠣᠳᠣᠷᠬᠠᠶ ᠂ ᠤᠯᠠᠮ ᠨᠠᠷᠢᠯᠢᠬ᠍ᠵᠢᠬᠤ ᠲᠤᠲᠤᠮ ᠲᠠᠩ ᠭᠠᠭᠴᠠ ᠵᠠᠩᠭᠢᠯᠠᠭ᠎ᠠ᠎ᠶ᠋ᠢᠨ ᠴᠡᠭ᠎ᠦᠨ ᠦᠶ᠋ᠯᠡᠳᠪᠦᠷᠢᠯᠡᠯ ᠪᠠ ᠬᠠᠩᠭᠠᠯᠭ᠎ᠠ ᠤᠯᠠᠮ ᠲᠤᠰᠭᠠᠢᠵᠢᠵᠤ᠂ ᠤᠯᠠᠮ ᠲᠥᠪᠯᠡᠷᠡᠬᠦ᠌ ᠪᠣᠯᠤᠨ᠎ᠠ᠃ ᠨᠢᠭᠡ 《ᠲᠠᠰᠤᠯᠲᠠᠯ ᠴᠡᠭ》 ᠢᠯᠡᠷᠡᠪᠡᠯ ᠪᠦᠬᠦᠢᠯᠡ ᠬᠡᠯᠬᠢᠶ᠎ᠠ ᠎ᠶ᠋ᠢᠨ ᠦᠷ᠎ᠡ ᠪᠦᠲᠦᠮᠵᠢ ᠎ᠶ᠋ᠢ ᠎ᠪᠠᠭᠤᠷᠠᠭᠤᠯᠬᠤ ᠴᠢᠨᠠᠭ᠍ᠰᠢᠯᠠᠪᠠᠯ ᠲᠠᠮᠫᠤᠷᠠᠭᠤᠯᠵᠤ ᠎ᠮᠡᠳᠡᠨ᠎ᠡ᠃ ᠳᠡᠯᠡᠬᠡᠢᠵᠢᠯᠲᠡ᠎ᠶ᠋ᠢᠨ ᠠᠬᠤᠢ ᠪᠠᠢᠳᠠᠯ ᠳᠣᠣᠷ᠎ᠠ᠂ ᠤᠯᠠᠨ ᠤᠯᠤᠰ᠎ᠤᠨ ᠠᠵᠢᠯ᠎ᠤᠨ ᠬᠤᠪᠢᠶᠠᠷᠢᠯᠠᠯ ᠪᠣᠯᠤᠨ ᠠᠷᠠᠯᠵᠢᠶᠠᠨ᠎ᠤ ᠬᠠᠮᠲᠤᠷᠠᠯᠴᠠᠭ᠎ᠠ ᠨᠢ ᠪᠦᠬᠦ᠌ ᠪᠥᠮᠪᠥᠷᠴᠡᠭ᠎ᠦᠨ ᠠᠵᠤ ᠠᠬᠤᠢ᠎ᠶ᠋ᠢ ᠨᠥᠯᠥᠭᠡᠯᠡᠬᠦ᠌᠎ᠪᠡᠷ ᠦᠯᠦ ᠪᠠᠷᠠᠮ ᠨᠡᠢᠭᠡᠮ᠎ᠦᠨ ᠠᠮᠢᠳᠤᠷᠠᠯ᠎ᠤᠨ ᠬᠡᠪ᠎ᠦᠨ ᠠᠵᠢᠯᠯᠠᠭ᠎ᠠ᠎ᠲᠠᠶ  ᠨᠢᠭ᠍ᠲᠠ ᠬᠣᠯᠪᠣᠭ᠎ᠠ᠎ᠲᠠᠶ ᠪᠠᠢᠲᠠᠭ᠃

ᠬᠣᠷᠸ᠎ᠠ ᠲᠠᠯ᠎ᠠ᠎ᠠᠴᠠ ᠦᠵᠡᠪᠡᠯ ᠂ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠠᠰᠠᠭᠤᠳᠠᠯ ᠶᠠᠭ ᠪᠦᠬᠦ᠌ ᠪᠥᠮᠪᠥᠷᠴᠡᠭ᠎ᠦᠨ ᠠᠵᠤ ᠠᠬᠤᠶ᠎ᠶ᠋ᠢᠨ ᠰᠡᠷᠭᠦᠯᠲᠡ᠎ᠶ᠋ᠢ ᠨᠥᠯᠥᠭᠡᠯᠡᠵᠦ᠍ ᠪᠠᠢᠨ᠎ᠠ᠃ ᠣᠯᠠᠨ ᠤᠯᠤᠰ᠎ᠤᠨ ᠵᠣᠭᠣᠰᠣᠨ᠎ᠤ ᠰᠠᠭᠤᠷᠢ ᠮᠥᠩᠭᠥᠨ᠎ᠦ ᠵᠣᠬᠢᠶᠠᠨ ᠪᠠᠢᠭᠤᠯᠤᠯᠲᠠ ( IMF) 10 ᠰᠠᠷ᠎ᠠ᠎ᠳᠤ ᠡᠨᠡ ᠵᠢᠯ᠎ᠦᠨ ᠳᠡᠯᠡᠬᠡᠶ᠎ᠶ᠋ᠢᠨ ᠠᠵᠤ ᠠᠬᠤᠶ᠎ᠶ᠋ᠢᠨ ᠨᠡᠮᠡᠭ᠌ᠳᠡᠯ᠎ᠦᠨ ᠬᠤᠷᠳᠤᠴᠠ᠎ᠶ᠋ᠢᠨ ᠵᠢᠱ᠌ᠢᠯᠲᠡ᠎ᠶ᠋ᠢ 5.9% ᠪᠣᠯᠲᠠᠯ᠎ᠠ ᠪᠠᠭᠤᠷᠠᠭᠤᠯᠪᠠ᠃ IMF ᠎ᠶ᠋ᠢᠨ ᠶᠡᠷᠦᠩᠬᠡᠶ ᠵᠠᠬᠢᠷᠤᠭ᠍ᠴᠢ ᠭᠧᠤᠷᠵᠢᠶᠧᠸᠠ᠂ ᠱᠢᠨ᠎ᠡ ᠲᠢᠲᠢᠮᠯᠢᠭ ᠸᠢᠷᠦ᠋ᠰ᠎ᠦᠨ ᠤᠨᠳᠤᠤᠱᠢᠯ᠎ᠠᠴᠠ ᠪᠣᠯᠤᠭ᠍ᠰᠠᠨ ᠬᠤᠪᠢᠷᠠᠯᠲᠠ᠎ᠨᠢ ᠬᠠᠩᠭᠠᠯᠭ᠎ᠠ᠎ᠶ᠋ᠢᠨ ᠬᠡᠯᠬᠢᠶ᠎ᠡ ᠴᠢᠨᠠᠭ᠍ᠰᠢᠯᠠᠪᠠᠯ ᠠᠵᠤ ᠠᠬᠤᠶ᠎ᠳᠤ ᠨᠥᠯᠥᠭᠡ ᠦᠵᠡᠭᠦᠯᠵᠦ᠍᠂ ᠰᠡᠷᠭᠦᠯᠲᠡ᠎ᠶ᠋ᠢᠨ ᠠᠬᠢᠴᠠ᠎ᠶ᠋ᠢ ᠬᠠᠷᠱᠢᠯᠠᠭᠰᠠᠠ ᠪᠠᠢᠨ᠎ᠠ ᠃

ᠲᠡᠭᠡᠳᠦ ᠲᠠᠪᠬᠤᠷᠭ᠎ᠠ ᠵᠢᠨ ᠦᠵᠡᠯᠳᠡ ᠪᠠᠷ ᠂ ᠦᠢᠯᠡᠳᠬᠦ᠌ ᠦᠢᠯᠡᠰ ᠬᠠᠩᠭᠠᠯᠭ᠎ᠠ᠎ᠶ᠋ᠢᠨ ᠬᠡᠯᠬᠢᠶ᠎ᠠ ᠵᠢᠨ ᠪᠣᠭᠣᠮᠢ᠎ᠳᠤ ᠤᠴᠠᠷᠠᠪᠠ᠃ ᠵᠡᠭᠦᠨ ᠡᠮᠦᠨᠡᠲᠦ ᠠᠽᠢᠶ᠎ᠠ᠎ᠶ᠋ᠢᠨ ᠮᠠᠰᠢ ᠤᠯᠠᠨ ᠦᠢᠯᠡᠳᠪᠦᠷᠢ ᠠᠵᠢᠯ ᠵᠣᠭ᠍ᠰᠣᠵᠤ᠂ ᠶᠠᠫᠣᠨ ᠺᠣᠷᠢᠶᠠ ᠵᠡᠷᠭᠡ ᠤᠯᠤᠰ᠎ᠤᠨ ᠠᠵᠤ ᠦᠢᠯᠡᠰ᠎ᠲᠦ ᠳᠠᠷᠤᠭᠠᠰᠤ  ᠪᠤᠯᠵᠠᠢ᠃ ᠡᠳᠡᠭᠡᠷ ᠪᠦᠬᠦ᠌ ᠪᠥᠮᠪᠥᠷᠴᠡᠭ᠎ᠦᠨ ᠠᠵᠤ ᠦᠢᠯᠡᠰ᠎ᠦᠨ ᠬᠡᠯᠬᠢᠶ᠎ᠡ᠎ᠳᠦ ᠭᠦᠨ ᠠᠭᠤᠰᠴᠤ ᠪᠠᠢᠭ᠎ᠠ ᠡᠯᠧᠺᠲ᠋ᠷᠣᠨ᠂ ᠬᠠᠭᠠᠰ ᠳᠠᠮᠵᠢᠭᠤᠯᠤᠭ᠍ᠴᠢ᠎ᠶ᠋ᠢᠨ ᠠᠵᠤ ᠦᠢᠯᠡᠰ ᠬᠦᠴᠢᠷᠳᠡᠯᠳᠦ ᠪᠠᠢᠳᠠᠯ᠎ᠳᠤ ᠣᠷᠣᠬᠤ᠎ᠶ᠋ᠢᠨ ᠬᠠᠮᠲᠤ ᠪᠠᠰᠠ ᠪᠤᠰᠤᠳ ᠭᠠᠵᠠᠷ ᠣᠷᠣᠨ᠎ᠤ ᠬᠣᠯᠪᠣᠭ᠍ᠳᠠᠯ ᠪᠦᠬᠦᠢ ᠠᠵᠤ ᠦᠢᠯᠡᠰ᠎ᠢ ᠨᠥᠯᠦᠭᠡᠯᠡᠵᠦ᠍ ᠪᠠᠢᠨ᠎ᠠ᠃ ᠣᠯᠠᠨ ᠤᠯᠤᠰ᠎ᠤᠨ ᠢᠲᠡᠭᠡᠮᠵᠢ᠎ᠶ᠋ᠢᠨ ᠲᠠᠰ ᠲᠣᠭ᠍ᠲᠠᠭᠠᠬᠤ ᠪᠠᠢᠭᠤᠯᠤᠮᠵᠢ ᠬᠤᠢ ᠢᠤᠢ ᠺᠣᠮᠫᠠᠨᠢ ᠂ ᠬᠠᠭᠠᠰ ᠳᠠᠮᠵᠢᠭᠤᠯᠤᠭ᠍ᠴᠢ ᠵᠢᠨ  ᠴᠠᠬᠢᠮ᠎ᠤᠨ ᠬᠠᠩᠭᠠᠯᠭ᠎ᠠ ᠳᠤᠲᠠᠭ᠍ᠳᠠᠭ᠍ᠰᠠᠨ᠎ᠠᠴᠠ ᠪᠣᠯᠵᠣ ᠠᠮᠧᠷᠢᠺᠠ ᠪᠠ ᠭᠧᠷᠮᠠᠨ᠎ᠤ ᠮᠠᠱᠢᠨ ᠲᠡᠷᠭᠡᠨ᠎ᠦ ᠭᠠᠷᠤᠯᠲᠠ ᠶᠡᠬᠡ᠎ᠪᠡᠷ ᠪᠠᠭᠤᠷᠠᠵᠠᠢ ᠭᠡᠵᠦ ᠢᠯᠡᠳᠭᠡᠪᠡ᠃

ᠪᠢᠴᠢᠯ ᠦᠵᠡᠯᠲᠡ ᠵᠢᠨ ᠬᠠᠷᠠᠭᠠᠰᠤ ᠳ᠋ᠦ᠂ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠠᠰᠠᠭᠤᠳᠠᠯ ᠨᠢ ᠪᠠᠰᠠ ᠵᠠᠷᠢᠮ ᠤᠯᠤᠰ᠎ᠲᠤ ᠵᠢᠵᠢᠭ᠌ᠯᠡᠨ ᠬᠤᠳᠠᠯᠳᠤᠬᠤ ᠪᠠᠷᠠᠭᠠᠨ᠎ᠤ ᠬᠠᠩᠭᠠᠯᠭ᠎ᠠ ᠳᠤᠲᠠᠭ᠍ᠳᠠᠵᠤ᠂ ᠦᠨ᠎ᠡ ᠬᠠᠩᠰᠢ ᠲᠦᠷᠭᠡᠨ ᠥᠰᠴᠦ᠍᠂ ᠠᠷᠠᠳ ᠣᠯᠠᠨ᠎ᠤ ᠡᠳᠦᠷ ᠲᠤᠲᠤᠮ᠎ᠤᠨ ᠠᠮᠢᠳᠤᠷᠠᠯ᠎ᠢ ᠢᠯᠡᠳᠲᠡ ᠨᠥᠯᠥᠭᠡᠯᠡᠪᠡ᠃ ᠠᠮᠧᠷᠢᠺᠠ᠎ᠳᠤ᠂ ᠵᠠᠷᠢᠮ ᠭᠠᠷᠠᠮ᠎ᠤᠨ ᠴᠢᠩᠭᠡᠯᠢᠭ ᠣᠪᠣᠭᠠᠷᠠᠵᠤ᠂ ᠪᠠᠷᠠᠭᠠᠨ᠎ᠤ ᠣᠩᠭᠣᠴᠠ ᠵᠣᠭ᠍ᠰᠣᠩᠭᠢᠷᠠᠵᠤ᠂ ᠵᠠᠷᠢᠮ ᠭᠠᠵᠠᠷ᠎ᠤᠨ ᠬᠡᠳᠦ ᠳᠡᠯᠭᠡᠭᠦᠷ᠎ᠦᠨ ᠪᠠᠷᠠᠭᠠᠨ᠎ᠤ ᠲᠠᠯᠪᠢᠭᠤᠷ ᠬᠣᠭᠣᠰᠣᠷᠠᠵᠤ ᠂ ᠡᠳᠦᠷ ᠲᠤᠲᠤᠮ᠎ᠤᠨ ᠠᠮᠢᠳᠤᠷᠠᠯ᠎ᠤᠨ ᠬᠡᠷᠡᠭ᠌ᠰᠡᠯ ᠪᠣᠯᠤᠨ ᠢᠰᠦ᠋ᠰ᠎ᠦᠨ ᠮᠡᠨᠳᠦᠯᠡᠭ᠌ᠰᠡᠨ ᠡᠲᠦᠷ᠎ᠤᠨ ᠮᠣᠳᠣ ᠵᠡᠷᠭᠡ ᠪᠠᠶᠠᠷ᠎ᠤᠨ ᠡᠳᠦᠷ᠎ᠦᠨ ᠬᠡᠷᠡᠭ᠌ᠯᠡᠭᠡᠨ᠎ᠦ ᠵᠦᠢᠯ ᠳᠤᠲᠠᠭ᠍ᠳᠠᠵᠤ᠂ ᠯᠣᠩᠬᠣ ᠲᠠᠢ ᠤᠰᠤ ᠪᠣᠯᠤᠨ ᠡᠷᠡᠭᠦᠯ ᠬᠠᠮᠠᠭᠠᠯᠠᠯ᠎ᠤᠨ ᠴᠠᠭᠠᠰᠤ ᠵᠡᠷᠭᠡ ᠴᠢᠬᠤᠯᠠ ᠬᠡᠷᠡᠭ᠌ᠯᠡᠭᠡᠨ᠎ᠦ ᠵᠦᠢᠯ᠎ᠢ ᠬᠤᠳᠠᠯᠳᠤᠨ ᠠᠪᠬᠤ᠎ᠶ᠋ᠢ ᠬᠢᠵᠠᠭᠠᠷᠯᠠᠵᠤ ᠪᠠᠢᠨ᠎ᠠ ᠭᠡᠵᠡᠢ᠃

ᠤᠯᠠᠨ ᠵᠦᠢᠯ᠎ᠤᠨ ᠡᠯᠧᠮᠧᠨ᠋ᠲ ᠨᠢ 《ᠬᠡᠯᠬᠢᠶ᠎ᠡ ᠲᠠᠰᠤᠯᠲᠠᠭᠰᠠᠠ》 ᠠᠶᠤᠯ ᠲᠦᠭ᠌ᠰᠢᠭᠦᠷᠢ᠎ᠶ᠋ᠢ ᠪᠤᠢ ᠪᠣᠯᠭᠠᠪᠠ

ᠥᠩᠭᠡᠨ ᠳᠡᠭᠡᠷ᠎ᠡ᠎ᠪᠡᠨ᠂ ᠬᠢᠵᠢᠭ᠎ᠦᠨ ᠪᠠᠢᠳᠠᠯ᠎ᠠᠴᠠ ᠪᠣᠯᠵᠣ ᠬᠡᠰᠡᠭ ᠭᠠᠵᠠᠷ ᠣᠷᠣᠨ᠎ᠤ ᠦᠶ᠋ᠯᠡᠳᠪᠦᠷᠢ ᠠᠵᠢᠯ᠎ᠢᠶᠠᠨ ᠡᠬᠢᠯᠡᠭᠦᠯᠬᠦ᠌᠎ᠶ᠋ᠢᠨ ᠠᠷᠭ᠎ᠠ ᠥᠬᠡᠶ ᠪᠣᠯᠵᠣ ᠂ ᠪᠥᠬᠥ᠌ ᠪᠥᠮᠪᠥᠷᠴᠡᠭ᠎ᠦᠨ ᠦᠶ᠋ᠯᠡᠳᠪᠦᠷᠢᠯᠡᠬᠦ᠌ ᠴᠢᠳᠠᠪᠤᠷᠢ ᠬᠦᠷᠦᠯᠴᠡᠬᠦ᠌ ᠥᠬᠡᠶ᠂ ᠲᠡᠭᠡᠭᠡᠪᠦᠷᠢᠯᠡᠬᠦ᠌ ᠴᠢᠳᠠᠪᠤᠷᠢ ᠨᠤᠭᠤᠷᠠᠯ᠎ᠳᠤ ᠤᠴᠠᠷᠠᠭ᠍ᠰᠠᠨ ᠵᠢᠴᠢ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ᠎ᠡᠴᠤᠰ᠎ᠤᠨ᠎ᠬᠡᠯᠬᠢᠶ᠎ᠠ᠎ᠪᠤᠯᠬᠤ ᠬᠥᠮᠥᠷᠭᠡᠯᠡᠯᠳᠡ ᠪᠠᠭᠠᠰᠴᠤ᠂ ᠬᠠᠩᠭᠠᠯᠭ᠎ᠠ ᠵᠢ ᠳᠤᠲᠠᠭ᠍ᠳᠠᠭᠤᠯᠤᠭᠰᠠᠠ ᠪᠠᠢᠨ᠎ᠠ᠃ ᠬᠡᠷᠡᠭ ᠳᠡᠭᠡᠷ᠎ᠡ᠎ᠪᠡᠨ᠂ 《ᠬᠡᠯᠬᠢᠶ᠎ᠡ  ᠲᠠᠰᠤᠯᠲᠠᠭᠰᠠᠠ》 ᠠᠶᠤᠯ ᠲᠦᠭ᠌ᠰᠢᠭᠦᠷᠢ ᠪᠣᠯ ᠠᠷᠠᠯᠵᠢᠶᠠᠨ᠎ᠤ ᠬᠠᠮᠠᠭᠠᠯᠠᠬᠤ ᠦᠵᠡᠯ ᠴᠢᠩᠭᠠᠷᠠᠭ᠍ᠰᠠᠨ᠎ᠠᠴᠠ ᠪᠣᠯᠵᠣ ᠣᠯᠠᠨ ᠤᠯᠤᠰ᠎ᠤᠨ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠎ᠠ᠎ᠶ᠋ᠢ ᠬᠠᠷᠱᠢᠯᠠᠵᠤ᠂ ᠠᠵᠤ ᠦᠶ᠋ᠯᠡᠰ᠎ᠦᠨ ᠬᠡᠯᠬᠢᠶ᠎ᠡ᠎ᠳᠦ ᠬᠠᠷᠰᠢ ᠰᠠᠭᠠᠳ ᠤᠴᠠᠷᠠᠭᠤᠯᠤᠭ᠍ᠰᠠᠨ᠎ᠤ ᠦᠷ᠎ᠡ ᠳ᠋ᠦᠩ ᠪᠣᠯᠤᠨ᠎ᠠ ᠂ ᠡᠭᠦᠨ᠎ᠡᠴᠡ ᠭᠠᠳᠠᠨ᠎ᠠ ᠪᠠᠰᠠ ᠭᠤᠤᠯ ᠪᠣᠯᠬᠤ ᠠᠵᠤ ᠦᠶ᠋ᠯᠡᠳᠪᠦᠷᠢᠵᠢᠭ᠌ᠰᠡᠨ ᠤᠯᠤᠰ᠎ᠤᠨ ᠬᠥᠳᠡᠯᠮᠦᠷᠢ ᠬᠦᠴᠦᠨ ᠳᠤᠲᠠᠭ᠍ᠳᠠᠵᠤ ᠪᠠᠢᠬᠤ ᠬᠢᠵᠠᠭᠠᠷᠯᠠᠯ᠎ᠠᠴᠠ ᠪᠣᠯᠵᠣ᠂ ᠬᠢᠵᠢᠭ᠎ᠦᠨ ᠪᠠᠢᠳᠠᠯ᠎ᠨᠢ ᠠᠰᠠᠭᠤᠳᠠᠯ᠎ᠢ ᠨᠠᠩ ᠲᠣᠪᠣᠢᠮ᠎ᠠ ᠪᠣᠯᠭᠠᠪᠠ᠃

ᠳᠤᠮᠳᠠᠳᠤ ᠤᠯᠤᠰ᠎ᠤᠨ ᠣᠯᠠᠨ ᠤᠯᠤᠰ᠎ᠤᠨ ᠠᠷᠠᠯᠵᠢᠶᠠᠨ᠎ᠤ ᠨᠡᠢᠭᠡᠮᠯᠢᠭ᠎ᠦᠨ ᠳᠠᠷᠤᠭ᠎ᠠ᠎ᠶ᠋ᠢᠨ ᠱᠢᠤᠢ ᠂ ᠬᠠᠩᠭᠠᠯᠭ᠎ᠠ᠎ᠶ᠋ᠢᠨ ᠬᠡᠯᠬᠢᠶ᠎ᠡ᠎ᠨᠢ ᠦᠶ᠋ᠯᠡᠳᠪᠦᠷᠢᠯᠡᠯ ᠪᠠ ᠬᠡᠷᠡᠭ᠌ᠯᠡᠭᠡ ᠬᠣᠶᠠᠷ ᠲᠠᠯ᠎ᠠ᠎ᠳᠤ ᠣᠷᠣᠱᠢᠵᠤ᠂ ᠦᠶ᠋ᠯᠡᠳᠪᠦᠷᠢᠯᠡᠯ᠎ᠦᠨ ᠲᠦᠭᠦᠬᠡᠶ ᠮᠠᠲ᠋ᠧᠷᠢᠶᠠᠯ ᠵᠡᠷᠭᠡ᠎ᠶ᠋ᠢᠨ ᠬᠠᠩᠭᠠᠯᠭ᠎ᠠ ᠳᠤᠲᠠᠭ᠍ᠳᠠᠬᠤ᠎ᠨᠢ ᠠᠵᠤ ᠦᠶ᠋ᠯᠡᠳᠪᠦᠷᠢ᠎ᠶ᠋ᠢᠨ ᠭᠠᠷᠭᠠᠯᠲᠠ᠎ᠶ᠋ᠢ ᠨᠥᠯᠥᠭᠡᠯᠡᠵᠦ᠍᠂ ᠬᠡᠷᠡᠭ᠌ᠯᠡᠭᠡᠨ᠎ᠦ ᠦᠶ᠋ᠯᠡᠳᠬᠦᠨ᠎ᠦ ᠬᠠᠩᠭᠠᠯᠭ᠎ᠠ ᠳᠤᠲᠠᠭ᠍ᠳᠠᠬᠤ᠎ᠨᠢ ᠨᠡᠢᠭᠡᠮ᠎ᠦᠨ ᠠᠮᠢᠳᠤᠷᠠᠯ᠎ᠢ ᠨᠥᠯᠥᠭᠡᠯᠡᠨ᠎ᠠ᠃ ᠦᠶ᠋ᠯᠡᠳᠪᠦᠷᠢᠯᠡᠯ ᠪᠠ ᠬᠡᠷᠡᠭ᠌ᠯᠡᠭᠡᠨ᠎ᠦ ᠲᠣᠮᠣ ᠤᠯᠤᠰ ᠪᠣᠯᠤᠭ᠍ᠰᠠᠨ᠎ᠤ ᠬᠤᠪᠢ᠎ᠳᠤ ᠂ ᠠᠮᠧᠷᠢᠺᠠ᠎ᠶ᠋ᠢᠨ ᠲᠣᠰ ᠤᠳᠠᠭᠠᠨ᠎ᠤ 《ᠬᠡᠯᠬᠢᠶ᠎ᠡ ᠲᠠᠰᠤᠯᠲᠠᠭᠰᠠᠠ》 ᠠᠰᠠᠭᠤᠳᠠᠯ ᠨᠠᠩ ᠢᠯᠡᠷᠬᠡᠶ ᠪᠥᠭᠡᠳ ᠭᠠᠳᠠᠭ᠍ᠰᠢ  ᠦᠷᠭᠡᠵᠢᠵᠦ ᠪᠠᠢᠨ᠎ᠠ ᠃

ᠳᠤᠮᠳᠠᠳᠤ ᠤᠯᠤᠰ᠎ᠤᠨ ᠠᠷᠠᠳ᠎ᠤᠨ ᠶᠡᠬᠡ ᠰᠤᠷᠭᠠᠭᠤᠯᠢ᠎ᠶ᠋ᠢᠨ ᠤᠯᠤᠰ᠎ᠤᠨ ᠬᠥᠭ᠌ᠵᠢᠯᠲᠡ ᠬᠢᠭᠡᠳ ᠪᠠᠢᠯᠳᠤᠬᠤ ᠪᠤᠳᠤᠯᠭ᠎ᠠ᠎ᠶ᠋ᠢᠨ ᠰᠤᠳᠤᠯᠭᠠᠨ᠎ᠤ ᠬᠦᠷᠢᠶᠡᠯᠡᠩ᠎ᠦᠨ ᠰᠤᠳᠤᠯᠤᠭ᠍ᠴᠢ᠂ ᠬᠤᠳᠠᠯᠳᠤᠭᠠᠨ᠎ᠤ ᠳᠡᠭᠡᠳᠦ ᠰᠤᠷᠭᠠᠭᠤᠯᠢ᠎ᠶ᠋ᠢᠨ ᠫᠷᠤᠹᠸᠰᠰᠤᠷ ᠳ᠋ᠧᠩ ᠽᠢ ᠯᠢᠶᠠᠩ᠂ 2008 ᠣᠨ᠎ᠤ ᠪᠦᠬᠦ᠌ ᠪᠥᠮᠪᠥᠷᠴᠡᠭ᠎ᠦᠨ ᠮᠥᠩᠭᠥᠨ ᠭᠦᠢᠯᠭᠡᠭᠡᠨ᠎ᠦ ᠬᠢᠮᠤᠷᠠᠯ᠎ᠡᠴᠡ ᠨᠠᠭᠠᠰᠢ᠂ ᠠᠮᠧᠷᠢᠺᠠ᠎ᠪᠠᠷ ᠲᠥᠯᠥᠭᠡᠯᠡᠭᠦᠯᠦᠭ᠌ᠰᠡᠨ ᠬᠥᠭ᠌ᠵᠢᠭ᠌ᠰᠡᠨ ᠤᠯᠤᠰ 《ᠠᠵᠤ ᠦᠢᠯᠡᠳᠪᠦᠷᠢᠵᠢᠯᠲᠡ᠎ᠶ᠋ᠢ ᠦᠭᠡᠢᠰᠭᠡᠬᠦ᠌》 ᠲᠦᠷᠦ᠍᠎ᠶ᠋ᠢᠨ ᠪᠤᠳᠤᠯᠭ᠎ᠠ᠎ᠶ᠋ᠢ ᠲᠠᠬᠢᠨ ᠬᠢᠨᠠᠨ ᠦᠵᠡᠵᠦ᠍᠂ ᠦᠢᠯᠡᠳᠬᠦ᠌ ᠦᠢᠯᠡᠰ᠎ᠦᠨ ᠪᠤᠴᠠᠯᠲᠠ᠎ᠳᠤ ᠬᠦᠴᠦᠯᠡᠵᠦ᠍᠂ ᠬᠠᠮᠠᠭᠠᠯᠠᠬᠤ ᠦᠵᠡᠯ᠎ᠦᠨ ᠠᠷᠠᠯᠵᠢᠶᠠᠨ᠎ᠤ ᠠᠷᠭ᠎ᠠ ᠪᠠᠷᠢᠯ᠎ᠢᠶᠠᠷ ᠦᠢᠯᠡᠳᠬᠦ᠌ ᠦᠢᠯᠡᠰ᠎ᠦᠨ ᠭᠠᠳᠠᠭᠠᠳᠤ ᠭᠠᠷᠭᠠᠯᠲᠠ᠎ᠶ᠋ᠢ ᠬᠥᠭ᠌ᠵᠢᠭᠡᠬᠦ᠌᠎ᠳᠦ ᠠᠱᠢᠭ᠍ᠲᠠᠢ ᠣᠷᠴᠢᠨ ᠲᠣᠭᠣᠷᠢᠨ᠎ᠢ ᠡᠭᠦᠳᠦᠭᠰᠡᠨ ᠪᠤᠯᠪᠠᠴᠤ ᠬᠢᠵᠢᠭ᠎ᠦᠨ ᠪᠠᠢᠳᠠᠯ ᠨᠢ ᠲᠡᠳᠡᠨ ᠳ᠋ᠤ ᠲᠠᠭᠠᠷᠢᠯᠳᠠ ᠪᠤᠯᠵᠤ ᠂ ᠲᠡᠷᠡᠴᠢᠯᠡᠨ ᠪᠦᠬᠦ᠌ ᠪᠥᠮᠪᠥᠷᠴᠡᠭ᠎ᠦᠨ ᠠᠵᠤ ᠦᠢᠯᠡᠰ᠎ᠦᠨ ᠬᠠᠮᠵᠢᠯᠴᠠᠭ᠎ᠠ᠎ᠶ᠋ᠢ ᠨᠥᠯᠥᠭᠡᠯᠡᠪᠡ ᠭᠡᠵᠦ ᠦᠵᠡᠵᠦ ᠪᠤᠢ᠃

ᠠᠮᠧᠷᠢᠺᠠ᠎ᠶ᠋ᠢᠨ《 ᠹᠤᠷᠪᠤᠰ》 ᠰᠡᠳᠬᠦᠯ᠎ᠳᠦ᠂ ᠲᠤᠰ ᠡᠭᠡᠯᠵᠢ᠎ᠶ᠋ᠢᠨ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠠᠰᠠᠭᠤᠳᠠᠯ ᠨᠢ ᠲᠸᠷᠠᠮᠫᠦ᠋ ᠵᠢᠨ ᠡᠭᠦᠰᠭᠡᠭ᠌ᠰᠡᠨ ᠠᠷᠠᠯᠵᠢᠶᠠᠨ᠎ᠤ ᠲᠠᠢ᠌ᠨ᠎ᠡᠴᠡ ᠡᠬᠢᠯᠡᠵᠡᠢ᠃ ᠨᠢᠳᠤᠨᠤᠨ ᠵᠢᠯ᠎ᠦᠨ ᠡᠴᠦᠰ᠎ᠲᠦ᠂ ᠠᠮᠧᠷᠢᠺᠠ᠎ᠶ᠋ᠢᠨ ᠬᠠᠩᠭᠠᠯᠭ᠎ᠠ᠎ᠶ᠋ᠢᠨ ᠬᠡᠯᠬᠢᠶᠡᠨ᠎ᠦ ᠬᠦᠨᠳᠡᠢᠷᠡᠯ ᠨᠢᠭᠡᠨᠲᠡ ᠢᠯᠡᠷᠡᠪᠡ᠃ ᠬᠠᠮᠤᠭ ᠱᠢᠨ᠎ᠡ ᠨᠢᠭᠡ ᠤᠯᠠᠷᠢᠯ᠎ᠳᠤ ᠠᠮᠧᠷᠢᠺᠠ᠎ᠶ᠋ᠢᠨ ᠺᠣᠮᠫᠠᠨᠢ᠎ᠶ᠋ᠢᠨ ᠡᠳ᠋᠎ᠦᠨ ᠵᠠᠰᠠᠭ᠎ᠤᠨ ᠰᠣᠨᠢᠨ᠎ᠳᠠᠬᠢ ᠨᠢᠭᠡ ᠲᠥᠪᠯᠡᠷᠡᠯ᠎ᠦᠨ ᠴᠡᠭ ᠪᠣᠯ ᠲᠠᠷᠤᠢ 《ᠬᠠᠩᠭᠠᠯᠭ᠎ᠠ᠎ᠶ᠋ᠢᠨ ᠬᠡᠯᠬᠢᠶ᠎ᠡ ᠪᠠᠴᠢᠮ》 ᠪᠤᠯᠤᠭᠰᠠᠨ ᠶᠠᠪᠤᠳᠠᠯ ᠪᠤᠯᠤᠨ᠎ᠠ᠃

ᠳᠤᠮᠳᠠᠳᠤ ᠤᠯᠤᠰ ᠪᠣᠯ ᠬᠡᠯᠬᠢᠶ᠎ᠡ᠎ᠶ᠋ᠢ ᠲᠣᠭ᠍ᠲᠠᠪᠤᠷᠢᠵᠢᠭᠤᠯᠵᠤ ᠬᠠᠩᠭᠠᠯᠭ᠎ᠠ᠎ᠶ᠋ᠢ ᠪᠠᠲᠤᠯᠠᠬᠤ 《 ᠭᠣᠣᠯ ᠲᠤᠯᠭᠠᠭᠤᠷᠢ 》 ᠮᠦᠨ

ᠳᠤᠮᠳᠠᠳᠤ ᠤᠯᠤᠰ ᠬᠢᠵᠢᠭ᠎ᠦᠨ ᠪᠠᠢᠳᠠᠯ᠎ᠤᠨ ᠨᠥᠯᠥᠭᠡ᠎ᠶ᠋ᠢ ᠢᠯᠠᠨ ᠳᠠᠪᠠᠵᠤ᠂ ᠭᠠᠳᠠᠭᠠᠳᠤ ᠠᠷᠠᠯᠵᠢᠶᠠᠨ᠎ᠤ ᠬᠥᠭ᠌ᠵᠢᠯᠲᠡ᠎ᠶ᠋ᠢ ᠠᠬᠢᠭᠤᠯᠤᠭ᠍ᠰᠠᠨ ᠡᠴᠡ ᠨᠢᠳᠤᠨᠤᠨ᠎ᠤ ᠪᠦᠬᠦ᠌ ᠪᠥᠮᠪᠥᠷᠴᠡᠭ᠎ᠦᠨ ᠴᠤᠷ᠎ᠤᠨ ᠭᠠᠭ᠍ᠴᠠ ᠪᠠᠷᠠᠭᠠᠨ᠎ᠤ ᠠᠷᠠᠯᠵᠢᠶᠠᠨ ᠎ᠤ ᠎ᠡᠶᠡᠷᠭᠦ᠌ ᠎ᠨᠡᠮᠡᠭ᠌ᠳᠡᠯ ᠎ᠢ ᠪᠡᠶᠡᠯᠡᠭᠦᠯᠦᠭ᠌ᠰᠡᠨ ᠭᠣᠣᠯ ᠪᠣᠯᠬᠤ ᠠᠵᠤ ᠠᠬᠤᠢ᠎ᠶ᠋ᠢᠨ ᠴᠣᠭ᠍ᠴᠠ ᠪᠤᠯᠵᠤ ᠂ ᠪᠦᠬᠦ᠌ ᠪᠥᠮᠪᠥᠷᠴᠡᠭ᠎ᠦᠨ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠲᠣᠭ᠍ᠲᠠᠭᠤᠨ᠎ᠢ ᠪᠠᠲᠤᠯᠠᠬᠤ᠂ ᠳᠡᠯᠡᠬᠡᠢ᠎ᠶ᠋ᠢᠨ ᠠᠵᠤ ᠠᠬᠤᠢ᠎ᠶ᠋ᠢᠨ ᠰᠡᠷᠭᠦᠯᠲᠡ᠎ᠶ᠋ᠢ ᠠᠬᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠡ᠃

ᠡᠨᠡ ᠵᠢᠯ᠎ᠦᠨ ᠲᠦᠷᠦᠭᠦᠦ ᠭᠤᠷᠪᠠᠨ ᠤᠯᠠᠷᠢᠯ᠎ᠳᠤ ᠂ ᠳᠤᠮᠳᠠᠳᠤ ᠤᠯᠤᠰ᠎ᠤᠨ ᠭᠠᠳᠠᠭᠠᠳᠤ ᠭᠠᠷᠭᠠᠯᠲᠠ᠎ᠨᠢ 2019 ᠣᠨ᠎ᠤ ᠠᠳᠠᠯᠢ ᠬᠤᠭᠤᠴᠠᠭᠠᠨ᠎ᠤ᠎ᠬᠢ᠎ᠲᠡᠶ ᠬᠠᠷᠢᠴᠠᠭᠤᠯᠪᠠᠯ 20% ᠪᠠᠷ ᠨᠡᠮᠡᠭ᠌ᠳᠡᠵᠦ᠍᠂ ᠬᠢᠵᠢᠭ᠎ᠦᠨ ᠪᠠᠢᠳᠠᠯ ᠡᠴᠡ ᠪᠤᠯᠵᠤ ᠪᠥᠬᠥ᠌ ᠪᠥᠮᠪᠥᠷᠴᠡᠭ᠎ᠦᠨ ᠳᠤᠮᠳᠠᠳᠤ ᠤᠯᠤᠰ᠎ᠤᠨ ᠬᠠᠩᠭᠠᠯᠭ᠎ᠠ᠎ᠳᠤ ᠲᠦᠱᠢᠭ᠌ᠯᠡᠬᠦ᠌᠎ᠨᠢ ᠪᠠᠭᠤᠷᠠᠭᠰᠠᠨ ᠥᠬᠡᠶ ᠮᠦᠷᠳᠡᠭᠡᠨ ᠨᠡᠮᠡᠭ᠌ᠳᠡᠪᠠ᠃ ᠠᠨᠭ᠌ᠭ᠌ᠯᠢ᠎ᠶ᠋ᠢᠨ ᠤᠯᠤᠰ᠎ᠤᠨ ᠠᠵᠤ ᠠᠬᠤᠢ ᠨᠡᠢᠭᠡᠮ᠎ᠦᠨ ᠰᠤᠳᠤᠯᠭᠠᠨ᠎ᠤ ᠬᠦᠷᠢᠶᠡᠯᠡᠩ᠎ᠦᠨ ᠲᠡᠷᠢᠭᠦᠨ ᠠᠵᠤ ᠠᠬᠤᠢ᠎ᠶ᠋ᠢᠨ᠎ᠤᠬᠠᠭᠠᠨᠲᠠᠨ ᠮᠤᠤ ᠱᠢᠤᠢ ᠱᠢᠨ᠄ 《ᠭᠠᠳᠠᠭᠠᠳᠤ ᠭᠠᠷᠭᠠᠯᠲᠠ᠎ᠶ᠋ᠢᠨ ᠨᠡᠮᠡᠭ᠌ᠳᠡᠯ ᠬᠦᠮᠦᠰ᠎ᠤᠨ᠎ᠠᠩᠬᠠᠷᠤᠯ᠎ᠢ᠎ᠲᠠᠳᠠᠭᠰᠠᠨ᠎ᠨᠢ ᠠᠵᠤ ᠦᠢᠯᠡᠰ᠎ᠦᠨ ᠬᠡᠯᠬᠢᠢ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠪᠡᠶ᠎ᠡ᠎ᠪᠡᠨ ᠳᠠᠭᠠᠭᠠᠵᠤ ᠡᠵᠡᠮᠳᠡᠬᠦ ᠴᠢᠳᠠᠪᠤᠷᠢ ᠳᠡᠭᠡᠭ᠌ᠰᠢᠯᠡᠭᠰᠡᠨ ᠳ᠋ᠦ ᠪᠤᠢ᠂ ᠳᠤᠮᠳᠠᠳᠤ ᠤᠯᠤᠰ᠎ᠤᠨ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ ᠬᠦᠴᠦᠷᠬᠡᠭ ᠶᠡᠬᠡ ᠤᠶᠠᠨ ᠬᠠᠳᠠᠨ ᠴᠢᠨᠠᠷ᠎ᠢᠶᠠᠨ ᠢᠯᠡᠷᠡᠭᠦᠯᠪᠠ》 ᠭᠡᠵᠦ ᠢᠯᠡᠳᠭᠡᠪᠡ᠃

ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠲᠣᠭ᠍ᠲᠠᠭᠤᠨ ᠪᠥᠭᠡᠳ ᠰᠠᠭᠠᠳ ᠥᠬᠡᠶ᠎ᠶᠢ ᠤᠯᠠᠮ ᠨᠢᠭᠡ ᠠᠯᠬᠤᠮ ᠠᠬᠢᠭᠤᠯᠬᠤ᠎ᠶ᠋ᠢᠨ ᠲᠥᠯᠥᠭᠡ ᠂ ᠣᠢᠷ᠎ᠠ᠎ᠳᠤ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠣᠯᠠᠨ ᠰᠠᠯᠠᠭ᠎ᠠ ᠮᠥᠴᠢᠷ ᠵᠠᠩᠭᠢᠯᠠᠭ᠎ᠠ᠎ᠶ᠋ᠢᠨ ᠠᠵᠤ ᠦᠶ᠋ᠯᠡᠰ᠎ᠦᠨ ᠬᠡᠯᠬᠢᠶ᠎ᠡ᠎ᠶ᠋ᠢ ᠨᠥᠬᠥᠪᠥᠷᠢᠯᠡᠵᠦ᠍ ᠬᠡᠯᠬᠢᠶ᠎ᠡ᠎ᠶ᠋ᠢ ᠬᠦᠴᠦᠷᠬᠡᠭ᠌ᠵᠢᠭᠦᠯᠬᠦ᠌ ᠲᠤᠰᠭᠠᠶ ᠠᠵᠢᠯᠯᠠᠭ᠎ᠠ ᠥᠷᠨᠢᠭᠦᠯᠬᠦ᠌᠂ ᠠᠵᠤ ᠦᠶ᠋ᠯᠡᠰ᠎ᠦᠨ ᠬᠡᠯᠬᠢᠶ᠎ᠡ ᠵᠢᠨ 《 ᠭᠤᠤᠯ 》 ᠠᠵᠤ ᠠᠬᠤᠢᠯᠠᠯ᠎ᠢ ᠪᠣᠢᠵᠢᠭᠤᠯᠬᠤ᠂ ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠵᠡᠷᠭᠡ᠎ᠶ᠋ᠢ ᠪᠠᠭ᠍ᠲᠠᠭᠠᠭ᠍ᠰᠠᠨ ᠣᠯᠠᠨ ᠵᠦᠶ᠋ᠯ᠎ᠦᠨ ᠠᠷᠭ᠎ᠠ ᠬᠡᠮᠵᠢᠶ᠎ᠡ ᠳᠤᠷᠠᠳᠪᠠ᠃

ᠡᠭᠦᠨ᠎ᠦ ᠬᠠᠮᠲᠤ᠂ ᠳᠤᠮᠳᠠᠳᠤ᠎ᠶ᠋ᠢᠨ ᠲᠠᠯ᠎ᠠ᠎ᠶ᠋ᠢᠨ ᠳᠤᠷᠠᠳᠤᠭ᠍ᠰᠠᠨ ᠤᠯᠠᠨ ᠤᠯᠤᠰ᠎ᠤᠨ ᠰᠠᠨᠠᠭᠠᠴᠢᠯᠠᠭ᠎ᠠ ᠴᠤ᠌ ᠢᠳᠡᠪᠬᠢᠲᠡᠢ ᠲᠤᠰᠭᠠᠯ ᠤᠯᠪᠠ᠃ ᠲᠦᠷᠦᠭᠦᠬᠡᠨ ᠲᠡᠭᠦᠰᠦᠭ᠌ᠰᠡᠨ ᠬᠣᠷᠢᠨ ᠤᠯᠤᠰ᠎ᠤᠨ ᠪᠦᠯᠦᠭ᠌ᠯᠡᠯ᠎ᠦᠨ ᠷᠣᠮᠠ᠎ᠶ᠋ᠢᠨ ᠲᠦᠷᠦᠭᠦᠴᠦᠳ᠎ᠦᠨ ᠬᠤᠷᠠᠯ ᠳᠡᠭᠡᠷ᠎ᠡ᠂ ᠳᠤᠮᠳᠠᠳᠤ ᠤᠯᠤᠰ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠤᠶᠠᠨ ᠬᠠᠳᠠᠨ ᠴᠢᠨᠠᠷ ᠪᠣᠯᠤᠨ ᠲᠣᠭ᠍ᠲᠠᠭᠤᠨ᠎ᠤ  ᠲᠤᠬᠠᠢ ᠤᠯᠠᠨ ᠤᠯᠤᠰ᠎ᠤᠨ ᠶᠠᠷᠢᠶᠠᠨ᠎ᠤ ᠲᠠᠪᠴᠠᠩ ᠡᠷᠬᠢᠯᠡᠬᠦ᠌ ᠰᠠᠨᠠᠭᠠᠴᠢᠯᠠᠭ᠎ᠠ ᠭᠠᠷᠭᠠᠵᠤ᠂ ᠡᠯ᠎ᠡ ᠲᠠᠯ᠎ᠠ᠎ᠶ᠋ᠢᠨ ᠬᠢᠨ᠎ᠢ ᠤᠷᠢᠵᠤ ᠬᠠᠮᠲᠤ᠎ᠪᠠᠷ ᠣᠷᠣᠯᠴᠠᠭᠤᠯᠪᠠ᠃ ᠺᠣᠷᠢᠶᠠ᠎ᠶ᠋ᠢᠨ ᠬᠢᠶᠸᠩᠬᠢ ᠶᠡᠬᠡ ᠰᠤᠷᠭᠠᠭᠤᠯᠢ᠎ᠶ᠋ᠢᠨ ᠫᠷᠤᠹᠸᠰᠰᠤᠷ ᠯᠢᠦ ᠽᠢ ᠶᠠᠩ᠂ ᠡᠨᠡ ᠬᠦ᠌ ᠰᠠᠨᠠᠭᠠᠴᠢᠯᠠᠭ᠎ᠠ ᠨᠢ ᠴᠠᠭ᠎ᠲᠠᠭᠠᠨ ᠮᠠᠰᠢ ᠳᠣᠭᠢᠷᠬᠠᠰᠠᠨ ᠪᠥᠭᠡᠳ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠳᠤᠮᠳᠠᠳᠤ ᠤᠯᠤᠰ ᠲᠤᠰ ᠪᠡᠶ᠎ᠡ ᠪᠣᠯᠤᠨ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢ ᠬᠠᠮᠲᠤ᠎ᠳᠤᠨᠢ ᠬᠠᠷᠠᠭᠠᠯᠵᠠᠵᠤ᠂ ᠤᠯᠠᠨ ᠲᠠᠯᠠᠲᠤ ᠦᠵᠡᠯ ᠪᠣᠯᠤᠨ ᠴᠢᠯᠥᠭᠡᠲᠦ ᠠᠷᠠᠯᠵᠢᠶ᠎ᠠ᠎ᠶ᠋ᠢ ᠡᠷᠡᠰ ᠳᠡᠮᠵᠢᠵᠦ᠍᠂ ᠨᠡᠩ ᠤᠯᠠᠨ ᠠᠵᠤ ᠠᠬᠤᠢ᠎ᠶ᠋ᠢᠨ ᠴᠣᠭ᠍ᠴᠠ᠎ᠶ᠋ᠢ ᠪᠦᠬᠦ᠌ ᠪᠥᠮᠪᠥᠷᠴᠡᠭ᠎ᠦᠨ ᠠᠵᠤ ᠦᠢᠯᠡᠰ᠎ᠦᠨ ᠬᠡᠯᠬᠢᠶ᠎ᠡ᠎ᠳᠦ ᠠᠭᠤᠰᠤᠯᠴᠠᠭᠤᠯᠬᠤ᠎ᠨᠢ ᠣᠳᠣᠬᠠᠨ᠎ᠤ ᠠᠰᠠᠭᠤᠳᠠᠯ᠎ᠢ ᠱᠢᠢᠳᠪᠦᠷᠢᠯᠡᠬᠦ᠌᠎ᠳᠦ ᠢᠳᠡᠪᠬᠢᠲᠡᠢ ᠦᠢᠯᠡᠳᠦᠯ ᠦᠵᠡᠭᠦᠯᠬᠦ᠌ ᠪᠣᠯᠤᠨ᠎ᠠ ᠭᠡᠵᠦ ᠦᠵᠡᠵᠦ ᠪᠤᠢ᠃

ᠠᠮᠧᠷᠢᠺᠠ᠎ᠶ᠋ᠢᠨ ᠨᠠᠷᠠᠲᠤ ᠠᠵᠤ ᠠᠬᠤᠶ᠎ᠶ᠋ᠢᠨ ᠤᠬᠠᠭᠠᠨᠲᠠᠨ᠂ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠦᠷᠭᠦᠯᠵᠢᠯᠡᠬᠦ᠌ ᠬᠥᠭ᠌ᠵᠢᠯᠲᠡ᠎ᠶ᠋ᠢᠨ ᠱᠢᠶ᠋ᠳᠪᠦᠷᠢᠯᠡᠬᠦ᠌ ᠲᠥᠰᠦᠯ᠎ᠦᠨ ᠰᠦᠯᠵᠢᠶᠡᠨ᠎ᠦ ᠡᠷᠬᠢᠯᠡᠭ᠌ᠴᠢ ᠵᠸᠹᠸᠷᠢ·ᠰᠠᠺᠰ᠂ ᠨᠡᠭᠡᠭᠡᠯᠲᠡ᠎ᠲᠡᠶ ᠣᠯᠠᠨ ᠤᠯᠤᠰ᠎ᠤᠨ ᠠᠷᠠᠯᠵᠢᠶᠠᠨ᠎ᠤ ᠱᠢᠰᠲ᠋ᠧᠮ᠎ᠨᠢ ᠪᠥᠬᠥ᠌ ᠪᠥᠮᠪᠥᠷᠴᠡᠭ᠎ᠲᠦ ᠠᠱᠢᠭ᠍ᠲᠠᠶ᠂ ᠳᠤᠮᠳᠠᠳᠤ ᠤᠯᠤᠰ ᠪᠣᠯ ᠣᠯᠠᠨ ᠤᠯᠤᠰ᠎ᠤᠨ ᠤᠰᠤᠨ ᠵᠠᠮ᠎ᠤᠨ ᠲᠡᠭᠡᠭᠡᠪᠦᠷᠢ ᠪᠠ ᠮᠠᠰᠢ ᠣᠯᠠᠨ ᠪᠥᠭᠡᠮ ᠲᠠᠸᠠᠷ᠎ᠤᠨ ᠬᠠᠩᠭᠠᠯᠭ᠎ᠠ᠎ᠶ᠋ᠢᠨ ᠲᠥᠪ ᠮᠥᠨ᠂ ᠪᠥᠬᠥ᠌ ᠪᠥᠮᠪᠥᠷᠴᠡᠭ᠎ᠦᠨ ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠲᠣᠭ᠍ᠲᠠᠪᠤᠷᠢᠵᠢᠭᠤᠯᠬᠤ ᠲᠠᠯ᠎ᠠ᠎ᠪᠠᠷ ᠪᠦᠲᠦᠭᠡᠯᠴᠢ ᠴᠢᠨᠠᠷᠲᠠᠶ ᠦᠢᠯᠡᠳᠦᠯ ᠦᠵᠡᠭᠦᠯᠵᠦ᠍ ᠪᠣᠯᠤᠨ᠎ᠠ ᠭᠡᠵᠦ ᠢᠯᠡᠳᠭᠡᠪᠡ᠃

ᠰᠠᠦ᠋ᠳᠢ ᠠᠷᠠᠪ᠎ᠤᠨ ᠳᠤᠮᠳᠠᠳᠤ ᠤᠯᠤᠰ᠎ᠤᠨ ᠠᠰᠠᠭᠤᠳᠠᠯ᠎ᠤᠨ ᠲᠤᠰᠭᠠᠢ ᠮᠡᠷᠭᠡᠵᠢᠯᠲᠡᠨ ᠠᠪᠳᠦ᠋ᠯ·ᠠᠽᠢᠽ·ᠱᠠᠪᠠᠨᠢ᠂ ᠳᠤᠮᠳᠠᠳᠤ ᠤᠯᠤᠰ ᠪᠦᠷᠢᠨ ᠪᠦᠲᠦᠨ ᠠᠵᠤ ᠦᠢᠯᠡᠰ᠎ᠦᠨ ᠬᠡᠯᠬᠢᠶ᠎ᠡ᠎ᠲᠡᠶ᠂ ᠪᠦᠬᠦ᠌ ᠪᠥᠮᠪᠥᠷᠴᠡᠭ᠎ᠦᠨ ᠠᠵᠤ ᠦᠢᠯᠡᠰ᠎ᠦᠨ ᠬᠡᠯᠬᠢᠢ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠲᠣᠭ᠍ᠲᠠᠭᠤᠨ᠎ᠢ ᠬᠠᠮᠠᠭᠠᠯᠠᠬᠤ ᠲᠠᠯ᠎ᠠ᠎ᠪᠠᠷ ᠣᠷᠣᠯᠠᠭᠤᠯᠵᠤ ᠪᠣᠯᠤᠰᠢ ᠦᠭᠡᠢ ᠦᠢᠯᠡᠳᠦᠯ᠎ᠲᠡᠶ ᠶᠤᠮ᠃ ᠳᠤᠮᠳᠠᠳᠤ ᠤᠯᠤᠰ ᠶᠠᠭ ᠲᠣᠭᠠᠴᠢᠯᠠᠭ᠍ᠰᠠᠨ ᠠᠵᠤ ᠠᠬᠤᠢ ᠵᠡᠷᠭᠡ ᠳᠡᠭᠡᠳᠦ ᠮᠡᠷᠭᠡᠵᠢᠯ᠎ᠦᠨ ᠠᠵᠤ ᠦᠢᠯᠡᠰ᠎ᠢ ᠬᠦᠴᠦᠯᠡᠨ ᠠᠬᠢᠭᠤᠯᠵᠤ᠂ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠨᠡᠩ ᠶᠡᠬᠡ ᠠᠮᠢᠵᠢᠷᠠᠯ᠎ᠤᠨ ᠬᠦᠴᠦᠨ ᠪᠠ ᠦᠷᠭᠦᠯᠵᠢᠯᠡᠬᠦ᠌ ᠬᠥᠭ᠌ᠵᠢᠯᠲᠡ᠎ᠶ᠋ᠢᠨ ᠴᠢᠳᠠᠪᠤᠷᠢ᠎ᠶ᠋ᠢ ᠠᠬᠢᠭᠤᠯᠬᠤ ᠪᠥᠭᠡᠳ ᠳᠡᠯᠡᠬᠡᠢ᠎ᠶ᠋ᠢᠨ ᠠᠵᠤ ᠠᠬᠤᠢ᠎ᠳᠤ ᠨᠡᠩ ᠤᠯᠠᠨ ᠬᠥᠭ᠌ᠵᠢᠯᠲᠡ᠎ᠶ᠋ᠢᠨ᠎ᠱᠢᠨ᠎ᠡ᠎ᠬᠥᠳᠡᠯᠭᠡᠬᠦ᠌᠎ᠬᠦᠴᠦᠨ᠎ᠢ᠎ᠠᠪᠴᠢᠷᠠᠬᠤ᠎ᠪᠣᠯᠤᠨ᠎ᠠ᠎ᠭᠡᠵᠦ ᠬᠡᠯᠡᠪᠡ᠃ (ᠰᠢᠨᠬᠤᠸᠠ ᠬᠤᠷᠢᠶᠠᠨ᠎ᠤ ᠪᠡᠭᠡᠵᠢᠩ᠎ᠤᠨ 11 ᠰᠠᠷ᠎ᠠ ᠵᠢᠨ 10 ᠤ᠋ ᠴᠠᠬᠢᠯᠭᠠᠨ ᠮᠡᠳᠡᠭᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号