ᠮᠠᠨ᠎ᠤ ᠤᠷᠤᠨ ᠱᠦᠢᠨᠢ᠎ᠶᠢᠨ ᠠᠵᠢᠯ ᠲᠦᠷᠦᠯ᠎ᠳᠤ ᠴᠠᠭ ᠵᠦᠷᠢᠭᠦᠯᠦᠨ ᠦᠢᠯᠡᠳᠪᠤᠷᠢᠯᠡᠬᠦ ᠵᠠᠭᠪᠤᠷ᠎ᠢ ᠬᠡᠷᠡᠭᠵᠢᠭᠦᠯᠬᠦ ᠪᠡᠷ ᠳᠤᠭᠳᠠᠵᠠᠢ
2021-11-12 10:08:43
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠱᠦᠢᠨᠢ᠎ᠶᠢᠨ ᠠᠵᠢᠯ ᠲᠦᠷᠦᠯ᠎ᠤᠨ ᠪᠤᠬᠢᠷᠳᠦᠯ ᠦᠭᠡᠢ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠴᠢᠨᠠᠷ ᠰᠠᠢᠳᠠᠢ ᠬᠦᠭᠵᠢᠯᠳᠡ᠎ᠶᠢ ᠠᠬᠢᠭᠤᠯᠤᠨ᠂ ᠡᠪᠤᠯ᠎ᠤᠨ ᠤᠯᠠᠷᠢᠯ᠎ᠤᠨ ᠳᠤᠯᠠᠭᠠᠯᠠᠭ᠎ᠠ ᠬᠠᠩᠭᠠᠬᠤ ᠬᠤᠭᠤᠴᠠᠭᠠᠨ᠎ᠤ ᠠᠭᠠᠷ ᠮᠠᠨᠳᠠᠯ᠎ᠤᠨ ᠪᠤᠬᠢᠷᠳᠦᠯ᠎ᠢ ᠪᠠᠭᠠᠰᠬᠠᠬᠤ᠎ᠶᠢᠨ ᠲᠦᠯᠦᠭᠡ᠂ ᠦᠪᠡᠷᠳᠡᠭᠡᠨ ᠵᠠᠰᠠᠬᠤ ᠤᠷᠤᠨ᠎ᠤ ᠠᠵᠤ ᠦᠢᠯᠡᠳᠪᠤᠷᠢ ᠪᠠ ᠮᠡᠳᠡᠭᠡ ᠵᠠᠩᠬᠢᠴᠢᠯᠠᠯᠳᠠ᠎ᠶᠢᠨ ᠲᠢᠩᠬᠢᠮ᠂ ᠠᠮᠢ ᠠᠬᠤᠢ ᠤᠷᠴᠢᠨ ᠲᠤᠭᠤᠷᠢᠨ᠎ᠤ ᠲᠢᠩᠬᠢᠮ ᠬᠠᠮᠳᠤᠷᠠᠨ《ᠱᠦᠢᠨᠢ᠎ᠶᠢᠨ ᠠᠵᠢᠯ ᠲᠦᠷᠤᠯ᠎ᠤᠨ ᠪᠠᠢᠩᠭᠤ᠎ᠶᠢᠨ ᠴᠢᠨᠠᠷᠳᠠᠢ ᠪᠡᠷ ᠴᠠᠭ ᠵᠦᠷᠢᠭᠦᠯᠦᠨ ᠦᠢᠯᠡᠳᠪᠤᠷᠢᠯᠡᠬᠦ ᠵᠢ ᠴᠢᠩᠭ᠎ᠠ ᠨᠠᠢᠳᠠᠪᠤᠷᠢᠵᠢᠭᠤᠯᠬᠤ ᠲᠤᠬᠠᠢ ᠮᠡᠳᠡᠭᠳᠡᠯ》ᠢ᠋ ᠳᠠᠷᠤᠮᠠᠯᠯᠠᠨ ᠲᠠᠷᠬᠠᠭᠠᠵᠤ᠂ ᠪᠦᠬᠦ ᠤᠷᠤᠨ᠎ᠤ ᠱᠦᠢᠨᠢ᠎ᠶᠢᠨ ᠠᠵᠢᠯ ᠲᠦᠷᠦᠯ᠎ᠳᠤ ᠪᠠᠢᠩᠭᠤ᠎ᠶᠢᠨ ᠴᠢᠨᠠᠷᠳᠠᠢ ᠪᠡᠷ ᠴᠠᠭ ᠵᠦᠷᠢᠭᠦᠯᠦᠨ ᠦᠢᠯᠡᠳᠪᠤᠷᠢᠯᠡᠬᠦ  ᠵᠠᠭᠪᠤᠷ᠎ᠢ ᠬᠡᠷᠡᠭᠵᠢᠭᠦᠯᠬᠦ ᠪᠡᠷ ᠳᠤᠭᠳᠠᠪᠠ᠃

ᠮᠡᠳᠡᠭᠳᠡᠯ᠎ᠳᠤ᠂ ᠡᠨᠡ  ᠵᠢᠯ  ᠡᠴᠡ  ᠡᠬᠢᠯᠡᠨ  ᠵᠢᠯ  ᠪᠦᠷᠢ᠎ᠶᠢᠨ 12  ᠰᠠᠷ᠎ᠠ ᠎ᠶᠢᠨ 1 ᠡᠴᠡ 3 ᠰᠠᠷ᠎ᠠ᠎ᠶᠢᠨ 31 ᠎ᠤ᠋ ᠡᠳᠤᠷ ᠪᠤᠯᠳᠠᠯ᠎ᠠ ᠂ ᠪᠦᠬᠦ ᠤᠷᠤᠨ᠎ᠤ  ᠪᠤᠢ  ᠪᠦᠬᠦᠢ  ᠢᠳᠡᠭᠡᠰᠢᠭᠰᠡᠨ ᠱᠦᠢᠨᠢ ᠵᠢᠨ ᠮᠠᠲ᠋ᠧᠷᠢᠶᠠᠯ  ᠦᠢᠯᠡᠳᠪᠤᠷᠢᠯᠡᠬᠦ  ᠱᠤᠭᠤᠮ᠎ᠳᠤ ᠴᠠᠭ ᠵᠦᠷᠢᠭᠦᠯᠦᠨ ᠦᠢᠯᠡᠳᠪᠤᠷᠢᠯᠡᠬᠦ᠎ᠶᠢ ᠬᠡᠷᠡᠭᠵᠢᠭᠦᠯᠦᠨ᠎ᠠ ᠃ ᠡᠭᠦᠨ᠎ᠳᠤ᠂ ᠴᠠᠬᠢᠯᠠᠭᠤᠷ᠎ᠤᠨ ᠱᠢᠭᠠᠷᠠᠤ ᠪᠡᠷ ᠢᠳᠡᠭᠡᠰᠢᠭᠰᠡᠨ ᠱᠦᠢᠨᠢ᠎ᠶᠢᠨ ᠮᠠᠲ᠋ᠧᠷᠢᠶᠠᠯ ᠦᠢᠯᠡᠳᠪᠤᠷᠢᠯᠡᠬᠦ ᠠᠵᠤ ᠠᠬᠤᠢᠯᠠᠯ ᠨᠢ ᠲᠤᠬᠠᠢ᠎ᠶᠢᠨ ᠤᠷᠤᠨ᠎ᠤ ᠪᠠᠨ ᠴᠠᠬᠢᠯᠠᠭᠤᠷ᠎ᠤᠨ ᠱᠢᠭᠠᠷᠠᠤ ᠪᠤᠰᠤ ᠮᠠᠲᠧᠷᠢᠶᠠᠯ᠎ᠢᠶᠡᠷ ᠢᠳᠡᠭᠡᠰᠢᠭᠰᠡᠨ ᠱᠦᠢᠨᠢ ᠦᠢᠯᠡᠳᠪᠤᠷᠢᠯᠡᠬᠦ ᠠᠵᠤ ᠠᠬᠤᠢᠯᠠᠯ ᠲᠠᠢ ᠬᠠᠷᠢᠯᠴᠠᠨ ᠵᠤᠬᠢᠴᠠᠭᠤᠯᠬᠤ ᠪᠡᠷ ᠳᠠᠮᠵᠢᠨ《ᠴᠠᠭ ᠵᠦᠷᠢᠭᠦᠯᠬᠦ ᠪᠡᠨ ᠰᠤᠯᠢᠯᠴᠠᠬᠤ》ᠠᠷᠭ᠎ᠠ ᠪᠡᠷ ᠴᠠᠭ ᠵᠦᠷᠢᠭᠦᠯᠦᠨ ᠦᠢᠯᠡᠳᠪᠤᠷᠢᠯᠡᠬᠦ᠎ᠳᠤ ᠤᠷᠤᠯᠴᠠᠬᠤ ᠬᠡᠷᠡᠭᠳᠠᠢ; ᠰᠠᠭᠤᠭᠠᠯᠢ ᠠᠷᠠᠳ᠎ᠲᠤ ᠳᠤᠯᠠᠭᠠᠯᠠᠭ᠎ᠠ ᠬᠠᠩᠭᠠᠬᠤ ᠡᠭᠦᠷᠭᠡ᠎ᠶᠢ ᠬᠠᠷᠢᠭᠤᠴᠠᠵᠤ ᠪᠠᠢᠭ᠎ᠠ ᠦᠢᠯᠡᠳᠪᠤᠷᠢᠯᠡᠯ᠎ᠤᠨ ᠱᠤᠭᠤᠮ ᠨᠢ ᠳᠤᠯᠠᠭᠠᠯᠠᠭ᠎ᠠ ᠬᠠᠩᠭᠠᠬᠤ ᠤᠯᠠᠷᠢᠯ᠎ᠳᠤ ᠰᠠᠭᠤᠭᠠᠯᠢ ᠠᠷᠠᠳ᠎ᠤᠨ ᠳᠤᠯᠠᠭᠠᠯᠠᠭ᠎ᠠ᠎ᠶᠢᠨ ᠬᠡᠷᠡᠭᠴᠡᠭᠡ᠎ᠶᠢ ᠡᠩ ᠲᠡᠷᠢᠭᠦᠨ᠎ᠳᠤ ᠪᠠᠳᠤᠯᠠᠵᠤ᠂ ᠳᠤᠯᠠᠭᠠᠯᠠᠭ᠎ᠠ᠎ᠶᠢᠨ ᠪᠤᠰᠤ ᠤᠯᠠᠷᠢᠯ᠂ ᠴᠠᠭ ᠵᠦᠷᠢᠭᠦᠯᠦᠨ ᠦᠢᠯᠡᠳᠪᠤᠷᠢᠯᠡᠬᠦ ᠪᠤᠰᠤ ᠤᠯᠠᠷᠢᠯ᠎ᠤᠨ ᠬᠤᠭᠤᠴᠠᠭᠠᠨ᠎ᠳᠤ ᠴᠠᠭ ᠵᠦᠷᠢᠭᠦᠯᠦᠨ ᠦᠢᠯᠡᠳᠪᠤᠷᠢᠯᠡᠬᠦ ᠬᠤᠭᠤᠴᠠᠭ᠎ᠠ᠎ᠶᠢ ᠨᠢᠭᠡ ᠯᠡ ᠳᠡᠭᠡᠷ᠎ᠠ ᠨᠦᠬᠦᠪᠤᠷᠢᠯᠡᠬᠦ ᠬᠡᠷᠡᠭᠳᠠᠢ;ᠠᠶᠤᠯᠳᠠᠢ ᠬᠠᠶᠠᠭᠳᠠᠮᠠᠯ ᠪᠤᠳᠠᠰ᠎ᠢ ᠰᠢᠢᠳᠪᠤᠷᠢᠯᠡᠬᠦ ᠡᠭᠦᠷᠭᠡ᠎ᠶᠢ ᠬᠠᠮᠵᠢᠨ ᠬᠠᠷᠢᠭᠤᠴᠠᠬᠤ ᠢᠳᠡᠭᠡᠰᠢᠭᠰᠡᠨ ᠱᠦᠢᠨᠢ ᠦᠢᠯᠡᠳᠪᠤᠷᠢᠯᠡᠬᠦ ᠦᠢᠯᠡᠳᠪᠤᠷᠢᠯᠡᠯ᠎ᠤᠨ ᠱᠤᠭᠤᠮ᠎ᠨᠢ ᠬᠠᠮᠵᠢᠨ ᠰᠢᠢᠳᠪᠤᠷᠢᠯᠡᠬᠦ ᠡᠭᠦᠷᠭᠡ᠎ᠶᠢ ᠪᠡᠶᠡᠯᠡᠭᠦᠯᠦᠭᠰᠡᠨ ᠤᠷᠢᠳᠠᠯ ᠳᠤᠤᠷ᠎ᠠ᠂ ᠦᠢᠯᠡᠳᠪᠤᠷᠢᠯᠡᠯ᠎ᠤᠨ ᠳᠠᠭᠠᠭᠠᠴᠠ ᠪᠡᠨ ᠬᠠᠮᠤᠭ᠎ᠤᠨ ᠳᠤᠤᠷ᠎ᠠ ᠪᠤᠯᠳᠠᠯ᠎ᠠ ᠪᠠᠭᠤᠷᠠᠭᠤᠯᠬᠤ ᠬᠡᠷᠡᠭᠳᠠᠢ; ᠴᠠᠭ ᠵᠦᠷᠢᠭᠦᠯᠦᠨ ᠦᠢᠯᠡᠳᠪᠤᠷᠢᠯᠡᠬᠦ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ᠂ ᠦᠢᠯᠡᠳᠪᠤᠷᠢᠯᠡᠯ᠎ᠤᠨ ᠳᠠᠭᠠᠭᠠᠴᠠ ᠪᠡᠨ ᠦᠷᠭᠦᠯᠵᠢᠯᠡᠨ ᠪᠠᠭᠤᠷᠠᠭᠤᠯᠵᠤ᠂ ᠳᠤᠯᠠᠭᠠᠯᠠᠭ᠎ᠠ ᠬᠠᠩᠭᠠᠬᠤ ᠤᠯᠠᠷᠢᠯ᠎ᠤᠨ ᠴᠠᠭ᠎ᠢ ᠵᠦᠷᠢᠭᠦᠯᠦᠨ ᠦᠢᠯᠡᠳᠪᠤᠷᠢᠯᠡᠬᠦ ᠬᠤᠭᠤᠴᠠᠭᠠᠨ᠎ᠳᠤ ᠬᠡᠷᠡᠭᠵᠢᠭᠦᠯᠦᠭᠰᠡᠨ ᠬᠠᠮᠤᠭ᠎ᠤᠨ ᠳᠤᠤᠷ᠎ᠠ ᠦᠢᠯᠡᠳᠪᠤᠷᠢᠯᠡᠯ᠎ᠤᠨ ᠳᠠᠭᠠᠭᠠᠴᠠ ᠡᠴᠡ ᠡᠭᠦᠰᠦᠭᠰᠡᠨ ᠡᠨᠧᠷᠬᠢ᠎ᠶᠢᠨ ᠬᠤᠷᠤᠭᠳᠠᠭᠤᠯᠤᠯ ᠪᠠ ᠪᠤᠬᠢᠷ ᠪᠤᠳᠠᠰ᠎ᠤᠨ ᠭᠠᠳᠠᠭᠰᠢᠯᠠᠭᠤᠯᠤᠯᠳᠠ᠎ᠶᠢ ᠬᠠᠷᠭᠤᠭᠤᠯᠤᠨ ᠬᠠᠰᠤᠬᠤ ᠬᠡᠷᠡᠭᠳᠠᠢ ᠭᠡᠵᠦ ᠲᠤᠳᠤᠷᠬᠠᠢᠯᠠᠪᠠ᠃

ᠦᠪᠡᠷᠳᠡᠭᠡᠨ ᠵᠠᠰᠠᠬᠤ ᠤᠷᠤᠨ᠎ᠤ ᠠᠵᠤ ᠦᠢᠯᠡᠳᠪᠤᠷᠢ ᠪᠠ ᠮᠡᠳᠡᠭᠡ ᠵᠠᠩᠬᠢᠴᠢᠯᠠᠯᠳᠠ᠎ᠶᠢᠨ ᠲᠢᠩᠬᠢᠮ᠂ ᠠᠮᠢ ᠠᠬᠤᠢ ᠤᠷᠴᠢᠨ ᠲᠤᠭᠤᠷᠢᠨ᠎ᠤ ᠲᠢᠩᠬᠢᠮ᠎ᠤᠨ ᠬᠢᠨ ᠡᠯ᠎ᠠ ᠠᠢᠮᠠᠭ ᠬᠤᠳᠠ᠎ᠶᠢᠨ ᠬᠢᠨ᠎ᠤ ᠴᠠᠭ ᠵᠦᠷᠢᠭᠦᠯᠦᠨ ᠦᠢᠯᠡᠳᠪᠤᠷᠢᠯᠡᠬᠦ᠎ᠶᠢ ᠬᠡᠷᠡᠭᠵᠢᠭᠦᠯᠦᠭᠰᠡᠨ ᠪᠠᠢᠳᠠᠯ᠎ᠢ ᠳᠤᠭᠳᠠᠭᠰᠠᠨ ᠪᠤᠰᠤ ᠬᠤᠭᠤᠴᠠᠭ᠎ᠠ ᠲᠠᠢ ᠪᠡᠷ ᠲᠤᠰᠬᠠᠢ ᠬᠢᠨᠠᠨ ᠪᠠᠢᠴᠠᠭᠠᠯᠳᠠ ᠦᠷᠨᠢᠭᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号